ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠤᠲᠤᠭᠠᠲᠤ ᠶᠢ ᠬᠠᠮᠠᠭᠠᠯᠠᠬᠤ ᠲᠢᠩᠬᠢᠮ ᠤᠨ ᠲᠤᠰᠢᠶᠠᠯ ᠬᠠᠷᠢᠴᠠᠭᠤᠯᠭ᠎ᠠ ᠶᠢᠨ ᠲᠤᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2018/8/17
     ⒈ ᠨᠠᠮ ᠪᠠ ᠤᠯᠤᠰ ᠤᠨ ᠬᠤᠯᠪᠤᠭᠳᠠᠯ ᠪᠦᠬᠦᠢ ᠲᠤᠲᠤᠭᠠᠲᠤ ᠶᠢ ᠬᠠᠮᠠᠭᠠᠯᠠᠬᠤ ᠠᠵᠢᠯ ᠤᠨ ᠴᠢᠭᠯᠡᠯᠲᠡ᠂ ᠲᠦᠷᠥ ᠶᠢᠨ ᠪᠤᠳᠤᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ᠂ ᠪᠦᠬᠦ ᠤᠷᠤᠨ ᠤ ᠲᠤᠲᠤᠭᠠᠲᠤ ᠶᠢ ᠬᠠᠮᠠᠭᠠᠯᠠᠬᠤ ᠠᠵᠢᠯ ᠤᠨ ᠭᠠᠵᠠᠷ ᠤᠷᠤᠨ ᠤ ᠴᠢᠨᠠᠷᠲᠠᠢ ᠬᠠᠤᠯᠢ ᠶᠤᠰᠣ ᠲᠦᠷᠢᠮ ᠲᠤᠭᠳᠠᠭᠠᠯ ᠤᠨ ᠡᠬᠡ ᠨᠤᠤᠷᠠᠭ ᠢ ᠰᠤᠳᠤᠯᠤᠨ ᠨᠠᠶᠢᠷᠠᠭᠤᠯᠬᠤ᠂ ᠪᠦᠬᠦ ᠤᠷᠤᠨ ᠤ ᠲᠤᠲᠤᠭᠠᠲᠤ ᠶᠢ ᠬᠠᠮᠠᠭᠠᠯᠠᠬᠤ ᠠᠵᠢᠯ ᠳᠤ ᠪᠠᠶᠢᠷᠢᠯᠠᠭᠤᠯᠤᠯᠳᠠ ᠬᠢᠬᠦ᠂ ᠵᠢᠭᠠᠨ ᠵᠢᠯᠤᠭᠤᠳᠬᠤ᠂ ᠬᠢᠨᠠᠯᠲᠠ  ᠲᠠᠯᠪᠢᠬᠤ᠃      ⒉ ᠤᠯᠤᠰ ᠤᠨ ᠠᠮᠤᠷ ᠲᠦᠪᠰᠢᠨ ᠪᠠ ᠦᠪᠡᠷᠲᠡᠭᠡᠨ ᠵᠠᠰᠠᠬᠤ ᠤᠷᠤᠨ  ᠤ ᠨᠡᠶᠢᠭᠡᠮ ᠤᠨ ᠲᠤᠭᠳᠠᠭᠤᠨ ᠢ ᠬᠠᠮᠠᠭᠠᠯᠠᠬᠤ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠬᠦ᠂ ᠬᠦᠨᠳᠦ ᠶᠡᠭᠡ ᠭᠡᠨᠡᠳᠲᠡ ᠶᠢᠨ ᠬᠡᠷᠡᠭ ᠢ ᠰᠢᠢᠳᠪᠦᠷᠢᠯᠡᠬᠦ᠂  ᠬᠦᠨᠳᠦ ᠴᠢᠬᠤᠯᠠ ᠴᠠᠭᠳᠠᠭᠠᠨ ᠤ ᠶᠠᠪᠤᠳᠠᠯ ᠤᠨ ᠠᠵᠢᠯᠯᠠᠭ᠎ᠠ ᠶᠢ ᠪᠠᠶᠢᠷᠢᠯᠠᠭᠤᠯᠤᠨ ᠵᠢᠭᠠᠨ  ᠵᠢᠯᠤᠭᠤᠳᠬᠤ᠃      ⒊ ᠪᠦᠬᠦ ᠤᠷᠤᠨ ᠤ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠶᠢᠨ ᠠᠮᠤᠷ ᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠦᠷᠨᠢᠭᠦᠯᠬᠦ  ᠶᠢ ᠵᠢᠭᠠᠨ ᠵᠢᠯᠤᠭᠤᠳᠤᠨ ᠬᠢᠨᠠᠯᠲᠠ ᠲᠠᠯᠪᠢᠬᠤ᠂ ᠪᠦᠬᠦ ᠤᠷᠤᠨ ᠤ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠨᠡᠶᠢᠭᠡᠮ ᠤᠨ ᠡᠮᠬᠢ ᠲᠢᠭᠯᠢᠮ ᠳᠤ ᠬᠦᠨᠥᠭᠡᠯ ᠤᠴᠠᠷᠠᠭᠤᠯᠤᠭᠰᠠᠨ ᠦᠢᠯᠡ ᠠᠵᠢᠯᠯᠠᠭ᠎ᠠ ᠪᠠ ᠠᠮᠥᠷ ᠢ ᠬᠠᠮᠠᠭᠠᠯᠠᠬᠤ ᠡᠷᠡᠭᠦᠦ ᠶᠢᠨ ᠬᠡᠷᠡᠭ ᠤᠨ ᠲᠠᠩᠨᠠᠨ ᠪᠠᠶᠢᠴᠠᠭᠠᠬᠤ ᠠᠵᠢᠯ ᠢ ᠬᠠᠤᠯᠢ ᠶᠤᠰᠤᠭᠠᠷ ᠪᠠᠶᠢᠴᠠᠭᠠᠨ ᠰᠢᠢᠳᠭᠡᠬᠦ  ᠶᠢ ᠵᠤᠬᠢᠶᠠᠨ ᠪᠠᠶᠢᠭᠤᠯᠵᠤ ᠵᠢᠭᠠᠨ ᠵᠢᠯᠤᠭᠤᠳᠬᠤ᠃      ⒋ ᠪᠦᠬᠦ ᠤᠷᠤᠨ ᠤ ᠬᠢᠯᠢ ᠠᠴᠠ ᠭᠠᠷᠬᠤ ᠤᠷᠤᠬᠤ ᠬᠠᠮᠢᠶᠠᠷᠤᠯᠲᠠ᠂ ᠬᠢᠯᠢ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ᠂ ᠭᠠᠯ ᠰᠡᠷᠭᠡᠶᠢᠯᠡᠯᠲᠡ ᠶᠢᠨ ᠠᠶᠤᠯᠭᠦᠢ ᠶᠢᠨ ᠬᠠᠮᠢᠶᠠᠷᠥᠯᠲᠠ᠂ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠯᠳᠠ ᠵᠢᠴᠢ ᠡᠯ᠎ᠠ ᠲᠦᠷᠦᠯ ᠤᠨ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠶᠢᠨ ᠡᠷᠬᠢᠯᠡᠭᠰᠡᠨ ᠠᠵᠢᠯ ᠢ ᠵᠤᠬᠢᠴᠠᠭᠤᠯᠤᠨ ᠵᠢᠭᠠᠨ ᠵᠢᠯᠤᠭᠤᠳᠬᠤ᠂ ᠲᠤᠳᠤᠭᠠᠳᠣ ᠶᠢ ᠬᠠᠮᠠᠭᠠᠯᠠᠬᠤ ᠬᠢᠯᠢ ᠶᠢᠨ ᠬᠠᠮᠠᠭᠠᠯᠠᠯᠳᠠ᠂ ᠭᠠᠯ ᠰᠡᠷᠭᠡᠶᠢᠯᠡᠯᠲᠡ  ᠂ ᠰᠡᠷᠭᠡᠶᠢᠯᠡᠨ ᠬᠠᠮᠠᠭᠠᠯᠠᠯᠲᠠ ᠶᠢᠨ ᠴᠡᠷᠢᠭ ᠠᠩᠬᠢ ᠶᠢ ᠤᠳᠤᠷᠢᠳᠬᠤ᠃      ⒌ ᠪᠦᠬᠦ ᠤᠷᠤᠨ ᠤ ᠵᠠᠮ ᠬᠠᠷᠢᠯᠴᠠᠭ᠎ᠠ  ᠤ ᠠᠶᠤᠯᠭᠦᠢ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ᠂ ᠪᠦᠬᠦ ᠤᠷᠤᠨ ᠤ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠠᠶᠤᠯᠭᠦᠢ᠂ ᠵᠠᠮ ᠬᠠᠷᠢᠯᠴᠠᠭᠠᠨ ᠤ ᠡᠮᠬᠢ ᠲᠢᠭᠯᠢᠮ ᠬᠠᠮᠠᠭᠠᠯᠠᠬᠤ ᠵᠢᠴᠢ ᠮᠠᠰᠢᠨ ᠲᠡᠷᠭᠡ᠂ ᠵᠢᠯᠤᠭᠤᠴᠢ ᠶᠢᠨ ᠬᠠᠮᠢᠶᠠᠷᠤᠯᠲᠠ ᠶᠢᠨ ᠠᠵᠢᠯ ᠢ ᠵᠢᠭᠠᠨ ᠵᠢᠯᠤᠭᠤᠳᠤᠨ ᠬᠢᠨᠠᠯᠲᠠ ᠲᠠᠯᠪᠢᠬᠤ᠃      ⒍ ᠪᠦᠬᠦ ᠤᠷᠤᠨ ᠤ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠶᠢᠨ ᠨᠡᠶᠢᠲᠡ ᠶᠢᠨ ᠮᠡᠳᠡᠭᠡ ᠵᠠᠩᠬᠢ ᠰᠦᠯᠵᠢᠶᠡᠨ ᠤ ᠠᠶᠤᠯᠭᠦᠢ ᠶᠢ ᠬᠠᠮᠠᠭᠠᠯᠠᠬᠤ᠂  ᠬᠦᠴᠦᠷᠬᠡᠭᠯᠡᠯ ᠰᠦᠷᠳᠡᠭᠦᠯᠦᠯ ᠤᠨ ᠠᠵᠢᠯᠯᠠᠭ᠎ᠠ ᠳᠤ ᠴᠤᠬᠢᠯᠲᠠ ᠦᠭᠴᠦ ᠲᠠᠩᠨᠠᠨ ᠰᠡᠷᠭᠡᠶᠢᠯᠡᠭᠦ ᠂ ᠬᠤᠤᠷᠲᠦ ᠪᠤᠳᠠᠰ ᠤᠨ ᠬᠠᠤᠯᠢ ᠶᠢ ᠵᠦᠷᠢᠴᠡᠵᠦ ᠶᠠᠯ᠎ᠠ ᠬᠢᠭᠰᠡᠨ ᠠᠵᠢᠯᠯᠠᠭ᠎ᠠ ᠶᠢ ᠤᠷᠢᠳᠴᠢᠯᠠᠨ  ᠰᠡᠷᠭᠡᠶᠢᠯᠡᠨ ᠴᠤᠬᠢᠯᠲᠠ ᠦᠭᠬᠦ ᠵᠡᠷᠭᠡ ᠠᠵᠢᠯ ᠢ ᠵᠤᠬᠢᠶᠠᠨ ᠪᠠᠶᠢᠭᠤᠯᠤᠨ ᠵᠢᠭᠠᠨ ᠵᠢᠯᠤᠭᠤᠳᠬᠤ᠃      ⒎ ᠪᠦᠬᠦ ᠤᠷᠤᠨ ᠤ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠬᠦ ᠶᠢ ᠲᠦᠷᠢᠮᠵᠢᠭᠦᠯᠬᠦ᠂ ᠵᠠᠰᠠᠭ ᠵᠠᠬᠢᠷᠭᠠᠨ ᠤ ᠳᠠᠬᠢᠨ ᠵᠦᠪᠯᠡᠯᠳᠡ ᠂  ᠴᠠᠭᠳᠠᠭᠠᠨ ᠤ ᠶᠠᠪᠤᠳᠠᠯ ᠬᠢᠨᠠᠨ ᠪᠠᠶᠢᠴᠠᠭᠠᠬᠤ᠂ ᠭᠢᠨᠳᠠᠨ ᠤ ᠬᠠᠮᠢᠶᠠᠷᠤᠯᠲᠠ ᠶᠢᠨ ᠲᠠᠯᠠᠪᠤᠷ ᠢ ᠬᠠᠮᠢᠶᠠᠷᠤᠨ ᠪᠠᠶᠢᠭᠤᠯᠬᠤ ᠵᠡᠷᠭᠡ ᠠᠵᠢᠯ ᠢ ᠬᠢᠨᠠᠨ ᠪᠠᠶᠢᠴᠠᠭᠠᠨ ᠵᠢᠭᠠᠨ ᠵᠢᠯᠤᠭᠤᠳᠬᠤ᠃      ⒏ ᠪᠦᠬᠦ ᠤᠷᠤᠨ ᠤ ᠲᠤᠲᠤᠭᠠᠲᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠪᠠ ᠮᠡᠷᠭᠡᠵᠢᠯ ᠤᠨ ᠠᠶᠤᠯᠭᠦᠢ ᠶᠢ ᠰᠡᠷᠭᠡᠶᠢᠯᠡᠬᠦ᠂  ᠮᠠᠳᠡᠭᠡ  ᠵᠠᠩᠬᠢᠴᠢᠯᠠᠯᠳᠠ ᠶᠢᠨ ᠪᠠᠶᠢᠭᠤᠯᠤᠯᠲᠠ᠂ ᠮᠡᠳᠡᠭᠡ ᠵᠠᠩᠬᠢ ᠬᠤᠯᠪᠤᠭᠠᠨ ᠤ ᠪᠠᠲᠤᠯᠠᠭ᠎ᠠ ᠶᠢᠨ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠵᠢᠭᠠᠨ  ᠵᠢᠯᠤᠭᠤᠳᠬᠤ᠃      ⒐ ᠪᠦᠬᠦ ᠤᠷᠤᠨ ᠤ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠷᠤᠳᠠᠯ᠂  ᠲᠤᠨᠤᠭ ᠲᠦᠬᠦᠭᠡᠷᠦᠮᠵᠢ᠂ ᠬᠤᠪᠴᠠᠰᠤ ᠴᠢᠮᠡᠭᠯᠡᠯ ᠤᠨ ᠲᠦᠯᠦᠪᠯᠡᠭᠡ ᠶᠢ ᠲᠤᠭᠤᠷᠪᠢᠨ ᠲᠤᠭᠳᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠬᠦ᠂ ᠪᠦᠬᠦ ᠤᠷᠤᠨ ᠤ ᠴᠠᠭᠳᠠᠭᠠᠨ  ᠤᠨ ᠬᠡᠷᠡᠭᠯᠡᠭᠡᠨ ᠤ ᠠᠭᠠᠷ ᠠᠶᠠᠯᠠᠯ ᠤᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ᠃      ⒑ ᠪᠦᠬᠦ ᠤᠷᠤᠨ ᠤ ᠲᠤᠲᠤᠭᠠᠲᠤ ᠶᠢ ᠬᠠᠮᠠᠭᠠᠯᠠᠬᠤ ᠡᠩᠨᠡᠭᠡ ᠶᠢᠨ ᠪᠠᠶᠢᠭᠤᠯᠤᠯᠲᠠ ᠪᠠ ᠲᠤᠲᠤᠭᠠᠲᠤ ᠶᠢ ᠬᠠᠮᠠᠭᠠᠯᠠᠬᠤ ᠤᠬᠠᠭᠤᠯᠭ᠎ᠠ ᠶᠢᠨ ᠠᠵᠢᠯ ᠢ ᠬᠠᠷᠢᠭᠤᠴᠠᠨ᠂  ᠲᠤᠭᠲᠠᠭᠠᠭᠰᠠᠨ ᠡᠷᠬᠡ ᠮᠡᠳᠡᠯ ᠤᠨ ᠬᠡᠪᠴᠢᠶᠡᠨ ᠳᠤ ᠺᠠᠳ᠋ᠷ ᠢ ᠬᠠᠮᠢᠶᠠᠷᠬᠤ᠂ ᠪᠦᠬᠦ ᠤᠷᠤᠨ ᠤ ᠲᠤᠲᠤᠭᠠᠲᠤ ᠶᠢ ᠬᠠᠮᠠᠭᠠᠯᠠᠬᠤ ᠡᠩᠨᠡᠭᠡᠨ ᠤ ᠰᠠᠬᠢᠯᠭ᠎ᠠ ᠪᠠᠲᠤ ᠶᠢ ᠵᠦᠷᠢᠴᠡᠭᠰᠡᠨ ᠬᠦᠨᠳᠦ ᠴᠢᠬᠤᠯᠠ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠠ ᠱᠠᠭᠠᠷᠳᠠᠨ ᠬᠢᠯᠭᠡᠬᠦ᠂ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠳᠤ ᠵᠠᠬᠢᠲᠠᠯ ᠰᠣᠷᠪᠤᠯᠵᠢᠯᠠᠭ᠎ᠠ ᠪᠠᠷ ᠵᠠᠭᠠᠯᠳᠤᠨ ᠭᠤᠮᠤᠳᠠᠯ ᠲᠤᠭᠠᠴᠢᠭᠰᠠᠨ ᠬᠡᠷᠡᠭ ᠢ ᠬᠦᠯᠢᠶᠡᠨ ᠠᠪᠴᠦ ᠰᠢᠢᠳᠪᠦᠷᠢᠯᠡᠬᠦ ᠪᠠ ᠪᠠᠶᠢᠴᠠᠭᠠᠨ ᠰᠢᠢᠳᠭᠡᠬᠦ᠂ ᠪᠦᠬᠦ ᠤᠷᠤᠨ ᠤ ᠲᠤᠲᠤᠭᠠᠲᠤ ᠶᠢ ᠬᠠᠮᠠᠭᠠᠯᠠᠬᠤ  ᠵᠠᠬᠢᠲᠠᠯ ᠰᠤᠷᠪᠤᠯᠵᠢᠯᠠᠭ᠎ᠠ  ᠶᠢᠨ ᠠᠵᠢᠯ ᠢ  ᠰᠢᠪᠠᠳᠠᠨ  ᠪᠠᠶᠢᠴᠠᠭᠠᠵᠤ ᠵᠢᠭᠠᠨ ᠵᠢᠯᠤᠭᠤᠳᠬᠤ᠃      ⒒ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ  ᠵᠠᠰᠠᠭ ᠤᠨ ᠤᠷᠳᠤᠨ ᠤ ᠲᠤᠰᠢᠶᠠᠨ ᠰᠢᠢᠳᠪᠦᠷᠢᠯᠡᠭᠦᠯᠬᠦ ᠠᠵᠢᠯ ᠶᠠᠪᠤᠳᠠᠯ ᠢ ᠳᠠᠭᠠᠭᠠᠴᠢᠯᠠᠨ ᠬᠢᠬᠦ᠃
ᠢᠷᠡᠯᠲᠡ᠄ ᠦᠪᠦᠷ ᠮᠤᠩᠭᠤᠯ ᠤᠨ ᠲᠤᠳᠤᠭᠠᠳᠦ  ᠶᠢ ᠬᠠᠮᠠᠭᠠᠯᠠᠬᠤ ᠲᠢᠩᠬᠢᠮ