6 ᠰᠠᠷ᠎ᠠ ᠵᠢᠨ 13᠎ᠤ ᠡᠳᠦᠷ᠂ 《ᠠᠮᠤᠷ ᠠᠮᠤᠭᠤᠯᠠᠩ ᠰᠤᠷᠭ᠋ᠠᠭᠤᠯᠢ ᠵᠢᠨ ᠬᠦᠷᠢᠶ᠎ᠡ》 ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ᠂ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠪᠠᠬᠢ ᠴᠤᠭᠴᠠᠯᠠᠬᠤ᠂ ᠰᠤᠷᠭ᠋ᠠᠭᠤᠯᠢ ᠵᠢᠨ ᠭᠡᠨᠡᠳᠲᠡ ᠵᠢᠨ ᠬᠦᠴᠦᠷᠬᠡᠭᠯᠡᠯ ᠰᠦᠷᠳᠡᠭᠦᠯᠦᠯ᠎ᠤᠨ ᠲᠠᠭ᠋ᠠᠷᠢᠯᠲᠠ ᠵᠢ ᠠᠷᠭ᠋ᠠᠴᠠᠬᠤ ᠲᠦᠷᠭᠡᠨ ᠲᠤᠰᠬᠠᠯ ᠪᠠ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠰᠤᠷᠭ᠋ᠠᠭᠤᠯᠢ ᠵᠢᠨ ᠪᠠᠭᠰᠢ ᠰᠤᠷᠤᠭᠴᠢᠳ᠎ᠤᠨ ᠪᠡᠶ᠎ᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠵᠢᠨ ᠲᠥᠯᠥᠭᠡ᠂ ᠪᠤᠭᠤᠲᠤ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ ᠵᠢᠨ ᠰᠦᠷᠳᠡᠭᠦᠯᠦᠯ᠎ᠢ ᠡᠰᠡᠷᠭᠦᠴᠡᠬᠦ ᠪᠠ ᠤᠨᠴᠠ ᠲᠥᠷᠦᠯ᠎ᠤᠨ ᠴᠠᠭᠳᠠᠭ᠎ᠠ ᠵᠢᠨ ᠴᠠᠭᠳᠠᠨ ᠪᠠᠢ᠌ᠴᠠᠭ᠋ᠠᠬᠤ ᠰᠠᠯᠪᠤᠷᠢ ᠠᠩᠬᠢ᠂ ᠴᠢᠩᠱ᠌ᠠᠨ ᠲᠣᠭᠤᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠤᠪᠴᠢᠶ᠎ᠠ ᠵᠢᠨ ᠰᠦᠷᠳᠡᠭᠦᠯᠦᠯ᠎ᠢ ᠡᠰᠡᠷᠭᠦᠴᠡᠬᠦ ᠪᠠ ᠤᠨᠴᠠ ᠲᠥᠷᠦᠯ᠎ᠤᠨ ᠴᠠᠭᠳᠠᠭ᠎ᠠ ᠵᠢᠨ ᠴᠠᠭᠳᠠᠨ ᠪᠠᠢ᠌ᠴᠠᠭ᠋ᠠᠬᠤ ᠶᠡᠭᠡ ᠠᠩᠬᠢ ᠪᠤᠭᠤᠲᠤ ᠵᠢᠨ ᠪᠠᠭᠰᠢ ᠵᠢᠨ ᠳᠡᠭᠡᠳᠦ ᠰᠤᠷᠭ᠋ᠠᠭᠤᠯᠢ᠎ᠳᠤ ᠬᠦᠷᠴᠦ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠵᠢᠨ ᠠᠵᠢᠯᠯᠠᠭ᠎ᠠ ᠥᠷᠨᠢᠭᠦᠯᠪᠡ᠃
ᠰᠣᠷᠢᠯᠲᠠ᠎ᠳᠤ᠂ ᠨᠢᠭᠡᠨ 《ᠬᠦᠴᠦᠷᠬᠡᠭᠯᠡᠯ ᠰᠦᠷᠳᠡᠭᠦᠯᠦᠯ᠎ᠤᠨ ᠡᠲᠡᠭᠡᠳ》 ᠵᠡᠪᠰᠡᠭ ᠠᠳᠬᠤᠨ ᠰᠤᠷᠭ᠋ᠠᠭᠤᠯᠢ ᠵᠢᠨ ᠬᠦᠷᠢᠶᠡᠨ᠎ᠳᠤ ᠬᠦᠴᠦᠷᠬᠡᠭᠯᠡᠯ ᠵᠶ᠋ᠠᠷ ᠳᠠᠭ᠋ᠠᠷᠢᠨ ᠣᠷᠣᠵᠤ ᠬᠦᠴᠦᠷᠬᠡᠭᠯᠡᠯ ᠰᠦᠷᠳᠡᠭᠦᠯᠦᠯ᠎ᠤᠨ ᠠᠵᠢᠯᠯᠠᠭ᠎ᠠ ᠬᠢᠭᠰᠡᠨ᠎ᠳᠤ᠂ ᠰᠤᠷᠭ᠋ᠠᠭᠤᠯᠢ ᠵᠢᠨ ᠠᠮᠤᠷ᠎ᠢ ᠬᠠᠮᠠᠭ᠋ᠠᠯᠠᠬᠤ ᠰᠠᠯᠠᠭ᠎ᠠ ᠮᠥᠴᠢᠷ ᠲᠡᠷᠡ ᠳᠠᠷᠤᠶᠳᠤᠨᠢ ᠲᠥᠭᠰᠢᠭᠦᠷᠢ ᠮᠡᠳᠡᠭᠦᠯᠬᠦ ᠵᠢᠨ ᠬᠠᠮᠲᠤ ᠰᠡᠷᠡᠮᠵᠢ ᠵᠢᠨ ᠳᠣᠬᠢᠶ᠎ᠠ ᠲᠠᠯᠪᠢᠬᠤ ᠵᠢᠨ ᠵᠡᠷᠭᠡ᠎ᠳᠤ ᠠᠮᠤᠷ᠎ᠢ ᠬᠠᠮᠠᠭ᠋ᠠᠯᠠᠬᠤ ᠠᠵᠢᠯᠲᠠᠨ᠎ᠢ ᠵᠣᠬᠢᠶᠠᠨ ᠪᠠᠶ᠋ᠢᠭᠤᠯᠵᠤ
《ᠬᠦᠴᠦᠷᠬᠡᠭᠯᠡᠯ ᠰᠦᠷᠳᠡᠭᠦᠯᠦᠯ᠎ᠤᠨ ᠡᠲᠡᠭᠡᠳ》᠎ᠲᠠᠢ ᠳᠡᠮᠡᠴᠡᠯᠳᠦᠪᠡ᠃ ᠰᠦᠷᠳᠡᠭᠦᠯᠦᠯ᠎ᠢ ᠡᠰᠡᠷᠭᠦᠴᠡᠬᠦ ᠪᠠ ᠣᠨᠴᠠ ᠲᠥᠷᠦᠯ᠎ᠤᠨ ᠴᠠᠭᠳᠠᠭ᠎ᠠ ᠵᠢᠨ ᠶᠡᠭᠡ ᠠᠩᠭᠢ ᠵᠢᠨ ᠭᠡᠰᠢᠭᠦᠳ ᠲᠤᠬᠠᠶ ᠵᠢᠨ ᠲᠠᠯᠠᠪᠠᠶ᠎ᠳᠤ ᠬᠦᠷᠴᠦ ᠢᠷᠡᠭᠰᠡᠨ᠎ᠤ ᠳᠠᠷᠠᠭ᠎ᠠ ᠬᠠᠮᠤᠭ᠎ᠤᠨ ᠲᠦᠷᠭᠡᠨ ᠬᠤᠷᠳᠤᠴᠠ᠎ᠪᠠᠷ ᠪᠠᠶ᠋ᠢᠯᠳᠤᠭ᠋ᠠᠨ᠎ᠤ ᠡᠩᠨᠡᠭᠡ ᠪᠠᠶ᠋ᠢᠭᠤᠯᠵᠤ ᠲᠤᠬᠠᠶ ᠵᠢᠨ ᠲᠠᠯᠠᠪᠠᠶ ᠵᠢ ᠡᠵᠡᠮᠳᠡᠵᠦ᠂ ᠰᠠᠯᠭ᠋ᠠᠬᠤ᠂ ᠪᠦᠰᠡᠯᠡᠬᠦ ᠵᠡᠷᠭᠡ ᠴᠠᠭᠳᠠᠭ᠋ᠠᠨ᠎ᠤ ᠶᠠᠪᠤᠳᠠᠯ᠎ᠤᠨ ᠪᠠᠶ᠋ᠢᠯᠳᠤᠬᠤ ᠠᠷᠭ᠎ᠠ᠎ᠪᠠᠷ 《ᠬᠦᠴᠦᠷᠬᠡᠭᠯᠡᠯ ᠰᠦᠷᠳᠡᠭᠦᠯᠦᠯ᠎ᠤᠨ ᠡᠲᠡᠭᠡᠳ》᠎ᠢ ᠠᠮᠵᠢᠯᠲᠠ᠎ᠲᠠᠢ᠎ᠪᠠᠷ ᠡᠵᠡᠮᠳᠡᠨ ᠲᠤᠬᠠᠶ ᠵᠢᠨ ᠲᠠᠯᠠᠪᠠᠶ᠎ᠠᠴᠠ ᠵᠠᠢ᠌ᠯᠠᠭᠤᠯᠪᠠ᠃
ᠰᠣᠷᠢᠯᠲᠠ ᠳᠠᠭᠤᠰᠤᠭᠰᠠᠨ᠎ᠤ ᠳᠠᠷᠠᠭ᠎ᠠ᠂ ᠴᠠᠭᠳᠠᠭ᠎ᠠ ᠨᠠᠷ᠎ᠠᠴᠠ ᠪᠠᠭᠰᠢ ᠰᠤᠷᠤᠭᠴᠢᠳ᠎ᠲᠤ ᠤᠬᠠᠭᠤᠯᠭ᠎ᠠ ᠵᠢᠨ ᠭᠠᠷ ᠳᠡᠪᠲᠡᠷ ᠲᠠᠷᠬᠠᠭ᠋ᠠᠬᠤ᠂ ᠲᠤᠬᠠᠶ ᠵᠢᠨ ᠲᠠᠯᠠᠪᠤᠷ᠎ᠲᠤ ᠤᠬᠠᠭᠤᠯᠤᠨ ᠲᠠᠶ᠋ᠢᠯᠪᠤᠷᠢᠯᠠᠬᠤ ᠵᠡᠷᠭᠡ ᠬᠡᠯᠪᠡᠷᠢ᠎ᠪᠠᠷ ᠳᠠᠮᠵᠢᠭᠤᠯᠤᠨ ᠰᠦᠷᠳᠡᠭᠦᠯᠦᠯ᠎ᠢ ᠡᠰᠡᠷᠭᠦᠴᠡᠬᠦ ᠤᠬᠠᠭᠤᠯᠭ᠎ᠠ ᠵᠢ ᠥᠷᠨᠢᠭᠦᠯᠵᠦ᠂ ᠦᠷᠭᠦᠯᠵᠢ ᠲᠣᠬᠢᠶᠠᠯᠳᠤᠳᠠᠭ ᠰᠦᠷᠳᠡᠭᠦᠯᠦᠯ᠎ᠤᠨ ᠳᠠᠭ᠋ᠠᠷᠢᠯᠲᠠ ᠵᠢᠨ ᠠᠷᠭ᠎ᠠ ᠪᠠᠷᠢᠯ᠂ ᠰᠦᠷᠳᠡᠭᠦᠯᠦᠯ᠎ᠤᠨ ᠠᠵᠢᠯᠯᠠᠭ᠎ᠠ ᠵᠢ ᠢᠯᠭ᠋ᠠᠨ ᠲᠠᠨᠢᠬᠤ ᠪᠠ ᠠᠷᠭ᠋ᠠᠴᠠᠬᠤ ᠠᠷᠭ᠎ᠠ᠂ ᠥᠪᠡᠷ᠎ᠢ᠎ᠪᠠᠨ ᠬᠡᠷᠬᠢᠨ ᠠᠪᠤᠷᠠᠵᠤ ᠬᠠᠷᠢᠯᠴᠠᠨ ᠠᠪᠤᠷᠠᠬᠤ ᠵᠡᠷᠭᠡ ᠰᠦᠷᠳᠡᠭᠦᠯᠦᠯ᠎ᠤᠨ ᠬᠡᠷᠡᠭ᠎ᠢ ᠠᠷᠭ᠋ᠠᠴᠠᠬᠤ ᠣᠯᠠᠨ ᠵᠦᠢ᠍ᠯ᠎ᠤᠨ ᠶᠡᠷᠦ ᠵᠢᠨ ᠮᠡᠳᠡᠯᠭᠡ ᠵᠢ ᠭᠤᠣᠯᠳᠠᠯᠭ᠎ᠠ᠎ᠲᠠᠢ᠎ᠪᠠᠷ ᠲᠠᠶ᠋ᠢᠯᠪᠤᠷᠢᠯᠠᠵᠠᠶ᠃ ᠰᠤᠷᠭ᠋ᠠᠭᠤᠯᠢ ᠵᠢᠨ ᠬᠦᠷᠢᠶᠡᠨ᠎ᠤ ᠠᠮᠤᠷ᠎ᠢ ᠬᠠᠮᠠᠭ᠋ᠠᠯᠠᠬᠤ ᠠᠵᠢᠯᠲᠠᠨ᠎ᠤ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠪᠠᠭᠰᠢ ᠰᠤᠷᠤᠭᠴᠢᠳ᠎ᠤᠨ ᠭᠡᠨᠡᠳᠲᠡ ᠵᠢᠨ ᠬᠡᠷᠡᠭ᠎ᠤᠨ ᠲᠤᠬᠠᠶ ᠥᠪᠡᠷ᠎ᠢ᠎ᠪᠠᠨ ᠠᠪᠤᠷᠬᠠᠤ ᠤᠬᠠᠮᠰᠠᠷ ᠪᠠ ᠠᠮᠢᠳᠤᠯᠢᠭ ᠵᠶ᠋ᠠᠷ ᠠᠷᠭ᠋ᠠᠴᠠᠬᠤ ᠴᠢᠳᠠᠪᠤᠷᠢ ᠵᠢ ᠨᠡᠮᠡᠭᠳᠡᠭᠦᠯᠦᠨ᠂ ᠥᠷᠭᠡᠨ ᠣᠯᠠᠨ ᠪᠠᠭᠰᠢ ᠰᠤᠷᠤᠭᠴᠢᠳ᠎ᠲᠤ ᠪᠠᠲᠤ ᠪᠠᠬᠢ ᠠᠮᠤᠷ ᠲᠦᠪᠰᠢᠨ᠎ᠤ ᠪᠠᠬᠢᠯᠡᠯᠲᠡ ᠵᠢ ᠪᠠᠢ᠌ᠭᠤᠯᠵᠤ ᠥᠭᠪᠡ᠃