ᠮᠡᠳᠡᠭᠦᠯᠦᠯᠲᠠ ᠶᠢᠨ ᠬᠡᠯᠪᠡᠷᠢ
ᠨᠡᠶᠢᠲᠡᠯᠡᠭᠰᠡᠨ ᠴᠠᠭ᠄
2018/12/26
     ᠮᠡᠳᠡᠭᠦᠯᠦᠯᠲᠠ ᠪᠢᠴᠢᠬᠦ ᠳᠤ ᠠᠩᠬᠠᠷᠬᠤ ᠵᠦᠢᠯ ᠤᠳ᠄      1. ᠭᠠᠷᠴᠠᠭ᠄ ᠶᠡᠷᠦ ᠳᠡᠭᠡᠨ ᠠᠯᠪᠠᠨ ᠪᠢᠴᠢᠭ ᠲᠠᠷᠬᠠᠭᠠᠭᠰᠠᠨ ᠪᠠᠶᠢᠭᠤᠯᠭ᠎ᠠ ᠶᠢᠨ ᠭᠠᠷ ᠤᠨ ᠦᠰᠦᠭ᠂ ᠣᠴᠢᠷ ᠰᠢᠯᠲᠠᠭᠠᠨ᠂ ᠪᠢᠴᠢᠭ ᠬᠠᠷ᠎ᠠ ᠶᠢᠨ ᠬᠡᠯᠪᠡᠷᠢ ᠠᠴᠠ ᠪᠦᠷᠢᠯᠳᠦᠨ᠎ᠡ᠃ ᠠᠵᠢᠯ ᠤᠨ ᠮᠡᠳᠡᠭᠦᠯᠦᠯᠲᠠ ᠶᠢ ︽×× ᠶᠢᠨ ᠲᠣᠬᠠᠢ ××  ᠠᠵᠢᠯ ᠤᠨ ᠮᠡᠳᠡᠭᠦᠯᠦᠯᠲᠠ︾ ᠭᠡᠵᠦ ᠪᠢᠴᠢᠵᠦ  ᠪᠣᠯᠣᠨ᠎ᠠ᠃  ᠪᠠᠶᠢᠳᠠᠯ ᠤᠨ  ᠮᠡᠳᠡᠭᠦᠯᠦᠯᠲᠠ ᠶᠢ  ︽××  ᠶᠢᠨ ᠲᠣᠬᠠᠢ ×× ᠪᠠᠶᠢᠳᠠᠯ ᠤᠨ ᠮᠡᠳᠡᠭᠦᠯᠦᠯᠲᠠ︾ ᠭᠡᠵᠦ ᠪᠢᠴᠢᠵᠣ ᠪᠣᠯᠣᠨ᠎ᠠ᠃      2. ᠭᠤᠣᠯ ᠬᠦᠷᠭᠡᠬᠦ ᠪᠠᠶᠢᠭᠤᠯᠭ᠎ᠠ᠄ ᠮᠡᠳᠡᠭᠦᠯᠦᠯᠲᠡ ᠪᠣᠯ ᠨᠢᠭᠡ ᠵᠦᠢᠯ ᠤᠨ ᠳᠡᠭᠡᠳᠦ ᠱᠠᠲᠣᠨ ᠳᠤ ᠬᠦᠷᠭᠡᠬᠦ ᠲᠡᠪᠰᠢᠭᠦᠯᠬᠦ ᠴᠢᠨᠠᠷᠲᠠᠢ ᠠᠯᠪᠠᠨ ᠪᠢᠴᠢᠭ ᠪᠣᠯᠣᠨ᠎ᠠ᠂ ᠶᠡᠷᠦ ᠳᠡᠭᠡᠨ ᠭᠤᠣᠯ ᠬᠦᠷᠭᠡᠬᠦ ᠪᠠᠶᠢᠭᠤᠯᠭ᠎ᠠ ᠨᠢ ᠨᠢᠭᠡ ᠯᠠ ᠪᠠᠶᠢᠳᠠᠭ᠂ ᠳᠠᠷᠣᠢ ᠮᠡᠳᠡᠭᠦᠯᠦᠯᠲᠠ ᠶᠢ ᠬᠦᠯᠢᠶᠡᠨ ᠠᠪᠬᠤ ᠳᠡᠭᠡᠲᠦ ᠱᠠᠲᠣᠨ ᠤ ᠪᠠᠶᠢᠭᠤᠯᠭ᠎ᠠ ᠪᠣᠯᠣᠨ᠎ᠠ᠃ ᠣᠨᠴᠠᠭᠠᠢ ᠪᠠᠶᠢᠳᠠᠯ ᠳᠣᠣᠷ᠎ᠠ ᠬᠡᠳᠦᠨ ᠪᠠᠶᠢᠭᠤᠯᠭ᠎ᠠ ᠪᠠᠶᠢᠵᠣ ᠪᠣᠯᠣᠨ᠎ᠠ᠂ ᠵᠢᠱᠢᠶᠡᠯᠡᠪᠡᠯ᠂ ᠪᠠᠶᠢᠳᠠᠯ ᠪᠠᠴᠢᠮ ᠦᠶ᠎ᠡ ᠳᠤ᠂ ᠬᠡᠳᠦᠨ ᠱᠠᠲᠣᠨ ᠤ ᠣᠳᠣᠷᠢᠳᠬᠤ ᠪᠠᠶᠢᠭᠤᠯᠭ᠎ᠠ ᠴᠦᠮ ᠳᠠᠷᠣᠢ ᠲᠦᠷᠭᠡᠨ ᠭᠠᠮᠰᠢᠭ ᠤᠨ ᠪᠠᠶᠢᠳᠠᠯ᠂ ᠬᠢᠵᠢᠭ ᠤᠨ ᠪᠠᠶᠢᠳᠠᠯ ᠢ ᠮᠡᠳᠡᠬᠦ ᠴᠢᠬᠤᠯᠠᠲᠠᠢ᠃ ᠡᠭᠦᠨ ᠠᠴᠠ ᠭᠠᠳᠠᠨ᠎ᠠ᠂ ᠲᠡᠭᠡᠳᠦ ᠱᠠᠲᠣᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠰᠢᠭᠤᠳ ᠲᠣᠰᠢᠶᠠᠭᠰᠠᠨ ᠭᠦᠢᠴᠡᠳᠬᠡᠬᠦ ᠶᠠᠪᠣᠳᠠᠯ ᠠᠴᠠ ᠪᠣᠰᠣᠳ ᠪᠠᠶᠢᠳᠠᠯ ᠳᠤ ᠪᠠᠶᠢᠭᠤᠯᠭ᠎ᠠ ᠶᠢᠨ ᠨᠡᠷ᠎ᠡ ᠪᠠᠷ ᠳᠡᠭᠡᠲᠦ ᠱᠠᠲᠣᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠳᠤ ᠮᠡᠳᠡᠭᠦᠯᠦᠯᠲᠠ ᠬᠦᠷᠭᠡᠵᠦ ᠪᠣᠯᠬᠤ ᠦᠭᠡᠢ᠃ ᠶᠡᠷᠦ ᠳᠡᠭᠡᠨ ᠱᠠᠲᠣ ᠠᠯᠣᠰᠯᠠᠨ ᠮᠡᠳᠡᠭᠦᠯᠦᠯᠲᠠ ᠬᠦᠷᠭᠡᠵᠦ ᠪᠣᠯᠬᠤ ᠦᠭᠡᠢ᠃      3. ᠭᠤᠣᠯ ᠠᠭᠤᠯᠭ᠎ᠠ᠄ ᠮᠡᠳᠡᠭᠦᠯᠦᠯᠲᠠ ᠶᠢᠨ ᠭᠤᠣᠯ ᠠᠭᠤᠯᠭ᠎ᠠ ᠶᠢᠨ ᠬᠡᠰᠡᠭ ᠲᠤ ᠭᠤᠣᠯᠳᠠᠭᠤ ᠮᠡᠳᠡᠭᠳᠡᠬᠦ ᠵᠦᠢᠯᠡᠰ ᠢᠶᠠᠨ ᠪᠢᠴᠢᠨ᠎ᠡ᠃  ᠠᠵᠢᠯ ᠤᠨ ᠮᠡᠳᠡᠭᠦᠯᠦᠯᠲᠠ ᠳᠤ ᠶᠡᠷᠦ ᠳᠡᠭᠡᠨ ᠠᠵᠢᠯ ᠤᠨ ᠦᠨᠳᠦᠰᠦᠨ ᠪᠠᠶᠢᠳᠠᠯ᠂ ᠣᠯᠣᠭᠰᠠᠨ ᠭᠤᠣᠯ ᠬᠢᠷᠢ ᠪᠦᠲᠦᠮᠵᠢ ᠪᠠ ᠦᠷ᠎ᠡ ᠳ᠋ᠦᠩ ᠵᠢᠴᠢ ᠲᠣᠷᠰᠢᠯᠭ᠎ᠠ ᠦᠩᠭᠡᠷᠡᠯᠲᠠ᠂ ᠣᠷᠣᠰᠢᠵᠣ ᠪᠠᠶᠢᠭ᠎ᠠ ᠠᠰᠠᠭᠤᠳᠠᠯ᠂ ᠬᠤᠶᠢᠰᠢᠲᠠ ᠶᠢᠨ ᠲᠦᠯᠦᠪᠯᠡᠭᠡ ᠵᠡᠷᠭᠡ ᠶᠢ ᠪᠠᠭᠲᠠᠭᠠᠨ᠎ᠠ᠃ ᠠᠵᠢᠯ ᠤᠨ ᠮᠡᠳᠡᠭᠦᠯᠦᠯᠲᠠ ᠨᠢ ᠬᠡᠷᠪᠡ ᠣᠷᠲᠣ ᠪᠣᠯ ᠣᠯᠠᠭᠠᠨ ᠮᠦᠷ ᠬᠤᠪᠢᠶᠠᠵᠣ ᠪᠢᠴᠢᠵᠦ ᠪᠣᠯᠣᠨ᠎ᠠ᠃ ᠪᠠᠶᠢᠳᠠᠯ ᠤᠨ ᠮᠡᠳᠡᠭᠦᠯᠦᠯᠲᠠ ᠶᠢᠨ ᠭᠤᠣᠯ ᠠᠭᠤᠯᠭ᠎ᠠ ᠶᠢᠨ ᠬᠡᠰᠡᠭ ᠲᠤ ᠶᠡᠷᠦ ᠳᠡᠭᠡᠨ ︽ᠨᠠᠢᠮᠠᠨ  ᠶᠠᠮᠠᠷ︾  ᠢ ᠲᠣᠳᠣᠷᠬᠠᠢ ᠪᠢᠴᠢᠨ᠎ᠠ᠄ ᠶᠠᠮᠠᠷ ᠴᠠᠭ᠂ ᠶᠠᠮᠠᠷ  ᠭᠠᠵᠠᠷ᠂ ᠶᠠᠮᠠᠷ ᠬᠦᠮᠦᠨ᠂ ᠶᠠᠮᠠᠷ ᠶᠠᠪᠣᠳᠠᠯ᠂ ᠶᠠᠮᠠᠷ ᠰᠢᠯᠲᠠᠭᠠᠨ᠂ ᠶᠠᠮᠠᠷ ᠦᠷ᠎ᠡ ᠳ᠋ᠦᠩ᠂ ᠶᠠᠮᠠᠷ ᠠᠰᠠᠭᠤᠳᠠᠯ᠂ ᠶᠠᠮᠠᠷ ᠰᠠᠨᠠᠭᠤᠯᠭ᠎ᠠ᠃ ᠬᠠᠷᠢᠭᠤᠯᠲᠠ ᠦᠭᠬᠦ ᠮᠡᠳᠡᠭᠦᠯᠦᠯᠲᠠ ᠡᠷᠬᠡᠪᠰᠢ ᠬᠠᠨᠳᠣᠯᠭ᠎ᠠ ᠲᠠᠢ ᠪᠠᠷ ᠠᠰᠠᠭᠤᠯᠲᠠ ᠬᠠᠷᠢᠭᠤᠯᠣᠨ᠎ᠠ᠂ ᠶᠠᠭᠤ ᠠᠰᠠᠭᠤᠪᠠᠯ ᠶᠠᠭᠤ ᠬᠠᠷᠢᠭᠤᠯᠣᠨ᠎ᠠ᠂ ᠬᠠᠷᠢᠨ ᠠᠰᠠᠭᠤᠭᠰᠠᠨ ᠠᠴᠠ ᠪᠣᠰᠣᠳ ᠢ ᠬᠠᠷᠢᠭᠤᠯᠵᠣ ᠪᠣᠯᠬᠤ ᠦᠭᠡᠢ᠃      4. ᠲᠡᠭᠦᠰᠬᠡᠯ ᠤᠨ ᠬᠡᠰᠡᠭ᠄ ᠠᠯᠪᠠᠨ ᠪᠢᠴᠢᠭ ᠲᠠᠷᠬᠠᠭᠠᠭᠰᠠᠨ ᠪᠠᠶᠢᠭᠤᠯᠭ᠎ᠠ ᠶᠢᠨ ᠭᠠᠷ ᠤᠨ ᠦᠰᠦᠭ᠂ ᠲᠠᠮᠠᠭ᠎ᠠ ᠪᠠ ᠡᠳᠦᠷ ᠰᠠᠷ᠎ᠠ ᠠᠴᠠ ᠪᠦᠷᠢᠯᠳᠦᠨ᠎ᠡ᠃      ᠮᠡᠳᠡᠭᠦᠯᠦᠯᠲᠠ ᠶᠢᠨ ᠪᠢᠴᠢᠭ ᠬᠠᠷ᠎ᠠ ᠶᠢ ᠳᠠᠷᠣᠮᠯᠠᠵᠣ ᠬᠡᠷᠡᠭᠯᠡᠬᠦ ᠭᠡᠪᠡᠯ᠂ ᠠᠷᠣ ᠳᠠᠬᠢ ᠪᠠᠭᠤᠯᠭᠠᠬᠤ ᠬᠡᠯᠬᠢᠶᠡᠰᠦ ᠶᠢ ᠳᠠᠷᠣᠭᠠᠷᠠᠢ︕      ᠪᠠᠭᠤᠯᠭᠠᠨ ᠳᠠᠷᠣᠮᠯᠠᠬᠤ ᠬᠡᠯᠬᠢᠶᠡᠰᠦ
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ