ᠬᠠᠷᠢᠶᠠᠲᠤ ᠣᠷᠣᠨ᠎ᠤ ᠳᠣᠲᠣᠷᠠᠬᠢ ᠭᠠᠯ᠎ᠤᠨ ᠭᠠᠮᠰᠢᠭ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠬᠦ᠂ ᠡᠯ᠎ᠡ ᠠᠵᠢᠯ ᠲᠥᠷᠥᠯ᠎ᠤᠨ ᠰᠠᠯᠠᠭ᠎ᠠ ᠮᠥᠴᠢᠷ᠎ᠤᠨ ᠬᠤᠭᠤᠷᠣᠨᠳᠣᠬᠢ ᠭᠠᠯ᠎ᠤᠨ ᠭᠠᠮᠰᠢᠭ᠎ᠤᠨ ᠵᠣᠬᠢᠴᠠᠭᠤᠯᠤᠨ ᠬᠠᠮᠵᠢᠯᠴᠠᠬᠤ ᠴᠢᠳᠠᠪᠤᠷᠢ ᠵᠢᠴᠢ ᠭᠠᠯ᠎ᠤᠨ ᠭᠠᠮᠰᠢᠭ᠎ᠠᠴᠠ ᠠᠪᠤᠷᠠᠨ ᠲᠤᠰᠠᠯᠠᠬᠤ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠰᠢᠨ᠎ᠡ ᠬᠤᠲᠠ ᠲᠣᠭᠤᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠳ᠋ᠦᠩᠹᠸᠩ ᠵᠠᠮ᠎ᠤᠨ ᠲᠣᠮᠢᠯᠠᠭᠰᠠᠨ ᠰᠠᠯᠪᠤᠷᠢ᠎ᠨᠢ ᠰᠢᠨ᠎ᠡ ᠬᠤᠲᠠ ᠲᠣᠭᠤᠷᠢᠭ᠎ᠤᠨ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠶᠡᠭᠡ ᠠᠩᠭᠢ᠂ ᠬᠥᠬᠡ ᠲᠡᠭᠷᠢ ᠠᠪᠤᠷᠠᠨ ᠲᠤᠰᠠᠯᠠᠬᠤ ᠠᠩᠭᠢ᠂ ᠠᠳᠠᠯ ᠠᠬᠤᠶ ᠵᠢᠨ ᠺᠣᠮᠫᠠᠨᠢ ᠵᠡᠷᠭᠡ ᠣᠯᠠᠨ ᠲᠠᠯ᠎ᠠ ᠵᠢᠨ ᠬᠦᠴᠦᠨ᠎ᠲᠠᠢ ᠬᠠᠮᠲᠤᠷᠠᠨ᠂ ᠬᠠᠷᠢᠶᠠᠲᠤ ᠣᠷᠣᠨ᠎ᠤ ᠨᠠᠢ᠌ᠯᠤᠨ ᠣᠯᠠᠨ ᠤᠯᠤᠰ᠎ᠤᠨ ᠵᠣᠬᠢᠶᠠᠨ ᠪᠠᠶ᠋ᠢᠭᠤᠯᠤᠯᠲᠠ᠎ᠳᠤ ᠭᠦᠨᠵᠡᠭᠡᠶ᠋ᠢᠷᠡᠨ ᠭᠠᠯ ᠤᠨᠲᠠᠷᠠᠭ᠋ᠠᠬᠤ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠵᠢᠨ ᠠᠵᠢᠯᠯᠠᠭ᠎ᠠ ᠥᠷᠨᠢᠭᠦᠯᠪᠡ᠃
ᠠᠵᠢᠯᠯᠠᠭ᠎ᠠ ᠵᠢᠨ ᠳᠤᠮᠳᠠ᠂ ᠠᠷᠠᠳ᠎ᠤᠨ ᠴᠠᠭᠳᠠᠭ᠎ᠠ ᠵᠢᠴᠢ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠶᠡᠭᠡ ᠠᠩᠭᠢ ᠵᠢᠨ᠎ᠬᠢᠨ ᠠᠵᠢᠯᠲᠠᠨ ᠠᠵᠢᠯᠴᠢᠨ᠎ᠳᠤ ᠭᠠᠯ ᠤᠨᠲᠠᠷᠠᠭ᠋ᠠᠬᠤ ᠠᠮᠤᠷ ᠲᠦᠪᠰᠢᠨ᠎ᠤ ᠠᠮᠢᠳᠤᠯᠢᠭ ᠬᠢᠴᠢᠶᠡᠯ ᠣᠷᠣᠵᠤ᠂ ᠲᠤᠬᠠᠶ ᠵᠢᠨ ᠭᠠᠵᠠᠷ᠎ᠲᠤᠨᠢ ᠵᠢᠱ᠌ᠢᠶ᠎ᠡ ᠦᠵᠡᠭᠦᠯᠦᠨ ᠵᠢᠯᠣᠭᠤᠳᠬᠤ᠎ᠪᠠᠷ ᠳᠠᠮᠵᠢᠭᠤᠯᠤᠨ᠂ ᠲᠥᠬᠦᠮ ᠣᠶ᠋ᠢᠯᠠᠭ᠋ᠠᠮᠵᠢᠲᠠᠶ ᠦᠭᠡ ᠬᠡᠯᠡ᠎ᠪᠠᠷ ᠠᠵᠢᠯᠲᠠᠨ ᠠᠵᠢᠯᠴᠢᠨ᠎ᠳᠤ ᠭᠠᠯ᠎ᠤᠨ ᠠᠶᠤᠯ ᠵᠡᠷᠭᠡ ᠭᠠᠮᠰᠢᠭ᠎ᠲᠤ ᠳᠠᠭ᠋ᠠᠷᠢᠭᠳᠠᠪᠠᠯ ᠠᠮᠢ ᠵᠢᠭᠤᠲᠠᠬᠤ ᠵᠢᠨ ᠥᠪᠡᠷ᠎ᠢ᠎ᠪᠠᠨ ᠠᠪᠤᠷᠬᠠᠤ ᠠᠷᠭ᠎ᠠ ᠵᠢᠴᠢ ᠠᠩᠬᠠᠷᠬᠤ ᠵᠦᠢ᠍ᠯᠡᠰ᠎ᠢ ᠨᠠᠷᠢᠨ ᠲᠠᠶ᠋ᠢᠯᠪᠤᠷᠢᠯᠠᠵᠤ ᠥᠭᠬᠦ ᠵᠢᠨ ᠬᠠᠮᠲᠤ ᠬᠠᠷᠢᠯᠴᠠᠨ ᠠᠰᠠᠭᠤᠯᠲᠠ ᠠᠰᠠᠭᠤᠬᠤ ᠠᠷᠭ᠎ᠠ ᠮᠠᠶᠢᠭ ᠵᠶ᠋ᠠᠷ ᠠᠵᠢᠯᠲᠠᠨ ᠠᠵᠢᠯᠴᠢᠨ᠎ᠤ ᠭᠠᠯ ᠤᠨᠲᠠᠷᠠᠭ᠋ᠠᠬᠤ ᠮᠡᠳᠡᠯᠭᠡ ᠵᠢ ᠰᠤᠷᠤᠯᠴᠠᠬᠤ ᠬᠠᠯᠠᠭᠤᠨ ᠰᠡᠳᠬᠢᠯᠭᠡ ᠵᠢ ᠬᠥᠭᠵᠢᠭᠡᠵᠦ᠂ ᠲᠡᠳᠡᠨ᠎ᠳᠤ ᠭᠠᠯ ᠤᠨᠲᠠᠷᠠᠭ᠋ᠠᠬᠤ ᠠᠮᠤᠷ ᠲᠦᠪᠰᠢᠨ᠎ᠤ ᠠᠵᠢᠯ᠎ᠢ ᠰᠠᠶ᠋ᠢᠲᠤᠷ ᠬᠢᠬᠦ ᠵᠢᠨ ᠴᠢᠬᠤᠯᠠ ᠴᠢᠨᠠᠷ᠎ᠢ ᠲᠠᠨᠢᠭᠤᠯᠪᠠ᠃
ᠡᠭᠦᠨ᠎ᠤ ᠵᠡᠷᠭᠡ᠎ᠳᠤ ᠭᠠᠯ ᠤᠨᠲᠠᠷᠠᠭ᠋ᠠᠨ ᠠᠪᠤᠷᠠᠨ ᠲᠤᠰᠠᠯᠠᠬᠤ ᠠᠩᠭᠢ ᠵᠢᠨ ᠭᠡᠰᠢᠭᠦᠳ ᠭᠠᠯ ᠤᠨᠲᠠᠷᠠᠭ᠋ᠠᠭᠤᠷ᠎ᠢ ᠵᠥᠪ ᠬᠡᠷᠡᠭᠯᠡᠬᠦ ᠠᠷᠭ᠎ᠠ ᠪᠣᠯᠤᠨ ᠠᠩᠬᠠᠷᠬᠤ ᠵᠦᠢ᠍ᠯ᠎ᠢ ᠨᠠᠷᠢᠨ ᠲᠠᠶ᠋ᠢᠯᠪᠤᠷᠢᠯᠠᠭᠰᠠᠨ ᠪᠥᠭᠡᠳ ᠭᠠᠯ᠎ᠤᠨ ᠭᠠᠮᠰᠢᠭ᠎ᠤᠨ ᠲᠠᠯᠠᠪᠤᠷ᠎ᠢ ᠳᠠᠭᠤᠷᠢᠶᠠᠨ ᠵᠣᠬᠢᠶᠠᠵᠤ᠂ ᠰᠢᠨ᠎ᠡ ᠬᠤᠲᠠ ᠲᠣᠭᠤᠷᠢᠭ᠎ᠤᠨ ᠭᠠᠯ ᠤᠨᠲᠠᠷᠠᠭ᠋ᠠᠨ ᠠᠪᠤᠷᠠᠨ ᠲᠤᠰᠠᠯᠠᠬᠤ ᠶᠡᠭᠡ ᠠᠩᠭᠢ᠂ ᠳ᠋ᠦᠩᠹᠸᠩ ᠵᠠᠮ᠎ᠤᠨ ᠲᠣᠮᠢᠯᠠᠭᠰᠠᠨ ᠰᠠᠯᠪᠤᠷᠢ ᠵᠢᠨ ᠴᠠᠭᠳᠠᠭ᠎ᠠ ᠵᠢᠨ ᠵᠢᠯᠣᠭᠤᠳᠣᠯᠭ᠎ᠠ ᠳᠣᠣᠷ᠎ᠠ᠂ ᠲᠤᠬᠠᠶ ᠵᠢᠨ ᠭᠠᠵᠠᠷ᠎ᠲᠤ ᠪᠠᠶ᠋ᠢᠭᠰᠠᠨ ᠬᠥᠮᠦᠰ ᠴᠥᠮ ᠭᠠᠯ᠎ᠤᠨ ᠠᠶᠤᠯ ᠭᠠᠷᠬᠤ ᠦᠶ᠎ᠡ ᠵᠢᠨ ᠪᠠᠴᠢᠮ ᠪᠠᠶ᠋ᠢᠳᠠᠯ᠎ᠢ ᠪᠡᠶ᠎ᠡ᠎ᠪᠠᠷ ᠵᠶ᠋ᠠᠨ ᠣᠶ᠋ᠢᠯᠠᠭ᠋ᠠᠵᠤ᠂ ᠭᠠᠯ ᠤᠨᠲᠠᠷᠠᠭ᠋ᠠᠨ ᠪᠠᠴᠢᠮ ᠰᠢᠢ᠍ᠳᠪᠦᠷᠢᠯᠡᠬᠦ ᠴᠢᠳᠠᠪᠤᠷᠢ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠪᠡ᠃
ᠲᠣᠰ ᠤᠳᠠᠭ᠋ᠠᠨ᠎ᠤ ᠭᠠᠯ ᠤᠨᠲᠠᠷᠠᠭ᠋ᠠᠬᠤ ᠠᠮᠤᠷ ᠲᠦᠪᠰᠢᠨ᠎ᠤ ᠰᠣᠷᠢᠯᠲᠠ᠎ᠪᠠᠷ ᠳᠡᠮᠵᠢᠨ᠂ ᠭᠠᠯ᠎ᠤᠨ ᠠᠶᠤᠯ᠂ ᠭᠠᠯ᠎ᠤᠨ ᠪᠠᠶ᠋ᠢᠳᠠᠯ᠎ᠤᠨ ᠲᠤᠬᠠᠶ ᠣᠶ᠋ᠢᠯᠠᠭ᠋ᠠᠯᠲᠠ ᠵᠢᠴᠢ ᠭᠠᠯ ᠤᠨᠲᠠᠷᠠᠭ᠋ᠠᠬᠤ ᠪᠠᠭ᠋ᠠᠵᠢ ᠬᠡᠷᠡᠭᠰᠡᠯ᠎ᠢ ᠬᠡᠷᠡᠭᠯᠡᠬᠦ᠂ ᠬᠠᠷᠢᠶᠠᠲᠤ ᠣᠷᠣᠨ᠎ᠤ ᠣᠯᠠᠨ ᠲᠦᠮᠡᠨ᠎ᠤ ᠭᠠᠯ ᠤᠨᠲᠠᠷᠠᠭ᠋ᠠᠬᠤ ᠠᠮᠤᠷ ᠲᠦᠪᠰᠢᠨ᠎ᠤ ᠤᠬᠠᠮᠰᠠᠷ ᠪᠠ ᠪᠠᠴᠢᠮ ᠪᠠᠶ᠋ᠢᠳᠠᠯ᠎ᠢ ᠠᠷᠭ᠋ᠠᠴᠠᠵᠤ ᠠᠮᠢ ᠵᠢᠭᠤᠲᠠᠬᠤ ᠴᠢᠳᠠᠪᠤᠷᠢ ᠵᠢ ᠪᠦᠲᠦᠮᠵᠢᠲᠡᠶ ᠳᠡᠭᠡᠭᠰᠢᠯᠡᠭᠦᠯᠪᠡ᠃ ᠳ᠋ᠦᠩᠹᠸᠩ ᠵᠠᠮ᠎ᠤᠨ ᠲᠣᠮᠢᠯᠠᠭᠰᠠᠨ ᠰᠠᠯᠪᠤᠷᠢ ᠲᠣᠰ ᠤᠳᠠᠭ᠋ᠠᠨ᠎ᠤ ᠠᠵᠢᠯᠯᠠᠭ᠎ᠠ᠎ᠪᠠᠷ ᠠᠵᠠ ᠲᠣᠬᠢᠶᠠᠯ ᠪᠣᠯᠭ᠋ᠠᠵᠤ᠂ ᠭᠠᠯ ᠰᠡᠷᠭᠡᠶ᠋ᠢᠯᠡᠨ ᠤᠨᠲᠠᠷᠠᠭ᠋ᠠᠬᠤ ᠠᠮᠤᠷ ᠲᠦᠪᠰᠢᠨ᠎ᠤ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ᠂ ᠭᠠᠯ ᠰᠡᠷᠭᠡᠶ᠋ᠢᠯᠡᠨ ᠤᠨᠲᠠᠷᠠᠭ᠋ᠠᠬᠤ ᠠᠮᠤᠷ ᠲᠦᠪᠰᠢᠨ᠎ᠤ ᠲᠦᠷᠢᠮ᠎ᠢ ᠲᠡᠭᠦᠯᠳᠡᠷᠵᠢᠭᠦᠯᠵᠦ᠂ ᠬᠠᠷᠢᠶᠠᠲᠤ ᠣᠷᠣᠨ᠎ᠤ ᠣᠯᠠᠨ ᠲᠦᠮᠡᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨ ᠬᠦ᠌ ᠪᠠᠳᠤᠯᠠᠪᠠ᠃