ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠪᠣᠯᠪᠠᠰᠤᠷᠠᠯ
ᠬᠥᠯᠥᠨ ᠪᠣᠶ᠋ᠢᠷ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠴᠠᠭᠳᠠᠭ᠋ᠠᠨ᠎ᠤ ᠶᠠᠪᠤᠳᠠᠯ᠎ᠤᠨ ᠪᠣᠳᠠᠲᠤ ᠪᠠᠶ᠋ᠢᠯᠳᠤᠭ᠋ᠠᠨ᠎ᠤ ᠰᠤᠷᠭ᠋ᠠᠭᠴᠢ ᠵᠢᠨ ᠪᠣᠯᠪᠠᠰᠤᠷᠠᠯ ᠡᠷᠭᠢᠯᠡᠪᠡ
ᠨᠡᠶ᠋ᠢᠲᠡᠯᠡᠭᠰᠡᠨ ᠴᠠᠭ᠄ 2024-11-12

    ᠣᠶ᠋ᠢᠷ᠎ᠠ᠎ᠳᠤ᠂ ᠬᠥᠯᠥᠨ ᠪᠣᠶ᠋ᠢᠷ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠪᠥᠬᠥ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠴᠠᠭᠳᠠᠭ᠋ᠠᠨ᠎ᠤ ᠶᠠᠪᠤᠳᠠᠯ᠎ᠤᠨ ᠪᠣᠳᠠᠲᠤ ᠪᠠᠶ᠋ᠢᠯᠳᠤᠭ᠋ᠠᠨ᠎ᠤ ᠰᠤᠷᠭ᠋ᠠᠭᠴᠢ ᠵᠢᠨ ᠲᠤᠰᠬᠠᠶ ᠪᠣᠯᠪᠠᠰᠤᠷᠠᠯ᠎ᠤᠨ ᠠᠩᠭᠢ ᠵᠢ ᠵᠣᠬᠢᠶᠠᠨ ᠪᠠᠢ᠌ᠭᠤᠯᠤᠨ ᠡᠷᠬᠢᠯᠡᠪᠡ᠃ ᠪᠣᠯᠪᠠᠰᠤᠷᠠᠯ᠎ᠢ  ᠬᠢᠴᠢᠶᠡᠯᠯᠡᠬᠦ᠂ ᠲᠤᠬᠠᠶ ᠵᠢᠨ ᠲᠠᠯᠠᠪᠤᠷ᠎ᠲᠤ ᠦᠵᠡᠭᠦᠯᠬᠦ᠂ ᠳᠠᠭᠤᠷᠢᠶᠠᠮᠠᠯ ᠰᠣᠷᠢᠯᠲᠠ ᠬᠢᠬᠦ᠂ ᠶᠠᠷᠢᠯᠴᠠᠬᠤ ᠵᠡᠷᠭᠡ ᠠᠷᠭ᠎ᠠ ᠬᠡᠯᠪᠡᠷᠢ᠎ᠪᠠᠷ ᠶᠠᠪᠤᠭᠳᠠᠭᠤᠯᠵᠤ᠂ ᠪᠣᠳᠠᠲᠤ ᠪᠠᠶ᠋ᠢᠯᠳᠤᠭ᠋ᠠᠨ᠎ᠤ ᠪᠣᠯᠪᠠᠰᠤᠷᠠᠯ ᠪᠠ ᠤᠨᠤᠯ᠎ᠤᠨ ᠵᠢᠭ᠋ᠠᠨ ᠰᠤᠷᠭ᠋ᠠᠯᠲᠠ ᠵᠢ ᠭᠦᠨᠵᠡᠭᠡᠢ ᠠᠭᠤᠰᠤᠯᠴᠠᠭᠤᠯᠵᠤ᠂ ᠪᠠᠭ᠋ᠠᠵᠢ ᠵᠡᠪᠰᠡᠭ ᠦᠭᠡᠢ᠎ᠪᠠᠷ ᠰᠡᠷᠭᠡᠶ᠋ᠢᠯᠡᠨ ᠬᠠᠮᠠᠭ᠋ᠠᠯᠠᠬᠤ᠂ ᠴᠠᠭᠳᠠᠭ᠋ᠠᠨ᠎ᠤ ᠪᠠᠭ᠋ᠠᠵᠢ ᠵᠡᠪᠰᠡᠭ ᠪᠠ ᠵᠡᠪᠰᠡᠭ ᠲᠣᠨᠣᠭᠯᠠᠯ᠎ᠢ ᠬᠡᠷᠡᠭᠯᠡᠬᠦ ᠵᠡᠷᠭᠡ ᠬᠢᠴᠢᠶᠡᠯ ᠲᠦᠷᠦᠯ᠎ᠢ ᠭᠣᠣᠯᠳᠠᠯᠭ᠎ᠠ᠎ᠲᠠᠢ ᠪᠣᠯᠪᠠᠰᠤᠷᠠᠭᠤᠯᠵᠤ᠂ ᠨᠡᠶ᠋ᠢᠲᠡᠯᠢᠭ ᠬᠡᠷᠡᠭ ᠶᠠᠪᠤᠳᠠᠯ᠎ᠲᠠᠢ ᠤᠶᠠᠯᠳᠤᠭᠤᠯᠤᠨ ᠲᠠᠬᠢᠨ ᠳᠠᠪᠲᠠᠨ ᠵᠠᠳᠠᠯᠬᠤ ᠪᠠ ᠬᠠᠨᠳᠤᠯᠭ᠋ᠠᠲᠤ ᠴᠢᠨᠠᠷᠲᠠᠢ ᠪᠣᠯᠪᠠᠰᠤᠷᠠᠯ ᠬᠢᠵᠦ᠂ ᠴᠠᠭᠳᠠᠭ᠋ᠠᠨ᠎ᠤ ᠶᠠᠪᠤᠳᠠᠯ᠎ᠤᠨ ᠪᠣᠳᠠᠲᠤ ᠪᠠᠶ᠋ᠢᠯᠳᠤᠭ᠋ᠠᠨ᠎ᠤ ᠰᠤᠷᠭ᠋ᠠᠭᠴᠢ ᠵᠢᠨ ᠡᠩᠨᠡᠭᠡ ᠵᠢᠨ ᠤᠯᠤᠰ ᠲᠦᠷᠦ ᠲᠤᠬᠠᠶ᠋ᠢᠯᠠᠭᠰᠠᠨ ᠠᠵᠢᠯ᠎ᠤᠨ ᠬᠡᠪ ᠴᠢᠨᠠᠷ᠎ᠢ ᠪᠦᠲᠦᠮᠵᠢᠲᠡᠢ ᠳᠡᠭᠡᠭᠰᠢᠯᠡᠭᠦᠯᠪᠡ᠃

ᠢᠷᠡᠯᠲᠡ᠄ ᠬᠥᠯᠥᠨ ᠪᠣᠶ᠋ᠢᠷ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ