ᠣᠶ᠋ᠢᠷ᠎ᠠ᠎ᠳᠤ᠂ ᠰᠢᠨ᠎ᠡ ᠬᠤᠲᠠ ᠲᠣᠭᠤᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠪᠣᠷᠤᠬᠤᠰᠢᠭᠤ ᠲᠣᠮᠢᠯᠠᠭᠰᠠᠨ ᠰᠠᠯᠪᠤᠷᠢ ᠬᠤᠪᠢᠶᠠᠷᠢ ᠲᠣᠪᠴᠢᠶ᠎ᠠ ᠵᠢᠨ ᠴᠢᠮᠡᠭᠡ ᠮᠡᠳᠡᠭᠡ ᠵᠢᠯᠤᠭᠤᠳᠬᠤ ᠲᠥᠪ᠎ᠤᠨ ᠮᠡᠬᠡᠯᠡᠯ᠎ᠢ ᠡᠰᠡᠷᠭᠦᠴᠡᠬᠦ ᠲᠤᠬᠠᠶ᠋ᠢᠯᠠᠭᠰᠠᠨ ᠠᠵᠢᠯ᠎ᠤᠨ ᠭᠤᠤᠯᠯᠠᠭᠴᠢ ᠬᠦᠴᠦᠨ᠎ᠲᠠᠢ ᠬᠠᠮᠲᠤᠷᠠᠨ ᠪᠤᠷᠤᠬᠤᠰᠢᠭᠤ ᠲᠣᠰᠬᠤᠨ᠎ᠤ ᠨᠠᠰᠤᠲᠠᠨ᠎ᠤ ᠠᠰᠠᠷᠠᠮᠵᠢ ᠵᠢᠨ ᠬᠦᠷᠢᠶᠡᠯᠡᠩ᠎ᠳᠤ ᠬᠦᠷᠴᠦ᠂ ᠨᠠᠰᠤᠲᠠᠶ᠋ᠢᠴᠤᠳ᠎ᠤᠨ ᠮᠡᠬᠡᠯᠡᠯ᠎ᠢ ᠰᠡᠷᠭᠡᠶ᠋ᠢᠯᠡᠬᠦ ᠭᠤᠤᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ᠃
ᠠᠵᠢᠯᠯᠠᠭ᠎ᠠ ᠵᠢᠨ ᠳᠤᠮᠳᠠ᠂ ᠬᠤᠪᠢᠶᠠᠷᠢ ᠲᠣᠪᠴᠢᠶ᠎ᠠ ᠵᠢᠨ ᠮᠡᠬᠡᠯᠡᠯ᠎ᠢ ᠡᠰᠡᠷᠭᠦᠴᠡᠬᠦ ᠲᠤᠬᠠᠶ᠋ᠢᠯᠠᠭᠰᠠᠨ ᠠᠵᠢᠯ᠎ᠤᠨ ᠭᠤᠤᠯᠯᠠᠭᠴᠢ ᠬᠦᠴᠦᠨ ᠣᠳᠣᠬᠠᠨ᠎ᠤ ᠨᠠᠰᠤᠵᠢᠯ᠎ᠤᠨ ᠮᠡᠬᠡᠯᠡᠯ᠎ᠤᠨ ᠬᠡᠷᠡᠭ᠎ᠤᠨ ᠣᠨᠴᠠᠯᠢᠭᠲᠤ ᠴᠢᠭᠯᠡᠭᠦᠯᠦᠨ᠂ ᠪᠣᠳᠠᠲᠤ ᠬᠡᠷᠡᠭ᠎ᠤᠨ ᠵᠢᠱ᠌ᠢᠶ᠎ᠡ᠎ᠲᠠᠢ᠎ᠪᠠᠨ ᠤᠶᠠᠯᠳᠤᠭᠤᠯᠤᠨ᠂ ᠲᠥᠬᠦᠮ ᠣᠶ᠋ᠢᠯᠠᠭ᠋ᠠᠮᠵᠢᠲᠠᠶ ᠠᠷᠭ᠎ᠠ ᠮᠠᠶᠢᠭ ᠵᠶ᠋ᠠᠷ ᠨᠠᠰᠤᠲᠠᠶ᠋ᠢᠴᠤᠳ᠎ᠲᠤ ᠦᠷᠭᠦᠯᠵᠢ ᠬᠡᠷᠡᠭᠯᠡᠳᠡᠭ ᠮᠡᠬᠡᠯᠡᠯ᠎ᠤᠨ ᠠᠷᠭ᠎ᠠ ᠪᠠᠷᠢᠯ᠎ᠢ ᠤᠬᠠᠭᠤᠯᠵᠤ᠂ ᠶᠠᠯᠠᠲᠤ ᠡᠲᠡᠭᠡᠳ᠎ᠤᠨ ᠨᠠᠰᠤᠵᠢᠯ᠎ᠤᠨ ᠮᠡᠬᠡᠯᠡᠯ᠎ᠤᠨ ᠠᠷᠭ᠎ᠠ ᠪᠠᠷᠢᠯ᠎ᠢ ᠬᠡᠷᠬᠢᠨ ᠰᠡᠷᠭᠡᠶ᠋ᠢᠯᠡᠬᠦ ᠲᠤᠬᠠᠶ ᠭᠦᠨᠵᠡᠭᠡᠶ ᠲᠠᠶ᠋ᠢᠯᠪᠤᠷᠢᠯᠠᠨ ᠥᠭᠴᠦ᠂ ᠨᠠᠰᠤᠲᠠᠶ᠋ᠢᠴᠤᠳ᠎ᠲᠤ ᠴᠠᠬᠢᠯᠭ᠋ᠠᠨ ᠬᠣᠯᠪᠤᠭ᠎ᠠ ᠰᠦᠯᠵᠢᠶᠡᠨ᠎ᠤ ᠮᠡᠬᠡᠯᠡᠯ᠎ᠢ ᠬᠡᠷᠬᠢᠨ ᠰᠡᠷᠭᠡᠶ᠋ᠢᠯᠡᠬᠦ ᠲᠤᠬᠠᠶ ᠮᠡᠳᠡᠯᠭᠡ ᠵᠢ ᠬᠦᠯᠢᠴᠡᠩᠭᠦᠶ᠎ᠪᠠᠷ ᠲᠠᠶ᠋ᠢᠯᠪᠤᠷᠢᠯᠠᠨ ᠥᠭᠴᠦ᠂ ᠨᠠᠰᠤᠲᠠᠶ᠋ᠢᠴᠤᠳ᠎ᠲᠤ ᠡᠳᠦᠷ ᠲᠤᠲᠤᠮ᠎ᠤᠨ ᠠᠮᠢᠳᠤᠷᠠᠯ᠎ᠤᠨ ᠳᠤᠮᠳᠠ ᠬᠤᠪᠢ ᠬᠥᠮᠦᠨ᠎ᠤ ᠮᠠᠲ᠋ᠧᠷᠢᠶᠠᠯ ᠵᠶ᠋ᠠᠨ ᠠᠮᠠᠷᠬᠠᠨ ᠵᠠᠳᠠᠷᠠᠭᠤᠯᠬᠤ ᠥᠬᠡᠶ᠂ ᠢᠷᠡᠯᠲᠡ᠎ᠨᠢ ᠲᠣᠳᠣᠷᠬᠠᠶ ᠥᠬᠡᠶ ᠤᠲᠠᠰᠤ ᠪᠠ ᠣᠬᠤᠷ ᠮᠡᠳᠡᠭᠡ ᠵᠢ ᠠᠮᠠᠷᠬᠠᠨ ᠢᠲᠡᠭᠡᠬᠦ ᠥᠬᠡᠶ᠂ ᠲᠠᠨᠢᠬᠤ ᠥᠬᠡᠶ ᠬᠥᠮᠦᠨ᠎ᠳᠤ ᠵᠣᠭᠤᠰ ᠭᠤᠪᠢᠭᠤᠯᠬᠤ᠂ ᠲᠠᠩᠰᠠ ᠰᠢᠯᠵᠢᠭᠦᠯᠬᠦ ᠵᠡᠷᠭᠡ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢ ᠰᠡᠷᠭᠡᠶ᠋ᠢᠯᠡᠬᠦ ᠬᠡᠷᠡᠭᠲᠡᠶ ᠭᠡᠵᠦ ᠰᠠᠨᠠᠭᠤᠯᠪᠠ᠃ ᠥᠪᠡᠷ᠎ᠤᠨ ᠪᠡᠶ᠎ᠡ ᠪᠤᠶᠤ ᠭᠡᠷ᠎ᠤᠨ ᠬᠥᠮᠦᠰ᠎ᠨᠢ ᠮᠡᠬᠡᠯᠡᠭᠳᠡᠭᠰᠡᠨ ᠪᠠᠶ᠋ᠢᠳᠠᠯ᠎ᠳᠤ ᠤᠴᠠᠷᠠᠪᠠᠯ᠂ ᠲᠡᠷᠡ ᠳᠠᠷᠤᠶᠳᠤᠨᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠬᠡᠷᠡᠭ ᠮᠡᠳᠡᠭᠦᠯᠦᠨ᠎ᠡ᠃ ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ᠂ ᠠᠷᠠᠳ᠎ᠤᠨ ᠴᠠᠭᠳᠠᠭ᠎ᠠ ᠨᠠᠰᠤᠲᠠᠶ᠋ᠢᠴᠤᠳ᠎ᠲᠤ ᠨᠢᠭᠡᠳ ᠨᠢᠭᠡ᠎ᠪᠠᠷ ᠤᠯᠤᠰ᠎ᠤᠨ ᠮᠡᠬᠡᠯᠡᠯ᠎ᠢ ᠡᠰᠡᠷᠭᠦᠴᠡᠬᠦ ᠲᠥᠪ᠎ᠤᠨ APP ᠵᠢ ᠤᠭᠰᠠᠷᠠᠵᠤ ᠥᠭᠪᠡ᠃
ᠲᠠᠷᠠᠭ᠋ᠠᠴᠢ ᠵᠢᠨ ᠠᠯᠬᠤᠮ᠎ᠳᠤ᠂ ᠪᠤᠷᠤᠬᠤᠰᠢᠭᠤ ᠲᠣᠮᠢᠯᠠᠭᠰᠠᠨ ᠰᠠᠯᠪᠤᠷᠢ ᠮᠡᠬᠡᠯᠡᠯ᠎ᠢ ᠡᠰᠡᠷᠭᠦᠴᠡᠬᠦ ᠤᠬᠠᠭᠤᠯᠭ᠎ᠠ ᠵᠢᠨ ᠠᠵᠢᠯᠯᠠᠭ᠎ᠠ ᠵᠢ ᠦᠷᠭᠦᠯᠵᠢᠯᠡᠨ ᠯᠠᠪᠳᠠᠭᠤᠨ ᠪᠠᠲᠤᠲᠠᠶ ᠥᠷᠨᠢᠭᠦᠯᠵᠦ᠂ ᠬᠠᠷᠢᠶᠠᠲᠤ ᠣᠷᠣᠨ᠎ᠤ ᠣᠯᠠᠨ ᠲᠦᠮᠡᠨ᠎ᠤ ᠴᠠᠬᠢᠯᠭ᠋ᠠᠨ ᠬᠤᠯᠪᠣᠭ᠎ᠠ᠎ᠪᠠᠷ ᠮᠡᠬᠡᠯᠡᠬᠦ ᠵᠢ ᠬᠤᠷᠢᠭᠯᠠᠬᠤ 《ᠦᠯᠦ ᠬᠠᠯᠳᠠᠭ᠋ᠠᠬᠤ ᠴᠢᠳᠠᠪᠤᠷᠢ》 ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠥᠷᠭᠡᠨ ᠣᠯᠠᠨ ᠲᠦᠮᠡᠨ᠎ᠳᠤ ᠴᠠᠬᠢᠯᠭ᠋ᠠᠨ ᠬᠤᠯᠪᠣᠭ᠋ᠠᠨ᠎ᠤ ᠮᠡᠬᠡᠯᠡᠯ᠎ᠤᠨ ᠶᠠᠯᠠᠲᠤ ᠠᠵᠢᠯᠯᠠᠭ᠎ᠠ ᠵᠢᠨ ᠬᠦᠨᠳᠦ ᠨᠣᠴᠢᠲᠠᠶ ᠴᠢᠨᠠᠷ ᠪᠠ ᠬᠤᠤᠷ ᠬᠥᠨᠥᠭᠡᠯᠲᠦ ᠴᠢᠨᠠᠷ᠎ᠢ ᠭᠦᠨᠵᠡᠭᠡᠶ ᠲᠠᠨᠢᠭᠤᠯᠵᠤ᠂ ᠣᠯᠠᠨ ᠲᠦᠮᠡᠨ᠎ᠤ 《ᠵᠣᠭᠤᠰᠣᠨ ᠴᠥᠩᠬᠦ》 ᠵᠢ ᠦᠨᠡᠨ ᠬᠦ᠌ ᠬᠠᠮᠠᠭ᠋ᠠᠯᠠᠨ᠎ᠠ᠃