11 ᠳ᠋ᠦ᠍ᠭᠡᠷ ᠰᠠᠷ᠎ᠠ ᠵᠢᠨ 5᠎ᠤ ᠡᠳᠦᠷ᠂ ᠪᠠᠶᠠᠨᠨᠠᠭᠤᠷ ᠬᠣᠲᠠ ᠵᠢᠨ ᠦᠶᠤᠸᠠᠨ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ 《ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠷᠠᠳ᠎ᠤᠨ ᠴᠠᠭᠳᠠᠭ᠎ᠠ ᠵᠢᠨ ᠪᠣᠯᠪᠠᠰᠤᠷᠠᠯ᠎ᠤᠨ ᠲᠦᠷᠢᠮ》᠎ᠤᠨ ᠶᠣᠰᠣᠭ᠋ᠠᠷ ᠡᠯ᠎ᠡ ᠰᠠᠯᠠᠭ᠎ᠠ ᠮᠥᠴᠢᠷ᠎ᠤᠨ ᠠᠷᠠᠳ᠎ᠤᠨ ᠴᠠᠭᠳᠠᠭ᠎ᠠ ᠵᠢ ᠵᠣᠬᠢᠶᠠᠨ ᠪᠠᠶ᠋ᠢᠭᠤᠯᠵᠤ 2024 ᠣᠨ᠎ᠤ ᠠᠯᠪᠠᠨ ᠶᠠᠪᠤᠳᠠᠯ᠎ᠤᠨ ᠫᠤᠤ ᠵᠢᠨ ᠦᠨᠡᠨ ᠰᠤᠮᠤᠨ᠎ᠤ ᠫᠤᠤᠳᠠᠯᠭ᠎ᠠ ᠵᠢᠨ ᠪᠣᠯᠪᠠᠰᠤᠷᠠᠯ᠎ᠢ ᠥᠷᠨᠢᠭᠦᠯᠪᠡ᠃
ᠦᠨᠡᠨ ᠰᠤᠮᠤᠨ᠎ᠤ ᠬᠠᠷᠪᠤᠯᠲᠠ ᠴᠢᠩᠭ᠎ᠠ ᠨᠢᠮᠪᠠᠢ᠂ ᠠᠮᠤᠷ ᠲᠥᠪᠰᠢᠨ᠂ ᠡᠮᠬᠢ ᠳᠠᠷᠠᠭ᠎ᠠ᠎ᠲᠠᠢ ᠶᠠᠪᠤᠭᠳᠠᠬᠤ ᠵᠢ ᠪᠠᠲᠤᠯᠠᠬᠤ ᠵᠢᠨ ᠲᠥᠯᠥᠭᠡ᠂ ᠪᠣᠯᠪᠠᠰᠤᠷᠠᠯ᠎ᠠᠴᠠ ᠡᠮᠦᠨ᠎ᠡ᠂ ᠴᠠᠭᠳᠠᠭ᠋ᠠᠨ᠎ᠤ ᠶᠠᠪᠤᠳᠠᠯ᠎ᠤᠨ ᠪᠣᠳᠠᠲᠤ ᠳᠠᠶ᠋ᠢᠨ᠎ᠤ ᠰᠤᠷᠭ᠋ᠠᠭᠴᠢ 《ᠠᠷᠠᠳ᠎ᠤᠨ ᠴᠠᠭᠳᠠᠭ᠎ᠠ ᠵᠢᠨ ᠵᠡᠪᠰᠡᠭ ᠪᠠ ᠪᠠᠭ᠋ᠠᠵᠢ ᠬᠡᠷᠡᠭᠰᠡᠯ᠎ᠢ ᠬᠡᠷᠡᠭᠯᠡᠬᠦ ᠳᠦᠷᠢᠮ》᠂ 《ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠯᠪᠠᠨ ᠶᠠᠪᠤᠳᠠᠯ᠎ᠤᠨ ᠫᠤᠤ ᠵᠢᠨ ᠬᠠᠮᠢᠶᠠᠷᠤᠯᠲᠠ ᠵᠢᠨ ᠲᠣᠭᠲᠠᠭ᠋ᠠᠯ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠤᠷᠢᠨ᠎ᠳᠤ᠂ ᠪᠡᠶ᠎ᠡ᠎ᠪᠠᠷ ᠵᠶ᠋ᠠᠨ ᠵᠢᠱ᠌ᠢᠶ᠎ᠡ ᠦᠵᠡᠭᠦᠯᠬᠦ᠂ ᠳᠠᠭᠤᠷᠢᠶᠠᠨ ᠦᠵᠡᠭᠦᠯᠬᠦ᠂ ᠲᠤᠬᠠᠢ ᠵᠢᠨ ᠲᠠᠯᠠᠪᠤᠷ᠎ᠲᠤ ᠵᠢᠯᠣᠭᠤᠳᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠫᠤᠤ ᠵᠡᠪᠰᠡᠭ᠎ᠢ ᠬᠡᠷᠡᠭᠯᠡᠬᠦ᠎ᠳᠤ ᠠᠩᠬᠠᠷᠬᠤ ᠵᠦᠢ᠍ᠯᠡᠰ᠂ ᠫᠤᠤ ᠵᠡᠪᠰᠡᠭ᠎ᠤᠨ ᠪᠦᠲᠦᠴᠡ᠂ ᠴᠢᠨᠰᠠᠭ᠎ᠠ ᠵᠢᠨ ᠣᠨᠴᠠᠯᠢᠭ ᠵᠢᠴᠢ ᠠᠮᠤᠷ ᠲᠦᠪᠰᠢᠨ ᠵᠶ᠋ᠠᠷ ᠬᠡᠷᠡᠭᠯᠡᠬᠦ ᠬᠥᠳᠡᠯᠭᠡᠭᠡᠨ᠎ᠤ ᠠᠨᠢᠰᠤ᠂ ᠵᠥᠪ ᠣᠨᠣᠪᠴᠢᠲᠠᠢ ᠫᠤᠤ ᠵᠢ ᠠᠳᠬᠤᠬᠤ ᠪᠠᠶ᠋ᠢᠳᠠᠯ᠂ ᠰᠡᠷᠡᠮᠵᠢᠯᠡᠬᠦ ᠬᠡᠯᠪᠡᠷᠢ ᠪᠠᠶ᠋ᠢᠳᠠᠯ᠂ ᠫᠤᠤᠳᠠᠯᠭ᠎ᠠ ᠵᠢᠨ ᠣᠨᠣᠪᠴᠢ ᠵᠡᠷᠭᠡ ᠠᠭᠤᠯᠭ᠎ᠠ᠎ᠳᠤ ᠨᠠᠷᠢᠨ ᠲᠠᠶ᠋ᠢᠯᠪᠤᠷᠢᠯᠠᠯᠲᠠ ᠬᠢᠵᠦ᠂ ᠫᠤᠤᠳᠠᠯᠭ᠎ᠠ ᠵᠢᠨ ᠪᠣᠯᠪᠠᠰᠤᠷᠠᠯ᠎ᠤᠨ ᠡᠯ᠎ᠡ ᠭᠤᠭᠴᠤᠭ᠎ᠠ᠎ᠳᠤ 《ᠳᠠᠯᠳᠠ ᠭᠡᠮ ᠦᠭᠡᠢ》 ᠪᠠᠶ᠋ᠢᠬᠤ ᠵᠢ ᠪᠠᠲᠤᠯᠠᠪᠠ᠃
ᠪᠣᠯᠪᠠᠰᠤᠷᠠᠯ᠎ᠳᠤ ᠣᠷᠣᠯᠴᠠᠭᠰᠠᠨ ᠠᠷᠠᠳ᠎ᠤᠨ ᠴᠠᠭᠳᠠᠭ᠎ᠠ ᠫᠤᠤᠳᠠᠯᠭ᠎ᠠ ᠵᠢᠨ ᠲᠠᠯᠠᠪᠠᠢ ᠵᠢᠨ ᠰᠠᠬᠢᠯᠭ᠎ᠠ ᠪᠠᠲᠤ ᠵᠢ ᠴᠢᠩᠭ᠎ᠠ ᠵᠢᠷᠤᠮᠯᠠᠨ᠂ ᠲᠤᠬᠠᠶ ᠵᠢᠨ ᠲᠠᠯᠠᠪᠤᠷ᠎ᠤᠨ ᠵᠢᠯᠣᠭᠤᠳᠣᠯᠭ᠎ᠠ ᠵᠢ ᠳᠠᠭ᠋ᠠᠵᠤ᠂ ᠪᠥᠬᠦ ᠠᠩᠬᠠᠷᠤᠯ ᠵᠶ᠋ᠠᠨ ᠲᠥᠪᠯᠡᠷᠡᠭᠦᠯᠦᠨ ᠠᠵᠢᠯᠯᠠᠬᠤ ᠶᠠᠪᠤᠴᠠ᠎ᠪᠠᠷ ᠫᠤᠤ ᠰᠢᠯᠭ᠋ᠠᠬᠤ᠂ ᠰᠤᠮᠤ ᠡᠰᠢᠯᠡᠬᠦ᠂ ᠰᠤᠮᠤ ᠳᠠᠷᠤᠬᠤ᠂ ᠣᠨᠢᠯᠠᠬᠤ᠂ ᠫᠤᠤᠳᠠᠬᠤ ᠵᠡᠷᠭᠡ ᠠᠯᠬᠤᠮ ᠳᠠᠷᠠᠭ᠎ᠠ᠎ᠪᠠᠷ ᠶᠠᠪᠤᠭᠳᠠᠭᠤᠯᠤᠨ᠂ ᠬᠠᠩᠬᠢᠨᠠᠮ᠎ᠠ ᠫᠤᠤ ᠵᠢᠨ ᠳᠠᠭᠤᠨ ᠪᠣᠯᠪᠠᠰᠤᠷᠠᠯ᠎ᠤᠨ ᠲᠠᠯᠠᠪᠤᠷ᠎ᠲᠤ ᠴᠤᠤᠷᠢᠶᠠᠲᠤᠪᠠ᠃ ᠪᠣᠯᠪᠠᠰᠤᠷᠠᠯ᠎ᠳᠤ ᠣᠷᠣᠯᠴᠠᠭᠰᠠᠨ ᠪᠥᠬᠦ ᠠᠷᠠᠳ᠎ᠤᠨ ᠴᠠᠭᠳᠠᠭ᠎ᠠ ᠨᠠᠷ ᠲᠥᠪ ᠴᠢᠩᠭ᠎ᠠ ᠨᠠᠷᠢᠨ ᠬᠢᠨᠠᠮᠠᠭ᠋ᠠᠶ᠂ ᠪᠥᠬᠦ ᠰᠡᠳᠬᠢᠯ ᠪᠥᠬᠦ ᠵᠣᠷᠢᠭ ᠵᠶ᠋ᠠᠷ ᠵᠶ᠋ᠠᠨ ᠣᠷᠣᠯᠴᠠᠵᠤ᠂ ᠫᠤᠤᠳᠠᠯᠭ᠎ᠠ ᠵᠢᠨ ᠪᠣᠯᠪᠠᠰᠤᠷᠠᠯ᠎ᠢ ᠠᠮᠤᠷ ᠲᠦᠪᠰᠢᠨ᠂ ᠪᠦᠲᠦᠮᠵᠢᠲᠡᠶ ᠪᠥᠭᠡᠳ ᠲᠡᠭᠦᠰ ᠠᠮᠵᠢᠯᠲᠠ᠎ᠲᠠᠢ ᠪᠡᠶᠡᠯᠡᠭᠦᠯᠪᠡ᠃
ᠲᠣᠰ ᠤᠳᠠᠭ᠋ᠠᠨ᠎ᠤ ᠰᠤᠷᠭ᠋ᠠᠭᠤᠯᠢᠯᠠᠯ ᠵᠶ᠋ᠠᠷ ᠳᠡᠮᠵᠢᠨ᠂ ᠦᠶᠤᠸᠠᠨ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠠᠷᠠᠳ᠎ᠤᠨ ᠴᠠᠭᠳᠠᠭ᠎ᠠ ᠵᠢᠨ ᠴᠠᠭᠳᠠᠭ᠋ᠠᠨ᠎ᠤ ᠶᠠᠪᠤᠳᠠᠯ᠎ᠤᠨ ᠪᠣᠳᠠᠲᠤ ᠪᠠᠶ᠋ᠢᠯᠳᠤᠭ᠋ᠠᠨ᠎ᠤ ᠤᠷ᠎ᠠ ᠴᠢᠳᠠᠪᠤᠷᠢ᠂ ᠪᠣᠳᠠᠲᠤ ᠪᠠᠶ᠋ᠢᠯᠳᠤᠭ᠋ᠠᠨ᠎ᠤ ᠰᠡᠳᠬᠢᠴᠡ ᠵᠢᠨ ᠬᠡᠪ ᠴᠢᠨᠠᠷ ᠪᠠ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ ᠴᠢᠳᠠᠪᠤᠷᠢ ᠵᠢ ᠪᠦᠲᠦᠮᠵᠢᠲᠡᠶ ᠳᠡᠭᠡᠭᠰᠢᠯᠡᠭᠦᠯᠵᠦ᠂ ᠵᠠᠩᠭᠢᠯᠠᠭ᠎ᠠ ᠵᠢᠨ ᠦᠶ᠎ᠡ᠎ᠳᠤ 《ᠳᠠᠢ᠌ᠴᠢᠯᠠᠵᠤ ᠳᠡᠶ᠋ᠢᠯᠬᠦ᠂ ᠬᠡᠷᠡᠭᠯᠡᠵᠦ ᠳᠡᠶ᠋ᠢᠯᠬᠦ᠂ ᠢᠯᠠᠯᠲᠠ ᠣᠯᠵᠤ ᠴᠢᠲᠠᠬᠤ》 ᠪᠠᠲᠤ ᠪᠠᠬᠢ ᠰᠠᠭᠤᠷᠢ ᠵᠢ ᠲᠠᠯᠪᠢᠭᠰᠠᠨ ᠪᠠᠶ᠋ᠢᠨ᠎ᠠ᠃