ᠮᠠᠰᠢᠨ ᠲᠡᠷᠭᠡ ᠶᠢᠨ ᠵᠢᠯᠣᠭᠤᠴᠢ ᠶᠢᠨ ᠦᠨᠡᠮᠯᠡᠯ ᠭᠤᠶᠤᠴᠢᠯᠠᠬᠤ ᠪᠤᠶᠤ ᠰᠣᠯᠢᠬᠤ ᠳᠤ ᠲᠤᠰᠢᠶᠠᠪᠠᠰᠤ ᠵᠣᠬᠢᠬᠤ ᠭᠡᠷᠡᠴᠢ ᠮᠠᠲ᠋ᠧᠷᠢᠶᠠᠯ ᠤᠳ
ᠨᠡᠶᠢᠲᠡᠯᠡᠭᠰᠡᠨ ᠴᠠᠭ᠄
2018/8/24
     ︽ᠮᠠᠰᠢᠨ ᠲᠡᠷᠭᠡᠨ ᠤ ᠵᠢᠯᠤᠭᠤᠴᠢ ᠶᠢᠨ ᠦᠨᠡᠮᠯᠡᠯ ᠭᠤᠶᠤᠴᠢᠯᠠᠨ ᠠᠪᠬᠤ ᠪᠠ ᠬᠡᠷᠡᠭᠯᠡᠬᠦ ᠲᠤᠭᠲᠠᠭᠠᠯ︾ ︵2016 ᠣᠨ ᠤ 1 ᠰᠠᠷ᠎ᠠ ᠶᠢᠨ 29 ᠤ ᠡᠳᠦᠷ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠣᠲᠣᠭᠠᠳᠤ ᠶᠢ ᠬᠠᠮᠠᠭᠠᠯᠠᠬᠤ ᠶᠠᠮᠤᠨ ᠤ ᠳᠠᠷᠤᠭ᠎ᠠ ᠭᠦᠸᠧ ᠱᠸᠡᠩ ᠺᠦᠨ ᠭᠠᠷ  ᠤᠨ  ᠦᠰᠦᠭ  ᠵᠢᠷᠤᠵᠤ  ᠨᠡᠶᠢᠲᠡᠯᠡᠭᠰᠡᠨ᠂ ᠲᠤᠲᠤᠭᠠᠲᠤ ᠶᠢ ᠬᠠᠮᠠᠭᠠᠯᠠᠬᠤ ᠶᠠᠮᠤᠨ ᠤ 139 ᠳ᠋ᠦ᠋ᠭᠡᠷ ᠲᠤᠭᠠᠲᠤ ᠵᠠᠷᠯᠢᠭ︶ ᠤᠨ ᠠᠷᠪᠠᠨ ᠨᠠᠢᠮᠠᠳᠤᠭᠠᠷ ᠠᠴᠠ ᠬᠤᠷᠢᠨ ᠬᠤᠶᠠᠳᠤᠭᠠᠷ ᠵᠦᠢᠯ ᠳᠤ ᠲᠣᠭᠲᠠᠭᠠᠭᠰᠠᠨ ᠮᠠᠰᠢᠨ ᠲᠡᠷᠭᠡ ᠶᠢᠨ ᠵᠢᠯᠣᠭᠤᠴᠢ ᠶᠢᠨ ᠦᠨᠡᠮᠯᠡᠯ ᠢ ᠭᠤᠶᠤᠴᠢᠯᠠᠬᠤ ᠪᠤᠶᠤ ᠰᠣᠯᠢᠬᠤ ︵ᠴᠡᠷᠢᠭ ᠤᠨ ᠪᠤᠶᠤ ᠬᠢᠯᠢ ᠶᠢᠨ ᠭᠠᠳᠠᠨᠠᠬᠢ ᠮᠠᠰᠢᠨ ᠲᠡᠷᠭᠡ ᠶᠢᠨ ᠵᠢᠯᠣᠭᠤᠴᠢ ᠶᠢᠨ ᠦᠨᠡᠮᠯᠡᠯ︶ ᠳᠤ ᠲᠤᠰᠢᠶᠠᠪᠠᠰᠤ ᠵᠣᠬᠢᠬᠤ ᠭᠡᠷᠡᠴᠢ ᠮᠠᠲ᠋ᠧᠷᠢᠶᠠᠯ ᠤᠳ ᠨᠢ ᠳᠤᠤᠷᠠᠬᠢ ᠮᠡᠲᠦ᠄      ᠠᠷᠪᠠᠨ ᠨᠠᠢᠮᠠᠳᠤᠭᠠᠷ ᠵᠦᠢᠯ  ᠮᠠᠰᠢᠨ ᠲᠡᠷᠭᠡ ᠶᠢᠨ ᠵᠢᠯᠣᠭᠤᠴᠢ ᠶᠢᠨ ᠦᠨᠡᠮᠯᠡᠯ ᠭᠤᠶᠣᠴᠢᠯᠠᠭᠴᠢ᠂ ᠳᠣᠣᠷ᠎ᠠ ᠵᠢᠭᠰᠠᠭᠠᠭᠰᠠᠨ ᠲᠣᠭᠲᠠᠭᠠᠯ ᠶᠣᠰᠣᠭᠠᠷ ᠲᠡᠷᠭᠡ ᠬᠥᠰᠬᠡ ᠶᠢᠨ ᠬᠠᠮᠢᠶᠠᠷᠤᠯᠲᠠ ᠶᠢᠨ ᠭᠠᠵᠠᠷ ᠲᠤ ᠭᠤᠶᠤᠴᠢᠯᠠᠬᠤ ᠬᠡᠷᠡᠭᠲᠡᠢ᠃      ︵ᠨᠢᠭᠡ︶ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠲᠠᠭᠠᠨ ᠰᠠᠭᠤᠵᠤ ᠪᠠᠶᠢᠭ᠎ᠠ ᠭᠤᠶᠣᠴᠢᠯᠠᠭᠴᠢ ᠨᠢ᠂ ᠡᠷᠦᠬᠡ ᠠᠮᠠ ᠪᠠᠶᠢᠭ᠎ᠠ ᠭᠠᠵᠠᠷ ᠲᠠᠭᠠᠨ ᠭᠤᠶᠤᠴᠢᠯᠠᠬᠤ ᠬᠡᠷᠡᠭᠲᠡᠢ︔      ︵ᠬᠤᠶᠠᠷ︶ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ  ᠠᠴᠠ ᠣᠨᠳᠣᠣ ᠭᠠᠵᠠᠷ ᠲᠤ ᠣᠷᠣᠰᠢᠨ ᠰᠠᠭᠤᠵᠤ ᠪᠠᠶᠢᠭ᠎ᠠ ᠪᠣᠯ᠂ ᠣᠷᠣᠰᠢᠨ ᠰᠠᠭᠤᠵᠤ ᠪᠠᠶᠢᠭ᠎ᠠ ᠭᠠᠵᠠᠷ ᠲᠠᠭᠠᠨ ᠭᠤᠶᠤᠴᠢᠯᠠᠯ ᠭᠠᠷᠭᠠᠵᠤ ᠪᠣᠯᠤᠨ᠎ᠠ︔      ︵ᠭᠤᠷᠪᠠ︶ ᠠᠯᠪᠠᠨ ᠤ ᠴᠡᠷᠢᠭ ︵ᠵᠡᠪᠰᠡᠭᠲᠦ ᠴᠠᠭᠳᠠᠭ᠎ᠠ ᠪᠠᠭᠳᠠᠨ᠎ᠠ︶ ᠪᠣᠯ᠂ ᠣᠷᠣᠰᠢᠨ ᠰᠠᠭᠤᠵᠤ ᠪᠠᠶᠢᠭ᠎ᠠ ᠭᠠᠵᠠᠷ ᠲᠠᠭᠠᠨ ᠭᠤᠶᠤᠴᠢᠯᠠᠯ ᠭᠠᠷᠭᠠᠬᠤ ᠬᠡᠷᠡᠭᠲᠡᠶ︔      ︵ᠲᠦᠷᠪᠡ︶ ᠬᠢᠯᠢ ᠶᠢᠨ ᠭᠠᠳᠠᠨᠠᠬᠢ ᠬᠥᠮᠦᠰ᠂ ᠣᠷᠣᠰᠢᠨ ᠰᠠᠭᠤᠭ᠎ᠠ ᠭᠠᠵᠠᠷ ᠪᠤᠶᠤ ᠰᠠᠭᠤᠵᠤ ᠪᠠᠶᠢᠭ᠎ᠠ ᠭᠠᠵᠠᠷ ᠲᠠᠭᠠᠨ ᠭᠤᠶᠤᠴᠢᠯᠠᠯ ᠭᠠᠷᠭᠠᠬᠤ ᠬᠡᠷᠡᠭᠲᠡᠶ︔      ︵ᠲᠠᠪᠤ︶ ᠵᠢᠯᠣᠭᠤᠳᠴᠤ ᠪᠣᠯᠬᠤ ᠲᠡᠷᠭᠡ  ᠶᠢᠨ  ᠬᠡᠯᠪᠡᠷᠢ ︵ᠲᠥᠷᠥᠯ ᠵᠦᠢᠯ︶ ᠶᠢ ᠨᠡᠮᠡᠬᠦ   ᠪᠠᠷ  ᠭᠤᠶᠤᠴᠢᠯᠠᠪᠠᠯ᠂ ᠤᠭ ᠤᠨ ᠮᠠᠰᠢᠨ ᠲᠡᠷᠭᠡ ᠵᠢᠯᠣᠭᠤᠳᠬᠤ ᠦᠨᠡᠮᠯᠡᠯ  ᠢ  ᠵᠥᠪᠰᠢᠶᠡᠷᠡᠨ ᠣᠯᠭᠤᠭᠰᠠᠨ ᠭᠠᠵᠠᠷ ᠲᠤ ᠭᠤᠶᠤᠴᠢᠯᠠᠯ ᠭᠠᠷᠭᠠᠬᠤ ᠬᠡᠷᠡᠭᠲᠡᠶ︔      ︵ᠵᠢᠷᠭᠤᠭ᠎ᠠ︶ ᠪᠦᠬᠦᠯᠢ ᠡᠳᠦᠷ ᠤᠨ ᠳᠦᠷᠢᠮᠲᠦ ᠵᠢᠯᠣᠭᠤᠳᠬᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠦᠷᠳᠡᠭᠰᠡᠳ᠂ ᠲᠣᠮᠣ ᠬᠡᠯᠪᠡᠷᠢ ᠶᠢᠨ ᠠᠶᠠᠨᠴᠢᠨ ᠤ ᠮᠠᠰᠢᠨ ᠪᠠ ᠴᠢᠷᠭᠡᠦᠯ ᠲᠡᠷᠭᠡ ᠶᠢ ᠵᠢᠯᠣᠭᠤᠳᠴᠤ ᠪᠣᠯᠬᠤ ᠦᠨᠡᠮᠯᠡᠯ ᠢ ᠭᠤᠶᠤᠴᠢᠯᠠᠬᠤ ᠳᠤ᠂ ᠵᠢᠯᠣᠭᠤᠴᠢ ᠶᠢᠨ ᠰᠤᠷᠭᠠᠨ ᠬᠥᠮᠦᠵᠢᠯ ᠬᠦᠷᠲᠡᠭᠰᠡᠨ ᠭᠠᠵᠠᠷ ᠲᠤ ᠭᠤᠶᠤᠴᠢᠯᠠᠬᠤ ᠬᠡᠷᠡᠭᠲᠡᠶ᠃      ᠠᠷᠪᠠᠨ ᠶᠢᠰᠦᠳᠦᠭᠡᠷ ᠵᠦᠢᠯ   ᠠᠩᠬ᠎ᠠ ᠤᠳᠠᠭ᠎ᠠ ᠮᠠᠰᠢᠨ ᠲᠡᠷᠭᠡ ᠶᠢᠨ ᠵᠢᠯᠣᠭᠤᠴᠢ ᠶᠢᠨ ᠦᠨᠡᠮᠯᠡᠯ ᠭᠤᠶᠣᠴᠢᠯᠠᠬᠤ ᠳᠤ᠂ ᠭᠤᠶᠣᠴᠢᠯᠠᠯ ᠤᠨ ᠬᠥᠰᠥᠨᠥᠭᠲᠦ ᠲᠠᠭᠯᠠᠬᠤ ᠪᠥᠭᠡᠳ ᠳᠣᠣᠷᠠᠬᠢ ᠭᠡᠷᠡᠴᠢ ᠨᠦᠭᠦᠳ ᠢ ᠲᠤᠰᠢᠶᠠᠬᠤ ᠬᠡᠷᠡᠭᠲᠡᠢ᠄          ︵ᠨᠢᠭᠡ︶ ᠭᠤᠶᠤᠴᠢᠯᠠᠭᠴᠢ ᠶᠢᠨ ᠪᠡᠶ᠎ᠡ ᠶᠢᠨ ᠦᠨᠡᠮᠯᠡᠯ︔          ︵ᠬᠤᠶᠠᠷ︶ ᠰᠢᠶᠠᠨ ᠤ ᠱᠠᠲᠤ ᠪᠣᠶᠤ ᠴᠡᠷᠢᠭ ᠠᠩᠭᠢ ᠶᠢᠨ ᠬᠤᠷᠢᠶᠠᠨ ᠤ ᠱᠠᠲᠤ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠠᠴᠠ ᠭᠠᠷᠭᠠᠵᠤ ᠥᠭᠭᠦᠭᠰᠡᠨ ︵ᠭᠡᠷᠡᠴᠢᠯᠡᠭᠰᠡᠨ︶ ᠬᠤᠯᠪᠤᠭᠳᠠᠯ  ᠪᠥᠬᠦᠢ  ᠪᠡᠶ᠎ᠡ  ᠶᠢᠨ  ᠨᠥᠬᠦᠴᠡᠯ ᠤᠨ ᠭᠡᠷᠡᠴᠢ᠃ ᠵᠡᠮᠳᠡᠭᠴᠦᠳ ᠤᠨ ᠲᠤᠰᠬᠠᠢ ᠬᠡᠷᠡᠭᠯᠡᠬᠦ ᠵᠢᠵᠢᠭ ᠬᠡᠯᠪᠡᠷᠢ ᠶᠢᠨ ᠠᠦ᠋ᠲ᠋ᠤ᠋ ᠵᠠᠯᠭᠠᠯᠲᠠ ᠲᠠᠢ ᠠᠶᠠᠨᠴᠢᠳ ᠢ ᠠᠴᠢᠬᠤ ᠮᠠᠰᠢᠨ ᠳᠤ ᠬᠠᠷᠢᠶᠠᠯᠠᠭᠳᠠᠪᠠᠯ᠂ ᠮᠤᠵᠢ ᠶᠢᠨ ᠱᠠᠲᠤᠨ ᠤ ᠡᠷᠡᠭᠦᠯ ᠬᠠᠮᠠᠭᠠᠯᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠲᠣᠭᠲᠠᠭᠠᠭᠰᠠᠨ ᠲᠤᠰᠬᠠᠢ ᠡᠮᠴᠢᠯᠡᠭᠡᠨ ᠤ ᠪᠠᠶᠢᠭᠤᠯᠤᠮᠵᠢ ᠠᠴᠠ ᠭᠠᠷᠭᠠᠵᠤ ᠥᠭᠭᠦᠭᠰᠡᠨ ᠬᠤᠯᠪᠤᠭᠳᠠᠯ ᠪᠥᠬᠦᠢ ᠪᠡᠶ᠎ᠡ ᠶᠢᠨ ᠨᠥᠬᠦᠴᠡᠯ ᠤᠨ ᠭᠡᠷᠡᠴᠢ ᠶᠢ ᠲᠤᠰᠢᠶᠠᠬᠤ ᠬᠡᠷᠡᠭᠲᠡᠢ᠃       ᠬᠤᠷᠢᠳᠤᠭᠠᠷ ᠵᠦᠢᠯ   ᠵᠢᠯᠤᠭᠤᠳᠬᠤ  ᠶᠢ  ᠵᠦᠪᠰᠢᠶᠡᠷᠡᠬᠦ ᠲᠡᠷᠭᠡᠨ ᠤ ᠬᠡᠯᠪᠡᠷᠢ ᠨᠡᠮᠡᠬᠦ  ᠶᠢ  ᠭᠤᠶᠣᠴᠢᠯᠠᠬᠤ ᠳᠤ᠂ ᠭᠤᠶᠤᠴᠢᠯᠠᠯ ᠤᠨ ᠬᠥᠰᠥᠨᠥᠭᠲᠦ ᠲᠠᠭᠯᠠᠬᠤ ᠠᠴᠠ ᠭᠠᠳᠠᠨ᠎ᠠ᠂ ᠠᠷᠪᠠᠨ ᠶᠢᠰᠦᠳᠦᠭᠡᠷ ᠵᠦᠢᠯ ᠳᠤ ᠲᠣᠭᠲᠠᠭᠠᠭᠰᠠᠨ ᠭᠡᠷᠡᠴᠢ ᠶᠢ ᠲᠤᠰᠢᠶᠠᠬᠤ ᠠᠴᠠ ᠭᠠᠳᠠᠨ᠎ᠠ᠂ ᠠᠪᠴᠤ  ᠪᠠᠶᠢᠭ᠎ᠠ  ᠮᠠᠰᠢᠨ ᠲᠡᠷᠭᠡ ᠶᠢᠨ ᠵᠢᠯᠣᠭᠤᠴᠢ ᠶᠢᠨ ᠦᠨᠡᠮᠯᠡᠯ ᠢᠶᠠᠨ ᠲᠤᠰᠢᠶᠠᠬᠤ ᠬᠡᠷᠡᠭᠲᠡᠢ᠃ ᠪᠥᠬᠦᠯᠢ ᠡᠳᠦᠷ ᠤᠨ ᠳᠦᠷᠢᠮᠳᠤ ᠵᠢᠯᠣᠭᠤᠴᠢ ᠶᠢᠨ ᠠᠵᠢᠯ ᠮᠡᠷᠭᠡᠵᠢᠯ ᠤᠨ ᠰᠤᠷᠤᠭᠴᠢᠳ᠂ ᠲᠤᠮᠦ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠪᠠ ᠴᠢᠷᠭᠡᠤᠯ ᠲᠡᠷᠭᠡ ᠶᠢ ᠵᠢᠯᠤᠭᠤᠳᠴᠦ ᠪᠣᠯᠬᠤ ᠵᠢᠯᠣᠭᠤᠴᠢ ᠶᠢᠨ ᠦᠨᠡᠮᠯᠡᠯ ᠢ ᠭᠤᠶᠤᠴᠢᠯᠠᠬᠤ ᠳᠤ᠂ ᠰᠤᠷᠭᠠᠭᠤᠯᠢ  ᠠᠴᠠ ᠭᠡᠷᠡᠴᠢᠯᠡᠭᠰᠡᠨ ᠰᠤᠷᠭᠠᠭᠤᠯᠢ ᠶᠢᠨ ᠬᠠᠷᠢᠶᠠᠯᠠᠯ ᠤᠨ ᠭᠡᠷᠡᠴᠢ ᠲᠤᠰᠢᠶᠠᠬᠤ ᠬᠡᠷᠡᠭᠲᠡᠢ᠃       ᠬᠤᠷᠢᠨ ᠨᠢᠭᠡᠳᠦᠭᠡᠷ ᠵᠦᠢᠯ  ᠴᠡᠷᠢᠭ ᠠᠩᠭᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠮᠠᠰᠢᠨ ᠲᠡᠷᠭᠡ ᠵᠢᠯᠤᠭᠤᠳᠬᠤ ᠦᠨᠡᠮᠯᠡᠯ ᠲᠠᠢ ᠬᠥᠮᠦᠨ ᠮᠠᠰᠢᠨ ᠲᠡᠷᠭᠡ ᠶᠢᠨ ᠵᠢᠯᠣᠭᠤᠴᠢ ᠶᠢᠨ ᠦᠨᠡᠮᠯᠡᠯ ᠭᠤᠶᠤᠴᠢᠯᠠᠬᠤ ᠳᠤ᠂ ᠭᠤᠶᠤᠴᠢᠯᠠᠯ ᠤᠨ ᠬᠥᠰᠥᠨᠥᠭᠲᠦ ᠲᠠᠭᠯᠠᠬᠤ ᠶᠢᠨ ᠬᠠᠮᠲᠤ ᠳᠤᠤᠷᠠᠬᠢ ᠭᠡᠷᠡᠴᠢ ᠪᠠᠷᠢᠮᠲᠠ ᠶᠢ ᠲᠤᠰᠢᠶᠠᠬᠤ ᠬᠡᠷᠡᠭᠲᠡᠢ᠄           ︵ᠨᠢᠭᠡ︶ ᠭᠤᠶᠤᠴᠢᠯᠠᠭᠴᠢ ᠶᠢᠨ ᠪᠡᠶ᠎ᠡ ᠶᠢᠨ ᠭᠡᠷᠡᠴᠢ᠃ ᠴᠡᠷᠢᠭ ᠠᠴᠠ ᠬᠠᠯᠠᠭᠳᠠᠭᠰᠠᠳ᠂ ᠴᠡᠷᠢᠭ ᠠᠴᠠ ᠰᠢᠯᠵᠢᠭᠰᠡᠳ᠂ ᠴᠡᠷᠢᠭ ᠠᠴᠠ ᠪᠠᠭᠤᠭᠰᠠᠳ ᠲᠤ ᠬᠠᠷᠢᠶᠠᠯᠠᠭᠳᠠᠪᠠᠯ᠂ ᠴᠡᠷᠢᠭ ᠠᠩᠭᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠬᠢᠨᠠᠨ ᠲᠠᠷᠬᠠᠭᠠᠭᠰᠠᠨ ᠴᠡᠷᠢᠭ ᠠᠴᠠ ᠬᠠᠯᠠᠭᠳᠠᠭᠰᠠᠨ᠂ ᠰᠢᠯᠵᠢᠭᠰᠡᠨ ᠪᠤᠶᠤ ᠪᠠᠭᠤᠭᠰᠠᠨ ᠭᠡᠷᠡᠴᠢ ᠶᠢ ᠲᠤᠰᠢᠶᠠᠬᠤ ᠬᠡᠷᠡᠭᠲᠡᠢ︔           ︵ᠬᠤᠶᠠᠷ︶ ᠰᠢᠶᠠᠨ ᠤ ᠱᠠᠲᠤ ᠪᠣᠶᠤ ᠴᠡᠷᠢᠭ ᠠᠩᠭᠢ ᠶᠢᠨ ᠬᠤᠷᠢᠶᠠᠨ ᠤ ᠱᠠᠲᠤ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠠᠴᠠ ᠭᠠᠷᠭᠠᠵᠤ ᠥᠭᠭᠦᠭᠰᠡᠨ ᠬᠤᠯᠪᠤᠭᠳᠠᠯ ᠪᠥᠬᠦᠢ ᠪᠡᠶ᠎ᠡ ᠶᠢᠨ ᠨᠥᠬᠦᠴᠡᠯ ᠤᠨ ᠭᠡᠷᠡᠴᠢ ᠲᠤᠰᠢᠶᠠᠬᠤ︔           ︵ᠭᠤᠷᠪᠡ︶ ᠴᠡᠷᠢᠭ ᠠᠩᠭᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠮᠠᠰᠢᠨ ᠲᠡᠷᠭᠡ ᠶᠢᠨ ᠵᠢᠯᠣᠭᠤᠴᠢ ᠶᠢᠨ ᠦᠨᠡᠮᠯᠡᠯ ᠢᠶᠠᠨ ᠲᠤᠰᠢᠶᠠᠬᠤ᠃             ᠬᠤᠷᠢᠨ ᠬᠤᠶᠠᠳᠤᠭᠠᠷ ᠵᠦᠢᠯ  ᠬᠢᠯᠢ ᠶᠢᠨ ᠭᠠᠳᠠᠨᠠᠬᠢ ᠮᠠᠰᠢᠨ ᠲᠡᠷᠭᠡ ᠶᠢᠨ ᠵᠢᠯᠣᠭᠤᠴᠢ ᠶᠢᠨ ᠦᠨᠡᠮᠯᠡᠯ ᠲᠠᠢ ᠬᠥᠮᠦᠨ᠂ ᠮᠠᠰᠢᠨ ᠲᠡᠷᠭᠡ ᠶᠢᠨ ᠵᠢᠯᠣᠭᠤᠴᠢ ᠶᠢᠨ ᠦᠨᠡᠮᠯᠡᠯ ᠭᠤᠶᠤᠴᠢᠯᠠᠬᠤ ᠳᠤ᠂ ᠭᠤᠶᠤᠴᠢᠯᠠᠯ ᠤᠨ ᠬᠥᠰᠥᠨᠥᠭᠲᠦ ᠲᠠᠭᠯᠠᠬᠤ ᠶᠢᠨ ᠬᠠᠮᠲᠤ ᠳᠤᠤᠷᠠᠬᠢ ᠭᠡᠷᠡᠴᠢ ᠪᠠᠷᠢᠮᠲᠠ ᠶᠢ ᠲᠤᠰᠢᠶᠠᠬᠤ ᠬᠡᠷᠡᠭᠲᠡᠢ᠄           ︵ᠨᠢᠭᠡ︶ ᠭᠤᠶᠤᠴᠢᠯᠠᠭᠴᠢ ᠶᠢᠨ ᠪᠡᠶ᠎ᠡ ᠶᠢᠨ ᠭᠡᠷᠡᠴᠢ︔           ︵ᠬᠤᠶᠠᠷ︶ ᠰᠢᠶᠠᠨ ᠤ ᠱᠠᠲᠤ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠠᠴᠠ ᠭᠠᠷᠭᠠᠵᠤ ᠥᠭᠭᠦᠭᠰᠡᠨ ︵ᠭᠡᠷᠡᠴᠢᠯᠡᠭᠰᠡᠨ︶ ᠬᠤᠯᠪᠤᠭᠳᠠᠯ ᠪᠥᠬᠦᠢ ᠪᠡᠶ᠎ᠡ ᠶᠢᠨ ᠨᠥᠬᠦᠴᠡᠯ ᠤᠨ ᠭᠡᠷᠡᠴᠢ᠃ ᠭᠠᠳᠠᠭᠠᠳᠤ ᠤᠯᠤᠰ ᠤᠨ ᠳᠤᠮᠳᠠᠲᠤ ᠳᠤ ᠰᠠᠭᠤᠭ᠎ᠠ ᠡᠯᠴᠢᠨ ᠰᠠᠶᠢᠳ ᠤᠨ ᠭᠠᠵᠠᠷ᠂ ᠺᠤᠨᠰᠦ᠋ᠯ ᠤᠨ ᠭᠠᠵᠠᠷ ᠤᠨ ᠠᠵᠢᠯᠲᠠᠨ ᠪᠣᠯᠣᠨ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠳᠤᠮᠳᠠᠲᠤ ᠳᠤ ᠰᠠᠭᠤᠭ᠎ᠠ ᠲᠥᠯᠦᠭᠡᠯᠡᠬᠦ ᠪᠠᠶᠢᠭᠤᠯᠤᠮᠵᠢ ᠶᠢᠨ ᠠᠵᠢᠯᠲᠠᠨ ᠭᠤᠶᠤᠴᠢᠯᠠᠭᠰᠠᠨ ᠪᠣᠯ᠂ ᠭᠠᠳᠠᠭᠠᠳᠤ  ᠬᠠᠷᠢᠯᠴᠠᠭᠠᠨ   ᠤ  ᠡᠷᠬᠡ ᠲᠡᠭᠰᠢ ᠵᠠᠷᠴᠢᠮ ᠶᠣᠰᠤᠭᠠᠷ ᠭᠦᠢᠴᠡᠳᠬᠡᠨ᠎ᠡ︔            ︵ᠭᠤᠷᠪᠡ︶ ᠭᠠᠷᠳᠠᠵᠤ ᠪᠠᠶᠢᠭ᠎ᠠ ᠮᠠᠰᠢᠨ ᠲᠡᠷᠭᠡ ᠶᠢᠨ ᠵᠢᠯᠣᠭᠤᠴᠢ ᠶᠢᠨ ᠦᠨᠡᠮᠯᠡᠯ᠃ ᠬᠢᠲᠠᠳ ᠦᠰᠦᠭ ᠤᠨ ᠪᠣᠰᠤ ᠲᠠᠶᠢᠯᠪᠤᠷᠢ ᠲᠠᠢ ᠵᠢᠯᠣᠭᠤᠴᠢ ᠶᠢᠨ ᠦᠨᠡᠮᠯᠡᠯ ᠪᠣᠯ᠂ ᠬᠢᠲᠠᠳ ᠪᠢᠴᠢᠭ ᠤᠨ ᠣᠷᠴᠢᠭᠤᠯᠭ᠎ᠠ ᠶᠢᠨ ᠲᠠᠶᠢᠯᠪᠤᠷᠢ ᠬᠠᠩᠭᠠᠬᠤ ᠬᠡᠷᠡᠭᠲᠡᠢ᠃      ᠭᠤᠶᠤᠴᠢᠯᠠᠭᠴᠢ ᠨᠢ ᠳᠣᠲᠣᠷ᠎ᠠ ᠭᠠᠵᠠᠷ ᠤᠨ ᠬᠥᠮᠥᠨ ᠪᠣᠯ᠂ ᠥᠪᠡᠷ ᠤᠨ ᠫᠠᠰᠫᠣᠷᠲ ᠡᠰᠡᠬᠦᠯ᠎ᠡ ︽ᠳᠣᠲᠣᠷ᠎ᠠ ᠭᠠᠵᠠᠷ ᠤᠨ ᠰᠠᠭᠤᠭᠠᠯᠢ ᠠᠷᠠᠳ ᠤᠨ ᠰᠢᠶᠠᠩᠭᠠᠩ ᠣᠣᠮᠧᠨ ᠳᠤ ᠣᠴᠢᠵᠤ ᠢᠷᠡᠬᠦ ᠶᠢ ᠵᠥᠪᠰᠢᠶᠡᠷᠡᠭᠰᠡᠨ ᠦᠨᠡᠮᠯᠡᠯ︾᠂ ︽ᠡᠬᠡ ᠬᠠᠭᠤᠷᠠᠢ ᠶᠢᠨ ᠰᠠᠭᠤᠭᠠᠯᠢ ᠠᠷᠠᠳ ᠤᠨ ᠲᠠᠶᠢᠸᠠᠨ ᠳᠤ ᠣᠴᠢᠵᠤ ᠢᠷᠡᠬᠦ  ᠶᠢ ᠵᠥᠪᠰᠢᠶᠡᠷᠡᠭᠰᠡᠨ ᠦᠨᠡᠮᠯᠡᠯ︾ ᠢᠶᠠᠨ ᠲᠤᠰᠢᠶᠠᠬᠤ ᠬᠡᠷᠡᠭᠲᠡᠢ᠃
ᠢᠷᠡᠯᠲᠡ᠄ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠲᠤᠳᠤᠭᠠᠳᠦ ᠶᠢ ᠬᠠᠮᠠᠭᠠᠯᠠᠬᠤ ᠲᠢᠩᠬᠢᠮ