ᠬᠤᠷᠠᠯ ᠤᠨ ᠮᠡᠳᠡᠭᠳᠡᠯ ᠤᠨ ᠬᠡᠯᠪᠡᠷᠢ
ᠨᠡᠶᠢᠲᠡᠯᠡᠭᠰᠡᠨ ᠴᠠᠭ᠄
2018/12/24
     ᠬᠤᠷᠠᠯ ᠤᠨ ᠮᠡᠳᠡᠭᠳᠡᠯ ᠪᠢᠴᠢᠬᠦ ᠳᠤ ᠠᠩᠬᠠᠷᠬᠤ ᠵᠦᠢᠯ ᠤᠳ᠄      1. ᠬᠤᠷᠠᠯ ᠤᠨ ᠮᠡᠳᠡᠭᠳᠡᠯ ᠪᠢᠴᠢᠬᠦ ᠳᠤ ᠬᠤᠶᠠᠷ ᠵᠦᠢᠯ ᠤᠨ ᠬᠡᠯᠪᠡᠷᠢ ᠪᠠᠶᠢᠳᠠᠭ᠃ ᠨᠢᠭᠡ ᠵᠦᠢᠯ ᠨᠢ᠄ ᠪᠢᠴᠢᠭ ᠮᠠᠲ᠋ᠧᠷᠢᠶᠠᠯ ᠳᠠᠮᠵᠢᠭᠤᠯᠬᠤ ᠠᠷᠭ᠎ᠠ ᠪᠠᠷ ᠮᠡᠳᠡᠭᠳᠡᠨ᠎ᠡ᠃ ᠡᠭᠦᠨ ᠳᠤ ᠶᠡᠷᠦ ᠳᠡᠭᠡᠨ ᠬᠤᠷᠠᠯ ᠬᠤᠷᠠᠯᠳᠣᠬᠤ ᠰᠢᠯᠲᠠᠭᠠᠨ᠂ ᠵᠣᠷᠢᠯᠭ᠎ᠠ᠂ ᠬᠤᠷᠠᠯ ᠤᠨ ᠨᠡᠷᠡᠶᠢᠳᠦᠯ᠂ ᠭᠤᠣᠯ ᠰᠡᠳᠦᠪ᠂ ᠬᠤᠷᠠᠯ ᠤᠨ ᠴᠠᠭ ᠪᠠ ᠭᠠᠵᠠᠷ ᠣᠷᠣᠨ᠂ ᠨᠡᠷ᠎ᠡ ᠮᠡᠳᠡᠭᠦᠯᠬᠦ ᠴᠠᠭ ᠪᠠ ᠭᠠᠵᠠᠷ ᠣᠷᠣᠨ᠂ ᠬᠤᠷᠠᠯ ᠳᠤ ᠣᠷᠣᠯᠴᠠᠭᠰᠠᠳ᠂ ᠬᠤᠷᠠᠯ ᠳᠤ ᠪᠡᠯᠡᠳᠬᠡᠬᠦ ᠴᠢᠬᠤᠯᠠᠲᠠᠶ ᠮᠠᠲ᠋ᠧᠷᠢᠶᠠᠯ᠂ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠵᠠᠷᠤᠳᠠᠯ ᠢ ᠭᠠᠷᠭᠠᠬᠤ ᠠᠷᠭ᠎ᠠ᠂ ᠬᠠᠷᠢᠯᠴᠠᠬᠤ ᠪᠠᠶᠢᠭᠤᠯᠭ᠎ᠠ᠂ ᠬᠠᠷᠢᠯᠴᠠᠬᠤ ᠬᠥᠮᠦᠨ ᠪᠣᠯᠤᠨ ᠬᠠᠷᠢᠯᠴᠠᠬᠤ ᠠᠷᠭ᠎ᠠ ᠮᠠᠶ᠋ᠢᠭ ᠵᠡᠷᠭᠡ ᠶᠢ ᠲᠣᠳᠣᠷᠬᠠᠢ ᠪᠢᠴᠢᠨ᠎ᠡ᠂ ᠵᠠᠷᠢᠮ ᠮᠡᠳᠡᠭᠳᠡᠯ ᠳᠤ ᠪᠠᠨ ᠪᠠᠰᠠ ᠬᠤᠷᠠᠯ ᠤᠨ ᠡᠳᠦᠷ ᠤᠨ ᠲᠦᠯᠦᠪᠯᠡᠭᠡ ᠵᠡᠷᠭᠡ ᠶᠢ ᠳᠠᠭᠠᠯᠳᠣᠭᠤᠯᠣᠨ᠎ᠠ᠃ ᠨᠦᠭᠦᠭᠡ ᠨᠢᠭᠡ ᠵᠦᠢᠯ ᠨᠢ᠄ ᠪᠠᠶᠢᠭᠤᠯᠭ᠎ᠠ᠂ ᠨᠢᠭᠡᠴᠢ ᠶᠢᠨ ᠢᠶᠠᠨ ᠳᠣᠲᠣᠭᠠᠳᠤ ᠳᠤ ᠨᠠᠭᠠᠬᠤ ᠪᠤᠶᠤ ᠨᠡᠪᠲᠡᠷᠡᠭᠦᠯᠬᠦ ᠬᠤᠷᠠᠯ ᠤᠨ ᠮᠡᠳᠡᠭᠳᠡᠯ ᠪᠣᠯᠣᠨ᠎ᠠ᠃ ᠡᠭᠦᠨ ᠳᠤ ᠣᠷᠣᠯᠴᠠᠬᠤ ᠡᠲᠡᠭᠡᠳ ᠢ ᠪᠢᠴᠢᠬᠦ ᠦᠭᠡᠢ ᠪᠠᠶᠢᠵᠤ ᠪᠣᠯᠤᠨ᠎ᠠ᠂ ᠭᠤᠣᠯ ᠠᠭᠤᠯᠭ᠎ᠠ ᠶᠢᠨ ᠬᠡᠰᠡᠭ ᠲᠤ ᠬᠤᠷᠠᠯ ᠤᠨ ᠴᠠᠭ ᠬᠤᠭᠤᠴᠠᠭ᠎ᠠ ᠂ ᠭᠠᠵᠠᠷ ᠣᠷᠣᠨ᠂ ᠬᠤᠷᠠᠯ ᠤᠨ ᠠᠭᠤᠯᠭ᠎ᠠ᠂ ᠬᠤᠷᠠᠯ ᠳᠤ ᠣᠷᠣᠯᠴᠠᠭᠰᠠᠳ ᠵᠢᠴᠢ ᠬᠤᠷᠠᠯ ᠳᠤ ᠪᠡᠯᠡᠳᠬᠡᠬᠦ  ᠴᠢᠬᠤᠯᠠᠲᠠᠶ ᠮᠠᠲ᠋ᠧᠷᠢᠶᠠᠯ  ᠵᠡᠷᠭᠡ ᠶᠢ ᠲᠣᠳᠣᠷᠬᠠᠶ ᠪᠢᠴᠢᠬᠦ ᠬᠡᠷᠡᠭᠲᠡᠶ᠃      2. ᠲᠡᠭᠦᠰᠬᠡᠯ ᠤᠨ ᠬᠡᠰᠡᠭ᠄ ᠠᠯᠪᠠᠨ ᠪᠢᠴᠢᠭ ᠲᠠᠷᠬᠠᠭᠠᠭᠰᠠᠨ ᠪᠠᠶᠢᠭᠤᠯᠭ᠎ᠠ ᠶᠢᠨ ᠭᠠᠷ ᠤᠨ ᠦᠰᠦᠭ᠂ ᠲᠠᠮᠠᠭ᠎ᠠ ᠪᠠ ᠡᠳᠦᠷ ᠰᠠᠷ᠎ᠠ ᠠᠴᠠ ᠪᠦᠷᠢᠯᠳᠦᠨ᠎ᠡ᠃      ᠬᠤᠷᠠᠯ ᠤᠨ ᠮᠡᠳᠡᠭᠳᠡᠯ ᠤᠨ ᠪᠢᠴᠢᠭ ᠬᠠᠷ᠎ᠠ ᠶᠢ ᠳᠠᠷᠣᠮᠯᠠᠵᠣ ᠬᠡᠷᠡᠭᠯᠡᠬᠦ ᠭᠡᠪᠡᠯ᠂ ᠠᠷᠣ ᠳᠠᠬᠢ ᠪᠠᠭᠤᠯᠭᠠᠬᠤ ᠬᠡᠯᠬᠢᠶᠡᠰᠦ ᠶᠢ ᠳᠠᠷᠣᠭᠠᠷᠠᠢ︕      ᠪᠠᠭᠤᠯᠭᠠᠨ ᠳᠠᠷᠣᠮᠯᠠᠬᠤ ᠬᠡᠯᠬᠢᠶᠡᠰᠦ
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ