ᠡᠷᠡᠭᠦᠦ ᠶᠢᠨ ᠬᠡᠷᠡᠭ ᠢ ᠲᠠᠩᠨᠠᠨ ᠪᠠᠶᠢᠴᠠᠭᠠᠬᠤ ᠶᠡᠷᠦᠩᠬᠡᠢ ᠠᠩᠬᠢ
ᠨᠡᠶᠢᠲᠡᠯᠡᠭᠰᠡᠨ ᠴᠠᠭ᠄
2018/12/14
           ᠡᠷᠡᠭᠦᠦ ᠶᠢᠨ ᠬᠡᠷᠡᠭ ᠢ ᠲᠠᠩᠨᠠᠨ ᠪᠠᠶᠢᠴᠠᠭᠠᠬᠤ ᠶᠡᠷᠦᠩᠬᠡᠢ ᠠᠩᠬᠢ            ᠵᠢᠴᠢ ᠲᠡᠭᠦᠨ ᠤ ᠡᠷᠬᠡ ᠲᠣᠰᠢᠶᠠᠯ᠄            ᠪᠦᠬᠦ ᠣᠷᠣᠨ ᠤ ᠳᠣᠲᠣᠭᠠᠳᠣ ᠶᠢ ᠬᠠᠮᠠᠭᠠᠯᠠᠬᠤ ᠡᠷᠡᠬᠦᠦ ᠶᠢᠨ ᠬᠡᠷᠡᠭ ᠤᠨ ᠲᠠᠩᠨᠠᠨ ᠪᠠᠶᠢᠴᠠᠭᠠᠬᠤ ᠠᠵᠢᠯ ᠤᠨ ᠲᠦᠰᠦᠪᠯᠡᠯ ᠪᠠ ᠬᠡᠷᠡᠭᠵᠢᠭᠦᠯᠬᠦ ᠲᠦᠯᠦᠪᠯᠡᠭᠡ ᠶᠢ ᠰᠣᠳᠣᠯᠣᠨ ᠲᠣᠭᠲᠠᠭᠠᠬᠤ᠂ ᠪᠦᠬᠦ ᠣᠷᠣᠨ ᠤ ᠳᠣᠲᠣᠭᠠᠳᠣ ᠶᠢ ᠬᠠᠮᠠᠭᠠᠯᠠᠬᠤ ᠪᠠᠶᠢᠭᠤᠯᠭ᠎ᠠ ᠶᠢᠨ ᠡᠷᠡᠭᠦᠦ ᠶᠢᠨ ᠬᠡᠷᠡᠭ ᠤᠨ ᠶᠠᠯᠠᠳᠣ ᠠᠵᠢᠯᠯᠠᠭ᠎ᠠ ᠶᠢ ᠲᠠᠩᠨᠠᠨ ᠪᠠᠶᠢᠴᠠᠭᠠᠬᠤ᠂ ᠬᠡᠷᠡᠭ ᠢ ᠰᠢᠢᠳᠬᠡᠬᠦ ᠠᠵᠢᠯ ᠢ ᠵᠢᠭᠠᠨ ᠵᠢᠯᠣᠭᠤᠳᠬᠤ ᠪᠠ ᠬᠢᠨᠠᠯᠲᠠ ᠲᠠᠯᠪᠢᠬᠤ᠂  ᠪᠦᠬᠦ ᠣᠷᠣᠨ ᠤ  ᠬᠦᠨᠳᠦ ᠴᠢᠬᠤᠯᠠ ᠣᠨᠴᠠ ᠶᠡᠭᠡ᠂ ᠶᠠᠷᠰᠢᠭ ᠲᠦᠪᠡᠭᠲᠡᠢ ᠡᠷᠡᠭᠦᠦ ᠶᠢᠨ ᠬᠡᠷᠡᠭ ᠤᠨ ᠲᠠᠯᠠᠪᠠᠢ ᠤᠨ ᠬᠠᠶᠢᠨ ᠪᠠᠶᠢᠴᠠᠭᠠᠯᠲᠠ᠂ ᠰᠢᠯᠭᠠᠨ ᠪᠠᠶᠢᠴᠠᠭᠠᠬᠤ ᠪᠠ ᠬᠢᠨᠠᠨ ᠲᠣᠭᠲᠠᠭᠠᠬᠤ ᠠᠵᠢᠯ ᠢ ᠡᠭᠦᠷᠭᠡᠯᠡᠬᠦ᠂ ᠡᠷᠡᠭᠦᠦ ᠶᠢᠨ ᠬᠡᠷᠡᠭ ᠢ ᠲᠣᠰᠠᠯᠠᠨ ᠪᠠᠶᠢᠴᠠᠭᠠᠬᠤ  ᠪᠠ ᠲᠣᠰᠬᠠᠢ ᠲᠦᠷᠦᠯ ᠤᠨ ᠲᠡᠮᠡᠴᠡᠯ ᠤᠨ ᠴᠢᠬᠤᠯᠠ ᠬᠡᠷᠡᠭ ᠤᠨ ᠶᠠᠯᠠᠲᠠᠨ ᠢ ᠨᠡᠬᠡᠮᠵᠢᠯᠡᠨ ᠪᠠᠷᠢᠪᠴᠢᠯᠠᠬᠤ ᠠᠵᠢᠯ ᠢ ᠵᠣᠬᠢᠶᠠᠨ ᠪᠠᠶᠢᠭᠤᠯᠣᠨ ᠦᠷᠨᠢᠭᠦᠯᠬᠦ᠂ ᠬᠦᠨᠳᠦ ᠨᠣᠴᠢᠲᠠᠢ ᠬᠦᠴᠦᠷᠬᠡᠭᠯᠡᠯ᠂ ᠬᠠᠷ᠎ᠠ ᠪᠦᠯᠦᠭᠲᠡᠨ ᠬᠠᠷᠬᠢᠰ ᠬᠦᠴᠦᠨ ᠲᠠᠢ ᠬᠤᠯᠪᠣᠭᠳᠠᠭᠰᠠᠨ ᠵᠡᠷᠭᠡ ᠬᠦᠨᠳᠦ ᠶᠡᠭᠡ ᠡᠷᠡᠭᠦᠦ ᠶᠢᠨ ᠬᠡᠷᠡᠭ ᠪᠠ ᠳᠡᠭᠡᠲᠦ ᠱᠠᠲᠣᠨ ᠤ ᠪᠠᠶᠢᠭᠤᠯᠭ᠎ᠠ ᠶᠢᠨ ᠲᠣᠰᠢᠶᠠᠭᠰᠠᠨ ᠡᠷᠡᠭᠦᠦ ᠶᠢᠨ ᠬᠡᠷᠡᠭ ᠢ ᠲᠠᠩᠨᠠᠨ ᠰᠢᠢᠳᠬᠡᠬᠦ᠂ ᠪᠦᠬᠦ ᠣᠷᠣᠨ ᠤ ᠳᠣᠲᠣᠭᠠᠳᠣ ᠶᠢ ᠬᠠᠮᠠᠭᠠᠯᠠᠬᠤ ᠡᠷᠡᠭᠦᠦ ᠶᠢᠨ ᠬᠡᠷᠡᠭ ᠤᠨ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ᠂ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠮᠡᠳᠡᠭᠡ ᠵᠠᠩᠬᠢᠴᠢᠯᠠᠯᠲᠠ ᠶᠢᠨ ᠪᠦᠳᠦᠭᠡᠨ ᠪᠠᠶᠢᠭᠤᠯᠣᠯᠲᠠ ᠶᠢᠨ ᠠᠵᠢᠯ ᠢ ᠬᠠᠮᠢᠶᠠᠷᠴᠣ ᠵᠢᠭᠠᠨ ᠵᠢᠯᠣᠭᠤᠳᠬᠤ᠂ ᠪᠦᠬᠦ ᠣᠷᠣᠨ ᠤ ᠳᠣᠲᠣᠭᠠᠳᠣ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨᠠᠨ ᠲᠣᠭᠲᠠᠭᠠᠬᠤ ᠪᠠᠶᠢᠭᠤᠯᠣᠮᠵᠢ᠂ ᠬᠢᠨᠠᠨ ᠲᠣᠭᠲᠠᠭᠠᠭᠴᠢ ᠶᠢᠨ ᠳᠠᠩᠰᠠᠯᠠᠨ ᠬᠠᠮᠢᠶᠠᠷᠬᠤ ᠠᠵᠢᠯ ᠢ ᠵᠢᠭᠠᠨ ᠵᠢᠯᠣᠭᠤᠳᠬᠤ ᠵᠡᠷᠭᠡ ᠠᠵᠢᠯ ᠢ ᠬᠠᠷᠢᠭᠤᠴᠠᠨ᠎ᠠ᠃
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ