ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠣᠲᠣᠭᠠᠳᠤ ᠶᠢ ᠬᠠᠮᠠᠭᠠᠯᠠᠬᠤ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ
ᠨᠡᠶᠢᠲᠡᠯᠡᠭᠰᠡᠨ ᠴᠠᠭ᠄
2018/12/13

            ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ

            ᠬᠤᠷᠢᠶ᠎ᠠ ᠶᠢᠨ ᠳᠣᠲᠣᠭᠠᠳᠤ ᠶᠢ ᠬᠠᠮᠠᠭᠠᠯᠠᠬᠤ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ

            ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠵᠢᠴᠢ ᠲᠡᠭᠦᠨ ᠤ ᠡᠷᠬᠡ ᠲᠣᠰᠢᠶᠠᠯ᠄

     

     1.ᠲᠢᠩᠬᠢᠮ ᠤᠨ ᠪᠠᠶᠢᠭᠤᠯᠭ᠎ᠠ ᠪᠠ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ

ᠭᠡᠰᠢᠭᠦᠨ ᠤᠳᠤᠷᠢᠳᠬᠤ ᠺᠠᠳ᠋ᠷᠴᠤᠳ ᠤᠨ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠤᠯᠭ᠎ᠠ ᠪᠣᠯᠤᠨ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ

ᠵᠢᠴᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠶᠳᠪᠦᠷᠢ ᠵᠠᠷᠯᠢᠭ ᠢ ᠭᠦᠢᠴᠡᠳᠬᠡᠭᠰᠡᠨ  ᠪᠠᠶᠢᠳᠠᠯ ᠢ ᠬᠢᠨᠠᠨ ᠪᠠᠶᠢᠴᠠᠭᠠᠬᠤ  ᠃ ᠲᠢᠩᠬᠢᠮ ᠤᠨ

ᠨᠠᠮ ᠤᠨ ᠬᠤᠷᠢᠶ᠎ᠠ ᠵᠢᠴᠢ ᠲᠡᠭᠦᠨ ᠤ ᠪᠦᠷᠢᠯᠳᠦᠬᠦᠨ ᠪᠠ ᠪᠤᠰᠤᠳ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠳᠤ ᠨᠠᠮ ᠤᠨ ᠲᠦᠷᠢᠮ ᠳᠤ  ᠲᠣᠭᠲᠠᠭᠠᠭᠰᠠᠨ

ᠬᠡᠪᠴᠢᠶᠡᠨ ᠤ ᠳᠣᠲᠣᠷ᠎ᠠ ᠬᠢᠨᠠᠯᠲᠠ ᠲᠠᠯᠪᠢᠬᠤ᠃

     2. ᠲᠢᠩᠬᠢᠮ ᠤᠨ ᠪᠠᠶᠢᠭᠤᠯᠭ᠎ᠠ ᠶᠢᠨ ᠳᠡᠳ᠋ ᠡᠷᠬᠢᠯᠡᠭᠴᠢ ︵ᠪᠦᠯᠬᠦᠮ︶ ᠠᠴᠠ ᠳᠡᠭᠡᠭᠰᠢᠬᠢ ᠤᠳᠤᠷᠢᠳᠬᠤ ᠺᠠᠳ᠋ᠷ ᠤᠨ ᠨᠠᠮ ᠤᠨ ᠰᠠᠬᠢᠯᠭ᠎ᠠ ᠪᠠᠲᠤ᠂ ᠵᠠᠰᠠᠭ ᠤᠨ

ᠰᠠᠬᠢᠯᠭ᠎ᠠ ᠪᠠᠲᠣ᠂ ᠴᠠᠭᠳᠠᠭ᠎ᠠ ᠶᠢᠨ ᠰᠠᠬᠢᠯᠭ᠎ᠠ ᠪᠠᠲᠤ ᠵᠥᠷᠢᠴᠡᠭᠰᠡᠨ ᠬᠡᠷᠡᠭ ᠵᠢᠴᠢ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠠᠬᠢᠯᠭ᠎ᠠ ᠪᠠᠳᠣ

ᠵᠦᠷᠢᠴᠡᠭᠰᠡᠨ ᠴᠢᠬᠤᠯᠠ ᠶᠡᠭᠡ ᠬᠡᠷᠡᠭ ᠢ ᠬᠢᠨᠠᠨ ᠪᠠᠶᠢᠴᠠᠭᠠᠬᠤ᠃ ᠨᠠᠮ ᠤᠨ ᠬᠠᠷᠢᠶᠠᠯᠠᠭᠳᠠᠬᠤ ᠬᠠᠷᠢᠴᠠᠭ᠎ᠠ ᠪᠠ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ

ᠬᠡᠪᠴᠢᠶ᠎ᠡ ᠶᠢ ᠦᠨᠳᠦᠰᠦᠯᠡᠨ᠂ ᠬᠢᠨᠠᠨ ᠪᠠᠶᠢᠴᠠᠭᠠᠭᠰᠠᠨ ᠬᠡᠷᠡᠭ ᠳᠤ ᠬᠤᠯᠪᠣᠭᠳᠠᠬᠤ ᠤᠳᠤᠷᠢᠳᠬᠤ ᠺᠠᠳ᠋ᠷ᠂ ᠴᠠᠭᠳᠠᠭ᠎ᠠ ᠳᠤ ᠰᠢᠳᠬᠡᠯ ᠥᠭᠬᠦ ᠪᠤᠶᠤ ᠰᠢᠳᠬᠡᠯ ᠢ

ᠬᠦᠴᠦᠨ ᠦᠭᠡᠢ ᠪᠣᠯᠭᠠᠬᠤ ᠲᠣᠭᠲᠠᠭᠠᠯ ᠭᠠᠷᠭᠠᠬᠤ᠃

     3. ᠲᠢᠩᠬᠢᠮ ᠤᠨ ᠨᠠᠮ ᠤᠨ ᠬᠤᠷᠢᠶ᠎ᠠ ᠳᠤ ᠬᠠᠮᠵᠢᠨ ᠨᠠᠮ ᠤᠨ ᠰᠤᠷᠲᠠᠯ᠂ ᠵᠠᠰᠠᠭ ᠵᠠᠬᠢᠷᠭᠠᠨ ᠤ ᠰᠤᠷᠲᠠᠯ᠂ ᠴᠠᠭᠳᠠᠭᠠᠨ ᠤ ᠰᠤᠷᠲᠠᠯ ᠢ ᠬᠠᠮᠢᠶᠠᠷᠣᠨ᠂ ᠨᠠᠮ ᠤᠨ

ᠰᠣᠷᠲᠠᠯ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠴᠢᠩᠭᠠᠳᠬᠠᠨ᠂ ᠬᠤᠯᠪᠣᠭᠳᠠᠯ ᠪᠥᠬᠦᠢ ᠰᠠᠯᠠᠭ᠎ᠠ

ᠮᠥᠴᠢᠷ ᠲᠠᠢ ᠬᠠᠮᠵᠢᠯᠴᠠᠨ ᠠᠷᠠᠳ ᠤᠨ ᠴᠠᠭᠳᠠᠭ᠎ᠠ ᠢᠯᠠᠩᠭᠤᠶ᠎ᠠ ᠤᠳᠤᠷᠢᠳᠬᠤ ᠺᠠᠳ᠋ᠷ ᠲᠤ ᠨᠠᠮ ᠤᠨ ᠰᠤᠷᠲᠠᠯ᠂ ᠨᠠᠮ ᠤᠨ ᠰᠠᠬᠢᠯᠭ᠎ᠠ᠂ ᠠᠷᠢᠭᠤᠨ ᠴᠢᠬᠡᠴᠢ ᠪᠠᠷ

ᠵᠠᠰᠠᠭ ᠪᠠᠷᠢᠬᠤ ᠬᠥᠮᠦᠵᠢᠯ ᠢ ᠬᠢᠬᠦ᠃

     4. ᠲᠢᠩᠬᠢᠮ ᠤᠨ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠢ ᠵᠢᠯᠣᠭᠤᠳᠬᠤ᠂ ᠣᠷᠣᠨ ᠨᠤᠲᠤᠭ ᠤᠨ ᠰᠠᠬᠢᠯᠭ᠎ᠠ ᠪᠠᠲᠤ

ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠠᠢ ᠬᠠᠮᠵᠢᠯᠴᠠᠨ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠳᠣᠲᠣᠭᠠᠳᠤ ᠶᠢ

ᠬᠠᠮᠠᠭᠠᠯᠠᠬᠤ ᠲᠣᠪᠴᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠵᠢᠯᠣᠭᠤᠳᠬᠤ᠃

     5. ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨᠠᠯᠲᠠ ᠲᠠᠯᠪᠢᠬᠤ ᠪᠠ ᠬᠢᠨᠠᠨ ᠪᠠᠶᠢᠴᠠᠭᠠᠬᠤ ᠡᠲᠡᠭᠡᠳ ᠤᠨ ᠵᠠᠭᠠᠯᠳᠤᠯᠭ᠎ᠠ ᠪᠠ

ᠭᠤᠮᠣᠳᠠᠯ ᠲᠣᠭᠠᠴᠢᠯᠲᠠ ᠶᠢ ᠬᠦᠯᠢᠶᠡᠨ ᠠᠪᠴᠤ ᠰᠢᠶᠳᠪᠦᠷᠢᠯᠡᠬᠦ᠂ ᠠᠷᠠᠳ ᠤᠯᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠ ᠠᠷᠠᠳ ᠤᠨ ᠴᠠᠭᠳᠠᠭ᠎ᠠ ᠶᠢ

ᠵᠠᠭᠠᠯᠳᠣᠬᠤ ᠪᠠ ᠢᠯᠡᠴᠢᠯᠡᠬᠦ ᠶᠢ ᠬᠦᠯᠢᠶᠡᠨ ᠠᠪᠴᠤ ᠰᠢᠶᠳᠪᠦᠷᠢᠯᠡᠬᠦ᠃  

     6 . ᠲᠢᠩᠬᠢᠮ ᠤᠨ ᠪᠠᠶᠢᠭᠤᠯᠭ᠎ᠠ ᠪᠣᠯᠤᠨ ᠬᠠᠷᠢᠶ᠎ᠠ ᠬᠤᠯᠪᠣᠭᠳᠠᠯ ᠪᠥᠬᠦᠶ ᠨᠢᠭᠡᠴᠢ ᠪᠠᠶᠢᠭᠤᠯᠭ᠎ᠠ ᠶᠢᠨ ᠡᠳ᠋ ᠪᠣᠳᠠᠰ ᠤᠨ ᠠᠵᠢᠯᠯᠠᠭᠠᠨ ᠤ ᠪᠠᠶᠢᠳᠠᠯ ᠳᠤ ᠬᠢᠨᠠᠨ

ᠪᠤᠳᠤᠯᠲᠠ᠂ ᠬᠢᠨᠠᠨ ᠪᠠᠶᠢᠴᠠᠭᠠᠯᠲᠠ ᠬᠢᠬᠦ᠂ ᠬᠤᠯᠪᠣᠭᠳᠠᠯ ᠪᠦᠬᠦᠢ ᠬᠢᠨᠠᠨ ᠪᠤᠳᠤᠬᠤ ᠲᠣᠭᠲᠠᠭᠠᠯ ᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ  ᠱᠠᠭᠠᠷᠳᠠᠨ ᠪᠠᠶᠢᠴᠠᠭᠠᠬᠤ

ᠵᠡᠷᠭᠡ ᠠᠵᠢᠯ ᠢ ᠬᠠᠷᠢᠭᠤᠴᠠᠨ᠎ᠠ᠃

ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ