ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠪᠣᠯᠪᠠᠰᠤᠷᠠᠯ
ᠰᠦᠷᠳᠡᠭᠦᠯᠦᠯ᠎ᠢ ᠡᠰᠡᠷᠭᠦᠴᠡᠬᠦ ᠪᠠ ᠣᠨᠴᠠ ᠲᠥᠷᠥᠯ᠎ᠤᠨ ᠴᠠᠭᠳᠠᠭ᠎ᠠ ᠵᠢᠨ ᠬᠠᠪᠤᠷ᠎ᠤᠨ ᠪᠣᠯᠪᠠᠰᠤᠷᠠᠯ᠎ᠢ ᠥᠷᠨᠢᠭᠦᠯᠪᠡ
ᠨᠡᠶ᠋ᠢᠲᠡᠯᠡᠭᠰᠡᠨ ᠴᠠᠭ᠄ 2024-03-13

      ᠤᠯᠠᠭ᠋ᠠᠨᠬᠠᠳᠠ ᠬᠣᠲᠠ ᠵᠢᠨ ᠰᠦᠩᠱ᠌ᠠᠨ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠰᠦᠷᠳᠡᠭᠦᠯᠦᠯ᠎ᠢ ᠡᠰᠡᠷᠭᠦᠴᠡᠬᠦ ᠪᠠ ᠣᠨᠴᠠ ᠲᠥᠷᠥᠯ᠎ᠤᠨ ᠴᠠᠭᠳᠠᠭ᠎ᠠ ᠵᠢᠨ ᠶᠡᠬᠡ ᠠᠩᠭᠢ ᠵᠢᠨ᠎ᠬᠢᠨ ᠪᠣᠳᠠᠲᠤ ᠳᠠᠶ᠋ᠢᠨ ᠵᠶ᠋ᠠᠷ ᠵᠢᠯᠣᠭᠣᠳᠤᠮᠵᠢ ᠪᠣᠯᠭ᠋ᠠᠵᠤ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠬᠡᠷᠡᠭ᠎ᠢ ᠰᠢᠢ᠍ᠳᠪᠦᠷᠢᠯᠡᠬᠦ ᠵᠢᠷᠤᠮ᠎ᠤᠨ ᠲᠣᠭᠲᠠᠭ᠋ᠠᠯ ᠵᠡᠷᠭᠡ ᠲᠤᠬᠠᠶ᠋ᠢᠯᠠᠭᠰᠠᠨ ᠠᠵᠢᠯ᠎ᠤᠨ ᠮᠡᠳᠡᠯᠭᠡ ᠵᠢ ᠰᠢᠰᠲ᠋ᠧᠮ᠎ᠲᠠᠢ ᠰᠤᠷᠤᠯᠴᠠᠵᠤ᠂ 3 ᠺᠢᠯᠣᠮᠧᠲᠷ ᠭᠦᠶᠦᠬᠦ᠂ ᠪᠠᠷᠢᠬᠤ ᠲᠡᠮᠡᠴᠡᠭᠡᠨ ᠵᠡᠷᠭᠡ ᠴᠣᠭᠴᠠ ᠵᠢᠨ ᠤᠷ᠎ᠠ ᠴᠢᠳᠠᠪᠤᠷᠢ᠎ᠳᠤ ᠲᠤᠰᠬᠠᠶ ᠪᠣᠯᠪᠠᠰᠤᠷᠠᠯ ᠬᠢᠵᠦ᠂ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠴᠢᠳᠠᠪᠤᠷᠢ ᠵᠢᠨ ᠬᠡᠪ ᠴᠢᠨᠠᠷ᠎ᠢ ᠲᠠᠰᠤᠷᠠᠯᠲᠠ ᠦᠭᠡᠶ ᠳᠡᠭᠡᠭᠰᠢᠯᠡᠭᠦᠯᠪᠡ᠃

5b6890e49d0c4c7cdb234d6e6ec241208f8759c7251faf3da27e13f411d3e058.jpg


      ᠴᠠᠭᠳᠠᠭ᠋ᠠᠨ᠎ᠤ ᠶᠠᠪᠤᠳᠠᠯ᠎ᠤᠨ ᠮᠡᠷᠭᠡᠵᠢᠯ᠎ᠤᠨ ᠪᠣᠯᠪᠠᠰᠤᠷᠠᠯ᠎ᠨᠢ 《ᠪᠣᠳᠠᠲᠤ ᠪᠠᠶ᠋ᠢᠯᠳᠤᠭ᠋ᠠᠨ᠎ᠤ ᠲᠣᠭᠣᠷᠢᠨ᠎ᠳᠤ᠂ ᠪᠣᠳᠠᠲᠤ ᠪᠠᠶ᠋ᠢᠯᠳᠤᠭ᠋ᠠᠨ᠎ᠲᠠᠢ ᠨᠢᠭᠲᠠ ᠣᠶ᠋ᠢᠷᠠᠳᠴᠤ᠂ ᠪᠣᠳᠠᠲᠤ ᠪᠠᠶ᠋ᠢᠯᠳᠤᠭ᠋ᠠᠨ᠎ᠳᠤ ᠦᠢ᠍ᠯᠡᠴᠢᠯᠡᠬᠦ》᠎ᠪᠠᠷ ᠵᠠᠷᠴᠢᠮ ᠪᠣᠯᠭ᠋ᠠᠨ᠂ ᠠᠩᠭᠢ ᠵᠢᠨ ᠭᠡᠰᠢᠭᠦᠳ᠎ᠤᠨ ᠪᠦᠬᠦᠯᠢ ᠴᠣᠭᠴᠠ ᠵᠢᠨ ᠬᠡᠪ ᠴᠢᠨᠠᠷ᠎ᠲᠠᠢ ᠤᠶᠠᠯᠳᠤᠭᠤᠯᠤᠨ᠂ 《ᠡᠷᠬᠡᠰᠢᠶᠡᠬᠦ ᠪᠠᠷᠢᠪᠴᠢᠯᠠᠬᠤ᠂ ᠬᠣᠭᠣᠰᠣᠨ ᠭᠠᠷ ᠵᠶ᠋ᠠᠷ ᠳᠠᠭ᠋ᠠᠷᠢᠵᠤ ᠬᠣᠷᠢᠭᠯᠠᠬᠤ᠂ ᠳᠠᠶ᠋ᠢᠰᠤᠨ᠎ᠢ ᠪᠠᠷᠢᠬᠤ ᠨᠢᠳᠤᠷᠭ᠎ᠠ》 ᠵᠡᠷᠭᠡ ᠪᠣᠳᠠᠲᠤ ᠪᠠᠶ᠋ᠢᠯᠳᠤᠭ᠋ᠠᠨ᠎ᠤ ᠮᠡᠷᠭᠡᠵᠢᠯ᠎ᠳᠤ ᠲᠤᠰᠬᠠᠶ᠋ᠢᠵᠢᠭᠰᠠᠨ ᠪᠣᠯᠪᠠᠰᠤᠷᠠᠯ ᠬᠢᠵᠡᠶ᠃

f9564300dd0e311c0465010aeed54c8e9f2b67cb260d7744778fd56d30270779.jpg


      ᠲᠤᠬᠠᠶ᠋ᠢᠯᠠᠭᠰᠠᠨ ᠠᠵᠢᠯ᠎ᠤᠨ ᠮᠡᠳᠡᠯᠭᠡ ᠵᠢᠨ ᠰᠤᠷᠤᠯᠴᠠᠯᠭ᠎ᠠ ᠳᠤᠮᠳᠠ᠂ ᠪᠠᠭᠰᠢ ᠨᠠᠷ ᠠᠩᠭᠢ ᠵᠢᠨ ᠭᠡᠰᠢᠭᠦᠳ ᠵᠶ᠋ᠠᠨ ᠳᠠᠭ᠋ᠠᠭᠤᠯᠤᠨ ᠲᠦᠭᠰᠢᠭᠦᠷᠢ ᠵᠢ ᠬᠦᠯᠢᠶᠡᠨ ᠠᠪᠴᠤ ᠰᠢᠢ᠍ᠳᠪᠦᠷᠢᠯᠡᠬᠦ ᠳᠦᠷᠢᠮ ᠵᠢᠴᠢ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠰᠢᠢ᠍ᠳᠬᠡᠯ᠎ᠤᠨ ᠬᠠᠤᠯᠢ ᠵᠢᠨ ᠬᠣᠯᠪᠣᠭᠳᠠᠯ ᠪᠦᠬᠦᠢ ᠬᠠᠤᠯᠢ ᠳᠦᠷᠢᠮ᠎ᠢ ᠨᠠᠷᠢᠨ ᠬᠢᠨᠠᠮᠠᠭ᠋ᠠᠶ ᠰᠤᠷᠤᠯᠴᠠᠵᠤ᠂ ᠲᠡᠷᠡᠴᠢᠯᠡᠨ ᠠᠵᠢᠯ᠎ᠤᠨ ᠪᠣᠳᠠᠲᠤ ᠪᠠᠶ᠋ᠢᠳᠠᠯ᠎ᠳᠤ᠎ᠪᠠᠨ ᠴᠢᠭᠯᠡᠭᠦᠯᠦᠨ᠂ ᠲᠦᠭᠰᠢᠭᠦᠷᠢ ᠵᠢ ᠬᠦᠯᠢᠶᠡᠨ  ᠠᠪᠴᠤ   ᠰᠢᠢ᠍ᠳᠪᠦᠷᠢᠯᠡᠬᠦ  ᠭᠣᠣᠯ ᠶᠠᠪᠤᠴᠠ᠂ ᠳᠦᠷᠢᠮᠵᠢᠭᠰᠡᠨ ᠬᠡᠯᠡᠯᠭᠡ᠂ ᠠᠩᠬᠠᠷᠤᠯ᠎ᠤᠨ ᠭᠣᠣᠯᠳᠠᠯᠭ᠎ᠠ ᠵᠢᠴᠢ ᠠᠳᠠᠯᠢ ᠪᠤᠰᠤ ᠴᠠᠭᠳᠠᠭ᠋ᠠᠨ᠎ᠤ ᠪᠠᠶ᠋ᠢᠳᠠᠯ᠎ᠳᠤ ᠴᠢᠭᠯᠡᠭᠦᠯᠦᠭᠰᠡᠨ ᠰᠢᠢ᠍ᠳᠪᠦᠷᠢᠯᠡᠬᠦ ᠠᠷᠭ᠎ᠠ᠂ ᠠᠵᠢᠯ᠎ᠤᠨ ᠳᠤᠮᠳᠠ ᠦᠷᠭᠦᠯᠵᠢ ᠲᠣᠬᠢᠶᠠᠯᠳᠤᠳᠠᠭ ᠬᠡᠷᠡᠭ᠎ᠤᠨ ᠲᠥᠷᠥᠯ ᠬᠡᠯᠪᠡᠷᠢ᠂ ᠡᠯ᠎ᠡ ᠲᠥᠷᠥᠯ᠎ᠤᠨ ᠬᠡᠷᠡᠭ᠎ᠢ ᠰᠢᠢ᠍ᠳᠪᠦᠷᠢᠯᠡᠬᠦ ᠵᠢᠷᠤᠮ᠂ ᠬᠡᠷᠡᠭ ᠰᠢᠢ᠍ᠳᠪᠦᠷᠢᠯᠡᠬᠦ ᠶᠠᠪᠤᠴᠠ᠎ᠳᠤ ᠦᠷᠭᠦᠯᠵᠢ ᠲᠣᠬᠢᠶᠠᠯᠳᠤᠳᠠᠭ ᠠᠰᠠᠭᠤᠳᠠᠯ ᠵᠡᠷᠭᠡ ᠠᠭᠤᠯᠭ᠎ᠠ᠎ᠳᠤ ᠭᠣᠤᠯᠳᠠᠯᠭ᠎ᠠ᠎ᠲᠠᠢ ᠲᠠᠶ᠋ᠢᠯᠤᠮᠵᠢ ᠬᠢᠵᠦ᠂ ᠭᠡᠰᠢᠭᠦᠳ᠎ᠤᠨ ᠲᠤᠬᠠᠶ᠋ᠢᠯᠠᠭᠰᠠᠨ ᠠᠵᠢᠯ᠎ᠤᠨ ᠮᠡᠳᠡᠯᠭᠡ ᠵᠢ ᠪᠠᠶᠠᠯᠢᠭᠵᠢᠭᠤᠯᠤᠨ᠂ ᠬᠠᠤᠯᠢ ᠬᠡᠷᠡᠭᠵᠢᠭᠦᠯᠬᠦ ᠠᠵᠢᠯᠯᠠᠭ᠋ᠠᠨ᠎ᠤ ᠶᠠᠪᠤᠴᠠ ᠵᠢ ᠣᠢ᠌ᠯᠠᠭ᠋ᠠᠭᠤᠯᠵᠤ᠂ ᠪᠥᠬᠥ ᠭᠡᠰᠢᠭᠦᠳ᠎ᠤᠨ ᠬᠠᠤᠯᠢ ᠬᠡᠷᠡᠭᠵᠢᠭᠦᠯᠵᠦ ᠬᠡᠷᠡᠭ ᠰᠢᠢ᠍ᠳᠪᠦᠷᠢᠯᠡᠬᠦ ᠴᠢᠳᠠᠪᠤᠷᠢ ᠵᠢ ᠦᠨᠡᠨ ᠬᠦ᠌ ᠳᠡᠭᠡᠭᠰᠢᠯᠡᠭᠦᠯᠪᠡ᠃ 
   

 

ᠢᠷᠡᠯᠲᠡ᠄ ᠤᠯᠠᠭ᠋ᠠᠨᠬᠠᠳᠠ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ