3 ᠳ᠋ᠤᠭ᠋ᠠᠷ ᠰᠠᠷ᠎ᠠ ᠵᠢᠨ 15᠎ᠤ ᠦᠳᠡ ᠵᠢᠨ ᠡᠮᠦᠨ᠎ᠡ᠂ ᠪᠠᠷᠠᠭᠤᠨ ᠦᠵᠦᠮᠦᠴᠢᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ᠎ᠪᠠᠨ ᠵᠣᠬᠢᠶᠠᠨ ᠪᠠᠢ᠍ᠭᠤᠯᠵᠤ᠂ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠨᠡᠢ᠌ᠳᠡ ᠵᠢᠨ ᠠᠰᠠᠷᠠᠮᠵᠢ ᠵᠢᠨ ᠺᠢᠨᠣ᠋ 《ᠨᠢᠯᠪᠤᠰᠤᠨ᠎ᠳᠤ ᠳᠡᠪᠲᠦᠭᠰᠡᠨ ᠡᠵᠢ》 ᠵᠢ ᠰᠣᠨᠢᠷᠬᠠᠪᠠ᠃ ᠡᠭᠦᠨ᠎ᠳᠤ ᠡᠯ᠎ᠡ ᠨᠠᠮ᠎ᠤᠨ ᠡᠭᠦᠷ᠎ᠤᠨ ᠴᠠᠭᠳᠠᠭ᠎ᠠ ᠨᠡᠶ᠋ᠢᠲᠡ 70 ᠭᠠᠷᠤᠶ ᠨᠠᠮ᠎ᠤᠨ ᠭᠡᠰᠢᠭᠦᠨ᠂ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠣᠷᠣᠯᠴᠠᠵᠠᠶ᠃
ᠲᠤᠰ ᠺᠢᠨᠣ᠋᠎ᠨᠢ ᠣᠳᠣᠬᠠᠨ᠎ᠤ ᠨᠡᠶ᠋ᠢᠭᠡᠮ᠎ᠤᠨ ᠳᠡᠭᠡᠳᠦ ᠬᠡᠮᠵᠢᠶ᠎ᠡ᠎ᠪᠠᠷ ᠠᠩᠬᠠᠷᠴᠤ ᠪᠠᠶ᠋ᠢᠭ᠎ᠠ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠠᠰᠠᠭᠤᠳᠠᠯ᠎ᠤᠨ ᠲᠣᠭᠤᠷᠢᠨ᠎ᠳᠤ᠂ ᠦᠰᠦᠨ ᠪᠤᠶ᠋ᠢᠵᠢᠵᠦ ᠪᠠᠶ᠋ᠢᠭ᠎ᠠ ᠪᠠᠭ᠋ᠠᠴᠤᠳ ᠬᠡᠤᠬᠡᠳ ᠪᠠ ᠭᠡᠷ᠎ᠤᠨ ᠠᠬᠠᠮᠠᠳ᠎ᠤᠨ ᠬᠠᠶ᠋ᠢᠷ᠎ᠠ ᠬᠠᠷᠢᠴᠠᠭᠤᠯᠭ᠎ᠠ᠎ᠪᠠᠨ ᠬᠡᠷᠬᠢᠨ ᠲᠤᠳᠤᠷᠬᠠᠢ ᠲᠠᠨᠢᠬᠤ᠂ ᠬᠡᠷᠬᠢᠨ ᠬᠠᠷᠢᠯᠴᠠᠨ ᠤᠶ᠋ᠢᠯᠭ᠋ᠠᠯᠴᠠᠬᠤ᠂ ᠬᠠᠷᠢᠯᠴᠠᠨ ᠡᠶ᠎ᠡ ᠨᠠᠶ᠋ᠢᠷᠲᠠᠢ ᠶᠠᠪᠤᠯᠴᠠᠬᠤ ᠵᠢ ᠲᠤᠪᠤᠶ᠋ᠢᠯᠭ᠋ᠠᠵᠦ᠂ ᠭᠤᠷᠪᠠᠨ ᠠᠳᠠᠯᠢ ᠪᠤᠰᠤ ᠭᠡᠷ ᠪᠦᠯᠢ ᠵᠢᠨ ᠨᠡᠶ᠋ᠢᠲᠡᠯᠢᠭ ᠦᠯᠢᠭᠡᠷ᠎ᠤᠨ ᠭᠤᠣᠯ ᠪᠠᠭ᠋ᠠᠲᠤᠷ᠎ᠤᠨ ᠰᠡᠳᠬᠢᠯ᠎ᠤᠨ ᠥᠩᠭᠡᠷᠡᠯᠲᠡ ᠵᠢ ᠲᠡᠯᠭᠡᠨ ᠦᠵᠡᠬᠦᠯᠵᠦ᠂ ᠰᠢᠨ᠎ᠡ ᠴᠠᠭ ᠦᠶ᠎ᠡ ᠵᠢᠨ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠡᠦᠬᠡᠳ᠎ᠤᠨ ᠦᠰᠦᠨ ᠪᠤᠶ᠋ᠢᠵᠢᠯᠲᠠ ᠵᠢᠨ ᠶᠠᠪᠤᠴᠠ᠎ᠳᠠᠬᠢ ᠴᠢᠬᠤᠯᠠ ᠴᠢᠨᠠᠷ᠎ᠢ ᠲᠠᠨᠢᠭᠤᠯᠪᠠ᠃ ᠺᠢᠨᠣ᠋ ᠵᠢᠨ ᠦᠢ᠍ᠯᠡ ᠪᠠᠶ᠋ᠢᠳᠠᠯ᠎ᠨᠢ ᠬᠥᠮᠦᠰ᠎ᠤᠨ ᠰᠡᠳᠬᠢᠯ᠎ᠢ ᠬᠥᠳᠡᠯᠭᠡᠮ᠎ᠡ ᠪᠠᠶ᠋ᠢᠵᠤ᠂ ᠪᠣᠳᠠᠲᠤ ᠠᠮᠢᠳᠤᠷᠠᠯ᠎ᠲᠠᠢ ᠣᠶ᠋ᠢᠷᠠᠳᠴᠤ᠂ ᠡᠴᠢᠭᠡ ᠡᠬᠡ ᠦᠷ᠎ᠡ ᠬᠡᠤᠬᠡᠳ᠎ᠤᠨ ᠬᠠᠶ᠋ᠢᠷ᠎ᠠ ᠰᠡᠳᠬᠢᠯᠭᠡ᠂ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠰᠢᠨᠵᠢᠯᠡᠬᠦ ᠤᠬᠠᠭ᠋ᠠᠨᠴᠢ ᠣᠶ᠋ᠢᠯᠠᠭ᠋ᠠᠭᠳᠠᠬᠤᠨ ᠪᠠ ᠠᠷᠭ᠎ᠠ ᠬᠡᠯᠪᠡᠷᠢ ᠵᠢ ᠢᠯᠡᠷᠡᠭᠦᠯᠪᠡ᠃
ᠺᠢᠨᠣ᠋ ᠦᠵᠡᠬᠦ ᠶᠠᠪᠤᠴᠠ᠎ᠳᠤ᠂ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠺᠢᠨᠣ᠋ ᠵᠢᠨ ᠳᠣᠲᠣᠷᠠᠬᠢ ᠬᠠᠶ᠋ᠢᠷ᠎ᠠ ᠰᠡᠳᠬᠢᠯᠭᠡ ᠵᠢᠨ ᠨᠠᠷᠢᠨ ᠵᠦᠢ᠍ᠯᠡᠰ᠎ᠲᠤ ᠰᠡᠳᠬᠢᠯ ᠬᠥᠳᠡᠯᠵᠦ᠂ ᠮᠠᠰᠢ ᠣᠯᠠᠨ ᠬᠥᠮᠦᠨ ᠳᠣᠭᠳᠣᠯᠤᠭᠰᠠᠨ ᠰᠡᠳᠭᠢᠯ ᠵᠶ᠋ᠡᠨ ᠳᠠᠷᠤᠵᠤ ᠶᠠᠳᠠᠨ ᠨᠢᠯᠪᠤᠰᠤ ᠪᠥᠮᠪᠥᠷᠢᠭᠦᠯᠵᠦ ᠪᠠᠶ᠋ᠢᠯ᠎ᠠ᠃ ᠺᠢᠨᠣ᠋ ᠳᠠᠭᠤᠰᠤᠭᠰᠠᠨ᠎ᠤ ᠳᠠᠷᠠᠭ᠎ᠠ᠂ ᠣᠯᠠᠨ ᠵᠶ᠋ᠠᠷ ᠵᠶ᠋ᠠᠨ ᠡᠨᠡ ᠺᠢᠨᠣ᠋᠎ᠨᠢ ᠲᠡᠳᠡᠨ᠎ᠳᠤ ᠡᠬᠡ ᠵᠢᠨ ᠵᠶ᠋ᠠᠨ ᠬᠠᠶ᠋ᠢᠷ᠎ᠠ ᠵᠢᠨ ᠠᠭᠤᠤ ᠶᠡᠭᠡ ᠪᠠ ᠭᠤᠶᠠᠴᠢ ᠦᠭᠡᠢ ᠪᠠᠢ᠌ᠬᠤᠢ ᠨᠠᠩ ᠭᠦᠨᠵᠡᠭᠡᠶ ᠣᠶ᠋ᠢᠯᠠᠭ᠋ᠠᠭᠤᠯᠵᠠᠶ ᠭᠡᠪᠡ᠃