ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠡᠶᠢᠲᠡᠯᠡᠭᠰᠡᠨ 92 ᠵᠦᠢᠯ ᠤᠨ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠠᠷᠭ᠎ᠠ ᠬᠡᠮᠵᠢᠶᠡᠨ ᠤ ᠬᠢᠯᠢ ᠪᠠᠷ ᠣᠷᠣᠵᠣ ᠭᠠᠷᠬᠤ ᠠᠵᠢᠯ ᠤᠨ ᠦᠢᠯᠡᠴᠢᠯᠡᠭᠡᠨ ᠤ ᠬᠠᠮᠢᠶᠠᠷᠣᠯᠳᠠ ᠶᠢᠨ ᠲᠠᠯ᠎ᠠ ᠪᠠᠷ ᠬᠢ ᠪᠣᠳᠠᠲᠠᠢ ᠠᠷᠭ᠎ᠠ ᠠᠪᠴᠠᠯ
ᠨᠡᠶᠢᠲᠡᠯᠡᠭᠰᠡᠨ ᠴᠠᠭ᠄
2018/12/4
     ᠳᠦᠷᠪᠡ᠂ ᠬᠢᠯᠢ ᠪᠠᠷ ᠭᠠᠷᠬᠤ ᠤᠷᠤᠬᠤ ᠠᠵᠢᠯ ᠤᠨ ᠦᠢᠯᠡᠴᠢᠯᠡᠭᠡᠨ ᠤ ᠬᠠᠮᠢᠶᠠᠷᠣᠯᠳᠠ ᠶᠢᠨ ᠲᠠᠯ᠎ᠠ ᠪᠠᠷ      34. ︽ᠢᠨᠲ᠋ᠧᠷ ᠰᠦᠯᠵᠢᠶ᠎ᠡ + ᠢᠳᠡᠬᠡᠮᠵᠢᠳᠦ ᠪᠡᠶ᠎ᠡ ᠶᠢᠨ ᠭᠠᠷᠣᠯ ᠢ ᠪᠠᠳᠣᠯᠭᠠᠵᠢᠭᠤᠯᠬᠤ ᠳᠡᠪᠴᠠᠩ︾ ᠢ ᠬᠡᠷᠡᠭᠵᠢᠬᠦᠯᠦᠨ᠂ ᠢᠨᠲ᠋ᠧᠷ ᠰᠦᠯᠵᠢᠶ᠎ᠡ᠂ ᠬᠢᠯᠢ  ᠪᠠᠷ ᠭᠠᠷᠬᠤ ᠤᠷᠤᠬᠤ ᠠᠵᠢᠯ ᠪᠣᠯᠣᠨ ᠢᠳᠡᠬᠡᠮᠵᠢᠳᠦ ᠪᠡᠶ᠎ᠡ ᠶᠢᠨ ᠦᠨᠡᠮᠯᠡᠯ ᠭᠤᠷᠪᠠ ᠶᠢ ᠨᠢᠭᠡ ᠴᠣᠭᠴᠠᠵᠢᠭᠤᠯᠵᠣ᠂ ︽ᠪᠣᠳᠠᠳᠣ ᠬᠦᠮᠦᠨ + ᠪᠣᠳᠠᠳᠣ ᠭᠠᠵᠠᠷ + ᠪᠣᠳᠠᠳᠣ ᠦᠨᠡᠮᠯᠡᠯ︾ ᠵᠡᠷᠭᠡ ᠭᠤᠷᠪᠠᠨ ᠪᠣᠳᠠᠳᠣ ᠵᠦᠢᠯ ᠢ ᠳᠠᠩᠰᠠᠯᠠᠬᠤ ᠪᠠᠷ ᠳᠠᠮᠵᠢᠭᠤᠯᠤᠨ᠂ ᠰᠢᠶᠠᠩᠭᠠᠩ᠂ ᠣᠣᠮᠧᠨ᠂ ᠳᠠᠶᠢᠸᠠᠨ ᠳᠤ ᠪᠦᠯᠬᠦᠮ ᠢᠶᠠᠷ ᠵᠣᠭᠠᠴᠠᠬᠤ  ᠶᠢ ᠴᠣᠬᠤᠯᠠᠬᠤ ︵ᠳᠡᠮᠳᠡᠭᠯᠡᠭᠡ ᠬᠢᠬᠦ︶᠂ ᠰᠦᠯᠵᠢᠶᠡᠨ ᠳᠡᠭᠡᠷ᠎ᠡ ᠣᠷᠢᠳᠴᠢᠯᠠᠨ ᠪᠣᠯᠵᠣᠬᠤ᠂ ᠰᠦᠯᠵᠢᠶᠡᠨ ᠳᠡᠭᠡᠷ᠎ᠡ ᠰᠦᠢᠳᠬᠡᠯ ᠳᠣᠰᠢᠶᠠᠬᠤ ᠪᠠ ᠳᠦᠷᠭᠡᠨ ᠭᠤᠪᠢᠭᠤᠯᠭ᠎ᠠ ᠶᠠᠪᠤᠭᠤᠯᠬᠤ ᠵᠡᠷᠭᠡ ᠠᠵᠢᠯ ᠢ ᠪᠣᠳᠠᠳᠠᠶᠢᠵᠢᠭᠤᠯᠤᠨ ᠭᠠᠷᠳᠠᠮ ᠬᠦᠢᠴᠡᠳᠬᠡᠬᠦ ᠠᠵᠢᠯ ᠳᠤ ᠣᠯᠠᠮ ᠨᠢᠭᠡ ᠠᠯᠬᠤᠮ ᠳᠦᠬᠦᠮ ᠳᠦᠳᠡ ᠦᠢᠯᠡᠴᠢᠯᠡᠭᠡ ᠬᠠᠩᠭᠠᠨ᠎ᠡ ︵ᠳᠠᠩᠰᠠᠯᠠᠭᠤᠯᠤᠭᠰᠠᠨ ᠣᠯᠣᠰ ᠤᠨ ᠠᠵᠢᠯᠳᠠᠨ  ᠡᠭᠦᠨ ᠳᠤ ᠪᠠᠭᠲᠠᠬᠤ ᠦᠭᠡᠢ︶᠃      35. ᠴᠦᠬᠡᠨ ᠳᠣᠭᠠᠳᠣ ᠦᠨᠳᠦᠰᠦᠳᠡᠨ ᠳᠦᠪᠯᠡᠷᠡᠨ ᠰᠠᠭᠤᠷᠢᠰᠢᠭᠰᠠᠨ ᠭᠠᠵᠠᠷ ᠲᠤ ︽ᠮᠣᠩᠭᠤᠯ ᠬᠢᠳᠡᠳ︾ ᠬᠤᠣᠰ ᠬᠡᠯᠡᠨ ᠤ ᠦᠢᠯᠡᠴᠢᠯᠡᠭᠡᠨ ᠤ ᠴᠣᠩᠬᠤᠪᠴᠢ ︵ᠴᠣᠩᠬᠤ︶ ᠳᠣᠬᠢᠷᠠᠭᠤᠯᠤᠨ᠂ ᠴᠦᠬᠡᠨ ᠳᠣᠭᠠᠳᠣ ᠦᠨᠳᠦᠰᠦᠳᠡᠨ ᠤ ᠬᠢᠯᠢ ᠪᠠᠷ ᠭᠠᠷᠬᠤ  ᠤᠷᠤᠬᠤ ᠭᠠᠷᠳᠠᠮ ᠬᠦᠢᠴᠡᠳᠬᠡᠬᠦ ᠳᠤ ᠳᠦᠬᠦᠮ ᠨᠦᠬᠦᠴᠡᠯ ᠬᠠᠩᠭᠠᠵᠠᠢ᠃      36. ᠣᠷᠢᠳᠴᠢᠯᠠᠨ ᠬᠦᠯᠢᠶᠡᠨ ᠠᠪᠴᠣ ᠰᠢᠢᠳᠪᠦᠷᠢᠯᠡᠬᠦ ᠦᠢᠯᠡᠴᠢᠯᠡᠭᠡᠨ ᠤ ᠳᠡᠪᠴᠠᠩ ᠢᠶᠠᠷ ᠳᠠᠮᠵᠢᠭᠤᠯᠤᠨ᠂ ᠭᠤᠶᠣᠴᠢᠯᠠᠭᠴᠢ ᠬᠤᠶᠠᠳᠣᠭᠠᠷ ᠦᠶ᠎ᠡ ᠶᠢᠨ ᠪᠡᠶ᠎ᠡ ᠶᠢᠨ ᠦᠨᠡᠮᠯᠡᠯ ᠢᠶᠠᠨ ᠰᠢᠷᠪᠢᠵᠦ᠂ ᠰᠡᠬᠦᠳᠡᠷ ᠪᠣᠶᠣ ᠬᠦᠰᠦᠨᠦᠭᠳᠦ ᠳᠠᠭᠯᠠᠬᠤ ᠠᠵᠢᠯ ᠢ ᠬᠦᠢᠴᠡᠳᠬᠡᠬᠦ ᠶᠢ ᠳᠦᠭᠡᠮᠡᠯᠵᠢᠬᠦᠯᠦᠨ᠎ᠡ᠃      37. ᠸᠢᠴᠠᠲ ᠤᠨ ᠣᠯᠠᠨ ᠨᠡᠶᠢᠳᠡ ᠶᠢᠨ ᠳᠡᠪᠴᠠᠩ ᠪᠠᠶᠢᠭᠤᠯᠤᠨ᠂ ᠬᠦᠮᠦᠰ ᠤᠨ ᠬᠢᠯᠢ ᠪᠠᠷ ᠭᠠᠷᠬᠤ  ᠤᠷᠤᠬᠤ ᠠᠵᠢᠯ ᠤᠨ ᠬᠠᠮᠢᠶᠠᠳᠠᠢ ᠠᠰᠠᠭᠤᠨ ᠯᠠᠪᠯᠠᠬᠤ ᠂ ᠰᠦᠯᠵᠢᠶᠡᠨ ᠳᠡᠭᠡᠷ᠎ᠡ ᠪᠣᠯᠵᠣᠬᠤ᠂ ᠸᠢᠴᠠᠲ ᠪᠣᠶᠣ ᡁᠢ ᠹᠦ᠋ ᠪᠣᠣ ᠪᠠᠷ ᠰᠦᠢᠳᠬᠡᠯ ᠳᠣᠰᠢᠶᠠᠬᠤ᠂ ᠭᠠᠷ ᠬᠦᠢᠴᠡᠳᠬᠡᠯ ᠤᠨ ᠠᠵᠢᠯ ᠤᠨ ᠠᠬᠢᠴᠠ ᠶᠢ ᠯᠠᠪᠯᠠᠬᠤ ᠪᠠ ᠦᠢᠯᠡᠴᠢᠯᠡᠭᠡᠨ ᠳᠤ ᠬᠢᠨᠠᠯᠳᠠ ᠳᠠᠯᠪᠢᠬᠤ ᠳᠤ ᠳᠦᠬᠦᠮ ᠨᠦᠬᠦᠴᠡᠯ ᠬᠠᠩᠭᠠᠨ᠎ᠠ᠃      38. ᠬᠢᠯᠢ ᠪᠠᠷ ᠣᠷᠣᠬᠤ ᠭᠠᠷᠬᠤ ᠶᠢ ᠭᠤᠶᠣᠴᠢᠯᠠᠵᠣ ᠪᠠᠶᠢᠭ᠎ᠠ ᠬᠥᠮᠥᠰ ᠲᠤ ᠦᠨ᠎ᠡ ᠳᠦᠯᠦᠪᠦᠷᠢ ᠦᠭᠡᠢ ᠦᠨᠡᠮᠯᠡᠯ ᠤᠨ ᠰᠡᠬᠦᠳᠡᠷ ᠳᠠᠳᠠᠵᠣ ᠦᠭᠬᠦ ᠪᠣᠶᠣ ᠳᠠᠷᠤᠮᠠᠯᠯᠠᠬᠤ ᠴᠢᠬᠤᠯᠠ ᠪᠦᠬᠦᠢ ᠪᠢᠴᠢᠭ ᠮᠠᠲ᠋ᠧᠷᠢᠶᠠᠯ ᠢ ᠦᠨ᠎ᠡ ᠳᠦᠯᠦᠪᠣᠷᠢ ᠦᠭᠡᠢ  ᠳᠠᠷᠤᠮᠠᠯᠯᠠᠵᠣ ᠦᠭᠬᠦᠨ᠎ᠡ᠃      39. ᠮᠠᠨ ᠤ ᠣᠷᠣᠨ ᠳᠤ ᠣᠷᠣᠰᠢᠨ ᠰᠠᠭᠤᠬᠤ ᠶᠢ ᠭᠤᠶᠤᠴᠢᠯᠠᠭᠰᠠᠨ ᠭᠠᠳᠠᠭᠠᠳᠤ ᠣᠯᠣᠰ ᠤᠨ ᠬᠦᠮᠦᠨ ᠤ ᠭᠤᠶᠤᠴᠢᠯᠠᠬᠤ ᠪᠢᠴᠢᠭ ᠮᠠᠲ᠋ᠧᠷᠢᠶᠠᠯ ᠪᠦᠷᠢᠨ ᠪᠣᠯᠣᠭᠰᠠᠨ ᠪᠠᠶᠢᠳᠠᠯ ᠳᠤ ᠬᠦᠯᠢᠶᠡᠨ ᠠᠪᠴᠣ ᠰᠢᠢᠳᠪᠦᠷᠢᠯᠡᠬᠦ ᠬᠤᠭᠤᠴᠠᠭ᠎ᠠ ᠶᠢ 15 ᠠᠵᠢᠯᠯᠠᠬᠤ ︵ᠠᠵᠢᠯ ᠤᠨ︶ ᠡᠳᠦᠷ ᠪᠠᠶᠢᠭᠰᠠᠨ ᠢ 10 ᠠᠵᠢᠯᠯᠠᠬᠤ ᠡᠳᠦᠷ ᠪᠣᠯᠭᠠᠨ ᠪᠣᠭᠤᠨᠢᠰᠬᠠᠵᠠᠢ᠃ ᠡᠬᠦᠨ ᠤ ᠬᠠᠮᠳᠣ᠂ ᠮᠠᠨ ᠤ ᠣᠯᠣᠰ ᠲᠤ ᠪᠠᠶᠢᠩᠭᠤ ᠣᠷᠣᠰᠢᠨ ᠰᠠᠭᠤᠵᠣ ᠪᠠᠶᠢᠭ᠎ᠠ ᠭᠠᠳᠠᠭᠠᠳᠤ ᠣᠯᠣᠰ ᠤᠨ ᠬᠦᠮᠦᠰ ᠲᠤ ᠸᠢᠰᠠ ᠶᠢᠨ ᠬᠤᠭᠤᠴᠠᠭ᠎ᠠ ᠳᠠᠭᠤᠰᠬᠤ ᠶᠢ ᠰᠠᠨᠠᠭᠤᠯᠬᠤ ᠦᠢᠯᠡᠴᠢᠯᠡᠭᠡ ᠬᠠᠩᠭᠠᠨ᠎ᠠ᠃      40. ᠮᠠᠨ ᠤ ᠣᠷᠣᠨ ᠤ ᠰᠠᠭᠤᠭᠠᠯᠢ ᠠᠷᠠᠳ᠂ ᠡᠷᠦᠬᠡ ᠠᠮᠠ ᠪᠠᠶᠢᠭ᠎ᠠ ᠭᠠᠵᠠᠷ ᠲᠤ ᠪᠠᠨ ᠡᠩ ᠤᠨ ᠫᠠᠰᠫᠤᠷᠲ᠂ ᠰᠢᠶᠠᠩᠭᠠᠩ᠂ ᠣᠣᠮᠸᠠ᠂ ᠳᠠᠶᠢᠸᠠᠨ ᠳᠤ ᠵᠣᠷᠴᠢᠬᠤ ᠦᠨᠡᠮᠯᠡᠯ ᠢ ᠭᠤᠶᠤᠴᠢᠯᠠᠨ ᠠᠪᠬᠤ ᠬᠤᠭᠤᠴᠠᠭ᠎ᠠ ᠶᠢ 7 ᠠᠵᠢᠯᠯᠠᠬᠤ ᠡᠳᠦᠷ ᠪᠣᠯᠭᠠᠨ ᠳᠦᠷᠭᠡᠳᠬᠡᠬᠦ ᠶᠢᠨ ᠬᠠᠮᠳᠣ᠂ ᠣᠨᠳᠣᠣ ᠭᠠᠵᠠᠷ ᠲᠤ ᠭᠠᠷᠳᠠᠮ ᠬᠦᠢᠴᠡᠳᠬᠡᠬᠦ ᠬᠤᠭᠤᠴᠠᠭ᠎ᠠ ᠶᠢ ᠳᠦᠷᠭᠡᠳᠬᠡᠨ᠂ ᠮᠣᠵᠢ ︵ᠣᠷᠣᠨ︶ ᠠᠯᠣᠰᠯᠠᠭᠰᠠᠨ ᠬᠦᠢᠴᠡᠳᠬᠡᠯ ᠤᠨ ᠬᠢᠨᠡᠨ ᠬᠦᠢᠴᠡᠳᠬᠡᠬᠦ ᠬᠤᠭᠤᠴᠠᠭ᠎ᠠ ᠶᠢ 30 ᠡᠳᠦᠷ ᠠᠴᠠ 20 ᠡᠳᠦᠷ ᠪᠣᠯᠭᠠᠨ ᠪᠣᠭᠤᠨᠢᠰᠬᠠᠨ᠎ᠡ᠃      41. ᠮᠠᠨ ᠤ ᠣᠷᠣᠨ ᠤ ᠰᠠᠭᠤᠭᠠᠯᠢ ᠠᠷᠠᠳ ︵ᠳᠠᠩᠰᠠᠯᠠᠭᠤᠯᠤᠭᠰᠠᠨ ᠣᠯᠣᠰ ᠤᠨ ᠠᠵᠢᠯᠳᠠᠨ ᠪᠣᠶᠣ ᠴᠡᠷᠢᠭ ᠤᠨ ᠠᠯᠪᠠ ᠬᠠᠭᠠᠵᠣ ᠪᠠᠶᠢᠭ᠎ᠠ ᠬᠦᠮᠦᠨ ᠠᠴᠠ ᠪᠣᠰᠣᠳ︶᠂ ᠬᠡᠷᠪᠡ ᠮᠠᠨ ᠤ ᠣᠷᠣᠨ ᠤ ᠬᠢᠯᠢ ᠪᠠᠷ ᠣᠷᠣᠵᠣ ᠭᠠᠷᠬᠤ ᠶᠢ ᠬᠠᠮᠢᠶᠠᠷᠬᠤ ᠪᠠᠶᠢᠭᠤᠯᠤᠮᠵᠢ ᠠᠴᠠ ᠣᠯᠭᠤᠭᠰᠠᠨ ᠡᠯᠧᠺᠲᠷᠣᠨ ᠰᠢᠶᠠᠩᠭᠠᠩ᠂ ᠣᠣᠮᠧᠨ᠂ ᠳᠠᠶᠢᠸᠠᠨ ᠳᠤ  ᠨᠡᠪᠳᠡᠷᠡᠬᠦ ᠦᠨᠡᠮᠯᠡᠯ ᠲᠠᠢ ᠬᠦᠮᠦᠰ ᠪᠦᠯᠬᠦᠮ ᠢᠶᠠᠷ ᠵᠣᠭᠠᠴᠠᠬᠤ ᠶᠢ ᠴᠣᠬᠤᠯᠠᠬᠤ ᠳᠤ᠂ ᠮᠠᠨ ᠤ ᠣᠷᠣᠨ ᠤ 12 ᠠᠶᠢᠮᠠᠭ ᠬᠤᠳᠠ᠂ ᠮᠠᠨᠵᠣᠣᠷ᠂ ᠡᠷᠢᠶᠡᠨ ᠬᠤᠳᠠ ᠪᠣᠯᠣᠨ 80% ᠶᠢᠨ ᠬᠤᠰᠢᠭᠤ ᠰᠢᠶᠠᠨ ᠤ ᠳᠣᠷ᠎ᠠ ᠶᠢᠨ ᠨᠢᠭᠡ ᠰᠢᠶᠠᠩᠭᠠᠩ᠂ ᠣᠣᠮᠧᠨ᠂ ᠳᠠᠶᠢᠸᠠᠨ ᠳᠤ  ᠵᠤᠷᠴᠢᠬᠤ ᠶᠢ  ᠴᠣᠬᠤᠯᠠᠳᠠᠭ ᠠᠦ᠋ᠲ ᠳᠦᠬᠦᠭᠡᠷᠦᠮᠵᠢ ᠳᠤ ᠰᠢᠭᠤᠳ ᠴᠣᠬᠤᠯᠠᠯᠲᠠ ᠬᠢᠵᠦ ᠪᠣᠯᠣᠨ᠎ᠠ᠃      42. ᠣᠨᠳᠣᠣ ᠭᠠᠵᠠᠷ ᠬᠢᠯᠢ ᠪᠠᠷ ᠭᠠᠷᠬᠤ  ᠤᠷᠤᠬᠤ ᠦᠨᠡᠮᠯᠡᠯ ᠢ ᠰᠣᠯᠢᠬᠤ ︵ᠨᠦᠬᠦᠨ ᠪᠦᠷᠢᠳᠬᠡᠬᠦᠯᠬᠦ︶ ᠠᠵᠢᠯ ᠢ ᠳᠦᠭᠡᠮᠡᠯᠵᠢᠬᠦᠯᠦᠨ᠎ᠡ᠃ ᠡᠬᠡ ᠬᠠᠭᠤᠷᠠᠢ ᠶᠢᠨ ᠰᠠᠭᠤᠭᠠᠯᠢ ᠠᠷᠠᠳ ᠮᠠᠨ ᠤ ᠣᠷᠣᠨ ᠤ ᠳᠣᠷ᠎ᠠ ᠶᠢᠨ ᠨᠢᠭᠡ ᠳᠣᠳᠣᠭᠠᠳᠣ ᠶᠢ ᠬᠠᠮᠠᠭᠠᠯᠠᠬᠤ ᠬᠢᠯᠢ ᠪᠠᠷ ᠭᠠᠷᠬᠤ  ᠤᠷᠤᠬᠤ ᠠᠵᠢᠯ ᠤᠨ ᠬᠠᠮᠢᠶᠠᠷᠣᠯᠳᠠ  ᠶᠢᠨ ᠪᠠᠶᠢᠭᠤᠯᠭ᠎ᠠ ᠳᠤ ᠡᠩ ᠤᠨ ᠫᠠᠰᠫᠣᠷᠲ᠂ ᠰᠢᠶᠠᠩᠭᠠᠩ᠂ ᠣᠣᠮᠧᠨ᠂ ᠳᠠᠶᠢᠸᠠᠨ ᠳᠤ  ᠨᠡᠪᠳᠡᠷᠡᠬᠦ ᠦᠨᠡᠮᠯᠡᠯ ᠢ ᠰᠣᠯᠢᠬᠤ ᠪᠣᠶᠣ ᠨᠦᠬᠦᠨ ᠪᠦᠷᠢᠳᠬᠡᠬᠦᠯᠬᠦ ᠶᠢ ᠭᠤᠶᠤᠴᠢᠯᠠᠵᠣ ᠪᠣᠯᠬᠤ ᠮᠦᠷᠳᠡᠭᠡᠨ ᠰᠢᠶᠠᠩᠭᠠᠩ᠂ ᠣᠣᠮᠧᠨ᠂ ᠳᠠᠶᠢᠸᠠᠨ ᠳᠤ ᠪᠦᠯᠬᠦᠮ ᠢᠶᠠᠷ ᠵᠣᠭᠠᠴᠠᠬᠤ ᠶᠢ ᠴᠣᠬᠤᠯᠠᠬᠤ ᠬᠢᠬᠦ ᠶᠢ ᠭᠤᠶᠤᠴᠢᠯᠠᠵᠣ ᠪᠣᠯᠣᠨ᠎ᠠ᠃      43. ᠨᠦᠬᠦᠴᠡᠯ ᠳᠤ ᠨᠡᠶᠢᠴᠡᠭᠰᠡᠨ  ᠪᠤᠰᠣᠳ ᠮᠣᠵᠢ᠂ ᠣᠷᠣᠨ ᠤ ᠰᠠᠭᠤᠭᠠᠯᠢ ᠠᠷᠠᠳ᠂ ᠣᠷᠣᠰᠢᠨ ᠰᠠᠭᠤᠵᠣ ᠪᠠᠶᠢᠭ᠎ᠠ ᠭᠠᠵᠠᠷ ᠤᠨ ᠣᠶᠢᠷᠠᠯᠴᠠᠭᠠᠬᠢ ᠬᠢᠯᠢ  ᠪᠠᠷ ᠭᠠᠷᠬᠤ  ᠤᠷᠤᠬᠤ ᠭᠠᠷᠳᠠᠮ ᠬᠦᠢᠴᠡᠳᠬᠡᠵᠦ ᠪᠣᠯᠣᠨ᠎ᠠ᠃ ᠣᠷᠣᠨ ᠤ ᠳᠣᠳᠣᠷ᠎ᠠ ᠡᠷᠦᠬᠡ ᠠᠮᠠ ᠶᠢᠨ ᠳᠠᠩᠰᠠ ᠲᠠᠢ ᠬᠦᠮᠦᠨ ᠤ  ᠪᠤᠰᠣᠳ ᠮᠣᠵᠢ᠂ ᠣᠷᠣᠨ ᠳᠤ ᠡᠷᠦᠬᠡ ᠠᠮᠠ ᠶᠢᠨ ᠳᠠᠩᠰᠠ ᠲᠠᠢ ᠬᠠᠨᠢ ᠨᠦᠬᠦᠷ ᠨᠢ ᠣᠷᠤᠭ ᠤᠨ ᠪᠠᠳᠣᠯᠠᠪᠣᠷᠢ᠂ ᠦᠷ᠎ᠡ ᠬᠡᠦᠬᠡᠳ ᠨᠢ ᠳᠦᠷᠦᠭᠰᠡᠨ ᠬᠡᠷᠡᠴᠢᠯᠡᠭᠡ ᠪᠠᠨ ᠰᠢᠯᠭᠠᠭᠤᠯᠬᠤ ᠪᠣᠶᠣ ᠳᠡᠬᠦᠨ  ᠤ ᠡᠴᠢᠬᠡ ᠡᠬᠡ ᠨᠢ ᠣᠷᠣᠨ ᠤ ᠳᠣᠳᠣᠷ᠎ᠠ ᠡᠷᠦᠬᠡ ᠠᠮᠠ ᠶᠢᠨ ᠳᠠᠩᠰᠠ ᠲᠠᠢ ᠬᠡᠦᠬᠡᠳ ᠲᠠᠢ ᠪᠠᠶᠢᠬᠤ ᠪᠢᠴᠢᠭ ᠤᠨ ᠬᠡᠯᠪᠡᠷᠢ ᠶᠢᠨ ᠬᠡᠷᠡᠴᠢᠯᠡᠭᠡ ᠪᠣᠶᠣ ᠪᠣᠰᠣᠳ ᠬᠠᠮᠢᠶ᠎ᠠ ᠪᠦᠬᠦᠢ ᠮᠠᠲ᠋ᠧᠷᠢᠶᠠᠯ ᠢᠶᠠᠨ ᠳᠣᠰᠢᠶᠠᠪᠠᠯ᠂ ᠳᠣᠰ ᠬᠦᠮᠦᠨ ᠤ ᠡᠷᠦᠬᠡ ᠠᠮᠠ ᠪᠠᠶᠢᠭ᠎ᠠ ᠭᠠᠵᠠᠷ ᠤᠨ ᠣᠶᠢᠷᠠᠯᠴᠠᠭ᠎ᠠ ᠡᠩ ᠤᠨ ᠫᠠᠰᠫᠣᠷᠲ᠂ ᠰᠢᠶᠠᠩᠭᠠᠩ᠂ ᠣᠣᠮᠧᠨ᠂ ᠳᠠᠶᠢᠸᠠᠨ ᠳᠤ  ᠨᠡᠪᠳᠡᠷᠡᠬᠦ ᠦᠨᠡᠮᠯᠡᠯ ᠪᠣᠶᠣ ᠬᠡᠷᠡᠴᠢᠯᠡᠭᠡ ᠬᠦᠢᠴᠡᠳᠬᠡᠵᠦ ᠪᠣᠯᠣᠨ᠎ᠠ ︵ᠳᠠᠩᠰᠠᠯᠠᠭᠤᠯᠤᠭᠰᠠᠨ ᠣᠯᠣᠰ ᠤᠨ ᠠᠵᠢᠯᠳᠠᠨ ᠪᠣᠶᠣ ᠴᠡᠷᠢᠭ ᠤᠨ ᠠᠯᠪᠠ ᠬᠦᠢᠴᠡᠳᠬᠡᠵᠦ ᠪᠠᠶᠢᠭ᠎ᠠ ᠬᠦᠮᠦᠨ ᠠᠴᠠ ᠪᠣᠰᠣᠳ︶᠃      44. ᠰᠢᠶᠠᠩᠭᠠᠩ᠂ ᠣᠣᠮᠧᠨ᠂ ᠳᠠᠶᠢᠸᠠᠨ ᠳᠤ ᠵᠣᠷᠴᠢᠬᠤ ᠴᠣᠬᠤᠯᠠᠯᠲᠠ ᠬᠢᠬᠦ ᠤᠳᠠᠭ᠎ᠠ ᠶᠢᠨ ᠲᠤᠭ᠎ᠠ ᠬᠡᠳᠦᠢ ᠦᠯᠡᠳᠡᠵᠦ ᠪᠠᠶᠢᠬᠤ   ᠶᠢ ᠪᠠᠶᠢᠴᠠᠭᠠᠬᠤ ᠠᠦ᠋ᠲ ᠦᠢᠯᠡᠴᠢᠯᠡᠭᠡ ᠶᠢ ᠬᠠᠩᠭᠠᠪᠠ᠃ ᠭᠤᠶᠤᠴᠢᠯᠠᠭᠴᠢ ᠦᠪᠡᠷᠳᠡᠭᠡᠨ ᠵᠠᠰᠠᠬᠤ ᠣᠷᠣᠨ ᠤ ᠳᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠭᠠᠷᠬᠤ  ᠤᠷᠤᠬᠤ ᠶᠢ ᠬᠠᠮᠢᠶᠠᠷᠬᠤ ᠪᠠᠶᠢᠭᠤᠯᠣᠮᠵᠢ ᠠᠴᠠ ᠣᠯᠭᠤᠭᠰᠠᠨ ᠡᠯᠧᠺᠲᠷᠣᠨ ᠰᠢᠶᠠᠩᠭᠠᠩ᠂ ᠣᠣᠮᠧᠨ᠂ ᠳᠠᠶᠢᠸᠠᠨ ᠳᠤ  ᠨᠡᠪᠳᠡᠷᠡᠬᠦ ᠦᠨᠡᠮᠯᠡᠯ ᠢᠶᠠᠨ ᠠᠪᠴᠣ ᠪᠠᠶᠢᠪᠠᠯ᠂ ᠦᠪᠡᠷᠳᠡᠭᠡᠨ ᠵᠠᠰᠠᠬᠤ ᠣᠷᠣᠨ ᠤ ᠳᠣᠷ᠎ᠠ ᠶᠢᠨ ᠨᠢᠭᠡ ᠰᠢᠶᠠᠩᠭᠠᠩ᠂ ᠣᠣᠮᠧᠨ᠂ ᠳᠠᠶᠢᠸᠠᠨ ᠳᠤ ᠵᠣᠷᠴᠢᠬᠤ ᠶᠢ ᠴᠣᠬᠤᠯᠠᠬᠤ ᠠᠦ᠋ᠲ ᠳᠦᠬᠦᠭᠡᠷᠦᠮᠵᠢ ᠳᠤ  ᠬᠡᠳᠦ ᠣᠳᠠᠭᠠᠨ ᠤ ᠴᠣᠬᠤᠯᠠᠯᠲᠠ ᠦᠯᠡᠳᠡᠵᠦ ᠪᠠᠶᠢᠬᠤ ᠡᠰᠡᠬᠦ ᠪᠠᠨ ᠪᠠᠶᠢᠴᠠᠭᠠᠵᠣ ᠪᠣᠯᠣᠨ᠎ᠠ᠃      45. ᠮᠠᠨ ᠤ ᠣᠷᠣᠨ ᠤ ᠳᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠭᠠᠷᠬᠤ ᠤᠷᠤᠬᠤ ᠶᠢ ᠬᠠᠮᠢᠶᠠᠷᠬᠤ ᠪᠠᠶᠢᠭᠤᠯᠤᠮᠵᠢ ᠨᠢ ᠭᠠᠳᠠᠭᠠᠳᠤ ᠣᠯᠣᠰ ᠤᠨ ᠬᠦᠮᠦᠨ ᠫᠠᠰᠫᠣᠷᠲ ᠢᠶᠠᠨ ᠬᠡᠭᠡᠭᠡᠳ ᠨᠦᠬᠦᠨ ᠪᠦᠷᠢᠳᠬᠡᠬᠦᠯᠬᠦ ᠪᠠᠷ ᠪᠠᠴᠢᠮ ᠶᠠᠭᠠᠷᠠᠣ ᠸᠢᠰᠠ ᠬᠢᠯᠭᠡᠵᠦ ᠬᠢᠯᠢ ᠪᠠᠷ ᠭᠠᠷᠬᠤ ᠴᠢᠬᠤᠯᠠᠳᠠᠢ ᠦᠶ᠎ᠡ ᠳᠤ ᠴᠠᠭ ᠳᠠᠷᠣᠢ ᠳᠤ ᠨᠢ ᠬᠦᠯᠢᠶᠡᠨ ᠠᠪᠴᠣ ᠬᠢᠨᠠᠨ ᠵᠦᠪᠰᠢᠶᠡᠷᠡᠬᠦ ᠠᠵᠢᠯ ᠢ ᠬᠦᠢᠴᠡᠳᠬᠡᠨ᠎ᠠ᠃ ᠭᠠᠳᠠᠭᠠᠳᠣ ᠶᠢᠨ ᠬᠠᠷᠢᠶ᠎ᠠ ᠲᠠᠢ ᠳᠣᠮᠳᠠᠳᠣ ᠶᠢᠨ ᠬᠦᠮᠦᠨ ᠳᠤ ᠸᠢᠰᠠ ᠪᠣᠶᠣ ᠣᠷᠣᠰᠢᠨ ᠰᠠᠭᠤᠬᠤ ᠳᠦᠬᠦᠮ ᠨᠦᠬᠦᠴᠡᠯ ᠬᠠᠩᠭᠠᠨ᠎ᠡ᠃ ᠳᠣᠮᠳᠠᠳᠣ ᠳᠤ ᠢᠷᠡᠵᠦ ᠰᠠᠳᠣᠨ ᠳᠦᠷᠦᠯ ᠢᠶᠠᠨ ᠡᠷᠬᠢᠵᠦ ᠦᠵᠡᠬᠦ᠂ ᠠᠷᠠᠯᠵᠢᠶ᠎ᠡ ᠮᠠᠶᠢᠮᠠᠢ ᠬᠡᠯᠡᠯᠴᠡᠬᠦ᠂ ᠰᠢᠨᠵᠢᠯᠡᠬᠦ ᠣᠬᠠᠭᠠᠨ ᠰᠣᠷᠭᠠᠨ ᠬᠦᠮᠦᠵᠢᠯ᠂ ᠡᠮ ᠡᠮᠨᠡᠯᠭᠡ ᠶᠢᠨ ᠬᠠᠮᠢᠶᠠᠳᠠᠢ ᠠᠵᠢᠯᠯᠠᠭᠠᠨ ᠦᠷᠨᠢᠬᠦᠯᠬᠦ ᠪᠣᠶᠣ ᠬᠤᠪᠢ ᠶᠢᠨ ᠣᠴᠢᠷ ᠢᠶᠠᠨ ᠰᠢᠢᠳᠪᠦᠷᠢᠯᠡᠬᠦ ᠭᠠᠳᠠᠭᠠᠳᠣ  ᠶᠢᠨ ᠬᠠᠷᠢᠶ᠎ᠠ ᠲᠠᠢ ᠳᠣᠮᠳᠠᠳᠣ ᠶᠢᠨ ᠬᠦᠮᠦᠨ ᠳᠤ ᠳᠣᠭᠳᠠᠭᠠᠯ ᠶᠣᠰᠣᠭᠠᠷ 5 ᠵᠢᠯ ᠤᠨ ᠳᠣᠳᠣᠷ᠎ᠠ ᠣᠯᠠᠨ ᠣᠳᠠᠭ᠎ᠠ ᠬᠢᠯᠢ ᠪᠠᠷ ᠣᠷᠣᠵᠣ ᠪᠣᠯᠬᠤ ᠬᠦᠴᠦᠨ ᠪᠦᠬᠦᠢ ᠸᠢᠰᠠ ᠣᠯᠭᠤᠨ᠎ᠠ᠃ ᠳᠣᠬᠠᠢ ᠶᠢᠨ ᠭᠠᠵᠠᠷ ᠠᠵᠢᠯᠯᠠᠵᠣ ᠰᠣᠷᠣᠯᠴᠠᠵᠣ ᠪᠠᠶᠢᠭ᠎ᠠ᠂ ᠰᠠᠳᠣᠨ ᠳᠦᠷᠦᠯ ᠢᠶᠠᠨ ᠡᠷᠬᠢᠨ ᠦᠵᠡᠵᠦ ᠪᠠᠶᠢᠭ᠎ᠠ ᠪᠣᠶᠣ ᠬᠤᠪᠢ ᠶᠢᠨ ᠣᠴᠢᠷ  ᠢᠶᠠᠷ ᠣᠳᠠᠭᠠᠨ ᠬᠤᠭᠤᠴᠠᠭ᠎ᠠ ᠣᠷᠣᠰᠢᠨ ᠰᠠᠭᠤᠬᠤ ᠴᠢᠬᠤᠯᠠ ᠲᠠᠢ ᠭᠠᠳᠠᠭᠠᠳᠣ ᠶᠢᠨ ᠬᠠᠷᠢᠶ᠎ᠠ ᠲᠠᠢ ᠳᠣᠮᠳᠠᠳᠣ ᠶᠢᠨ ᠬᠦᠮᠦᠨ ᠳᠤ ᠳᠣᠭᠳᠠᠭᠠᠯ ᠶᠣᠰᠣᠭᠠᠷ ᠳᠠᠪᠣᠨ ᠵᠢᠯ ᠤᠨ ᠳᠣᠳᠣᠷ᠎ᠠ ᠣᠷᠣᠰᠢᠨ ᠰᠠᠭᠤᠬᠤ ᠬᠦᠴᠦᠨ ᠪᠦᠬᠦᠢ  ᠵᠥᠪᠰᠢᠶᠡᠷᠡᠯ ᠣᠯᠭᠤᠵᠣ ᠪᠣᠯᠣᠨ᠎ᠠ᠃      46. ᠠᠦ᠋ᠲ ᠱᠣᠭᠤᠮ ᠢᠶᠠᠷ ᠬᠢᠯᠢ ᠪᠠᠷ ᠭᠠᠷᠬᠤ ᠤᠷᠤᠬᠤ ᠶᠢ ᠬᠦᠢᠴᠡᠳᠬᠡᠵᠦ ᠪᠠᠶᠢᠭ᠎ᠠ ᠵᠢᠭᠤᠯᠴᠢᠯᠠᠭᠴᠢᠳ ᠲᠤ ᠬᠢᠯᠢ ᠪᠠᠷ ᠣᠷᠣᠵᠣ ᠭᠠᠷᠣᠭᠰᠠᠨ ᠴᠣᠬᠤᠯᠠᠯᠲᠠ ᠶᠢᠨ ᠵᠥᠪᠰᠢᠶᠡᠷᠡᠯ ᠢᠶᠠᠨ ᠦᠪᠡᠷᠳᠡᠭᠡᠨ ᠳᠠᠷᠤᠮᠠᠯᠯᠠᠵᠣ ᠪᠣᠯᠬᠤ ᠦᠢᠯᠡᠴᠢᠯᠡᠭᠡ ᠬᠠᠩᠭᠠᠨ᠎ᠡ᠃ ᠬᠢᠯᠢ ᠶᠢᠨ ᠰᠡᠷᠭᠡᠶᠢᠯᠡᠯᠳᠡ ᠶᠢᠨ ᠪᠠᠶᠢᠴᠠᠭᠠᠯᠳᠠ ᠶᠢᠨ ᠠᠦ᠋ᠲ ᠱᠤᠭᠤᠮ ᠢᠶᠠᠷ ᠦᠩᠭᠡᠷᠡᠬᠦ ᠵᠢᠭᠤᠯᠴᠢᠯᠠᠭᠴᠢᠳ ᠠᠦ᠋ᠲ ᠪᠠᠶᠢᠴᠠᠭᠠᠯᠳᠠ ᠶᠢᠨ ᠱᠣᠭᠤᠮ ᠤᠨ ᠠᠷᠣ ᠳᠠᠯ᠎ᠠ ᠶᠢᠨ ᠠᠦ᠋ᠲ ᠳᠠᠷᠤᠮᠠᠯᠯᠠᠬᠤ ᠮᠠᠰᠢᠨ ᠢᠶᠠᠷ ᠦᠪᠡᠷ  ᠤᠨ ᠬᠠᠮᠤᠭ ᠰᠡᠬᠦᠯ ᠳᠤ ᠳᠣᠰ ᠬᠢᠯᠢ ᠶᠢᠨ ᠪᠣᠭᠤᠮᠳᠠ ᠪᠠᠷ ᠣᠷᠣᠭᠰᠠᠨ ᠪᠣᠶᠣ ᠭᠠᠷᠣᠭᠰᠠᠨ ᠳᠡᠮᠳᠡᠭᠯᠡᠯ ᠤᠨ ᠬᠡᠷᠡᠴᠢᠯᠡᠭᠡ ᠪᠠᠨ ᠦᠨ᠎ᠡ ᠳᠦᠯᠦᠪᠣᠷᠢ ᠦᠭᠡᠢ ᠳᠠᠷᠤᠮᠠᠯᠯᠠᠨ ᠠᠪᠴᠣ ᠪᠣᠯᠣᠨ᠎ᠠ᠃ ᠳᠣᠰ ᠭᠡᠷᠡᠴᠢᠯᠡᠭᠡ ᠪᠣᠯᠣᠨ ᠬᠢᠯᠢ ᠶᠢᠨ ᠰᠢᠯᠭᠠᠨ ᠪᠠᠶᠢᠴᠠᠭᠠᠯᠳᠠ ᠶᠢᠨ ᠪᠠᠶᠢᠭᠤᠯᠤᠮᠵᠢ ᠶᠢᠨ ᠬᠢᠯᠢ ᠪᠠᠷ ᠭᠠᠷᠬᠤ ᠤᠷᠤᠬᠤ ᠦᠨᠡᠮᠯᠡᠯ ᠳᠡᠭᠡᠷ᠎ᠡ ᠳᠠᠷᠣᠳᠠᠭ ᠳᠣᠮᠳᠠᠳᠣ ᠣᠯᠣᠰ ᠤᠨ ᠬᠢᠯᠢ ᠶᠢᠨ ᠬᠢᠨᠠᠨ ᠪᠠᠶᠢᠴᠠᠭᠠᠯᠳᠠ ᠶᠢᠨ ᠳᠠᠮᠠᠭ᠎ᠠ ᠲᠠᠢ ᠠᠳᠠᠯᠢᠬᠠᠨ ᠬᠦᠴᠦᠨ ᠲᠠᠢ᠃      47. ᠦᠨᠡᠮᠯᠡᠯ ᠭᠤᠶᠤᠴᠢᠯᠠᠬᠤ ᠠᠵᠢᠯ ᠢ ᠨᠡᠶᠢᠭᠡᠯᠡ ᠤᠳᠠᠭ᠎ᠠ ᠳᠤ ᠭᠦᠢᠴᠡᠳᠬᠡᠵᠦ ᠳᠠᠭᠤᠰᠬᠠᠬᠤ ᠶᠢ ᠬᠡᠷᠡᠭᠵᠢᠭᠦᠯᠦᠨ᠎ᠡ᠃ ᠰᠢᠶᠠᠩᠭᠠᠩ᠂ ᠣᠣᠮᠧᠨ ᠪᠣᠯᠣᠨ ᠲᠠᠶᠢᠸᠠᠨ ᠳᠤ ᠨᠡᠪᠲᠡᠷᠡᠬᠦ ᠦᠨᠡᠮᠯᠡᠯ ᠭᠤᠶᠤᠴᠢᠯᠠᠬᠤ ᠪᠣᠯᠤᠨ ᠲᠡᠮᠳᠡᠭᠯᠡᠭᠡ ᠳᠠᠩᠰᠠᠯᠠᠯᠲᠠ ᠶᠢ ᠨᠢᠭᠡᠯᠨ ᠬᠦᠯᠢᠶᠡᠨ ᠠᠪᠬᠤ ᠴᠤᠩᠬᠤᠪᠴᠢ ᠳᠤ ᠭᠦᠢᠴᠡᠳᠬᠡᠬᠦ ᠶᠢ ᠪᠠᠲᠤᠯᠠᠵᠤ ᠂ ᠦᠨᠡᠮᠯᠡᠯ ᠤᠨ ᠰᠡᠭᠦᠳᠡᠷ ᠪᠠᠭᠤᠯᠭᠠᠬᠤ᠂ ᠬᠤᠷᠤᠭᠤᠨ ᠤᠷᠤᠮ   ᠢᠶᠠᠨ ᠦᠯᠡᠳᠡᠭᠡᠵᠦ ᠳᠠᠩᠰᠠᠯᠠᠭᠤᠯᠬᠤ᠂ ᠭᠤᠶᠤᠴᠢᠯᠠᠭᠰᠠᠨ ︵ᠡᠷᠡᠮᠡᠯᠵᠡᠭᠰᠡᠨ︶ ᠮᠠᠲ᠋ᠧᠷᠢᠶᠠᠯ ᠢᠶᠠᠨ ᠲᠤᠰᠢᠶᠠᠬᠤ᠂ ᠨᠢᠭᠤᠷᠳᠡᠨ ᠬᠢᠨᠠᠭᠤᠯᠬᠤ᠂  ᠰᠦᠢᠳᠬᠡᠯ ᠲᠤᠰᠢᠶᠠᠬᠤ ᠵᠡᠷᠭᠡ ᠪᠦᠬᠦ᠋ᠢᠯᠡ ᠭᠠᠷ ᠭᠦᠢᠴᠡᠳᠬᠡᠯ ᠢ ᠨᠢᠭᠡ ᠯᠡ ᠤᠳᠠᠭ᠎ᠠ ᠳᠤ ᠲᠥᠪᠯᠡᠷᠡᠭᠦᠯᠵᠦ ᠭᠦᠢᠴᠡᠳᠬᠡᠨ᠎ᠡ᠃      48. ᠦᠨᠡᠮᠯᠡᠯ ᠢ ᠭᠤᠪᠢᠭᠤᠯᠤᠭᠰᠡᠨ ᠰᠠᠨᠠᠭᠤᠯᠤᠮᠵᠢ ᠶᠢᠨ ᠦᠢᠯᠡᠴᠢᠯᠡᠭᠡ ᠬᠠᠩᠭᠠᠬᠤ ᠶᠢ ᠬᠡᠷᠡᠭᠵᠢᠭᠦᠯᠦᠨ᠎ᠡ᠃ ᠭᠤᠶᠤᠴᠢᠯᠠᠭᠴᠢ ᠳᠤ ᠦᠨᠡᠮᠯᠡᠯ ᠢ ᠭᠤᠪᠢᠭᠤᠯᠤᠭᠰᠡᠨ ᠤ ᠳᠠᠷᠠᠭ᠎ᠠ ᠭᠤᠪᠢᠭᠤᠯᠤᠭᠴᠢ ᠶᠢᠨ ᠦᠯᠡᠳᠡᠭᠡᠭᠰᠡᠨ ᠤᠲᠠᠰᠤᠨ ᠨᠣᠮᠧᠷ ᠲᠤ ᠣᠬᠤᠷ ᠴᠢᠮᠡᠭᠡ ᠶᠢᠨ ᠬᠡᠯᠪᠡᠷᠢ ᠪᠠᠷ ᠦᠨᠡᠮᠯᠡᠯ ᠢ ᠭᠤᠪᠢᠭᠤᠯᠤᠭᠰᠡᠨ ᠲᠤᠬᠠᠶ ᠮᠡᠳᠡᠭᠳᠡᠨ᠎ᠡ᠃      49.ᠪᠣᠭᠤᠮᠲᠠ ᠶᠢᠨ ᠬᠢᠨᠠᠨ ᠰᠢᠯᠭᠠᠯᠲᠠ ᠪᠠᠷ ᠥᠩᠭᠡᠷᠡᠭᠦᠯᠬᠦ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠳᠤᠮᠳᠠᠳᠤ ᠤᠯᠤᠰ ᠤᠨ ᠡᠷᠬᠡᠲᠦ ᠠᠷᠠᠳ ᠬᠢᠯᠢ ᠪᠠᠷ ᠤᠷᠤᠬᠤ ᠭᠠᠷᠬᠤ ᠳᠠᠭᠠᠨ ᠭᠤᠴᠢᠨ ᠮᠢᠨᠦ᠋ᠲ ᠠᠴᠠ ᠳᠡᠭᠡᠭᠰᠢ  ᠮᠥᠷᠯᠡᠬᠦ ᠥᠭᠡᠢ ᠪᠠᠶᠢᠬᠤ ᠶᠢ ᠪᠠᠲᠤᠯᠠᠵᠤ᠂ ᠨᠣᠭᠤᠭ᠎ᠠ ᠵᠢᠮᠢᠰ ᠵᠡᠷᠭᠡ ᠶᠢᠨ ᠰᠢᠨ᠎ᠡ ᠰᠣᠷᠭᠤᠭ ᠪᠦᠲᠦᠭᠡᠭᠳᠡᠬᠦᠨ ᠢ ᠭᠠᠷᠭᠠᠬᠤ ᠪᠤᠶᠤ  ᠡᠪᠡᠳᠴᠢᠨ ᠰᠢᠷᠬ᠎ᠠ ᠲᠠᠢ ᠠᠶᠠᠯᠠᠭᠴᠢᠳ ᠲᠤ ᠳᠥᠭᠦᠮ ᠰᠠᠭᠠᠳ ᠦᠬᠡᠢ ᠨᠥᠬᠦᠴᠡᠯ ᠬᠠᠩᠭᠠᠨ᠎ᠠ᠃      50. ᠪᠠᠴᠢᠮ ᠪᠠᠶᠢᠳᠠᠯ ᠳᠤ ᠦᠨᠡᠮᠯᠡᠯ ᠭᠤᠶᠤᠴᠢᠯᠠᠬᠤ ᠬᠡᠪᠴᠢᠶ᠎ᠡ ᠶᠢ ᠥᠷᠭᠡᠳᠬᠡᠨ᠎ᠡ᠃ ᠭᠤᠶᠤᠴᠢᠯᠠᠭᠴᠢ ᠣᠷᠣᠰᠢᠭᠤᠯᠭ᠎ᠠ ᠳᠤ ᠶᠠᠭᠠᠷᠠᠬᠤ᠂ ᠬᠦᠨᠳᠦ ᠡᠪᠡᠳᠴᠢᠨ ᠦᠵᠡᠭᠦᠯᠬᠦ᠂ ᠬᠦᠨᠳᠦ ᠡᠪᠡᠳᠴᠢᠲᠡᠨ ᠢ ᠪᠣᠯᠭᠤᠭᠠᠨ ᠦᠵᠡᠬᠦ᠂ ᠬᠢᠯᠢ ᠶᠢᠨ ᠭᠠᠳᠠᠨ᠎ᠠ ᠭᠠᠷᠤᠭᠰᠠᠨ ᠪᠠᠶᠢᠳᠠᠯ  ᠳᠤ ᠭᠡᠨᠡᠳᠳᠡ  ᠶᠢᠨ ᠤᠴᠢᠷ ᠢ ᠰᠢᠢᠳᠪᠦᠷᠢᠯᠡᠬᠦ᠂ ᠬᠢᠯᠢ ᠠᠴᠠ ᠭᠠᠷᠴᠤ ᠪᠠᠴᠢᠮ ᠶᠠᠭᠠᠷᠠᠤ ᠬᠤᠷᠠᠯ ᠳᠤ ᠣᠷᠣᠯᠴᠠᠬᠤ ᠪᠤᠶᠤ ᠬᠡᠯᠡᠯᠴᠡᠭᠡ ᠬᠢᠬᠦ᠂ ᠭᠡᠷ᠎ᠡ ᠪᠠᠶᠢᠭᠤᠯᠬᠤ ᠪᠤᠶᠤ ᠭᠠᠳᠠᠭᠠᠳᠤ ᠳᠤ ᠭᠠᠷᠴᠤ ᠰᠤᠷᠤᠯᠴᠠᠬᠤ ᠨᠡᠷ᠎ᠡ ᠮᠡᠳᠡᠭᠦᠯᠬᠦ ᠴᠠᠭ ᠣᠶᠢᠷᠠᠳᠤᠭᠰᠠᠨ᠂ ᠶᠠᠪᠤᠬᠤ ᠠᠴᠠ ᠪᠠᠨ ᠡᠮᠦᠨ᠎ᠡ ᠦᠨᠡᠮᠯᠡᠯ ᠢᠶᠠᠨ ᠭᠡᠭᠡᠭᠰᠡᠨ ᠪᠤᠶᠤ ᠰᠦᠢᠳᠬᠡᠭᠰᠡᠨ ᠵᠡᠷᠭᠡ ᠪᠠᠴᠢᠮ ᠶᠠᠭᠠᠷᠠᠤ ᠪᠠᠶᠢᠳᠠᠯ  ᠳᠤ ᠦᠨᠡᠮᠯᠡᠯ ᠢ ᠲᠦᠷᠭᠡᠨ ᠭᠦᠢᠴᠡᠳᠬᠡᠵᠦ ᠥᠭᠬᠦ ᠦᠢᠯᠡᠴᠢᠯᠡᠭᠡ ᠬᠠᠩᠭᠠᠨ᠎ᠠ᠃      51. ᠬᠢᠯᠢ ᠪᠠᠷ ᠭᠠᠷᠬᠤ ᠰᠠᠨᠠᠭᠤᠯᠤᠮᠵᠢ ᠶᠢᠨ ᠦᠢᠯᠡᠴᠢᠯᠡᠭᠡ ᠶᠢ ᠠᠬᠢᠭᠤᠯᠤᠨ᠎ᠠ᠃ ᠬᠢᠯᠢ ᠶᠢᠨ ᠭᠠᠳᠠᠨ᠎ᠠ ᠵᠢᠭᠤᠯᠴᠢᠯᠠᠬᠤ ︵ᠠᠶᠠᠯᠠᠬᠤ︶ ᠠᠮᠤᠷ ᠲᠦᠪᠰᠢᠨ ᠤ ᠰᠠᠨᠠᠭᠤᠯᠤᠮᠵᠢ᠂ ᠬᠢᠯᠢ ᠶᠢᠨ ᠭᠠᠳᠠᠨ᠎ᠠ ᠫᠠᠰᠫᠣᠷᠲ ᠵᠡᠷᠭᠡ ᠦᠨᠡᠮᠯᠡᠯ ᠢᠶᠠᠨ ᠭᠡᠭᠡᠪᠡᠯ ᠪᠠᠴᠢᠮ ᠪᠠᠶᠢᠳᠠᠯ ᠢ ᠬᠡᠷᠬᠢᠨ ᠠᠷᠭᠠᠴᠠᠭᠠᠬᠤ ᠲᠤᠬᠠᠶ ᠵᠥᠪᠯᠡᠯᠭᠡ᠂ ᠬᠢᠯᠢ ᠶᠢᠨ ᠭᠠᠳᠠᠨ᠎ᠠ ᠪᠣᠯᠪᠠᠰᠤᠨ ᠢᠶᠠᠷ ᠵᠤᠭᠠᠴᠠᠬᠤ ᠡᠩ ᠤᠨ ᠮᠡᠳᠡᠯᠭᠡ᠂ ᠬᠢᠯᠢ ᠶᠢᠨ ᠭᠠᠳᠠᠨ᠎ᠠ ᠣᠷᠣᠰᠢᠨ ᠰᠠᠭᠤᠬᠤ ᠳᠤ ᠠᠩᠬᠠᠷᠬᠤ ᠵᠦᠢᠯ ᠤᠳ ᠵᠡᠷᠭᠡ ᠲᠠᠯ᠎ᠠ ᠪᠠᠷ ᠬᠢ ᠤᠬᠠᠭᠤᠯᠭ᠎ᠠ ᠰᠤᠷᠲᠠᠯᠴᠢᠯᠠᠭ᠎ᠠ ᠶᠢ ᠨᠡᠮᠡᠭᠳᠡᠭᠦᠯᠦᠨ᠎ᠡ᠃      52. ᠴᠢᠬᠤᠯᠠ ᠪᠤᠰᠤ ᠮᠠᠲ᠋ᠧᠷᠢᠶᠠᠯ ᠳᠤᠲᠠᠭᠤ ᠪᠠᠶᠢᠳᠠᠯ ᠳᠤ ᠤᠷᠢᠳᠠᠪᠠᠷ ᠬᠦᠯᠢᠶᠡᠨ ᠠᠪᠴᠤ ᠰᠢᠢᠳᠪᠦᠷᠢᠯᠡᠬᠦ ᠦᠢᠯᠡᠴᠢᠯᠡᠭᠡ ᠶᠢ ᠲᠦᠯᠬᠢᠨ ᠠᠬᠢᠭᠤᠯᠤᠨ᠎ᠠ᠃ ᠭᠤᠶᠤᠴᠢᠯᠠᠭᠴᠢ ᠶᠢᠨ ᠭᠤᠣᠯ ᠪᠣᠯᠬᠤ ᠮᠠᠲ᠋ᠧᠷᠢᠶᠠᠯ ᠨᠢ ᠪᠦᠷᠢᠨ ᠭᠦᠢᠴᠡᠳ᠂ ᠬᠦᠴᠦᠨ ᠲᠠᠢ᠂ ᠬᠠᠤᠯᠢ ᠳᠤ ᠨᠡᠶᠢᠴᠡᠵᠦ ᠪᠠᠶᠢᠭ᠎ᠠ ᠪᠣᠯᠪᠠᠴᠤ ᠪᠤᠰᠤᠳ ᠵᠠᠷᠢᠮ ᠨᠥᠬᠦᠴᠡᠯ ᠪᠤᠶᠤ ᠳᠠᠭᠠᠯᠳᠤᠭᠤᠯᠤᠭᠰᠠᠨ ᠮᠠᠲ᠋ᠧᠷᠢᠶᠠᠯ ᠨᠢ ᠳᠤᠲᠠᠭᠤ ᠪᠠᠶᠢᠪᠠᠯ᠂ ᠭᠤᠶᠤᠴᠢᠯᠠᠭᠴᠢ ᠳᠤ᠂ ᠤᠷᠢᠳᠠᠪᠡᠷ ᠦᠨᠡᠮᠯᠡᠯ ᠢ ᠭᠦᠢᠴᠡᠳᠬᠡᠬᠦ ᠭᠠᠷ ᠭᠦᠢᠴᠡᠳᠬᠡᠯ ᠢ  ᠬᠢᠵᠦ ᠥᠭᠭᠦᠭᠡᠳ᠂ ᠰᠡᠭᠦᠯᠡᠷ ᠨᠢ ᠬᠠᠮᠢᠶ᠎ᠠ ᠪᠦᠬᠦᠢ ᠮᠠᠲ᠋ᠧᠷᠢᠶᠠᠯ ᠢ ᠨᠢ ᠨᠥᠬᠦᠪᠥᠷᠢᠯᠡᠬᠦᠯᠵᠦ ᠪᠣᠯᠤᠨ᠎ᠠ  ᠃      53. ᠦᠢᠯᠡᠴᠢᠯᠡᠭᠡᠨ ᠤ ᠴᠠᠭ ᠢᠶᠠᠨ ᠤᠷᠲᠤᠳᠬᠠᠬᠤ ᠶᠢ ᠠᠬᠢᠭᠤᠯᠤᠨ᠎ᠠ᠃ ᠠᠶᠢᠮᠠᠭ ᠬᠤᠲᠠ ᠠᠴᠠ ᠳᠡᠭᠡᠭᠰᠢᠬᠢ ᠬᠢᠯᠢ ᠪᠠᠷ ᠭᠠᠷᠬᠤ ᠤᠷᠤᠬᠤ ᠶᠢ ᠬᠠᠮᠢᠶᠠᠷᠬᠤ ᠪᠠᠶᠢᠭᠤᠯᠭ᠎ᠠ ᠠᠴᠠ ᠭᠠᠷᠠᠭ ᠤᠨ ᠵᠢᠷᠭᠤᠭᠠᠨ ᠳᠤ ᠦᠨᠡᠮᠯᠡᠯ  ᠭᠤᠶᠤᠴᠢᠯᠠᠭᠴᠢᠳ ᠲᠤ ᠦᠢᠯᠡᠴᠢᠯᠡᠭᠡ ᠬᠠᠩᠭᠠᠨ᠎ᠠ᠃ ᠦᠨᠡᠮᠯᠡᠯ ᠭᠤᠶᠤᠴᠢᠯᠠᠬᠤ ᠶᠠᠭᠠᠷᠠᠤ ᠴᠠᠭ ᠦᠶ᠎ᠡ  ᠳᠤ ᠦᠢᠯᠡᠴᠢᠯᠡᠬᠦ ᠴᠠᠭ ᠢᠶᠠᠨ ᠤᠷᠲᠤᠳᠬᠠᠬᠤ ᠠᠴᠠ ᠭᠠᠳᠠᠨ᠎ᠠ᠂ ᠪᠠᠶᠠᠷ ᠳᠤᠷᠠᠰᠬᠠᠯ ᠪᠤᠶᠤ ᠠᠮᠠᠷᠠᠯᠲᠠ ᠶᠢᠨ ᠡᠳᠦᠷ ᠤᠨ  ᠡᠮᠦᠨᠡᠬᠢ ᠨᠢᠭᠡ ᠡᠳᠦᠷ ᠤᠨ ᠦᠢᠯᠡᠴᠢᠯᠡᠬᠦ ᠴᠠᠭ ᠢᠶᠠᠨ ᠤᠷᠲᠤᠳᠬᠠᠨ᠎ᠠ᠃
ᠢᠷᠡᠯᠲᠡ᠄ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠠᠯᠪᠠᠨ ᠬᠡᠷ