| ᠠᠯᠪᠠᠨ ᠵᠠᠷ ᠪᠢᠴᠢᠬᠦ ᠳᠤ ᠠᠩᠬᠠᠷᠬᠤ ᠵᠦᠢᠯ ᠤᠳ᠄ | | 1. ᠠᠯᠪᠠᠨ ᠵᠠᠷ ᠤᠨ ᠭᠠᠷᠴᠠᠭ᠄ ᠭᠤᠣᠯᠳᠠᠭᠤ ᠬᠤᠶᠠᠷ ᠵᠦᠢᠯ ᠤᠨ ᠬᠡᠯᠪᠡᠷᠢ ᠲᠠᠢ᠃ ᠨᠢᠭᠡ ᠵᠦᠢᠯ ᠨᠢ ᠠᠯᠪᠠᠨ ᠪᠢᠴᠢᠭ ᠲᠠᠷᠬᠠᠭᠠᠭᠰᠠᠨ ᠪᠠᠶᠢᠭᠤᠯᠭ᠎ᠠ ᠂ | ᠣᠴᠢᠷ ᠰᠢᠯᠲᠠᠭᠠᠨ ᠪᠠ ᠪᠢᠴᠢᠭ ᠤᠨ ᠲᠦᠷᠦᠯ ᠵᠦᠢᠯ ᠠᠴᠠ ᠪᠦᠷᠢᠯᠳᠦᠵᠦ᠂ ᠨᠢᠭᠡ ᠵᠦᠢᠯ ᠨᠢ ᠤᠴᠢᠷ ᠰᠢᠯᠲᠠᠭᠠᠨ ᠢ ᠲᠣᠪᠴᠢᠯᠠᠵᠣ᠂ ᠠᠯᠪᠠᠨ ᠪᠢᠴᠢᠭ | ᠲᠠᠷᠬᠠᠭᠠᠭᠰᠠᠨ ᠪᠠᠶᠢᠭᠤᠯᠭ᠎ᠠ ᠪᠠ ᠪᠢᠴᠢᠭ ᠤᠨ ᠲᠦᠷᠦᠯ ᠵᠦᠢᠯ ᠠᠴᠠ ᠪᠦᠷᠢᠯᠳᠦᠨ᠎ᠡ᠂ ᠵᠢᠱᠢᠶᠡᠯᠡᠪᠡᠯ ︽ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠠᠯᠪᠠᠨ | ᠵᠠᠷ︾ ᠭᠡᠬᠦ ᠮᠡᠲᠦ᠃ | 2. ᠭᠤᠣᠯ ᠠᠭᠤᠯᠭ᠎ᠠ ᠶᠢᠨ ᠬᠡᠰᠡᠭ᠄ ᠠᠯᠪᠠᠨ ᠵᠠᠷ ᠤᠨ ᠭᠤᠣᠯ ᠠᠭᠤᠯᠭ᠎ᠠ ᠶᠢᠨ ᠬᠡᠰᠡᠭ ᠲᠤ ᠵᠠᠷᠯᠠᠨ ᠮᠡᠳᠡᠭᠳᠡᠬᠦ ᠵᠦᠢᠯᠡᠰ ᠢᠶᠠᠨ ᠪᠣᠳᠠᠲᠠᠶ ᠪᠥᠭᠡᠳ ᠲᠣᠳᠣᠷᠬᠠᠶ | ᠪᠢᠴᠢᠬᠦ ᠬᠡᠷᠡᠭᠲᠡᠶ᠃ ᠬᠡᠷᠪᠡ ᠵᠠᠷᠯᠠᠨ ᠮᠡᠳᠡᠭᠳᠡᠬᠦ ᠠᠭᠤᠯᠭ᠎ᠠ ᠨᠢ ᠲᠣᠪᠴᠢ ᠠᠪᠰᠠᠷ᠂ ᠨᠡᠯᠢᠶᠡᠳ ᠴᠥᠭᠡᠨ ᠪᠣᠯ ᠨᠢᠭᠡ ᠪᠠᠳᠠᠭ ᠲᠤ ᠪᠠᠭᠲᠠᠭᠠᠵᠣ ᠪᠣᠯᠤᠨ᠎ᠠ᠃ ᠬᠡᠷᠪᠡ | ᠵᠠᠷᠯᠠᠨ ᠮᠡᠳᠡᠭᠳᠡᠬᠦ ᠠᠭᠤᠯᠭ᠎ᠠ ᠨᠢ ᠨᠡᠯᠢᠶᠡᠳ ᠠᠷᠪᠢᠨ ᠪᠣᠯ᠂ ᠲᠡᠰ ᠳᠠᠪᠬᠤᠷᠭ᠎ᠠ ᠬᠤᠪᠢᠶᠠᠬᠤ ᠠᠷᠭ᠎ᠠ ᠪᠠᠷ ᠪᠢᠴᠢᠵᠦ ᠪᠣᠯᠤᠨ᠎ᠠ᠃ ᠭᠤᠣᠯ ᠠᠭᠤᠯᠭ᠎ᠠ ᠶᠢᠨ ᠬᠡᠰᠡᠭ ᠢᠶᠠᠨ | ᠲᠡᠭᠦᠰᠬᠡᠭᠰᠡᠨ ᠤ ᠰᠡᠭᠦᠯᠡᠷ᠂ ᠵᠠᠷᠢᠮ ᠳᠠᠭᠠᠨ ︽ᠣᠨᠴᠠᠭᠠᠶᠢᠯᠠᠨ ᠵᠠᠷᠯᠠᠪᠠ︾ ᠭᠡᠬᠦ ᠮᠡᠲᠦ ᠶᠢᠨ ᠲᠤᠰᠬᠠᠢ ᠬᠡᠯᠡᠴᠡ ᠶᠢ ᠬᠡᠷᠡᠭᠯᠡᠵᠦ ᠪᠣᠯᠣᠨ᠎ᠠ᠃ | 3. ᠲᠡᠭᠦᠰᠬᠡᠯ ᠤᠨ ᠬᠡᠰᠡᠭ᠄ ᠠᠯᠪᠠᠨ ᠪᠢᠴᠢᠭ ᠲᠠᠷᠬᠠᠭᠠᠭᠰᠠᠨ ᠪᠠᠶᠢᠭᠤᠯᠭ᠎ᠠ ᠶᠢᠨ ᠭᠠᠷ ᠤᠨ ᠦᠰᠦᠭ᠂ ᠲᠠᠮᠠᠭ᠎ᠠ ᠪᠠ ᠡᠳᠦᠷ ᠰᠠᠷ᠎ᠠ ᠠᠴᠠ ᠪᠦᠷᠢᠯᠳᠦᠨ᠎ᠡ᠃ | | | ᠠᠯᠪᠠᠨ ᠵᠠᠷ ᠤᠨ ᠪᠢᠴᠢᠭ ᠬᠠᠷ᠎ᠠ ᠶᠢ ᠳᠠᠷᠣᠮᠯᠠᠵᠣ ᠬᠡᠷᠡᠭᠯᠡᠬᠦ ᠭᠡᠪᠡᠯ᠂ ᠠᠷᠣ ᠳᠠᠬᠢ ᠪᠠᠭᠤᠯᠭᠠᠬᠤ ᠬᠡᠯᠬᠢᠶᠡᠰᠦ ᠶᠢ ᠳᠠᠷᠣᠭᠠᠷᠠᠢ︕ | | | ᠪᠠᠭᠤᠯᠭᠠᠨ ᠳᠠᠷᠣᠮᠯᠠᠬᠤ ᠬᠡᠯᠬᠢᠶᠡᠰᠦ | | |