ᠴᠠᠭᠳᠠᠭᠠᠨ ᠶᠠᠪᠣᠳᠠᠯ ᠤᠨ ᠪᠠᠳᠣᠯᠠᠭ᠎ᠠ ᠶᠢᠨ ᠭᠠᠵᠠᠷ
ᠨᠡᠶᠢᠲᠡᠯᠡᠭᠰᠡᠨ ᠴᠠᠭ᠄
2018/12/19
           ᠴᠠᠭᠳᠠᠭᠠᠨ ᠶᠠᠪᠣᠳᠠᠯ ᠤᠨ ᠪᠠᠳᠣᠯᠠᠭ᠎ᠠ ᠶᠢᠨ ᠭᠠᠵᠠᠷ ᠵᠢᠴᠢ ᠲᠡᠭᠦᠨ ᠤ            ᠡᠷᠬᠡ ᠲᠣᠰᠢᠶᠠᠯ᠄      ᠪᠦᠬᠦ ᠣᠷᠣᠨ ᠤ ᠳᠣᠲᠣᠭᠠᠳᠣ ᠶᠢ ᠬᠠᠮᠠᠭᠠᠯᠠᠬᠤ ᠪᠠᠶᠢᠭᠤᠯᠭ᠎ᠠ ᠶᠢᠨ ᠴᠢᠬᠤᠯᠠ ᠶᠡᠭᠡ ᠴᠠᠭᠳᠠᠭᠠᠨ ᠶᠠᠪᠣᠳᠠᠯ ᠤᠨ ᠠᠵᠢᠯᠯᠠᠭᠠᠨ ᠤ ᠪᠠᠳᠣᠯᠠᠭ᠎ᠠ ᠶᠢᠨ ᠠᠵᠢᠯ ᠢ ᠵᠣᠬᠢᠶᠠᠨ ᠪᠠᠶᠢᠭᠤᠯᠣᠨ ᠵᠣᠬᠢᠴᠠᠭᠤᠯᠣᠨ᠎ᠠ᠃ ᠪᠦᠬᠦ ᠣᠷᠣᠨ ᠤ ᠳᠣᠲᠣᠭᠠᠳᠣ ᠶᠢ ᠬᠠᠮᠠᠭᠠᠯᠠᠬᠤ ᠪᠠᠶᠢᠭᠤᠯᠭ᠎ᠠ ᠶᠢᠨ ᠵᠠᠷᠣᠳᠠᠯ ᠤᠨ ᠪᠠᠳᠣᠯᠠᠭ᠎ᠠ᠂ ᠲᠣᠨᠤᠭ ᠲᠦᠬᠦᠭᠡᠷᠦᠮᠵᠢ ᠶᠢᠨ ᠪᠠᠳᠣᠯᠠᠭ᠎ᠠ ᠪᠠ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠵᠢᠴᠢ ᠬᠢᠨᠠᠨ ᠪᠠᠶᠢᠴᠠᠭᠠᠬᠤ ᠠᠵᠢᠯ ᠢ ᠵᠢᠭᠠᠨ ᠵᠢᠯᠣᠭᠤᠳᠣᠨ ᠬᠠᠮᠢᠶᠠᠷᠬᠤ᠂ ᠳᠣᠲᠣᠭᠠᠳᠣ ᠶᠢ ᠬᠠᠮᠠᠭᠠᠯᠠᠬᠤ ᠲᠢᠩᠬᠢᠮ ᠤᠨ ᠪᠠᠶᠢᠭᠤᠯᠭ᠎ᠠ ᠪᠠ ᠲᠡᠭᠦᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠵᠠᠷᠣᠳᠠᠯ ᠢ ᠣᠷᠢᠳᠴᠢᠯᠠᠨ ᠲᠦᠰᠦᠭᠡᠯᠡᠨ ᠪᠣᠳᠣᠬᠤ᠂ ᠳᠣᠲᠣᠭᠠᠳᠣ ᠶᠢ ᠬᠠᠮᠠᠭᠠᠯᠠᠬᠤ ᠲᠢᠩᠬᠢᠮ ᠤᠨ ᠪᠠᠶᠢᠭᠤᠯᠭ᠎ᠠ ᠶᠢᠨ ᠡᠳ᠋ ᠤᠨ ᠶᠠᠪᠣᠳᠠᠯ ᠪᠠ ᠡᠯ᠎ᠡ ᠲᠦᠷᠦᠯ ᠶᠢᠨ ᠵᠠᠷᠣᠳᠠᠯ ᠢ ᠬᠠᠮᠢᠶᠠᠷᠬᠤ᠂ ᠬᠢᠨᠠᠨ ᠭᠠᠷᠭᠤᠭᠤᠯᠬᠤ ᠪᠠ ᠬᠢᠨᠠᠯᠲᠠ ᠲᠠᠯᠪᠢᠬᠤ ᠠᠵᠢᠯ᠂ ᠳᠣᠲᠣᠭᠠᠳᠣ ᠶᠢ ᠬᠠᠮᠠᠭᠠᠯᠠᠬᠤ ᠲᠢᠩᠬᠢᠮ ᠤᠨ ᠪᠠᠶᠢᠭᠤᠯᠭ᠎ᠠ ᠶᠢᠨ ᠣᠯᠣᠰ ᠤᠨ ᠦᠮᠴᠢᠯᠡᠯᠳᠦ ᠬᠦᠷᠦᠩᠭᠡ ᠶᠢ ᠬᠠᠮᠢᠶᠠᠷᠬᠤ᠂ ᠪᠦᠬᠦ ᠣᠷᠣᠨ ᠤ ᠴᠠᠭᠳᠠᠭᠠᠨ ᠤ ᠠᠭᠠᠷ ᠠᠶᠠᠯᠠᠯ ᠤᠨ ᠪᠦᠲᠦᠭᠡᠨ ᠪᠠᠶᠢᠭᠤᠯᠣᠯᠲᠠ᠂ ᠬᠡᠷᠡᠭᠵᠢᠭᠦᠯᠦᠯᠲᠡ ᠪᠠ ᠬᠠᠮᠢᠶᠠᠷᠣᠯᠲᠠ ᠵᠡᠷᠭᠡ ᠠᠵᠢᠯ ᠢ ᠡᠭᠦᠷᠭᠡᠯᠡᠨ᠎ᠡ
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ