ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠡᠶᠢᠲᠡᠯᠡᠭᠰᠡᠨ 92 ᠵᠦᠢᠯ ᠤᠨ ︽ᠲᠠᠯᠪᠢᠬᠤ᠂  ᠬᠠᠮᠢᠶᠠᠷᠬᠤ᠂ ᠦᠢᠯᠡᠴᠢᠯᠡᠬᠦ︾ ᠠᠷᠭ᠎ᠠ ᠬᠡᠮᠵᠢᠶᠡᠨ ᠤ ᠵᠠᠮ ᠬᠠᠷᠢᠯᠴᠠᠭᠠᠨ ᠤ ᠦᠢᠯᠡᠴᠢᠯᠡᠭᠡ ᠬᠠᠮᠢᠶᠠᠷᠤᠯᠲᠠ ᠶᠢᠨ ᠲᠠᠯ᠎ᠠ ᠪᠠᠷ ᠬᠢ ᠪᠣᠳᠠᠲᠠᠢ ᠠᠷᠭ᠎ᠠ ᠠᠪᠴᠠᠯ
ᠨᠡᠶᠢᠲᠡᠯᠡᠭᠰᠡᠨ ᠴᠠᠭ᠄
2018/12/27
     ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠡᠶᠢᠲᠡᠯᠡᠭᠰᠡᠨ 92 ᠵᠦᠢᠯ ᠤᠨ ︽ᠲᠠᠯᠪᠢᠬᠤ᠂        ᠬᠠᠮᠢᠶᠠᠷᠬᠤ᠂ ᠦᠢᠯᠡᠴᠢᠯᠡᠬᠦ︾ ᠠᠷᠭ᠎ᠠ ᠬᠡᠮᠵᠢᠶᠡᠨ ᠤ ᠵᠠᠮ ᠬᠠᠷᠢᠯᠴᠠᠭᠠᠨ ᠤ ᠦᠢᠯᠡᠴᠢᠯᠡᠭᠡ      ᠬᠠᠮᠢᠶᠠᠷᠤᠯᠲᠠ ᠶᠢᠨ ᠲᠠᠯ᠎ᠠ ᠪᠠᠷ ᠬᠢ ᠪᠣᠳᠠᠲᠠᠢ ᠠᠷᠭ᠎ᠠ ᠠᠪᠴᠠᠯ           ᠲᠠᠪᠤ᠂ ᠵᠠᠮ ᠬᠠᠷᠢᠯᠴᠠᠭᠠᠨ ᠤ ᠦᠢᠯᠡᠴᠢᠯᠡᠭᠡ ᠬᠠᠮᠢᠶᠠᠷᠤᠯᠲᠠ ᠶᠢᠨ ᠲᠠᠯ᠎ᠠ ᠪᠠᠷ     54. ᠳᠥᠷᠪᠡᠨ ᠵᠦᠢᠯ ᠤᠨ ᠭᠤᠶᠤᠴᠢᠯᠠᠬᠤ ᠮᠠᠲ᠋ᠧᠷᠢᠶᠠᠯ ᠤᠨ ᠶᠠᠪᠤᠴᠠ ᠶᠢ ᠬᠠᠰᠤᠵᠤ ᠳᠥᠭᠦᠮᠴᠢᠯᠡᠪᠠ᠃ ᠪᠡᠶ᠎ᠡ ᠶᠢᠨ ᠭᠠᠷᠤᠯ ᠤᠨ ᠭᠡᠷᠡᠴᠢᠯᠡᠯᠲᠡ ᠶᠢ ᠳᠠᠷᠤᠮᠠᠯᠯᠠᠬᠤ ︵ᠬᠠᠭᠤᠯᠪᠤᠷᠢᠯᠠᠬᠤ︶ ᠶᠢ ᠦᠭᠡᠶᠢᠰᠬᠡᠵᠦ᠂ ᠭᠤᠶᠤᠴᠢᠯᠠᠬᠤ ᠬᠦᠰᠦᠨᠦᠭᠲᠦ ᠶᠢ ᠭᠠᠷ ᠢᠶᠠᠷ ᠲᠠᠭᠯᠠᠬᠤ ᠶᠢ ᠦᠭᠡᠶᠢᠰᠬᠡᠭᠰᠡᠨ᠂ ᠲᠡᠷᠭᠡᠨ ᠤ ᠢᠯᠭᠠᠨ ᠲᠠᠨᠢᠬᠤ ᠳ᠋ᠤᠭᠠᠷ ᠢ ᠦᠨ᠎ᠡ ᠲᠥᠯᠥᠪᠦᠷᠢ ᠦᠭᠡᠢ ᠪᠠᠷ ᠳᠠᠷᠤᠮᠠᠯᠯᠠᠵᠦ ᠥᠭᠭᠦᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠦᠨᠡᠮᠯᠡᠯ ᠤᠨ ᠭᠡᠷᠡᠴᠢᠯᠡᠭᠡ ᠨᠢ ᠰᠦᠯᠵᠢᠶ᠎ᠡ  ᠳᠤ ᠨᠡᠪᠲᠡᠷᠡᠭᠰᠡᠨ ᠪᠠᠶᠢᠪᠠᠯ᠂ ᠲᠡᠳᠡᠭᠡᠷ ᠮᠠᠲ᠋ᠧᠷᠢᠶᠠᠯ ᠢ ᠲᠤᠰᠢᠶᠠᠬᠤ ᠴᠢᠬᠤᠯᠠ ᠦᠭᠡᠢ ᠪᠣᠯᠭᠠᠪᠠ᠃     55.ᠳᠥᠭᠦᠮᠬᠡᠨ ᠭᠠᠷ ᠭᠦᠢᠴᠡᠳᠬᠡᠯ ᠢ ᠨᠢᠭᠡ ᠯᠡ ᠦᠨᠡᠮᠯᠡᠯ ᠢᠶᠠᠷ ᠰᠢᠢᠳᠪᠦᠷᠢᠯᠡᠨ᠎ᠡ᠃ ᠵᠢᠯᠣᠭᠤᠴᠢ ᠶᠢᠨ ᠦᠨᠡᠮᠯᠡᠯ ᠢᠶᠠᠨ ᠨᠦᠬᠦᠬᠦ ᠰᠣᠯᠢᠬᠤ ᠠᠪᠬᠤ ᠪᠤᠶᠤ ᠬᠢᠨᠠᠨ ᠰᠢᠯᠭᠠᠬᠤ᠂ ᠮᠠᠰᠢᠨ ᠲᠡᠷᠭᠡᠨ ᠤ ᠵᠠᠮᠨᠠᠬᠤ ︵ᠠᠶᠠᠯᠠᠬᠤ︶ ᠶᠢ ᠵᠦᠪᠰᠢᠶᠡᠷᠡᠬᠦ ᠦᠨᠡᠮᠯᠡᠯ ᠵᠡᠷᠭᠡ ᠶᠢ ᠨᠥᠬᠦᠵᠦ ᠠᠪᠬᠤ ᠵᠢᠯᠣᠭᠤᠴᠢ ᠪᠣᠯᠤᠨ ᠮᠠᠰᠢᠨ ᠲᠡᠷᠭᠡᠨ ᠤ ᠥᠮᠴᠢᠯᠡᠯ ᠤᠨ ᠡᠷᠬᠡ ᠲᠠᠢ ᠬᠥᠮᠦᠨ ᠤ ᠬᠠᠷᠢᠯᠴᠠᠬᠤ ᠤᠲᠠᠰᠤᠨ ᠳ᠋ᠤᠭᠠᠷ ᠢ ᠰᠣᠯᠢᠬᠤ ᠵᠡᠷᠭᠡ 18 ᠵᠦᠢᠯ ᠤᠨ ᠵᠢᠯᠣᠭᠤᠴᠢ ᠪᠣᠯᠤᠨ ᠲᠡᠷᠭᠡ ᠲᠠᠢ ᠬᠤᠯᠪᠣᠭᠳᠠᠬᠤ ᠭᠠᠷ ᠭᠦᠢᠴᠡᠳᠬᠡᠯ ᠳᠤ ᠵᠥᠪᠬᠡᠨ ᠲᠤᠬᠠᠶ ᠶᠢᠨ ᠬᠥᠮᠦᠨ ᠤ ᠪᠡᠶ᠎ᠡ ᠶᠢᠨ ᠦᠨᠡᠮᠯᠡᠯ ᠢᠶᠠᠷ ᠭᠠᠷ ᠭᠦᠢᠴᠡᠳᠬᠡᠯ ᠬᠢᠵᠦ ᠪᠣᠯᠤᠨ᠎ᠠ᠂ ᠤᠣᠯ ᠤᠨ ᠵᠢᠯᠣᠭᠤᠴᠢ ᠶᠢᠨ ᠦᠨᠡᠮᠯᠡᠯ ᠂ ᠲᠡᠷᠭᠡᠨ ᠤ ᠦᠨᠡᠮᠯᠡᠯ ᠢ ᠬᠢᠨᠠᠨ ᠬᠠᠷᠭᠤᠭᠤᠯᠬᠤ ᠪᠤᠶᠤ ᠬᠤᠷᠢᠶᠠᠵᠤ ᠠᠪᠬᠤ ᠵᠡᠷᠭᠡ ᠠᠯᠬᠤᠮ ᠳᠠᠷᠠᠭ᠎ᠠ ᠶᠢ ᠦᠭᠡᠶᠢᠰᠬᠡᠨ᠂ ᠳᠣᠲᠣᠭᠠᠳᠤ ᠰᠢᠰᠲ᠋ᠧᠮ ᠳᠤ ᠬᠢᠨᠠᠨ ᠬᠠᠷᠭᠤᠭᠤᠯᠤᠭᠠᠳ ᠠᠰᠠᠭᠤᠳᠠᠯ ᠦᠭᠡᠢ ᠪᠣᠯ ᠤᠭ ᠡᠬᠢ ᠮᠠᠲ᠋ᠧᠷᠢᠶᠠᠯ ᠤᠳ ᠢ ᠲᠤᠰᠢᠶᠠᠬᠤ ᠴᠢᠬᠤᠯᠠ ᠦᠭᠡᠢ ᠪᠣᠯᠪᠠ᠃      56.ᠨᠢᠭᠡ ᠯᠡ ᠴᠣᠩᠬᠤᠪᠴᠢ ᠳᠡᠭᠡᠷ᠎ᠡ ᠭᠠᠷ ᠭᠦᠢᠴᠡᠳᠬᠡᠯ ᠬᠢᠬᠦ ᠶᠢ ᠠᠬᠢᠭᠤᠯᠤᠨ᠎ᠠ᠃ ᠮᠠᠰᠢᠨ ᠲᠡᠷᠭᠡ᠂ ᠵᠢᠯᠣᠭᠤᠴᠢ ᠶᠢᠨ ᠬᠠᠮᠢᠶᠠᠲᠠᠶ ᠭᠠᠷ ᠭᠦᠢᠴᠡᠳᠬᠡᠯ ᠢ ᠨᠢᠭᠡ ᠯᠡ ᠴᠣᠩᠬᠤᠪᠴᠢ ᠳᠡᠭᠡᠷ᠎ᠡ ᠬᠦᠯᠢᠶᠡᠨ ᠠᠪᠴᠤ᠂ ᠲᠥᠪᠯᠡᠷᠡᠭᠦᠯᠦᠨ ᠭᠦᠢᠴᠡᠳᠬᠡᠬᠦ ᠶᠢ ᠠᠬᠢᠭᠤᠯᠤᠨ᠂ ᠡᠯᠧᠺᠲᠷᠣᠨ ᠰᠦᠢᠳᠬᠡᠯ ᠲᠤᠰᠢᠶᠠᠬᠤ ᠠᠷᠭ᠎ᠠ ᠶᠢ ᠠᠭᠠᠵᠢᠮ ᠢᠶᠠᠷ ᠲᠡᠭᠦᠯᠳᠡᠷᠵᠢᠭᠦᠯᠦᠨ᠂ ᠦᠢᠯᠡᠴᠢᠯᠡᠭᠡᠨ ᠤ ᠴᠣᠩᠬᠤᠪᠴᠢ ᠳᠤ ᠰᠦᠯᠵᠢᠶᠡᠨ ᠪᠠᠩᠬᠢ᠂ ᡁᠢ ᠹᠦ᠋ ᠪᠣᠣ᠂ ᠸᠢᠴᠠᠲ ᠵᠡᠷᠭᠡ ᠪᠠᠷ ᠰᠦᠢᠳᠬᠡᠯ ᠲᠤᠰᠢᠶᠠᠬᠤ ᠶᠢ ᠳᠡᠯᠭᠡᠷᠡᠭᠦᠯᠦᠨ᠂ ᠬᠦᠯᠢᠶᠡᠠ ᠠᠪᠬᠤ᠂ ᠬᠢᠨᠠᠨ ᠰᠢᠯᠭᠠᠯᠲᠠ ᠬᠢᠬᠦ᠂ ᠰᠦᠢᠳᠬᠡᠯ ᠲᠤᠰᠢᠶᠠᠬᠤ᠂ ᠦᠨᠡᠮᠯᠡᠯ ᠣᠯᠭᠤᠬᠤ ᠵᠡᠷᠭᠡ ᠳᠤ᠂ ︽ᠨᠢᠭᠡ ᠯᠡ ᠮᠥᠷᠯᠡᠨ᠂ ᠨᠢᠭᠡ ᠯᠡ ᠤᠳᠠᠭ᠎ᠠ ᠳᠤ ᠭᠦᠢᠴᠡᠳᠬᠡᠵᠦ ᠳᠠᠭᠤᠰᠬᠠᠬᠤ︾ ᠪᠣᠯᠭᠠᠨ᠎ᠠ᠃      57.ᠴᠡᠷᠢᠭ ᠠᠴᠠ ᠬᠠᠯᠠᠭᠳᠠᠭᠰᠠᠳ ᠰᠢᠨ᠎ᠡ ᠬᠡᠯᠪᠡᠷᠢ ᠶᠢᠨ ᠵᠢᠯᠣᠭᠤᠴᠢ ᠶᠢᠨ ᠦᠨᠡᠮᠯᠡᠯ ᠢᠶᠠᠨ ᠣᠷᠤᠨ ᠨᠤᠲᠤᠭ ᠤᠨ ᠵᠢᠯᠣᠭᠤᠴᠢ ᠶᠢᠨ ᠦᠨᠡᠮᠯᠡᠯ ᠢᠶᠠᠷ ᠰᠣᠯᠢᠬᠤ ᠳᠤ᠂ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠳᠣᠲᠣᠭᠠᠳᠤ ᠳᠠᠭᠠᠨ ᠬᠢᠨᠠᠨ ᠪᠠᠶᠢᠴᠠᠭᠠᠭᠠᠳ ᠠᠰᠭᠤᠳᠠᠯ ᠦᠭᠡᠢ ᠪᠣᠯ ᠰᠢᠭᠤᠳ ᠬᠠᠮᠢᠶ᠎ᠠ ᠪᠦᠬᠦᠢ ᠭᠠᠷ ᠭᠦᠢᠴᠡᠳᠬᠡᠯ ᠢ ᠬᠢᠵᠣ ᠥᠭᠭᠦᠨ᠎ᠠ᠃ ᠤᠤᠯ ᠤᠨ ᠴᠡᠷᠢᠭ ᠠᠩᠭᠢ ᠠᠴᠠ ᠪᠠᠨ ᠯᠠᠪᠯᠠᠨ ᠪᠠᠶᠢᠴᠠᠭᠠᠬᠤ ᠵᠠᠬᠢᠳᠠᠯ ᠵᠡᠷᠭᠡ ᠮᠠᠲ᠋ᠧᠷᠢᠶᠠᠯ ᠬᠠᠩᠭᠠᠬᠤ ᠴᠢᠬᠤᠯᠠ ᠦᠭᠡᠶ ᠪᠣᠯᠵᠠᠶ᠃      58. ᠣᠷᠣᠨ ᠤ ᠳᠣᠲᠣᠷᠠᠬᠢ ᠣᠨᠳᠣᠣ ᠭᠠᠵᠠᠷ ᠵᠢᠯᠣᠭᠤᠴᠢ ᠶᠢᠨ ᠦᠨᠡᠮᠯᠡᠯ ᠭᠤᠶᠤᠴᠢᠯᠠᠨ ᠠᠪᠬᠤ ᠳᠤ ᠳᠥᠭᠦᠮ ᠪᠣᠯᠭᠠᠨ᠎ᠠ᠃ ᠣᠷᠤᠨ ᠤ ᠳᠣᠲᠣᠷᠠᠬᠢ ᠡᠷᠦᠬᠡ ᠠᠮᠠ ᠶᠢᠨ ᠲᠠᠩᠰᠠ ᠲᠠᠢ ᠬᠥᠮᠦᠨ ᠣᠷᠣᠨ ᠤ ᠳᠣᠳᠤᠷᠠᠬᠢ ᠪᠣᠰᠣᠳ ᠭᠠᠵᠠᠷ ᠵᠢᠯᠣᠭᠤᠴᠢ ᠶᠢᠨ ᠦᠨᠡᠮᠯᠡᠯ ᠰᠢᠯᠭᠠᠭᠤᠯᠬᠤ ᠳᠤ᠂ ᠭᠤᠶᠤᠴᠢᠯᠠᠭᠴᠢ ᠥᠪᠡᠷ ᠤᠨ ᠪᠡᠶ᠎ᠡ ᠶᠢᠨ ᠦᠨᠡᠮᠯᠡᠯ ᠢᠶᠠᠷ ᠢᠶᠠᠨ ᠰᠢᠭᠤᠳ ᠭᠤᠶᠤᠴᠢᠯᠠᠵᠤ ᠪᠣᠯᠤᠨ᠎ᠠ᠂ ᠣᠷᠣᠰᠢᠨ ᠰᠠᠭᠤᠭᠴᠢ ᠶᠢᠨ ᠦᠨᠡᠮᠯᠡᠯ ᠱᠠᠭᠠᠷᠳᠠᠬᠤ ᠤᠢᠭᠡᠢ᠃      59.ᠣᠷᠣᠨ ᠤ ᠳᠣᠲᠣᠷ᠎ᠠ ᠠᠵᠢᠯᠯᠠᠵᠤ ᠠᠮᠢᠳᠤᠷᠠᠵᠤ ᠪᠠᠶᠢᠭ᠎ᠠ ᠭᠠᠳᠠᠷ ᠮᠤᠵᠢ ︵ᠣᠷᠣᠨ ᠤ︶ ᠶᠢᠨ ᠬᠥᠮᠥᠨ᠂ ᠲᠤᠬᠠᠶ ᠶᠢᠨ ᠠᠮᠢᠳᠤᠷᠠᠵᠤ ᠪᠠᠶᠢᠭ᠎ᠠ ᠠᠶᠢᠮᠠᠭ ᠬᠤᠲᠠ ᠳᠤ ᠪᠠᠨ ᠣᠷᠣᠰᠢᠨ ᠰᠠᠭᠤᠭᠴᠢ ᠶᠢᠨ ᠦᠨᠡᠮᠯᠡᠯ ᠪᠦᠷᠢᠳᠬᠡᠭᠦᠯᠦᠭᠰᠡᠨ ᠪᠣᠯ ᠮᠥᠨ ᠴᠦ ᠪᠦᠬᠦ ᠣᠷᠣᠨ ᠤ ᠬᠡᠪᠴᠢᠶᠡᠨ ᠳᠤ ᠵᠢᠵᠢᠭ ᠬᠡᠯᠪᠡᠷᠢ ᠶᠢᠨ ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ ᠭᠤᠶᠤᠴᠢᠯᠠᠵᠤ ᠪᠣᠯᠤᠨ᠎ᠠ᠃      60. ᠵᠢᠯᠣᠭᠤᠴᠢ ᠶᠢᠨ ᠰᠤᠷᠭᠠᠭᠤᠯᠢ ᠠᠴᠠ ᠰᠤᠷᠤᠭᠴᠢᠳ ᠤᠨ ᠡᠯ᠎ᠡ ᠲᠥᠷᠦᠯ ᠤᠨ ᠪᠣᠯᠪᠠᠰᠤᠷᠠᠯ ᠢ ᠴᠠᠭ ᠲᠡᠮᠳᠡᠭᠯᠡᠨ ᠪᠣᠯᠪᠠᠰᠤᠷᠠᠬᠰᠠᠨ ᠲᠡᠮᠳᠡᠭᠯᠡᠯ ᠲᠤᠰᠢᠶᠠᠬᠤ ᠶᠢ ᠦᠭᠡᠶᠢᠰᠬᠡᠵᠦ᠂ ᠲᠡᠭᠡᠭᠡᠪᠦᠷᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠢᠯᠣᠭᠤᠴᠢ ᠶᠢᠨ ᠴᠠᠭ ᠢ ᠲᠡᠮᠳᠡᠭᠯᠡᠨ ᠪᠣᠯᠪᠠᠰᠤᠷᠠᠬᠤ ᠰᠢᠰᠲ᠋ᠧᠮ ᠪᠣᠯᠣᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠢᠯᠣᠭᠤᠴᠢ ᠶᠢᠨ ᠰᠢᠯᠭᠠᠯᠲᠠ ᠶᠢᠨ ᠰᠢᠰᠲ᠋ᠧᠮ ᠢ ᠰᠦᠯᠵᠢᠶ᠎ᠡ ᠪᠠᠷ ᠬᠤᠯᠪᠣᠵᠤ᠂ ᠰᠦᠯᠵᠢᠶᠡᠨ ᠳᠡᠭᠡᠷ᠎ᠡ ᠠᠴᠠ ᠰᠢᠭᠤᠳ ᠡᠯ᠎ᠡ ᠲᠦᠷᠦᠯ ᠤᠨ ᠵᠢᠯᠣᠭᠤᠴᠢ ᠶᠢᠨ ᠪᠣᠯᠪᠠᠰᠤᠷᠠᠯ ᠢ ᠴᠠᠭ ᠲᠡᠮᠳᠡᠭᠯᠡᠨ ᠪᠣᠯᠪᠠᠰᠤᠷᠠᠭᠰᠠᠨ ᠲᠡᠮᠳᠡᠭᠯᠡᠯ ᠢ ᠬᠢᠨᠠᠨ ᠪᠠᠢᠴᠠᠭᠠᠵᠤ᠂ ᠵᠢᠯᠣᠭᠤᠴᠢ ᠶᠢᠨ ᠰᠤᠷᠭᠠᠭᠤᠯᠢ ᠰᠢᠯᠭᠠᠬᠤ ᠠᠴᠠ ᠡᠮᠦᠨᠡᠬᠢ ᠡᠯ᠎ᠡ ᠲᠦᠷᠦᠯ ᠤᠨ ᠴᠠᠭ ᠲᠡᠮᠳᠡᠭᠯᠡᠨ ᠪᠣᠯᠪᠠᠰᠤᠷᠠᠭᠰᠠᠨ ᠲᠡᠮᠳᠡᠭᠯᠡᠯ ᠢ ᠬᠠᠩᠭᠠᠬᠤ ᠬᠡᠷᠡᠭ ᠤᠢᠭᠡᠢ ᠪᠠᠶᠢᠵᠤ᠂ ᠰᠤᠷᠤᠭᠴᠢᠳ ᠤᠨ ᠴᠠᠭ ᠲᠤᠬᠠᠶ ᠳᠠᠭᠠᠨ ᠰᠢᠯᠭᠠᠬᠤ ᠪᠠᠷ ᠪᠣᠯᠵᠣᠬᠤ ᠳᠤ ᠳᠥᠭᠦᠮ ᠦᠵᠡᠭᠦᠯᠬᠦ ᠳᠥᠭᠦᠮ ᠪᠣᠯᠭᠠᠭᠰᠠᠨ ᠪᠠᠶᠢᠨ᠎ᠠ᠃      61. ᠲᠡᠷᠭᠡ ᠳᠠᠩᠰᠠᠯᠠᠬᠤ ᠶᠠᠪᠤᠴᠠ ᠶᠢ ᠳᠥᠭᠦᠮᠴᠢᠯᠡᠨ᠂ PDA ᠮᠡᠷᠭᠡᠵᠢᠯ ᠢᠶᠠᠷ ᠲᠡᠷᠭᠡ ᠬᠢᠨᠠᠨ ᠪᠠᠶᠢᠴᠠᠭᠠᠬᠤ ᠶᠢ ᠳᠡᠯᠭᠡᠷᠡᠭᠦᠯᠦᠨ᠂ ᠬᠢᠨᠠᠨ ᠪᠠᠶᠢᠴᠠᠭᠠᠯᠲᠠ ᠶᠢᠨ ᠦᠷ᠎ᠡ ᠳ᠋ᠦᠩ ᠢ ᠰᠤᠷᠠᠭ ᠵᠠᠩᠭᠢ ᠶᠢᠨ ᠬᠡᠯᠪᠡᠷᠢ ᠪᠠᠷ ᠵᠢᠯᠣᠭᠤᠴᠢ ᠳᠤ ᠬᠦᠷᠭᠡᠵᠦ ᠲᠡᠷᠭᠡ ᠳᠠᠩᠰᠠᠯᠠᠬᠤ ᠶᠠᠪᠤᠴᠠ ᠶᠢ ᠳᠥᠭᠦᠮᠴᠢᠯᠡᠪᠠ᠃      62.ᠲᠦᠷᠢᠮᠵᠢᠬᠦᠨ ᠵᠢᠯᠤᠭᠤᠳᠤᠮᠵᠢ ᠶᠢᠨ ᠦᠢᠯᠡᠴᠢᠯᠡᠭᠡ ᠶᠢ ᠬᠠᠩᠭᠠᠵᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠭᠠᠵᠠᠷ ᠲᠤ ᠭᠠᠷ ᠭᠦᠢᠴᠡᠳᠬᠡᠯ ᠬᠢᠬᠦ ᠠᠯᠬᠤᠮ ᠳᠠᠷᠠᠭ᠎ᠠ ᠶᠢ ᠵᠢᠷᠤᠭ ᠳᠦᠷᠰᠦ ᠶᠢᠨ ᠬᠡᠯᠪᠡᠷᠢ ᠪᠠᠷ ᠭᠠᠷᠭᠠᠵᠤ᠂ ᠦᠵᠡᠵᠦ ᠣᠶᠢᠯᠠᠭᠠᠬᠤ ᠳᠤ ᠳᠦᠭᠦᠮ ᠪᠣᠯᠭᠠᠨ᠂ ᠦᠨ᠎ᠡ ᠲᠥᠯᠥᠪᠦᠷᠢ ᠦᠬᠡᠢ ᠵᠢᠯᠣᠭᠤᠳᠬᠤ ᠦᠢᠯᠡᠴᠢᠯᠡᠭᠡ ᠬᠠᠩᠭᠠᠨ᠎ᠠ᠃      63. ᠮᠠᠰᠢᠨ ᠲᠡᠷᠭᠡ ᠶᠢ ᠮᠤᠵᠢ ᠠᠯᠤᠰᠯᠠᠨ ᠣᠨᠳᠣᠤ ᠭᠠᠵᠠᠷ ᠲᠤ ᠪᠠᠶᠢᠴᠠᠭᠠᠨ ᠰᠢᠯᠭᠠᠬᠤ ᠶᠢ ᠠᠬᠢᠭᠤᠯᠤᠨ᠎ᠠ᠂ ᠲᠤᠮᠤ ᠬᠡᠯᠪᠡᠷᠢ ᠶᠢᠨ ᠠᠶᠠᠨᠴᠢᠨ ᠤ ᠮᠠᠰᠢᠨ᠂ ᠰᠤᠷᠭᠠᠭᠤᠯᠢ ᠶᠢᠨ ᠲᠡᠷᠭᠡ  ᠂ ᠠᠶᠤᠯᠲᠠᠶ ᠡᠳ᠋ ᠪᠠᠷᠠᠭ᠎ᠠ ᠲᠡᠭᠡᠭᠡᠪᠦᠷᠢᠯᠡᠬᠦ ᠲᠡᠷᠭᠡ ᠠᠴᠠ ᠪᠤᠰᠤᠳ ᠮᠠᠰᠢᠨ ᠲᠡᠷᠭᠡᠨ ᠤ ᠮᠤᠵᠢ ︵ᠣᠷᠣᠨ᠂ ᠬᠤᠲᠠ︶ ᠠᠯᠤᠰᠯᠠᠨ ᠣᠨᠳᠣᠤ ᠭᠠᠵᠠᠷ ᠲᠤ ᠪᠠᠶᠢᠴᠠᠭᠠᠨ ᠰᠢᠯᠭᠠᠬᠤ ᠶᠢ ᠬᠡᠷᠡᠭᠵᠢᠭᠦᠯᠣᠨ᠎ᠠ᠃ ᠭᠤᠶᠤᠴᠢᠯᠠᠭᠴᠢ ᠨᠢ᠂ ᠮᠠᠰᠢᠨ ᠲᠡᠷᠭᠡ ᠳᠠᠩᠰᠠᠯᠠᠭᠤᠯᠤᠭᠰᠠᠨ ᠭᠠᠵᠠᠷ ᠠᠴᠠ ᠪᠤᠰᠤᠳ ᠮᠤᠵᠢ ︵ᠣᠷᠣᠨ᠂ ᠬᠤᠲᠠ︶  ᠳᠤ ᠰᠢᠭᠤᠳ ᠰᠢᠯᠭᠠᠨ ᠪᠠᠶᠢᠴᠠᠭᠠᠵᠤ᠂ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠲᠡᠮᠳᠡᠭ ︵ᠦᠨᠡᠮᠯᠡᠯ︶ ᠭᠤᠶᠤᠴᠢᠯᠠᠨ ᠠᠪᠴᠤ ᠪᠣᠯᠤᠨ᠎ᠠ᠂ ᠬᠠᠷᠢᠨ ᠨᠠᠶᠢᠳᠠᠵᠤ ᠰᠢᠯᠭᠠᠨ ᠪᠠᠶᠢᠴᠠᠭᠠᠯᠭᠠᠬᠤ ᠭᠠᠷ ᠭᠦᠢᠴᠡᠳᠬᠡᠯ ᠢ ᠬᠢᠬᠦ ᠬᠡᠷᠡᠭ ᠦᠭᠡᠢ᠃ 6 ᠵᠢᠯ ᠤᠨ ᠳᠣᠲᠣᠷ᠎ᠠ ᠪᠠᠶᠢᠴᠠᠭᠠᠬᠤ ᠴᠢᠬᠤᠯᠠ ᠦᠭᠡᠢ ᠲᠡᠷᠭᠡ ᠶᠢ᠂ ᠭᠤᠶᠤᠴᠢᠯᠠᠭᠴᠢ ᠨᠢ ᠮᠤᠵᠢ ᠠᠯᠤᠰᠯᠠᠨ ᠣᠨᠳᠣᠣ ᠭᠠᠵᠠᠷ ᠲᠤ ᠰᠢᠯᠭᠠᠨ ᠪᠠᠶᠢᠴᠠᠭᠠᠭᠰᠠᠨ ᠲᠡᠮᠳᠡᠭ ᠢ ᠭᠤᠶᠤᠴᠢᠯᠠᠨ ᠠᠪᠴᠤ ᠪᠣᠯᠤᠨ᠎ᠠ᠃      64. ᠮᠠᠰᠢᠨ ᠲᠡᠷᠭᠡ ᠶᠢᠨ ᠰᠢᠯᠭᠠᠨ ᠪᠠᠶᠢᠴᠠᠭᠠᠯᠲᠠ ᠶᠢᠨ ᠵᠢᠷᠤᠮ ︵ᠶᠠᠪᠤᠴᠠ︶ ᠢ ᠰᠢᠯᠢᠳᠡᠭᠵᠢᠭᠦᠯᠵᠤ᠂ ᠰᠦᠯᠵᠢᠶᠡᠨ ᠳᠡᠭᠡᠷ᠎ᠡ ᠲᠡᠷᠭᠡ ᠰᠢᠯᠭᠠᠨ ᠪᠠᠶᠢᠴᠠᠭᠠᠬᠤ ᠦᠢᠯᠡᠴᠢᠯᠡᠭᠡ ᠶᠢ ᠲᠥᠯᠬᠢᠨ ᠠᠬᠢᠭᠤᠯᠵᠤ᠂ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠢᠨᠲ᠋ᠧᠷ ᠰᠦᠯᠵᠢᠶ᠎ᠡ᠂ ᠭᠠᠷ ᠤᠲᠠᠰᠤᠨ ᠤ APP᠂ ᠠᠪᠢᠶᠠᠨ ᠤ ᠤᠲᠠᠰᠤ ᠵᠡᠷᠭᠡ ︽ ᠴᠡᠭ ᠠᠴᠠ ᠴᠡᠭ ᠲᠤ ᠬᠥᠷᠬᠦ ︾ ᠮᠠᠰᠢᠨ ᠲᠡᠷᠭᠡ ᠶᠢᠨ ᠰᠢᠯᠭᠠᠨ ᠪᠠᠶᠢᠴᠠᠭᠠᠯᠲᠠ ᠶᠢ ᠤᠷᠢᠳᠴᠢᠯᠠᠨ ᠪᠣᠯᠵᠣᠬᠤ ᠦᠢᠯᠡᠴᠢᠯᠡᠭᠡ ᠶᠢ ᠲᠦᠯᠬᠢᠨ ᠠᠬᠢᠭᠤᠯᠵᠤ᠂ ᠤᠷᠢᠳᠴᠢᠯᠠᠨ ᠪᠣᠯᠵᠣᠬᠤ ᠴᠣᠩᠬᠤᠪᠴᠢ ᠶᠢ ᠲᠣᠬᠢᠷᠠᠭᠤᠯᠤᠨ᠂ ᠤᠯᠠᠨ ᠲᠦᠮᠡᠨ ᠳᠤ ᠳᠦᠭᠦᠮ ᠦᠵᠡᠭᠦᠯᠵᠦ᠂ ︽ᠬᠦᠷᠦᠮᠡᠭᠴᠡ ᠲᠡᠷᠭᠡ ᠪᠠᠨ ᠰᠢᠯᠭᠠᠨ ᠪᠠᠶᠢᠴᠠᠭᠠᠬᠤ︾ ᠪᠣᠯᠭᠠᠨ᠎ᠠ᠃      65. ᠰᠦᠯᠵᠢᠶᠡᠨ ᠳᠡᠭᠡᠷ᠎ᠡ ᠠᠴᠠ ᠲᠡᠷᠭᠡ ᠰᠢᠯᠭᠠᠨ ᠪᠠᠶᠢᠴᠠᠭᠠᠬᠤ ᠠᠴᠠ ᠬᠡᠯᠲᠦᠷᠢᠭᠦᠯᠬᠦ ᠲᠡᠮᠳᠡᠭ ᠢ ᠭᠤᠶᠤᠴᠢᠯᠠᠨ ᠠᠪᠬᠤ ᠶᠢ ᠬᠡᠷᠡᠭᠵᠢᠭᠦᠯᠵᠦ᠂ ᠠᠶᠠᠯᠠᠨ ᠶᠠᠪᠤᠬᠤ ᠦᠨᠡᠮᠯᠡᠯ ᠢ ᠳᠠᠬᠢᠨ ᠴᠣᠬᠤᠬᠤ ᠴᠢᠬᠤᠯᠠ ᠦᠭᠡᠢ᠂ ᠰᠦᠯᠵᠢᠶᠡᠨ ᠳᠡᠭᠡᠷ᠎ᠡ ᠭᠤᠶᠤᠴᠢᠯᠠᠵᠤ ᠰᠢᠦᠳᠠᠨ ᠢᠶᠠᠷ ᠬᠦᠷᠭᠡᠬᠦ ᠶᠢ ᠪᠡᠶᠡᠯᠡᠭᠦᠯᠦᠨ᠎ᠡ᠃      66. ᠮᠠᠰᠢᠨ ᠲᠡᠷᠭᠡᠨ ᠤ ᠰᠢᠯᠭᠠᠨ ᠪᠠᠶᠢᠴᠠᠭᠠᠬᠤ ᠦᠢᠯᠡᠴᠢᠯᠡᠭᠡᠨ ᠤ ᠶᠠᠪᠤᠴᠠ ᠶᠢ ᠳᠥᠭᠦᠮᠴᠢᠯᠡᠵᠦ᠂ ᠰᠢᠯᠭᠠᠨ ᠪᠠᠶᠢᠴᠠᠭᠠᠬᠤ ᠪᠠᠶᠢᠭᠤᠯᠤᠮᠵᠢ ᠠᠴᠠ ᠡᠵᠡᠩᠨᠡᠯᠲᠡ ᠶᠢᠨ ᠪᠤᠰᠤ ᠵᠢᠵᠢᠭ ᠪᠢᠴᠢᠯ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠶᠢ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠤ ᠬᠤᠶᠢᠨ᠎ᠠ᠂ ᠲᠡᠷᠭᠡ ᠬᠥᠰᠬᠡ ᠶᠢᠨ ᠬᠠᠮᠢᠶᠠᠷᠤᠯᠲᠠ ᠶᠢᠨ ᠭᠠᠵᠠᠷ ᠤᠨ ᠬᠢᠨ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠲᠡᠮᠳᠡᠭ ᠢ ︵ᠠᠯᠤᠰ ᠠᠴᠠ︶ ᠤᠷᠢᠳᠠᠪᠠᠷ ᠣᠯᠭᠤᠵᠦ᠂ ᠳᠠᠷᠠᠭ᠎ᠠ  ᠨᠢ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠲᠡᠷᠭᠡᠨ ᠳᠣᠲᠣᠷ᠎ᠠ ᠠᠴᠠ ᠰᠤᠭᠤᠴᠢᠨ ︵ᠰᠣᠩᠭᠤᠨ︶ ᠪᠠᠶᠢᠴᠠᠭᠠᠵᠤ᠂ ᠡᠨᠡ ᠬᠦ ᠠᠵᠢᠯ ᠳᠤ ᠬᠢᠨᠠᠯᠲᠠ ᠲᠠᠯᠪᠢᠨ᠂ ᠰᠢᠯᠭᠠᠨ ᠪᠠᠶᠢᠴᠠᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠢᠯᠭᠠᠨ ᠪᠠᠶᠢᠴᠠᠭᠠᠬᠤ ᠠᠵᠢᠯ ᠤᠨ ᠳᠤᠮᠳᠠᠬᠢ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠣᠨ᠎ᠠ᠃      67. ︽ᠴᠠᠭᠳᠠᠭ᠎ᠠ᠂ ᠰᠢᠦᠳᠠᠠᠴᠢ ᠶᠢᠨ ᠬᠠᠮᠲᠤᠷᠠᠯᠴᠠᠭ᠎ᠠ ︾ ᠬᠡᠯᠪᠡᠷᠢ ᠶᠢᠨ ᠠᠵᠢᠯᠯᠠᠬᠤ ᠠᠷᠭ᠎ᠠ ᠶᠢ ᠲᠦᠭᠡᠮᠡᠯᠵᠢᠭᠦᠯᠵᠦ᠂ ᠰᠢᠦᠳᠠᠨ ᠤ ᠲᠦᠷᠭᠡᠨ ︵ᠪᠤᠤᠬᠢᠶ᠎ᠠ︶ ᠬᠦᠷᠭᠡᠯᠲᠡ ᠪᠠᠷ ᠠᠴᠢᠶᠠᠯᠠᠭᠴᠢ ᠪᠣᠯᠭᠠᠭᠰᠠᠨ ᠲᠡᠷᠭᠡ ᠬᠥᠰᠬᠡ ᠶᠢᠨ ᠬᠠᠮᠢᠶᠠᠷᠤᠯᠲᠠ ᠶᠢᠨ ᠵᠠᠭᠪᠤᠷ ᠢ ᠲᠡᠭᠦᠯᠳᠡᠷᠵᠢᠭᠦᠯᠦᠨ᠂ ᠰᠢᠦᠳᠠᠨ ᠬᠤᠯᠪᠣᠭᠠᠨ ᠤ ᠦᠢᠯᠡᠴᠢᠯᠡᠭᠡᠨ ᠤ ᠲᠣᠣᠷ ᠴᠡᠭ ᠲᠤ᠂ ᠮᠠᠰᠢᠨ ᠲᠡᠷᠭᠡᠨ ᠤ ᠨᠣᠮᠧᠷ ᠤᠨ ᠫᠠᠶᠢᠰᠠ᠂ ᠵᠠᠮᠨᠠᠬᠤ ᠦᠨᠡᠮᠯᠡᠯ᠂ ᠪᠠᠶᠢᠴᠠᠭᠠᠯᠲᠠ ᠳᠤ ᠬᠢᠷᠢ ᠲᠡᠩᠴᠡᠭᠰᠡᠨ ᠲᠡᠮᠲᠡᠭ ᠢ ᠨᠥᠬᠦᠬᠦ ᠪᠤᠶᠤ ᠰᠣᠯᠢᠵᠤ ᠠᠪᠬᠤ᠂ ᠮᠠᠰᠢᠨ ᠲᠡᠷᠭᠡ ᠵᠢᠯᠣᠭᠤᠳᠬᠤ ᠦᠨᠡᠮᠯᠡᠯ ᠢᠶᠠᠨ ᠨᠥᠬᠦᠬᠦ ᠪᠤᠶᠤ ᠰᠣᠯᠢᠬᠤ᠂ ᠵᠢᠷᠭᠤᠭᠠᠨ ᠵᠢᠯ ᠤᠨ ᠳᠣᠲᠣᠷ᠎ᠠ ᠪᠠᠶᠢᠴᠠᠭᠠᠬᠤ ᠠᠴᠠ ᠬᠡᠯᠲᠦᠷᠢᠭᠦᠯᠬᠦ ᠲᠡᠷᠭᠡ ᠬᠥᠰᠬᠡ ᠶᠢ ᠰᠢᠯᠭᠠᠨ ᠪᠠᠶᠢᠴᠠᠭᠠᠭᠰᠠᠨ ᠲᠡᠮᠳᠡᠭ ᠢ ᠭᠤᠶᠤᠴᠢᠯᠠᠨ ᠠᠪᠬᠤ᠂ ᠵᠢᠯᠣᠭᠤᠴᠢ ᠶᠢ ᠬᠤᠪᠢᠷᠠᠭᠤᠯᠬᠤ ᠪᠣᠯᠤᠨ ᠮᠠᠰᠢᠨ ᠲᠡᠷᠭᠡᠨ ᠤ ᠥᠮᠴᠢᠯᠡᠭᠴᠢ ᠶᠢᠨ ᠬᠠᠷᠢᠯᠴᠠᠬᠤ ᠠᠷᠭ᠎ᠠ ᠶᠢ ᠰᠣᠯᠢᠬᠤ ᠵᠡᠷᠭᠡ ᠲᠡᠷᠭᠡ ᠬᠥᠰᠬᠡ ᠶᠢᠨ ᠲᠤᠬᠠᠶᠢᠯᠠᠭᠰᠠᠨ ᠠᠵᠢᠯ ᠤᠨ ᠠᠯᠤᠰ ᠡᠵᠡᠮᠰᠢᠯ ᠤᠨ ᠦᠢᠯᠡᠴᠢᠯᠡᠭᠡ ᠶᠢ ᠲᠡᠭᠦᠯᠳᠡᠷᠵᠢᠭᠦᠯᠤᠨ᠎ᠠ᠃      68. ᠬᠤᠰᠢᠭᠤ ᠰᠢᠶᠠᠨ ︵ᠲᠣᠭᠤᠷᠢᠭ︶ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠲᠡᠷᠭᠡ ᠬᠥᠰᠬᠡ ᠶᠢᠨ ᠬᠠᠮᠢᠶᠠᠷᠤᠯᠲᠠ ᠶᠢᠨ ᠭᠠᠵᠠᠷ  ᠲᠤ᠂ ᠮᠠᠰᠢᠨ ᠲᠡᠷᠭᠡ ᠶᠢᠨ ᠲᠦᠷ ᠴᠠᠭ ᠤᠨ ᠨᠣᠮᠧᠷ ᠤᠨ ᠫᠠᠶᠢᠰᠠ ᠶᠢ ᠳᠠᠩᠰᠠᠯᠬᠤ᠂ ᠲᠦᠷᠢᠶᠡᠰᠦᠨ ᠮᠠᠰᠢᠨ ᠲᠡᠷᠭᠡ ᠶᠢ ᠳᠡᠩᠰᠡᠯᠡᠬᠤ᠂ ᠰᠢᠯᠭᠠᠯᠲᠠ ᠶᠢᠨ ᠲᠤᠬᠠᠶᠢᠯᠠᠭᠰᠠᠨ ᠠᠵᠢᠯ᠂ ᠮᠠᠰᠢᠨ ᠲᠡᠷᠭᠡ ᠶᠢ ᠣᠨᠳᠣᠤ ᠭᠠᠵᠠᠷ ᠲᠤ ᠬᠡᠷᠡᠭᠯᠡᠭᠡᠨ ᠠᠴᠠ ᠭᠠᠷᠭᠠᠬᠤ ᠵᠡᠷᠭᠡ 38 ᠵᠦᠢᠯ ᠤᠨ ᠲᠤᠬᠠᠶᠢᠯᠠᠭᠰᠠᠨ ᠠᠵᠢᠯ ᠤᠳ  ᠢ ᠰᠢᠭᠤᠳ ᠭᠦᠢᠴᠡᠳᠬᠡᠵᠦ ᠪᠣᠯᠬᠤ ᠮᠥᠷᠲᠡᠭᠡᠨ ᠳᠠᠭᠠᠤ   ᠳᠤᠨᠢ  ᠦᠢᠯᠡᠴᠢᠯᠡᠭᠡᠨ  ᠤ  ᠲᠣᠤᠷ  ᠴᠡᠭ  ᠨᠡᠮᠡᠵᠦ᠂ ᠲᠤᠬᠠᠶᠢᠯᠠᠭᠰᠠᠨ ᠠᠵᠢᠯ ᠤᠨ ᠲᠥᠪ ᠢ ᠲᠠᠷᠬᠠᠵᠤ᠂ ᠡᠯ᠎ᠡ ᠦᠢᠯᠡᠴᠢᠯᠡᠭᠡᠨ ᠤ ᠥᠷᠲᠡᠭᠡ ᠴᠡᠭ ᠬᠦᠷᠲᠡᠯ᠎ᠡ ᠥᠷᠭᠡᠳᠬᠡᠨ᠂ ᠤᠯᠠᠨ ᠲᠦᠮᠡᠨ ᠤ ᠬᠠᠮᠤᠭ ᠤᠨ ᠣᠶᠢᠷᠠᠬᠠᠨ ᠴᠡᠭ ᠲᠤ ᠬᠦᠷᠴᠦ ᠬᠠᠮᠢᠶ᠎ᠠ ᠪᠦᠬᠦᠢ ᠭᠠᠷ ᠭᠦᠢᠴᠡᠳᠬᠡᠯ ᠬᠢᠬᠦ ᠳᠤ ᠳᠥᠭᠦᠮ ᠳᠥᠲᠡ ᠪᠣᠯᠭᠠᠪᠠ᠃      69. ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ ᠢ ᠬᠢᠵᠦ ᠵᠣᠬᠢᠶᠠᠬᠤ ᠠᠵᠢᠯ ᠢ ᠬᠤᠰᠢᠭᠤ ᠰᠢᠶᠠᠨ ᠤ ᠱᠠᠲᠤᠨ ᠤ ᠲᠡᠷᠭᠡ ᠬᠠᠮᠢᠶᠠᠷᠬᠤ ᠭᠠᠵᠠᠷ ᠲᠤ ᠳᠠᠭᠠᠯᠭᠠᠵᠤ᠂ ᠡᠯ᠎ᠡ ᠬᠢᠴᠢᠶᠡᠯ ᠲᠥᠷᠥᠯ ᠤᠨ ᠰᠢᠯᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ᠂ ᠡᠯ᠎ᠡ ᠭᠠᠵᠠᠷ ᠤᠨ ᠲᠡᠷᠭᠡ ᠬᠥᠰᠬᠡ ᠬᠠᠮᠢᠶᠠᠷᠬᠤ ᠭᠠᠵᠠᠷ  ᠠᠴᠠ ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ ᠢ ᠦᠢᠯᠡᠳᠴᠦ᠂ ︵ᠦᠨᠡᠮᠯᠡᠯ︶ ᠣᠯᠭᠤᠨ᠎ᠠ᠃      70. ᠪᠤᠶᠢᠳᠠ ᠪᠥᠭᠯᠡᠭᠦᠦ ᠮᠠᠯᠵᠢᠬᠤ ᠲᠠᠷᠢᠶᠠᠯᠠᠬᠤ ᠣᠷᠣᠨ ᠤ ᠲᠣᠮᠢᠯᠠᠭᠰᠠᠨ ᠰᠠᠯᠪᠤᠷᠢ ᠳᠤ ᠨᠠᠶᠢᠳᠠᠵᠤ᠂ ᠲᠡᠷᠭᠡ ᠬᠥᠰᠬᠡ ᠶᠢᠨ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠢ ᠠᠬᠢᠭᠤᠯᠤᠨ᠎ᠠ᠃ ᠵᠢᠯᠣᠭᠤᠴᠢ ᠶᠢᠨ ᠦᠨᠡᠮᠯᠡᠯ ᠢᠶᠠᠨ ᠨᠥᠬᠦᠬᠦ ᠰᠣᠯᠢᠬᠤ᠂ ᠬᠢᠨᠠᠨ ᠪᠠᠶᠢᠴᠠᠭᠠᠯᠭᠠᠬᠤ᠂ ᠪᠡᠶ᠎ᠡ ᠶᠢᠨ ᠪᠠᠶᠢᠴᠠᠭᠠᠯᠲᠠ ᠶᠢᠨ ᠭᠡᠷᠡᠴᠢ ᠲᠤᠰᠢᠶᠠᠬᠤ᠂ ᠵᠠᠮᠨᠠᠬᠤ ᠦᠨᠡᠮᠯᠡᠯ ᠵᠢᠴᠢ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠲᠡᠮᠳᠡᠭ ︵ᠦᠨᠡᠮᠯᠡᠯ︶ ᠨᠥᠬᠦᠬᠦ ᠪᠤᠶᠤ ᠭᠤᠶᠤᠴᠢᠯᠠᠨ ᠠᠪᠬᠤ᠂ ᠮᠠᠰᠢᠨ ᠲᠡᠷᠭᠡ ᠶᠢ 6 ᠵᠢᠯ ᠪᠠᠶᠢᠴᠠᠭᠠᠬᠤ ᠠᠴᠠ ᠬᠡᠯᠲᠦᠷᠢᠭᠦᠯᠬᠦ ᠢᠯᠡᠳᠬᠡᠮᠵᠢ ᠳᠡᠮᠳᠡᠭ ᠢ ᠭᠤᠶᠤᠴᠢᠯᠠᠨ ᠠᠪᠬᠤ ᠵᠡᠷᠭᠡ ᠲᠡᠷᠭᠡ ᠬᠥᠰᠬᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠪᠤᠶᠢᠳᠠ ᠪᠥᠭᠯᠡᠭᠦᠤ ᠭᠠᠵᠠᠷ ᠣᠷᠣᠨ ᠤ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠳᠤ ᠨᠠᠶᠢᠳᠠᠵᠤ ᠭᠦᠢᠴᠡᠳᠬᠡᠭᠦᠯᠦᠨ᠎ᠡ᠃      71. ᠬᠤᠰᠢᠭᠤ ᠰᠢᠶᠠᠨ ᠤ ᠱᠠᠲᠤᠨ ᠤ ᠲᠡᠷᠭᠡ ᠬᠥᠰᠬᠡ ᠬᠠᠮᠢᠶᠠᠷᠬᠤ ᠭᠠᠵᠠᠷ ᠨᠢ᠂ ᠤᠯᠠᠷᠢᠯ ᠪᠦᠷᠢ ᠳᠤ ᠬᠠᠮᠤᠭ ᠪᠠᠭ᠎ᠠ ᠳᠠᠭᠠᠨ ᠨᠢᠭᠡ ᠤᠳᠠᠭ᠎ᠠ ᠬᠠᠷᠢᠶ᠎ᠠ ᠣᠷᠣᠨ ᠤ ᠪᠠᠨ ᠰᠢᠶᠠᠩ᠂ ᠪᠠᠯᠭᠠᠰᠤ᠂ ᠰᠤᠮᠤᠨ ᠳᠤ ᠭᠦᠨᠵᠡᠭᠡᠶᠢᠷᠡᠨ ᠰᠢᠨ᠎ᠡ ᠮᠣᠲ᠋ᠣᠷ ᠲᠡᠷᠭᠡ ᠶᠢ ᠳᠠᠩᠰᠠᠯᠠᠬᠤ᠂ ᠰᠢᠯᠭᠠᠨ ᠪᠠᠶᠢᠴᠠᠭᠠᠬᠤ ᠵᠢᠴᠢ ᠮᠣᠲ᠋ᠣᠷ ᠲᠡᠷᠭᠡ ᠵᠢᠯᠣᠭᠤᠳᠬᠤ ︵ᠤᠨᠤᠬᠤ︶ ᠦᠨᠡᠮᠯᠡᠯ ᠢ ᠰᠢᠯᠭᠠᠬᠤ᠂ ᠦᠨᠡᠮᠯᠡᠯ ᠢᠶᠠᠨ ᠨᠥᠬᠦᠬᠦ ᠪᠤᠶᠤ ᠰᠣᠯᠢᠬᠤ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠨ᠎ᠡ᠃      72. ᠮᠣᠲ᠋ᠣᠷ ᠲᠡᠷᠭᠡᠨ ᠤ ︵D᠂ E᠂ F ᠦᠨᠡᠮᠯᠡᠯ︶ ᠵᠢᠯᠣᠭᠤᠴᠢ ᠶᠢᠨ ᠰᠢᠯᠭᠠᠯᠲᠠ ᠶᠢᠨ ᠶᠠᠪᠤᠴᠠ ᠶᠢ ᠳᠥᠭᠦᠮᠴᠢᠯᠡᠵᠦ᠂ ᠵᠢᠯᠣᠭᠤᠴᠢ ᠬᠤᠰᠢᠭᠤ ᠰᠢᠶᠠᠨ  ᠤ ᠱᠠᠲᠤᠨ ᠤ ᠲᠡᠷᠭᠡ ᠬᠥᠰᠬᠡ ᠬᠠᠮᠢᠶᠠᠷᠬᠤ ᠭᠠᠵᠠᠷ ᠲᠤ ᠨᠡᠷ᠎ᠡ ᠮᠡᠳᠡᠭᠦᠯᠦᠨ ᠰᠢᠯᠭᠠᠯᠲᠠ ᠬᠢᠵᠦ᠂ ᠬᠢᠷᠢ ᠲᠡᠩᠴᠡᠪᠡᠯ ᠦᠨᠡᠮᠯᠡᠯ ᠣᠯᠭᠤᠨ᠎ᠠ᠂ ᠵᠢᠯᠣᠭᠤᠴᠢ ᠶᠢᠨ ᠰᠤᠷᠭᠠᠭᠤᠯᠢ ᠶᠢᠨ ᠪᠣᠯᠪᠠᠰᠤᠷᠠᠭᠤᠯᠤᠯ ᠳᠤ ᠨᠡᠷ᠎ᠡ ᠮᠡᠳᠡᠭᠦᠯᠵᠦ ᠵᠥᠪᠰᠢᠶᠡᠷᠡᠭᠦᠯᠬᠦ ᠬᠡᠷᠡᠭ ᠦᠭᠡᠢ᠃      73. ᠵᠢᠵᠢᠭ ᠬᠡᠯᠪᠡᠷᠢ ᠶᠢᠨ ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ ᠢᠶᠠᠨ ᠨᠥᠬᠦᠬᠦ ᠪᠤᠶᠤ ᠰᠣᠯᠢᠬᠤ᠂ ᠮᠠᠰᠢᠨ ᠲᠡᠷᠭᠡ ᠶᠢᠨ ᠨᠣᠮᠧᠷ ᠤᠨ ᠫᠠᠶᠢᠰᠠ ᠶᠢ ᠨᠥᠬᠦᠬᠦ ᠪᠤᠶᠤ ᠰᠣᠯᠢᠬᠤ᠂ ᠮᠠᠰᠢᠨ ᠲᠡᠷᠭᠡᠨ ᠤ ᠵᠠᠮᠨᠠᠬᠤ ︵ᠠᠶᠠᠯᠠᠨ ᠶᠠᠪᠤᠬᠤ︶ ᠦᠨᠡᠮᠯᠡᠯ ᠢ ᠨᠥᠬᠦᠬᠦ ᠪᠤᠶᠤ ᠰᠣᠯᠢᠬᠤ ᠵᠡᠷᠭᠡ ᠵᠢᠵᠢᠭ ᠬᠡᠯᠪᠡᠷᠢ ᠶᠢᠨ ᠮᠠᠰᠢᠨ ᠲᠡᠷᠭᠡᠨ  ᠤ ᠲᠤᠬᠠᠶᠢᠯᠠᠭᠰᠠᠨ ᠠᠵᠢᠯ ᠢ ᠡᠯ᠎ᠡ ᠭᠠᠵᠠᠷ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠳᠤᠮᠳᠠ ᠠᠩᠭᠢ ᠳᠤ ᠰᠶᠢᠳᠪᠦᠷᠢᠯᠡᠨ᠎ᠠ᠃      74. ᠬᠥᠮᠦᠨ ᠠᠮᠠ ᠨᠢᠭᠲᠠᠷᠬᠠᠰᠠᠨ ᠲᠠᠯᠠᠪᠤᠷ ᠲᠤ᠂ ᠬᠡᠷᠡᠭ ᠰᠢᠢᠳᠪᠦᠷᠢᠯᠡᠵᠦ ᠦᠨᠡᠮᠯᠡᠯ ᠭᠠᠷᠭᠠᠵᠤ ᠥᠭᠬᠦ ᠲᠣᠣᠷ ᠴᠡᠭ ᠢ ᠨᠡᠮᠡᠨ ᠪᠠᠶᠢᠭᠤᠯᠵᠤ᠂ ᠬᠤᠰᠢᠭᠤ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠥᠪ ᠤᠨ ᠶᠡᠭᠡ ᠲᠢᠩᠬᠢᠮ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠵᠡᠷᠭᠡ ᠬᠥᠮᠦᠨ ᠠᠮᠠ ᠨᠢᠭᠲᠠᠷᠬᠠᠰᠠᠨ ᠲᠠᠯᠠᠪᠤᠷ ᠲᠤ ᠲᠡᠷᠭᠡ ᠬᠥᠰᠬᠡ ᠬᠠᠮᠢᠶᠠᠷᠬᠤ ᠲᠤᠬᠠᠶᠢᠯᠠᠭᠰᠠᠨ ᠠᠵᠢᠯ ᠤᠨ ᠲᠣᠣᠷ ᠴᠡᠭ ᠢ ᠨᠡᠮᠡᠵᠦ ᠲᠣᠬᠢᠷᠠᠭᠤᠯᠬᠤ ᠠᠵᠢᠯ ᠢ ᠢᠳᠡᠪᠬᠢᠲᠡᠶ ᠠᠬᠢᠭᠤᠯᠣᠨ᠂ ᠤᠯᠠᠨ ᠲᠦᠮᠡᠨ ᠤ ᠣᠶᠢᠷᠠᠯᠴᠠᠭᠠᠬᠢ ᠭᠠᠵᠠᠷ ᠲᠤ ᠬᠡᠷᠡᠭ ᠰᠢᠢᠳᠪᠦᠷᠢᠯᠡᠬᠦ ᠳᠤ ᠳᠦᠭᠦᠮ ᠦᠵᠡᠭᠦᠯᠣᠨ᠎ᠠ᠃      75. ᠨᠡᠶᠢᠭᠡᠮ ᠤᠨ ᠪᠠᠶᠢᠭᠤᠯᠤᠮᠵᠢ ᠳᠤ ᠨᠠᠶᠢᠳᠠᠨ ᠲᠡᠷᠭᠡ ᠬᠥᠰᠬᠡ ᠬᠠᠮᠢᠶᠠᠷᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠢ ᠠᠬᠢᠭᠤᠯᠤᠨ᠎ᠠ᠂ ᠨᠥᠬᠦᠴᠡᠯ ᠳᠤ ᠨᠡᠶᠢᠴᠡᠬᠦ ᠮᠠᠰᠢᠨ ᠲᠡᠷᠭᠡ ᠪᠣᠷᠣᠯᠠᠭᠤᠯᠬᠤ ᠠᠵᠤ ᠠᠬᠤᠶᠢᠯᠠᠯ᠂ ᠭᠠᠷ ᠳᠠᠮᠵᠢᠭᠰᠠᠨ ᠮᠠᠰᠢᠨ ᠲᠡᠷᠭᠡᠨ ᠤ ᠰᠣᠯᠢᠯᠴᠠᠭᠠᠨ ᠤ ᠵᠠᠬ᠎ᠠ ᠳᠡᠯᠭᠡᠭᠦᠷ ᠵᠡᠷᠭᠡ ᠨᠡᠶᠢᠭᠡᠮ ᠤᠨ ᠪᠠᠶᠢᠭᠤᠯᠤᠮᠵᠢ ᠳᠤ ᠨᠠᠶᠢᠳᠠᠵᠤ ᠲᠡᠷᠭᠡ ᠬᠥᠰᠬᠡ ᠶᠢ ᠬᠠᠮᠢᠶᠠᠷᠬᠤ ᠲᠤᠬᠠᠶᠢᠯᠠᠭᠰᠠᠨ ᠠᠵᠢᠯ ᠢ ᠣᠷᠣᠯᠠᠨ ᠭᠦᠢᠴᠡᠳᠬᠡᠭᠦᠯᠦᠨ᠎ᠡ᠃ ᠤᠯᠤᠰ ᠲᠠᠭᠠᠨ ᠦᠢᠯᠡᠳᠪᠦᠷᠢᠯᠡᠭᠰᠡᠨ ᠵᠢᠵᠢᠭ ᠬᠡᠯᠪᠡᠷᠢ ᠶᠢᠨ ᠦᠯᠦ ᠪᠠᠶᠢᠴᠠᠭᠠᠬᠤ ᠲᠡᠷᠭᠡ ᠬᠥᠰᠬᠡ ᠶᠢ ᠳᠠᠩᠰᠠᠯᠠᠭᠤᠯᠤᠨ ᠲᠡᠮᠳᠡᠭᠯᠡᠭᠦᠯᠬᠦ᠂ ᠭᠠᠷ ᠳᠠᠮᠵᠢᠭᠰᠠᠨ ᠮᠠᠰᠢᠨ ᠲᠡᠷᠭᠡ ᠶᠢ ᠰᠢᠯᠵᠢᠭᠦᠯᠦᠨ ᠥᠭᠬᠦ ᠲᠠᠩᠰᠠᠯᠠᠯᠳᠠ᠂ ᠵᠢᠯᠣᠭᠤᠴᠢ ᠶᠢᠨ ᠦᠨᠡᠮᠯᠡᠯ ᠢ ᠨᠥᠬᠦᠬᠦ ᠪᠤᠶᠤ ᠰᠣᠯᠢᠬᠤ᠂ ᠬᠢᠨᠠᠨ ᠬᠠᠷᠭᠤᠭᠤᠯᠤᠭᠠᠳ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠢᠯᠡᠳᠬᠡᠮᠵᠢ ᠳᠡᠮᠳᠡᠭ ᠢ ᠲᠠᠷᠬᠠᠭᠠᠬᠤ ᠵᠡᠷᠭᠡ ᠲᠤᠬᠠᠶᠢᠯᠠᠭᠰᠠᠨ ᠠᠵᠢᠯ ᠢ ᠳᠡᠭᠡᠷ᠎ᠡ ᠳᠤᠷᠠᠳᠤᠭᠰᠠᠨ ᠨᠡᠶᠢᠭᠡᠮ ᠤᠨ ᠪᠠᠶᠢᠭᠤᠯᠤᠮᠵᠢ  ᠳᠤ ᠳᠠᠭᠠᠭᠠᠯᠭᠠᠵᠤ ᠥᠭᠭᠦᠨ᠂ ᠤᠯᠠᠨ ᠲᠦᠮᠡᠨ ᠤ ᠦᠢᠷ᠎ᠠ ᠬᠠᠪᠢ ᠳᠠᠭᠠᠨ ᠲᠡᠷᠭᠡ ᠬᠥᠰᠬᠡ ᠶᠢᠨ ᠲᠤᠬᠠᠶᠢᠯᠠᠭᠰᠠᠨ ᠠᠵᠢᠯ  ᠢ ᠭᠦᠢᠴᠡᠳᠬᠡᠬᠦ ᠳᠤ ᠳᠥᠭᠦᠮ ᠦᠵᠡᠭᠦᠯᠦᠨ᠎ᠡ᠃      76. ᠲᠡᠷᠭᠡ ᠬᠥᠰᠬᠡ ᠶᠢ ᠬᠠᠮᠢᠶᠠᠷᠬᠤ ᠭᠠᠵᠠᠷ ᠲᠤ ᠠᠦ᠋ᠲ᠋ᠣ᠋ ᠦᠢᠯᠡᠴᠢᠯᠡᠬᠦ ᠲᠣᠭᠤᠷᠢᠭ  ᠲᠣᠬᠢᠷᠠᠭᠤᠯᠤᠨ᠂ ᠠᠦ᠋ᠲ᠋ᠣ᠋ ᠦᠢᠯᠡᠴᠢᠯᠡᠭᠡ ᠶᠢ ᠳᠡᠯᠭᠡᠷᠡᠭᠦᠯᠵᠦ᠂ ᠵᠢᠯᠣᠭᠤᠴᠢ ᠶᠢᠨ ᠦᠨᠡᠮᠯᠡᠯ ᠰᠣᠯᠢᠬᠤ ᠨᠥᠬᠦᠬᠦ᠂ ᠮᠠᠰᠢᠨ ᠲᠡᠷᠭᠡ ᠶᠢᠨ ᠨᠣᠮᠧᠷ ᠰᠣᠩᠭᠤᠬᠤ᠂ ᠮᠡᠳᠡᠭᠡ ᠵᠠᠩᠭᠢ ᠪᠠᠨ ᠵᠠᠰᠠᠵᠤ ᠬᠤᠪᠢᠷᠠᠭᠤᠯᠬᠤ᠂ ᠵᠠᠮ ᠬᠠᠷᠢᠯᠴᠠᠭᠠᠨ ᠤ ᠬᠠᠤᠯᠢ ᠵᠥᠷᠢᠴᠡᠭᠰᠡᠨ ᠠᠵᠢᠯᠯᠠᠭ᠎ᠠ ᠪᠠᠨ ᠰᠢᠢᠳᠪᠦᠷᠢᠯᠡᠬᠦ ᠵᠡᠷᠭᠡ ᠦᠢᠯᠡᠴᠢᠯᠡᠭᠡ ᠶᠢ ᠬᠠᠩᠭᠠᠵᠤ᠂ ᠪᠡᠶ᠎ᠡ ᠶᠢᠨ ᠭᠠᠷᠤᠯ ᠤᠨ ᠭᠡᠷᠡᠴᠢᠯᠡᠭᠡ᠂ ᠬᠦᠯᠢᠶᠡᠨ ᠠᠪᠴᠤ ᠬᠢᠨᠠᠨ ᠬᠠᠷᠭᠤᠭᠤᠯᠬᠤ᠂ ᠰᠦᠢᠳᠬᠡᠯ ᠲᠤᠰᠢᠶᠠᠬᠤ ᠵᠡᠷᠭᠡ ᠪᠦᠬᠦ ᠶᠠᠪᠤᠴᠠ ᠳᠤ ᠥᠪᠡᠷᠲᠡᠭᠡᠨ ᠡᠵᠡᠨ ᠮᠡᠳᠡᠨ ᠠᠦ᠋ᠲ᠋ᠣ᠋ ᠪᠠᠷ ᠰᠢᠢᠳᠪᠦᠷᠢᠯᠡᠵᠦ᠂ ᠴᠣᠩᠬᠤᠪᠴᠢ ᠠᠴᠠ ᠵᠠᠷᠢᠮ ᠮᠠᠲ᠋ᠧᠷᠢᠶᠠᠯ ᠢ ᠭᠠᠷᠭᠠᠨ ᠠᠪᠬᠤ ᠪᠤᠶᠤ ᠰᠢᠦᠳᠠᠨ ᠤ ᠲᠦᠷᠭᠡᠨ ᠬᠦᠷᠭᠡᠯᠲᠡ  ᠪᠠᠷ ᠬᠦᠷᠭᠡᠯᠭᠡᠵᠦ ᠪᠣᠯᠤᠨ᠎ᠠ᠃      77. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ︵ᠳᠤᠮᠳᠠ︶ ᠠᠩᠭᠢ᠂ ᠮᠠᠰᠢᠨ ᠲᠡᠷᠭᠡ ᠳᠠᠩᠰᠠᠯᠠᠭᠤᠯᠬᠤ ᠦᠢᠯᠡᠴᠢᠯᠡᠭᠡᠨ ᠤ ᠥᠷᠲᠡᠭᠡ᠂ ᠰᠢᠯᠭᠠᠨ ᠪᠠᠶᠢᠴᠠᠭᠠᠬᠤ ᠪᠠᠶᠢᠭᠤᠯᠤᠮᠵᠢ ᠵᠡᠷᠭᠡ ᠭᠠᠵᠠᠷ ᠲᠤ ᠠᠦ᠋ᠲ᠋ᠣ᠋ ᠦᠢᠯᠡᠴᠢᠯᠡᠬᠦ ᠲᠥᠬᠦᠭᠡᠷᠦᠮᠵᠢ ᠶᠢ ᠢᠳᠡᠪᠬᠢᠲᠡᠶ ᠲᠣᠬᠢᠷᠠᠭᠤᠯᠵᠤ᠂ ᠣᠯᠠᠨ ᠲᠦᠮᠡᠨ ᠤ ᠣᠶᠢᠷ᠎ᠠ ᠬᠠᠪᠢ ᠳᠠᠬᠢ ᠭᠠᠵᠠᠷ ᠲᠤ ᠪᠤᠶᠤ ᠥᠪᠡᠰᠦᠪᠡᠨ ᠡᠵᠡᠨ ᠮᠡᠳᠡᠨ ᠠᠦ᠋ᠲ᠋ᠣ᠋ ᠮᠠᠰᠢᠨ ᠳᠡᠭᠡᠷ᠎ᠡ ᠰᠢᠢᠳᠪᠦᠷᠢᠯᠡᠬᠦ ᠳᠤᠨᠢ ᠲᠥᠬᠦᠮ ᠦᠵᠡᠭᠦᠯᠦᠨ᠎ᠡ᠃      78. ᠢᠨᠲ᠋ᠧᠷ ᠰᠦᠯᠵᠢᠶᠡᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠪᠠ ︽ᠵᠠᠮ ᠨᠡᠪᠲᠡᠷᠡᠯᠭᠡ ᠶᠢᠨ ᠬᠠᠮᠢᠶᠠᠷᠤᠯᠲᠠ ᠶᠢᠨ 12123︾ ᠭᠠᠷ ᠤᠲᠠᠰᠤᠨ ᠤ APP ᠵᠡᠷᠭᠡ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠦᠷᠦᠯ ᠵᠦᠢᠯ ᠤᠨ ᠦᠢᠯᠡᠴᠢᠯᠡᠭᠡ ᠶᠢ ᠥᠷᠭᠡᠳᠬᠡᠵᠦ᠂ ᠵᠢᠯᠣᠭᠤᠴᠢ ᠶᠢᠨ ᠰᠢᠯᠭᠠᠯᠲᠠ ᠶᠢ ᠤᠷᠢᠳᠴᠢᠯᠠᠨ ᠪᠣᠯᠵᠣᠬᠤ᠂ ᠮᠠᠰᠢᠨ ᠲᠡᠷᠭᠡ ᠶᠢᠨ ᠨᠣᠮᠧᠷ ᠰᠣᠩᠭᠤᠬᠤ᠂ ᠵᠢᠯᠤᠭᠤᠴᠢ ᠶᠢᠨ ᠦᠨᠡᠮᠯᠡᠯ ᠨᠥᠬᠦᠬᠦ ᠰᠣᠯᠢᠬᠤ ᠭᠤᠶᠤᠴᠢᠯᠠᠨ ᠠᠪᠬᠤ ᠵᠡᠷᠭᠡ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠠᠬᠢᠭᠤᠯᠤᠨ᠂ ᠰᠦᠯᠵᠢᠶᠡᠨ ᠳᠡᠭᠡᠷ᠎ᠡ ᠬᠦᠯᠢᠶᠡᠨ ᠠᠪᠴᠤ ᠰᠢᠢᠳᠪᠦᠷᠢᠯᠡᠬᠦ ᠭᠤᠶᠤᠴᠢᠯᠠᠯ ᠭᠠᠷᠭᠠᠵᠤ᠂ ᠬᠠᠮᠢᠶ᠎ᠠ ᠪᠦᠬᠦᠢ ᠮᠡᠳᠡᠭᠡ ᠵᠠᠩᠭᠢ ᠶᠢ ᠠᠷᠤ ᠲᠠᠪᠴᠠᠩ ᠠᠴᠠ ᠬᠢᠨᠠᠨ ᠬᠠᠷᠭᠤᠭᠤᠯᠵᠤ᠂ ᠫᠠᠶᠢᠰᠠ᠂ ᠦᠨᠡᠮᠯᠡᠯ ᠢ ᠰᠢᠦᠳᠠᠨ ᠢᠶᠠᠷ ᠬᠦᠷᠭᠡᠵᠦ ᠪᠣᠯᠤᠨ᠎ᠠ᠃      79. ᠮᠠᠰᠢᠨ ᠲᠡᠷᠭᠡᠨ ᠤ ᠵᠢᠯᠣᠭᠤᠴᠢ  ᠶᠢᠨ  ︽ ᠬᠤᠶᠠᠷ  ᠬᠥᠮᠦᠵᠢᠯ  ︾  ︵ ᠪᠦᠷᠢᠨ  ᠬᠤᠪᠢ ᠶᠢᠨ ᠰᠤᠷᠤᠯᠴᠠᠯᠭ᠎ᠠ᠂ ᠬᠢᠨᠠᠨ ᠰᠢᠯᠭᠠᠬᠤ ᠬᠥᠮᠦᠵᠢᠯ ︶  ᠤᠨ  ᠲᠤᠬᠠᠶᠢᠯᠠᠭᠰᠠᠨ  ᠠᠵᠢᠯ   ᠤᠨ ᠡᠷᠬᠡ  ᠶᠢ  ᠳᠣᠷᠣᠭᠰᠢ  ᠪᠠᠭᠤᠯᠭᠠᠵᠤ᠂ ᠬᠤᠰᠢᠭᠤ ᠰᠢᠶᠠᠨ ᠤ ᠱᠠᠲᠤᠨ ᠤ ᠲᠡᠷᠭᠡ ᠬᠠᠮᠢᠶᠠᠷᠬᠤ ᠭᠠᠵᠠᠷ ᠠᠴᠠ ︽ᠬᠤᠶᠠᠷ ᠬᠥᠮᠦᠵᠢᠯ︾ ᠬᠢᠬᠦ ᠢᠨᠲ᠋ᠧᠷ ᠰᠦᠯᠵᠢᠶᠡᠨ ᠤ ᠰᠤᠷᠤᠯᠴᠠᠯᠭ᠎ᠠ ᠶᠢᠨ ᠵᠠᠭᠪᠤᠷ ᠢ ᠳᠡᠯᠭᠡᠷᠡᠭᠦᠯᠵᠦ᠂ ᠵᠢᠯᠣᠭᠤᠴᠢ ᠪᠡᠶ᠎ᠡ ᠪᠠᠨ ᠳᠠᠭᠠᠭᠠᠵᠤ ᠰᠠᠶᠢᠨ ᠰᠤᠷᠤᠯᠴᠠᠬᠤ ᠵᠢᠴᠢ ᠬᠢᠨᠠᠨ ᠰᠢᠯᠭᠠᠬᠤ ᠬᠥᠮᠦᠵᠢᠯ ᠢ ᠪᠦᠷᠢᠨ ᠪᠡᠶᠡᠯᠡᠭᠦᠯᠵᠦ᠂ ᠢᠨᠲ᠋ᠧᠷ ᠰᠦᠯᠵᠢᠶ᠎ᠡ ᠂ ᠰᠦᠯᠵᠢᠶᠡᠨ ᠤ ᠲᠠᠪᠴᠠᠩ ᠢᠶᠠᠷ ᠳᠠᠮᠵᠢᠭᠤᠯᠤᠨ ᠤᠨᠤᠯ ᠤᠨ ᠮᠡᠳᠡᠯᠭᠡ ᠰᠤᠷᠤᠯᠴᠠᠬᠤ ᠶᠢ ᠪᠡᠶᠡᠯᠡᠭᠦᠯᠦᠨ᠎ᠡ᠃      80. ᠠᠷᠠᠳ ᠤᠨ ᠰᠢᠭᠦᠬᠦ ᠬᠤᠷᠢᠶ᠎ᠠ᠂ ᠳᠠᠭᠠᠳᠬᠠᠯ ᠤᠨ ᠪᠠᠶᠢᠭᠤᠯᠤᠮᠵᠢ ᠶᠢᠨ ᠲᠤᠭ᠎ᠠ ᠪᠠᠷᠢᠮᠲᠠ ︵ᠳ᠋ᠠᠶᠢᠲ᠋ᠠ︶ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠤᠨ᠂ ᠮᠡᠳᠡᠭᠡ ᠵᠠᠩᠭᠢ ᠪᠠᠨ ᠬᠠᠷᠢᠯᠴᠠᠨ ᠰᠣᠯᠢᠯᠴᠠᠵᠣ ᠬᠠᠮᠲᠤ ᠪᠠᠷ ᠡᠳ᠋ᠯᠡᠬᠦ ᠲᠠᠪᠴᠠᠩ ᠢ ᠪᠠᠶᠢᠭᠤᠯᠵᠤ᠂ ᠵᠠᠮ ᠬᠠᠷᠢᠯᠴᠠᠭᠠᠨ ᠤ ᠠᠳᠡᠯ ᠤᠨ ᠮᠡᠳᠡᠭᠡ ᠵᠠᠩᠭᠢ ᠶᠢ ᠰᠠᠯᠠᠭ᠎ᠠ ᠮᠥᠴᠢᠷ ᠠᠯᠤᠰᠯᠠᠨ ᠴᠠᠭ ᠲᠤᠬᠠᠶ ᠳᠤᠨᠢ ᠠᠰᠠᠭᠤᠨ ᠯᠠᠪᠯᠠᠵᠦ᠂ ᠴᠠᠭ ᠲᠤᠬᠠᠶ ᠳᠤᠨᠢ ᠬᠠᠷᠢᠭᠤ ᠲᠤᠰᠬᠠᠬᠤ ᠶᠢ ᠪᠡᠶᠡᠯᠡᠭᠦᠯᠦᠨ᠎ᠡ᠂ ᠲᠡᠷᠭᠡᠨ ᠤ ᠬᠤᠬᠢᠷᠠᠯ᠂ ᠠᠳᠡᠯ ᠢ ᠰᠦᠯᠵᠢᠶᠡᠨ ᠳᠡᠭᠡᠷ᠎ᠡ ᠬᠦᠯᠢᠶᠡᠨ ᠠᠪᠴᠤ ᠰᠢᠢᠳᠪᠦᠷᠢᠯᠡᠬᠦ᠂ ᠰᠦᠯᠵᠢᠶᠡᠨ ᠳᠡᠭᠡᠷ᠎ᠡ ᠬᠠᠷᠢᠭᠤᠴᠠᠯᠭ᠎ᠠ ᠲᠣᠭᠲᠠᠭᠠᠬᠤ᠂ ᠰᠦᠯᠵᠢᠶᠡᠨ ᠳᠡᠭᠡᠷ᠎ᠡ ᠵᠥᠪᠳᠡᠯᠴᠡᠬᠦ᠂ ᠰᠦᠯᠵᠢᠶᠡᠨ ᠳᠡᠭᠡᠷ᠎ᠡ ᠬᠤᠬᠢᠷᠠᠯ ᠤᠨ ᠬᠡᠮᠵᠢᠶ᠎ᠡ ᠶᠢ ᠲᠣᠭᠲᠠᠭᠠᠬᠤ᠂ ᠰᠦᠯᠵᠢᠶᠡᠨ ᠳᠡᠭᠡᠷ᠎ᠡ ᠲᠥᠯᠥᠬᠦ ᠶᠢ ᠠᠬᠢᠭᠤᠯᠤᠨ᠎ᠠ᠃      81. ︽ᠰᠦᠯᠵᠢᠶ᠎ᠡ ᠪᠠᠷ ᠲᠤᠭ᠎ᠠ ᠪᠠᠷᠢᠮᠲᠠ ᠶᠢ ᠨᠢᠭᠡ ᠴᠣᠭᠴᠠᠵᠢᠭᠤᠯᠵᠣ ᠰᠢᠢᠳᠪᠦᠷᠢᠯᠡᠬᠦ︾ ᠵᠠᠭᠪᠤᠷ ᠲᠤ ᠲᠦᠰᠢᠭᠯᠡᠨ᠂ ᠲᠤᠬᠠᠶ ᠶᠢᠨ ᠬᠥᠮᠦᠨ ᠢ ᠢᠳᠡᠪᠬᠢᠲᠡᠶ ᠬᠥᠲᠥᠯᠥᠨ ᠵᠢᠯᠣᠭᠤᠳᠴᠤ᠂ ᠳᠠᠭᠠᠳᠬᠠᠯ ᠤᠨ ᠠᠵᠢᠯ ᠲᠥᠷᠥᠯ ᠤᠨ ᠠᠷᠠᠳ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠪᠠᠷ ᠳᠠᠮᠵᠢᠭᠤᠯᠤᠨ ᠭᠡᠨᠡᠳᠡᠯ ︵ᠠᠳᠡᠯ︶ ᠤᠨ ᠬᠤᠬᠢᠷᠠᠯ ᠬᠥᠨᠥᠭᠡᠯ ᠤᠴᠠᠷᠠᠭᠤᠯᠤᠭᠰᠠᠨ ᠲᠥᠯᠥᠪᠦᠷᠢ ᠶᠢᠨ ᠵᠢᠭᠤᠷᠠᠯᠳᠤᠭᠠᠨ ᠢ ᠰᠢᠢᠳᠪᠦᠷᠢᠯᠡᠨ᠂ ᠲᠡᠷᠭᠡᠨ ᠠᠳᠡᠯ ᠠᠴᠠ ᠪᠣᠯᠣᠭᠰᠠᠨ ᠵᠥᠷᠢᠴᠡᠯ ᠵᠢᠭᠤᠷᠠᠯᠳᠣᠭᠠᠨ ᠢ ᠲᠥᠪ ᠭᠤᠣᠯᠴᠢ᠂ ᠥᠨᠳᠥᠷ ᠪᠦᠲᠦᠮᠵᠢᠲᠡᠶ ᠰᠢᠢᠳᠪᠦᠷᠢᠯᠡᠬᠦ ᠶᠢ ᠠᠬᠢᠭᠤᠯᠤᠨ᠎ᠠ᠃      82. ᠵᠠᠮ ᠬᠠᠷᠢᠯᠴᠠᠭᠠᠨ ᠤ ᠠᠳᠡᠯ ᠢ ᠲᠦᠷᠭᠡᠨ ᠰᠢᠢᠳᠪᠦᠷᠢᠯᠡᠵᠦ ᠳᠥᠯᠥᠬᠦ ᠲᠣᠭᠲᠠᠴᠠ ᠶᠢ ᠲᠡᠭᠦᠯᠳᠡᠷᠵᠢᠭᠦᠯᠵᠦ᠂ ︽ᠴᠠᠭᠳᠠᠭ᠎ᠠ ᠰᠢᠤᠳᠠᠨᠴᠢ ᠬᠠᠮᠲᠤᠷᠠᠨ ᠠᠵᠢᠯᠯᠠᠬᠤ︾ ᠰᠢᠨ᠎ᠡ ᠬᠡᠪ ᠵᠠᠭᠪᠤᠷ ᠢ ᠬᠡᠷᠡᠭᠵᠢᠭᠦᠯᠦᠨ᠂ ᠳᠠᠭᠠᠳᠬᠠᠯ ᠤᠨ ᠪᠠᠶᠢᠭᠤᠯᠤᠮᠵᠢ ᠲᠠᠢ ᠢᠳᠡᠪᠬᠢᠳᠡᠢ ᠬᠠᠮᠵᠢᠯᠴᠠᠵᠤ᠂ ︽ ᠴᠠᠭᠳᠠᠭ᠎ᠠ  ᠰᠢᠤᠳᠠᠨᠴᠢ  ᠬᠠᠮᠲᠤᠷᠠᠨ  ᠠᠵᠢᠯᠯᠠᠬᠤ  ︾ ᠲᠣᠭᠲᠠᠴᠠ ᠶᠢ ᠪᠠᠶᠢᠭᠤᠯᠵᠤ᠂ ᠳᠠᠭᠠᠳᠬᠠᠯ ᠤᠨ ᠺᠣᠮᠫᠠᠨᠢ ᠶᠢᠨ ᠲᠥᠯᠥᠪᠦᠷᠢ ᠥᠭᠬᠦ ᠶᠢ ᠬᠠᠷᠢᠭᠤᠴᠠᠭᠴᠢ᠂ ᠴᠠᠭᠳᠠᠭ᠎ᠠ ᠲᠠᠢ ᠬᠠᠮᠲᠤ ᠵᠠᠮ ᠳᠡᠭᠡᠷ᠎ᠡ ᠴᠠᠭᠳᠠᠨ ᠪᠠᠶᠢᠴᠠᠭᠠᠬᠤ ᠶᠢ ᠲᠦᠯᠬᠢᠨ ᠠᠬᠢᠭᠤᠯᠵᠤ᠂ ᠵᠠᠮ ᠬᠠᠷᠢᠯᠴᠠᠭᠠᠨ ᠤ ᠠᠳᠡᠯ ᠭᠠᠷᠣᠭᠰᠠᠭᠠᠷ᠂ ᠬᠠᠮᠤᠭ ᠲᠡᠷᠢᠭᠦᠨ ᠳᠤ ᠣᠯᠵᠤ ᠮᠡᠳᠡᠨ᠂ ᠡ᠊ᠨᠳᠡᠯ ᠤᠨ ᠲᠤᠬᠠᠶ ᠶᠢᠨ ᠲᠠᠯᠠᠪᠤᠷ ᠲᠤ ᠬᠦᠷᠬᠦ ᠶᠢ ᠠᠬᠢᠭᠤᠯᠤᠨ᠂ ︽ᠵᠠᠮ ᠨᠡᠪᠲᠡᠷᠡᠯᠭᠡ ᠶᠢᠨ ᠬᠠᠮᠢᠶᠠᠷᠤᠯᠲᠠ 12123︾ ᠵᠠᠮ ᠬᠠᠷᠢᠯᠴᠠᠭᠠᠨ ᠤ ᠠᠳᠡᠯ ᠢ ᠲᠦᠷᠭᠡᠨ ᠰᠢᠢᠳᠪᠦᠷᠢᠯᠡᠵᠤ ᠳᠥᠯᠥᠬᠦ ᠰᠢᠰᠲ᠋ᠧᠮ ᠢᠶᠠᠷ ᠳᠠᠮᠵᠢᠨ᠂ ᠵᠠᠮ ᠬᠠᠷᠢᠯᠴᠠᠭᠠᠨ ᠤ ᠠᠳᠡᠯ ᠠᠴᠠ ᠡᠭᠦᠰᠦᠭᠰᠡᠨ ᠡᠳ᠋ ᠬᠦᠷᠦᠩᠭᠡ ᠶᠢᠨ ᠬᠤᠬᠢᠷᠠᠯ ᠢ ᠲᠦᠷᠭᠡᠨ ᠰᠢᠢᠳᠪᠦᠷᠢᠯᠡᠨ᠂ ᠵᠠᠮ ᠬᠠᠷᠢᠯᠴᠠᠭᠠᠨ ᠤ ᠭᠡᠨᠡᠳᠡᠯ ᠢ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠵᠠᠮ ᠬᠠᠷᠢᠯᠴᠠᠭᠠᠨ ᠤ ᠠᠳᠡᠯ ᠢ ᠲᠦᠷᠭᠡᠨ ᠰᠢᠢᠳᠪᠦᠷᠢᠯᠡᠵᠦ ᠳᠥᠯᠥᠬᠦ ᠲᠣᠭᠲᠠᠴᠠ ᠶᠢ ᠮᠠᠯᠵᠢᠬᠤ ᠲᠠᠷᠢᠶᠠᠯᠠᠬᠤ ᠣᠷᠣᠨ ᠳᠠᠰᠢ ᠦᠷᠭᠡᠳᠬᠡᠨ᠂ ᠮᠠᠯᠵᠢᠬᠤ ᠣᠷᠣᠨ ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠠᠳᠡᠯ ᠢ ᠲᠦᠷᠭᠡᠨ ᠰᠢᠢᠳᠪᠦᠷᠢᠯᠡᠬᠦ ᠲᠤᠰᠠᠯᠠᠭᠴᠢ ᠶᠢᠨ ᠡᠩᠨᠡᠭᠡ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠬᠡᠨ᠂ ᠲᠤᠬᠠᠶ ᠶᠢᠨ ᠬᠥᠮᠦᠨ ᠳᠤ ᠬᠠᠮᠵᠢᠨ ᠮᠠᠯᠵᠢᠬᠤ ᠣᠷᠣᠨ ᠬᠥᠳᠡᠭᠡ ᠲᠣᠰᠬᠤᠨ ᠳᠤ ᠡᠭᠦᠰᠦᠭᠰᠡᠨ ᠵᠠᠮ ᠬᠠᠷᠢᠯᠴᠠᠭᠠᠨ ᠤ ᠠᠳᠡᠯ᠂ ᠡᠳ᠋ ᠬᠦᠷᠦᠩᠭᠡ ᠶᠢᠨ ᠬᠤᠬᠢᠷᠠᠯ ᠢ ᠴᠠᠭ ᠲᠤᠬᠠᠢ ᠳᠤ ᠨᠢ ᠬᠦᠯᠢᠶᠡᠨ ᠠᠪᠴᠤ ᠲᠦᠷᠭᠡᠨ ᠰᠢᠢᠳᠪᠦᠷᠢᠯᠡᠵᠤ ᠲᠥᠯᠦᠬᠦ ᠶᠢ ᠪᠡᠶᠡᠯᠡᠭᠦᠯᠦᠨ᠎ᠡ᠃      83. ᠵᠠᠮ ᠬᠠᠷᠢᠯᠴᠠᠭᠠᠨ ᠤ ᠠᠳᠡᠯ ᠤᠨ ᠠᠪᠤᠷᠠᠨ ᠲᠤᠰᠠᠯᠠᠬᠤ ᠰᠠᠭᠤᠷᠢ ᠮᠥᠩᠭᠦᠨ ᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠂ ᠵᠠᠮ ᠬᠠᠷᠢᠯᠴᠠᠭᠠᠨ ᠤ ᠠᠳᠡᠯ ᠤᠨ ᠠᠪᠤᠷᠠᠨ ᠲᠤᠰᠠᠯᠠᠬᠤ ᠰᠠᠭᠤᠷᠢ ᠮᠥᠩᠭᠦ ᠶᠢ ᠬᠢᠨᠠᠨ ᠵᠥᠪᠰᠢᠶᠡᠷᠡᠬᠦ ᠠᠵᠢᠯ ᠢ 5 ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠵᠤ᠂ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠭᠰᠡᠨ ᠵᠠᠮ ᠬᠠᠷᠢᠯᠴᠠᠭᠠᠨ ᠤ ᠠᠳᠡᠯ ᠤᠨ ᠬᠤᠣᠷ ︵ᠬᠤᠬᠢᠷᠠᠯ︶ ᠠᠮᠰᠠᠭᠴᠢ ᠶᠢ ᠴᠠᠭ ᠲᠤᠬᠠᠶ ᠳᠤᠨᠢ ᠠᠪᠤᠷᠠᠨ ᠲᠤᠰᠠᠯᠠᠬᠤ ᠶᠢ ᠪᠠᠳᠤᠯᠠᠨ᠎ᠠ᠃      84. ︽ᠥᠪᠥᠷ ᠮᠣᠩᠭᠤᠯ ᠤᠨ ᠵᠠᠮ ᠬᠠᠷᠢᠯᠴᠠᠭᠠᠨ ᠤ ᠠᠳᠡᠯ ᠤᠨ ᠡᠮ ᠡᠮᠨᠡᠯᠭᠡ ᠶᠢᠨ ᠵᠠᠷᠤᠳᠠᠯ ᠢ ᠲᠦᠷᠭᠡᠨ ᠥᠭᠬᠦ ︵ᠲᠦᠯᠦᠬᠦ︶ ᠲᠥᠷᠥᠯ ᠵᠦᠢᠯ︾ ᠢ ᠳᠡᠯᠭᠡᠷᠡᠭᠦᠯᠵᠦ᠂ ᠵᠠᠮ ᠬᠠᠷᠢᠯᠴᠠᠭᠠᠨ ᠤ ᠠᠳᠡᠯ ᠳᠤ᠂ ᠤᠷᠢᠳᠠᠪᠡᠷ ᠰᠢᠷᠬᠠᠲᠤᠭᠰᠠᠳ ᠢ ᠠᠪᠤᠷᠠᠨ ᠡᠮᠨᠡᠭᠦᠯᠵᠤ᠂ ᠳᠠᠷᠠᠭ᠎ᠠ   ᠨᠢ  ᠬᠢᠨᠠᠨ  ᠬᠠᠷᠭᠤᠭᠤᠯᠵᠤ  ᠲᠥᠯᠥᠪᠦᠷᠢ  ᠥᠭᠬᠦ  ᠶᠢ  ᠪᠡᠶᠡᠯᠡᠭᠦᠯᠦᠨ᠂ ᠬᠤᠬᠢᠷᠠᠯ ᠠᠮᠰᠠᠭᠴᠢᠳ ᠢ ᠴᠠᠭ ᠲᠤᠬᠠᠶ ᠳᠤᠨᠢ ᠪᠦᠬᠦ ᠲᠠᠯ᠎ᠠ ᠪᠠᠷ ᠠᠪᠤᠷᠠᠨ ᠡᠮᠨᠡᠭᠦᠯᠬᠦ ᠶᠢ ᠠᠬᠢᠭᠤᠯᠤᠨ᠎ᠠ᠃      85.ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠠ ᠡᠯ᠎ᠡ ᠭᠠᠵᠠᠷ ᠣᠷᠣᠨ ᠤ ᠬᠤᠰᠢᠭᠤ ᠰᠢᠶᠠᠨ ᠤ ᠱᠠᠲᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠲᠠᠢ ᠬᠠᠮᠳᠤᠷᠠᠨ ᠠᠵᠢᠯᠯᠠᠵᠤ᠂ ᠵᠢᠯᠣᠭᠤᠴᠢ ᠶᠢᠨ ᠪᠡᠶ᠎ᠡ ᠶᠢᠨ ᠪᠠᠶᠢᠴᠠᠭᠠᠯᠲᠠ ᠶᠢᠨ ᠲᠤᠬᠠᠶᠢᠯᠠᠭᠰᠠᠨ ᠠᠵᠢᠯ ᠢ ᠰᠤᠮᠤ ᠰᠢᠶᠠᠩ᠂ ᠪᠠᠯᠭᠠᠰᠤᠨ ᠤ ᠭᠤᠣᠯ ᠪᠣᠯᠬᠤ ᠡᠷᠡᠭᠦᠯ ᠬᠠᠮᠠᠭᠠᠯᠠᠯ ᠤᠨ ᠬᠤᠷᠢᠶ᠎ᠠ ᠪᠤᠶᠣ ᠲᠦᠪ ᠲᠤ ᠨᠠᠶᠢᠳᠠᠨ ᠭᠦᠢᠴᠡᠳᠬᠡᠬᠦᠯᠦᠨ᠎ᠠ᠂ ᠤᠯᠠᠨ ᠲᠦᠮᠡᠨ ᠤ ᠦᠢᠷ᠎ᠠ ᠬᠠᠪᠢ ᠳᠠᠭᠠᠨ ᠪᠡᠶ᠎ᠡ ᠶᠢᠨ ᠪᠠᠶᠢᠴᠠᠭᠠᠯᠲᠠ ᠬᠢᠬᠦ ᠲᠤᠬᠠᠶᠢᠯᠠᠭᠰᠠᠨ ᠠᠵᠢᠯ ᠢ ᠲᠡᠯᠭᠡᠷᠡᠭᠦᠯᠦᠨ᠎ᠡ᠃      86.ᠲᠤᠰᠬᠠᠶ ᠬᠦᠯᠢᠶᠡᠨ ᠠᠪᠴᠤ ᠰᠢᠢᠳᠪᠦᠷᠢᠯᠡᠬᠦ ᠵᠠᠮ ᠰᠤᠪᠠᠭ ᠢ ᠲᠣᠬᠢᠷᠠᠭᠤᠯᠤᠨ᠂ ᠭᠤᠣᠯᠳᠠᠯᠭ᠎ᠠ ᠲᠠᠢ ᠪᠦᠳᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠣᠨ ᠭᠤᠣᠯᠳᠠᠯᠭ᠎ᠠ ᠲᠠᠢ ᠭᠠᠶᠢᠯᠢ ᠲᠤᠰᠢᠶᠠᠬᠤ ᠠᠵᠤ ᠠᠬᠤᠶᠢᠯᠠᠯ ᠤᠨ ᠦᠯᠡᠮᠵᠢ ᠲᠣᠭᠠᠨ ᠤ ᠲᠡᠷᠭᠡ ᠬᠥᠰᠬᠡ ᠶᠢᠨ ᠬᠠᠮᠢᠶᠠᠷᠤᠯᠳᠠ ᠶᠢᠨ ᠲᠤᠬᠠᠶᠢᠯᠠᠭᠰᠠᠨ ᠠᠵᠢᠯ ᠢ ᠲᠥᠪᠯᠡᠷᠡᠭᠦᠯᠦᠨ ᠬᠦᠯᠢᠶᠡᠨ ᠠᠪᠴᠤ ᠰᠢᠢᠳᠪᠦᠷᠢᠯᠡᠨ᠎ᠡ᠃ ᠲᠤᠰᠬᠠᠢ ᠪᠠᠷᠠᠭᠠᠨ ᠤ ᠲᠡᠭᠡᠭᠡᠪᠦᠷᠢ ᠶᠢᠨ ᠦᠢᠯᠡᠰ ᠡᠷᠬᠢᠯᠡᠵᠦ ᠪᠠᠶᠢᠭ᠎ᠠ ᠠᠵᠤ ᠠᠬᠤᠶᠢᠯᠠᠯ ᠪᠣᠯᠣᠨ ᠲᠡᠭᠡᠭᠡᠪᠦᠷᠢ ᠡᠵᠡᠩᠨᠡᠯᠲᠡ ᠶᠢᠨ ᠲᠡᠷᠭᠡ ᠶᠢᠨ ᠠᠵᠤ ᠠᠬᠤᠶᠢᠯᠠᠯ ᠨᠢ 30 ᠠᠴᠠ ᠳᠡᠭᠡᠭᠰᠢ ᠲᠣᠭᠠᠨ ᠤ ᠲᠡᠷᠭᠡ ᠲᠠᠢ ᠪᠣᠯ ᠤᠷᠢᠳᠴᠢᠯᠠᠨ ᠪᠣᠯᠵᠣᠵᠤ᠂ ᠠᠵᠤ ᠠᠬᠤᠶᠢᠯᠠᠯ  ᠳᠤ ᠬᠦᠷᠴᠦ ᠦᠢᠯᠡᠴᠢᠯᠡᠬᠦ ᠦᠢᠯᠡᠴᠢᠯᠡᠭᠡ ᠬᠠᠩᠭᠠᠨ᠎ᠠ᠂ ᠮᠠᠰᠢᠨ ᠲᠡᠷᠭᠡ ᠶᠢᠨ ᠫᠠᠶᠢᠰᠠ ᠦᠨᠡᠮᠯᠡᠯ ᠣᠯᠭᠤᠬᠤ ᠵᠢᠴᠢ ᠵᠢᠯᠣᠭᠤᠴᠢ ᠶᠢ ᠬᠢᠨᠠᠨ ᠰᠢᠯᠭᠠᠬᠤ᠂ ᠦᠨᠡᠮᠯᠡᠯ ᠰᠣᠯᠢᠬᠤ᠂ ᠦᠨᠡᠮᠯᠡᠯ ᠨᠥᠬᠦᠬᠦ ᠵᠡᠷᠭᠡ ᠲᠤᠬᠠᠶᠢᠯᠠᠭᠰᠠᠨ ᠠᠵᠢᠯ ᠢ ᠲᠥᠪᠯᠡᠷᠡᠭᠦᠯᠦᠨ ᠭᠦᠢᠴᠡᠳᠬᠡᠨ᠎ᠡ᠃      87. ᠭᠤᠣᠯᠳᠠᠯᠭ᠎ᠠ ᠲᠠᠢ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠡᠷᠭᠡ᠂ ᠲᠤᠮᠤ ᠬᠡᠯᠪᠡᠷᠢ ᠶᠢᠨ ᠲᠥᠬᠦᠭᠡᠷᠦᠮᠵᠢ ᠲᠡᠭᠡᠭᠡᠪᠦᠷᠢᠯᠡᠵᠤ ᠪᠠᠶᠢᠭ᠎ᠠ ᠲᠡᠷᠭᠡ ᠪᠠ ᠠᠮᠢᠳᠤ᠂ ᠰᠢᠨ᠎ᠡ ᠰᠣᠷᠭᠤᠭ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠲᠡᠭᠡᠭᠡᠪᠦᠷᠢᠯᠡᠵᠤ ᠪᠠᠶᠢᠭ᠎ᠠ ᠲᠡᠷᠭᠡ ᠵᠡᠷᠭᠡ ᠳᠤ᠂ ᠵᠠᠮ ᠨᠡᠪᠲᠡᠷᠡᠯᠭᠡ  ᠶᠢᠨ ᠴᠠᠭ᠂  ᠠᠶᠠᠯᠠᠬᠤ  ︵ᠶᠠᠪᠤᠬᠤ︶  ᠵᠠᠮ  ᠱᠤᠭᠤᠮ  ᠂  ᠵᠢᠭᠠᠨ  ᠵᠢᠯᠣᠭᠤᠳᠬᠤ  ᠵᠡᠷᠭᠡ  ᠲᠠᠯ᠎ᠠ  ᠪᠠᠷ  ᠳᠥᠭᠦᠮ  ᠳᠥᠲᠡ  ᠦᠢᠯᠡᠴᠢᠯᠡᠭᠡᠨ  ᠬᠠᠩᠭᠠᠨ᠎ᠠ᠃      88. ᠠᠳᠡᠯ ᠬᠡᠷᠡᠭ ᠲᠤ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠠᠵᠢᠯ ᠢ ᠴᠢᠩᠭᠠᠳᠬᠠᠵᠤ᠂ ᠠᠳᠡᠯ ᠣᠯᠠᠨ ᠭᠠᠷᠳᠠᠭ ᠵᠠᠮ ᠤᠨ ᠬᠡᠰᠡᠭ ᠲᠤ᠂ ︽ᠬᠤᠶᠠᠷ ᠢ ᠨᠡᠶᠢᠲᠡᠯᠡᠵᠤ᠂ ᠨᠢᠭᠡ ᠶᠢ ᠰᠠᠨᠠᠭᠤᠯᠬᠤ︾ ᠵᠡᠷᠭᠡ ᠠᠷᠭ᠎ᠠ ᠮᠠᠶ᠋ᠢᠭ  ᠢᠶᠠᠷ  ᠵᠠᠮ  ᠬᠠᠷᠢᠯᠴᠠᠭᠠᠨ   ᠤ  ᠣᠷᠣᠯᠴᠠᠭᠴ᠊ ᠢ  ᠳᠤ  ᠂  ᠴᠠᠭ ᠲᠤᠬᠠᠶ ᠳᠤᠨᠢ ᠠᠮᠤᠷ ᠲᠦᠪᠰᠢᠨ ᠤ ᠰᠠᠨᠠᠭᠤᠯᠤᠮᠵᠢ ᠦᠢᠯᠡᠴᠢᠯᠡᠭᠡ ᠬᠠᠩᠭᠠᠨ᠎ᠠ᠃      89. ᠰᠣᠨᠢᠨ ᠮᠡᠳᠡᠭᠡᠨ ᠤ ᠵᠠᠭᠤᠴᠢᠯᠠᠭᠤᠷ᠂ ᠢᠨᠲ᠋ᠧᠷ ᠰᠦᠯᠵᠢᠶ᠎ᠡ᠂ ᠲᠤᠬᠠᠶᠢᠯᠠᠭᠰᠠᠨ ᠠᠵᠢᠯ ᠤᠨ ᠶᠡᠭᠡ ᠲᠢᠩᠬᠢᠮ ᠵᠡᠷᠭᠡ ᠪᠠᠷ ᠳᠠᠮᠵᠢᠭᠤᠯᠤᠨ᠂ ᠡᠯ᠎ᠡ ᠭᠠᠵᠠᠷ ᠤᠨ ᠲᠡᠷᠭᠡ ᠬᠦᠰᠬᠡ ᠬᠠᠮᠢᠶᠠᠷᠬᠤ ᠭᠠᠵᠠᠷ᠂ ᠰᠢᠯᠭᠠᠯᠲᠠ ᠶᠢᠨ ᠲᠥᠪ᠂ ᠢᠨᠲ᠋ᠧᠷ ᠰᠦᠯᠵᠢᠶᠡᠨ ᠤ ᠰᠢᠢᠳᠪᠦᠷᠢᠯᠡᠬᠦ ᠲᠥᠪ᠂ ᠪᠠᠶᠢᠴᠠᠭᠠᠯᠲᠠ ᠶᠢᠨ ᠱᠤᠭᠤᠮ ︵ᠲᠦᠪ︶ ᠂ ᠮᠠᠰᠢᠨ ᠲᠡᠷᠭᠡᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠥᠷᠲᠡᠭᠡ ᠵᠡᠷᠭᠡ ᠶᠢᠨ ᠨᠡᠷᠡᠶᠢᠳᠦᠯ᠂ ᠬᠠᠶ᠋ᠢᠭ᠂ ᠠᠰᠠᠭᠤᠨ ᠯᠠᠪᠯᠠᠬᠤ ᠤᠲᠠᠰᠤ ︵ᠳ᠋ᠢᠶᠠᠩᠬᠤᠸᠠ ︶᠂ ᠬᠢᠨᠠᠯᠲᠠ ᠲᠠᠯᠪᠢᠬᠤ ᠤᠳᠠᠰᠤ ᠵᠡᠷᠭᠡ ᠶᠢ ᠵᠠᠷᠯᠠᠵᠤ ᠨᠡᠶᠢᠳᠡᠯᠡᠨ᠂ ᠣᠯᠠᠨ ᠲᠦᠮᠡᠨ ᠳᠤ ᠰᠠᠨᠠᠭᠤᠯᠤᠮᠵᠢ ᠵᠥᠪᠯᠡᠯᠭᠡ ᠥᠭᠭᠦᠨ᠂ ᠤᠴᠢᠷ ᠶᠠᠪᠤᠳᠠᠯ ᠢᠶᠠᠨ ᠰᠢᠢᠳᠪᠦᠷᠢᠯᠡᠭᠦ ᠳᠤ ᠨᠢ ᠲᠥᠬᠦᠮ ᠦᠵᠡᠭᠦᠯᠦᠨ᠎ᠡ᠃  
ᠢᠷᠡᠯᠲᠡ᠄ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠠᠯᠪᠠᠨ ᠬᠡᠷ