ᠠᠮᠣᠷ ᠢ ᠬᠠᠮᠠᠭᠠᠯᠠᠬᠤ ᠬᠠᠮᠢᠶᠡᠷᠣᠯᠲᠠ ᠶᠢᠨ ᠶᠡᠷᠦᠩᠬᠡᠢ ᠠᠩᠬᠢ
ᠨᠡᠶᠢᠲᠡᠯᠡᠭᠰᠡᠨ ᠴᠠᠭ᠄
2018/12/14
           ᠠᠮᠣᠷ ᠢ ᠬᠠᠮᠠᠭᠠᠯᠠᠬᠤ ᠬᠠᠮᠢᠶᠡᠷᠣᠯᠲᠠ ᠶᠢᠨ ᠶᠡᠷᠦᠩᠬᠡᠢ ᠠᠩᠬᠢ            ᠵᠢᠴᠢ ᠲᠡᠭᠦᠨ ᠤ ᠡᠷᠬᠡ ᠲᠣᠰᠢᠶᠠᠯ᠄            ᠪᠦᠬᠦ ᠣᠷᠣᠨ ᠤ ᠳᠣᠲᠣᠭᠠᠳᠣ ᠶᠢ ᠬᠠᠮᠠᠭᠠᠯᠠᠬᠤ ᠪᠠᠶᠢᠭᠤᠯᠭ᠎ᠠ ᠶᠢᠨ ᠠᠮᠣᠷ ᠢ ᠬᠠᠮᠠᠭᠠᠯᠠᠬᠤ ᠬᠠᠮᠢᠶᠠᠷᠣᠯᠲᠠ ᠶᠢᠨ ᠠᠵᠢᠯ ᠢ ᠲᠦᠰᠦᠪᠯᠡᠨ ᠬᠡᠷᠡᠭᠵᠢᠭᠦᠯᠬᠦ᠂ ᠨᠡᠶᠢᠭᠡᠮ ᠤᠨ ᠠᠮᠣᠷ ᠢ ᠬᠠᠮᠠᠭᠠᠯᠠᠯᠲᠠ ᠶᠢᠨ ᠡᠮᠬᠢ ᠲᠢᠭᠯᠢᠮ ᠢ ᠡᠪᠳᠡᠬᠦ ᠴᠢᠬᠤᠯᠠ ᠶᠡᠭᠡ ᠬᠡᠷᠡᠭ ᠢ ᠲᠠᠩᠨᠠᠨ ᠰᠢᠢᠳᠪᠦᠷᠢᠯᠡᠬᠦ᠂ ᠣᠯᠠᠨ ᠨᠡᠶᠢᠲᠡ ᠶᠢᠨ ᠠᠮᠣᠷ ᠲᠦᠪᠰᠢᠨ  ᠲᠠᠢ ᠬᠤᠯᠪᠣᠭᠳᠠᠯ ᠪᠦᠬᠦᠢ ᠠᠵᠢᠯ ᠲᠦᠷᠦᠯ᠂ ᠣᠷᠣᠨ ᠲᠠᠯᠠᠪᠣᠷ᠂ ᠠᠶᠣᠯᠲᠣ ᠪᠣᠳᠠᠰ ᠤᠨ ᠬᠠᠮᠢᠶᠠᠷᠣᠯᠲᠠ᠂ ᠴᠢᠬᠤᠯᠠ ᠶᠡᠭᠡ ᠪᠦᠳᠦᠭᠡᠨ ᠪᠠᠶᠢᠭᠤᠯᠣᠯᠲᠠ ᠶᠢᠨ ᠢᠨᠵᠧᠨᠧᠷᠢᠭ᠂ ᠲᠣᠮᠣ ᠬᠡᠯᠪᠡᠷᠢ ᠶᠢᠨ ᠠᠵᠢᠯᠯᠠᠭᠠᠨ ᠤ ᠠᠮᠣᠷ ᠲᠦᠪᠰᠢᠨ ᠢ ᠪᠠᠲᠣᠯᠠᠨ ᠬᠠᠮᠠᠭᠠᠯᠠᠬᠤ ᠠᠵᠢᠯ ᠢ ᠵᠢᠭᠠᠨ ᠵᠢᠯᠣᠭᠤᠳᠬᠤ ᠪᠠ ᠬᠢᠨᠠᠯᠲᠠ ᠲᠠᠯᠪᠢᠬᠤ᠂ ᠪᠦᠬᠦ ᠣᠷᠣᠨ ᠶᠢᠨ ᠠᠮᠣᠷ ᠢ ᠬᠠᠮᠠᠭᠠᠯᠠᠬᠤ ᠦᠢᠯᠡᠴᠢᠯᠡᠭᠡᠨ ᠤ ᠦᠢᠯᠡᠰ ᠤᠨ ᠬᠠᠮᠢᠶᠠᠷᠣᠯᠲᠠ ᠪᠠ ᠮᠡᠷᠭᠡᠵᠢᠯ ᠤᠨ ᠰᠡᠷᠭᠡᠶᠢᠯᠡᠯᠲᠡ ᠶᠢ ᠬᠡᠷᠡᠭᠵᠢᠭᠦᠯᠬᠦ ᠠᠵᠢᠯ ᠢ ᠵᠢᠭᠠᠨ ᠵᠢᠯᠣᠭᠤᠳᠬᠤ᠂ ᠡᠷᠦᠬᠡ ᠠᠮᠠ ᠶᠢᠨ ᠶᠠᠪᠣᠳᠠᠯ ᠤᠨ ᠬᠠᠮᠢᠶᠠᠷᠣᠯᠲᠠ ᠶᠢᠨ ᠲᠦᠷᠦ ᠶᠢᠨ ᠪᠣᠳᠣᠯᠭ᠎ᠠ ᠶᠢ ᠰᠣᠳᠣᠯᠣᠨ ᠲᠣᠭᠲᠠᠭᠠᠬᠤ ᠪᠠ ᠵᠣᠬᠢᠶᠠᠨ ᠪᠠᠶᠢᠭᠤᠯᠣᠨ ᠬᠡᠷᠡᠭᠵᠢᠭᠦᠯᠬᠦ᠂ ᠡᠷᠦᠬᠡ ᠠᠮᠠ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠠ ᠬᠦᠮᠦᠨ ᠠᠮᠠ ᠶᠢᠨ ᠪᠦᠷᠢᠳᠬᠡᠯ ᠤᠨ ᠠᠵᠢᠯ ᠢ ᠬᠢᠨᠨᠠ ᠬᠠᠮᠢᠶᠠᠷᠬᠤ᠂ ᠪᠦᠬᠦ ᠣᠷᠣᠨ ᠤ ᠳᠣᠲᠣᠭᠠᠳᠣ ᠶᠢ ᠬᠠᠮᠠᠭᠠᠯᠠᠬᠤ ᠲᠣᠮᠢᠯᠠᠭᠰᠠᠨ ᠰᠠᠯᠪᠣᠷᠢ ᠶᠢᠨ ᠪᠦᠳᠦᠭᠡᠨ ᠪᠠᠶᠢᠭᠤᠯᠣᠯᠲᠠ ᠶᠢᠨ ᠠᠵᠢᠯ ᠢ ᠰᠣᠳᠣᠯᠣᠨ  ᠲᠦᠯᠦᠪᠯᠡᠬᠦ ᠵᠡᠷᠭᠡ ᠠᠵᠢᠯ ᠢ ᠬᠠᠷᠢᠭᠤᠴᠠᠨ᠎ᠠ᠃
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ