ᠣᠶ᠋ᠢᠷ᠎ᠠ᠎ᠳᠤ᠂ ᠬᠥᠯᠥᠨ ᠪᠤᠶ᠋ᠢᠷ ᠬᠤᠲᠠ ᠵᠢᠨ ᠰᠢᠨ᠎ᠡ ᠪᠠᠷᠭᠤ ᠪᠠᠷᠠᠭᠤᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠰᠦᠷᠳᠡᠭᠦᠯᠦᠯ᠎ᠢ ᠡᠰᠡᠷᠭᠦᠴᠡᠬᠦ ᠪᠠ ᠣᠨᠴᠠ ᠲ᠋ᠥᠷᠦᠯᠤᠨ ᠴᠠᠭᠳᠠᠭ᠎ᠠ ᠵᠢᠨ ᠶᠡᠭᠡ ᠠᠩᠭᠢ᠎ᠨᠢ ᠬᠤᠰᠢᠭᠤᠨ᠎ᠤ ᠬᠤᠶᠠᠳᠤᠭ᠋ᠠᠷ ᠬᠡᠤᠬᠡᠳ᠎ᠤᠨ ᠴᠡᠴᠡᠷᠯᠢᠭ᠂ ᠬᠤᠰᠢᠭᠤᠨ᠎ᠤ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠶᠡᠭᠡ ᠠᠩᠭᠢ᠎ᠲᠠᠢ ᠬᠠᠮᠲᠤᠷᠠᠨ 《ᠪᠥᠬᠦ ᠠᠷᠠᠳ ᠵᠶ᠋ᠠᠷ ᠵᠶ᠋ᠠᠨ ᠰᠦᠷᠳᠡᠭᠦᠯᠦᠯ᠎ᠢ ᠡᠰᠡᠷᠭᠦᠴᠡᠬᠦ᠎ᠳᠤ ᠬᠥᠮᠦᠨ ᠪᠦᠬᠦᠨ ᠬᠠᠷᠢᠭᠤᠴᠠᠯᠭ᠎ᠠ᠎ᠲᠠᠢ》 ᠭᠡᠬᠦ ᠭᠤᠤᠯ ᠰᠡᠳᠦᠪᠲᠦ ᠰᠦᠷᠳᠡᠭᠦᠯᠦᠯ᠎ᠢ ᠡᠰᠡᠷᠭᠦᠴᠡᠬᠦ ᠬᠦᠴᠦᠷᠬᠡᠭᠯᠡᠯ᠎ᠢ ᠰᠡᠷᠭᠡᠶ᠋ᠢᠯᠡᠬᠦ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠵᠢᠨ ᠠᠵᠢᠯᠯᠠᠭ᠎ᠠ ᠥᠷᠨᠢᠭᠦᠯᠪᠡ᠃
《ᠣᠨᠢᠰᠤ ᠵᠢ ᠮᠢᠨᠢ ᠬᠤᠷᠳᠤᠨ ᠨᠡᠭᠡᠭᠡ᠂ ᠠᠮᠤᠷ᠎ᠢ ᠬᠠᠮᠠᠭ᠋ᠠᠯᠠᠭᠴᠢ ᠪᠠᠢ᠌ᠬᠤ ᠦᠭᠡᠢ ᠵᠠᠪᠰᠢᠶᠠᠨ᠎ᠢ ᠳᠠᠯᠢᠮᠳᠠᠭᠤᠯᠤᠨ ᠰᠤᠷᠭ᠋ᠠᠭᠤᠯᠢ ᠵᠢᠨ ᠬᠦᠷᠢᠶᠡᠨ᠎ᠳᠤ ᠣᠷᠤᠶ᠎ᠠ!》 ᠭᠡᠵᠦ ᠨᠢᠭᠡ ᠮᠠᠭᠤ ᠡᠲᠡᠭᠡᠳ ᠬᠡᠷᠡᠮ ᠬᠠᠷᠠᠢ᠌ᠵᠤ ᠰᠤᠷᠭ᠋ᠠᠭᠤᠯᠢ ᠵᠢᠨ ᠬᠦᠷᠢᠶᠡᠨ᠎ᠳᠤ ᠣᠷᠣᠵᠤ᠂ ᠨᠦᠬᠦᠭᠡ ᠨᠢᠭᠡ ᠬᠠᠨᠢᠲᠠᠨᠳᠤᠪᠠᠨ ᠣᠨᠢᠰᠤ ᠵᠢ ᠨᠡᠭᠡᠭᠡᠵᠦ ᠥᠭᠭᠦᠭᠰᠡᠨ᠎ᠳᠤ᠂ ᠬᠣᠶᠠᠭᠤᠯᠠ᠎ᠪᠠᠨ ᠪᠡᠶ᠎ᠡ ᠵᠢᠨ ᠲᠠᠮᠢᠷ᠎ᠤᠨ ᠲᠠᠯᠠᠪᠠᠢ᠎ᠳᠤ ᠪᠠᠶ᠋ᠢᠭᠰᠠᠨ ᠪᠠᠭᠰᠢ ᠪᠣᠯᠤᠨ ᠬᠡᠦᠬᠡᠳ᠎ᠢ ᠰᠦᠬᠡ ᠪᠣᠯᠤᠨ ᠪᠣᠣᠳᠤᠤ᠎ᠪᠠᠷ ᠰᠦᠷᠳᠡᠭᠦᠯᠦᠭᠰᠡᠨ᠎ᠳᠤ᠂ ᠠᠮᠤᠷ᠎ᠢ ᠬᠠᠮᠠᠭ᠋ᠠᠯᠠᠭᠴᠢ ᠲᠡᠷᠡ ᠳᠠᠷᠤᠶᠳᠤᠨᠢ 《ᠨᠢᠭᠡ ᠳᠠᠷᠤᠪᠴᠢᠲᠤ ᠮᠠᠶᠢᠭ》᠎ᠤᠨ ᠲᠦᠭᠰᠢᠭᠦᠷᠢ ᠮᠡᠳᠡᠭᠡᠯᠡᠬᠦ ᠮᠠᠰᠢᠨ᠎ᠢ ᠳᠠᠷᠤᠵᠤ᠂ ᠪᠠᠮᠪᠠᠢ᠂ ᠪᠤᠯᠤᠳ ᠰᠡᠷᠡᠭᠡ ᠵᠡᠷᠭᠡ ᠪᠠᠭ᠋ᠠᠵᠢ ᠬᠡᠷᠡᠭᠰᠡᠯ᠎ᠢ ᠠᠪᠴᠤ ᠮᠠᠭᠤ ᠡᠲᠡᠭᠡᠳ᠎ᠤᠨ ᠬᠡᠷᠴᠡᠭᠡᠶ᠋ᠢᠯᠡᠬᠦ᠂ ᠭᠠᠯ ᠲᠠᠯᠪᠢᠬᠤ ᠵᠢ ᠬᠤᠷᠢᠭᠯᠠᠪᠠ᠃ ᠣᠨᠴᠠ ᠲᠥᠷᠦᠯ᠎ᠤᠨ ᠴᠠᠭᠳᠠᠭ᠎ᠠ ᠵᠢᠨ ᠠᠩᠬᠢ ᠵᠢᠨ᠎ᠬᠢᠨ ᠴᠠᠭ ᠲᠤᠬᠠᠢᠳᠤᠨᠢ ᠬᠦᠷᠦᠯᠴᠡᠨ ᠢᠷᠡᠵᠦ᠂ ᠠᠮᠤᠷ᠎ᠢ ᠬᠠᠮᠠᠭ᠋ᠠᠯᠠᠭᠴᠢ᠎ᠲᠠᠢ ᠬᠦᠴᠦ᠎ᠪᠠᠨ ᠬᠠᠮᠲᠤᠳᠬᠠᠨ ᠮᠠᠭᠤ ᠡᠲᠡᠭᠡᠳ᠎ᠢ ᠨᠣᠮᠣᠬᠠᠳᠬᠠᠵᠤ᠂ ᠭᠠᠯ ᠤᠨᠲᠠᠷᠠᠭ᠋ᠠᠭᠴᠢ ᠴᠠᠭ ᠲᠤᠬᠠᠢᠳᠤᠨᠢ ᠭᠠᠯ᠎ᠢ ᠤᠨᠲᠠᠷᠠᠭ᠋ᠠᠵᠤ᠂ ᠡᠮᠴᠢ ᠰᠤᠪᠢᠯᠠᠭᠴᠢ᠎ᠠᠴᠠ ᠰᠢᠷᠬᠠᠲᠤᠭᠰᠠᠳ᠎ᠲᠤ ᠠᠪᠤᠷᠠᠯᠲᠠ ᠬᠢᠪᠡ ᠁
ᠡᠨᠡ ᠵᠢᠯ᠎ᠠᠴᠠ ᠨᠠᠭ᠋ᠠᠰᠢ᠂ ᠬᠥᠯᠥᠨ ᠪᠤᠶ᠋ᠢᠷ ᠬᠤᠲᠠ ᠵᠢᠨ ᠰᠢᠨ᠎ᠡ ᠪᠠᠷᠭᠤ ᠪᠠᠷᠠᠭᠤᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠰᠦᠷᠳᠡᠭᠦᠯᠦᠯ᠎ᠢ ᠡᠰᠡᠷᠭᠦᠴᠡᠬᠦ ᠪᠠ ᠣᠨᠴᠠ ᠲᠥᠷᠦᠯ᠎ᠤᠨ ᠴᠠᠭᠳᠠᠭ᠎ᠠ ᠵᠢᠨ ᠶᠡᠭᠡ ᠠᠩᠭᠢ ᠰᠤᠷᠭ᠋ᠠᠭᠤᠯᠢ ᠵᠢᠨ ᠬᠦᠷᠢᠶᠡᠨ᠎ᠤ ᠰᠣᠷᠢᠯᠲᠠ ᠵᠢᠨ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠴᠠᠭᠳᠠᠭ᠎ᠠ ᠵᠢᠨ ᠬᠦᠴᠦᠨ᠎ᠢ ᠨᠡᠮᠡᠵᠦ 《ᠮᠠᠰᠢᠨ ᠲᠡᠷᠭᠡ + ᠶᠠᠪᠠᠭ᠋ᠠᠨ + ᠵᠢᠯᠣᠭᠤᠴᠢ ᠥᠬᠡᠶ ᠨᠢᠰᠬᠡᠯ》 ᠵᠶ᠋ᠡᠷ ᠲᠤᠭᠤᠷᠢᠨ ᠴᠠᠭᠳᠠᠬᠤ ᠵᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ᠎ᠢ ᠠᠪᠴᠤ᠂ ᠰᠤᠷᠭ᠋ᠠᠭᠤᠯᠢ ᠵᠢᠨ ᠬᠦᠷᠢᠶᠡᠨ᠎ᠤ ᠡᠷᠬᠢᠨ ᠲᠣᠭᠤᠷᠢᠨ᠎ᠤ ᠲᠣᠭᠤᠷᠢᠨ ᠴᠠᠭᠳᠠᠬᠤ ᠤᠳᠠᠭ᠎ᠠ ᠵᠢ ᠨᠡᠮᠡᠭᠳᠡᠭᠦᠯᠦᠨ᠂ ᠴᠠᠭᠳᠠᠭ᠎ᠠ ᠠᠷᠠᠳ ᠬᠠᠮᠲᠤ᠎ᠪᠠᠷ ᠠᠮᠤᠷ ᠳᠤᠭᠳᠠᠭᠤᠨ᠎ᠢ ᠬᠠᠮᠠᠭ᠋ᠠᠯᠠᠬᠤ ᠲᠣᠭᠲᠠᠴᠠ ᠵᠢ ᠦᠷᠭᠦᠯᠵᠢᠯᠡᠨ ᠴᠢᠩᠭ᠋ᠠᠳᠬᠠᠵᠤ᠂ ᠰᠡᠷᠭᠡᠶ᠋ᠢᠯᠡᠯᠲᠡ ᠵᠢᠨ ᠬᠠᠷᠠᠭ᠎ᠠ ᠵᠢ ᠤᠷᠲᠤᠳᠬᠠᠨ᠂ ᠡᠷᠲᠡ ᠤᠷᠢᠳᠴᠢᠯᠠᠨ ᠰᠡᠷᠡᠮᠵᠢᠯᠡᠭᠦᠯᠵᠦ᠂ ᠡᠷᠲᠡ ᠢᠯᠡᠷᠡᠭᠦᠯᠵᠦ᠂ ᠠᠮᠤᠷ ᠲᠦᠪᠰᠢᠨ᠎ᠤ ᠬᠡᠮ ᠰᠣᠭᠤᠭ᠎ᠢ ᠦᠷᠭᠦᠯᠵᠢᠯᠡᠨ ᠠᠷᠢᠯᠭ᠋ᠠᠪᠠ᠃ ᠡᠭᠦᠨ᠎ᠤ ᠬᠠᠮᠲᠤ᠂ 《ᠬᠡᠪ ᠴᠢᠨᠠᠷ ᠵᠶ᠋ᠠᠷ ᠥᠨᠳᠥᠷ᠂ ᠴᠢᠳᠠᠪᠤᠷᠢ᠎ᠪᠠᠷ ᠴᠢᠩᠭ᠎ᠠ᠂ ᠳᠦᠷᠢ ᠲᠥᠷᠬᠦ᠎ᠪᠠᠷ ᠰᠠᠶ᠋ᠢᠨ》 ᠪᠠᠶ᠋ᠢᠬᠤ ᠵᠢᠨ ᠲᠣᠭᠤᠷᠢᠨ᠎ᠳᠤ᠂ ᠬᠠᠮᠤᠭ᠎ᠤᠨ ᠪᠠᠭ᠎ᠠ ᠪᠠᠶ᠋ᠢᠯᠳᠤᠭ᠋ᠠᠨ᠎ᠤ ᠨᠢᠭᠡᠴᠢ ᠵᠢᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ᠂ ᠲᠡᠷᠭᠡ ᠬᠥᠰᠬᠡ ᠵᠢᠨ ᠮᠥᠷᠭᠦᠯᠳᠦᠬᠦ ᠵᠢ ᠰᠡᠷᠭᠡᠶ᠋ᠢᠯᠡᠬᠦ ᠵᠡᠷᠭᠡ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠵᠢ ᠥᠷᠨᠢᠭᠦᠯᠵᠦ᠂ ᠡᠯ᠎ᠡ ᠵᠦᠢ᠍ᠯ᠎ᠤᠨ ᠪᠣᠯᠪᠠᠰᠤᠷᠠᠯ᠎ᠢ ᠢᠮᠠᠭᠲᠠ ᠠᠮᠢᠳᠤᠯᠢᠭ ᠪᠠᠶ᠋ᠢᠳᠠᠯ᠎ᠳᠤ ᠪᠠᠶ᠋ᠢᠯᠭ᠋ᠠᠵᠤ᠂ ᠪᠣᠳᠠᠲᠤ ᠪᠠᠶ᠋ᠢᠯᠳᠤᠭ᠋ᠠᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢ ᠦᠨᠡᠨ ᠬᠦ᠌ ᠪᠠᠳᠤᠯᠠᠪᠠ᠃