ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ  ᠤ ᠠᠷᠡᠳ ᠤᠨ ᠵᠠᠰᠠᠭ ᠤᠨ ᠣᠷᠳᠣᠨ ᠤ ᠭᠠᠷ ᠳᠡᠮᠵᠢᠠᠠᠰᠠᠨ ᠮᠠᠰᠢᠨ ᠳᠡᠷᠬᠡ ᠣᠷᠤᠭᠤᠯᠬᠤ ᠶᠢ ᠬᠢᠵᠠᠭᠠᠷᠯᠡᠬᠤ ᠳᠥᠷᠥ ᠶᠢᠨ ᠪᠤᠳᠣᠯᠭ᠎ᠠ ᠶᠢ ᠬᠦᠴᠦᠨ ᠦᠭᠡᠢ ᠪᠤᠯᠭᠠᠵᠦ ᠳᠡᠷᠬᠡ ᠬᠦᠰᠬᠡ ᠶᠢᠨ ᠪᠠᠷᠢᠮᠵᠢᠶ᠎ᠠ ᠶᠢ ᠣᠯᠡᠮ ᠨᠢᠭᠡ ᠠᠯᠬᠤᠮ ᠲᠣᠳᠣᠷᠬᠠᠶᠢᠯᠠᠬᠤ ᠲᠣᠬᠠᠢ ᠮᠡᠳᠡᠭᠳᠡᠯ
ᠨᠡᠶᠢᠲᠡᠯᠡᠭᠰᠡᠨ ᠴᠠᠭ᠄
2018/8/24
             ᠥᠪᠥᠷ ᠵᠠᠰᠠᠭ ᠠᠯᠪᠠᠨ ᠲᠠᠷᠬᠠᠭᠠᠭᠰᠠᠨ ﹇2018﹈ 5 ᠳ᠋ᠤᠭᠠᠷ ᠲᠤᠭᠠᠳᠤ                                                      2018 ᠣᠨ ᠤ 1 ᠳ᠋ᠣᠭᠡᠷ ᠰᠡᠷ᠎ᠠ ᠶᠢᠨ 10 ᠤ ᠡᠳᠣᠷ      ᠡᠯ᠎ᠡ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ᠂ ᠦᠪᠡᠷᠳᠡᠭᠡᠨ ᠵᠠᠰᠬᠠᠥ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ ᠂ ᠲᠣᠪᠴᠢᠶ᠎ᠠ᠂ ᠡᠯ᠎ᠡ ᠲᠣᠮᠥ ᠠᠵᠦ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄            ︽ᠳᠥᠷᠥ ᠶᠢᠨ ᠶᠠᠪᠤᠳᠡᠯ ᠤᠨ ᠬᠤᠷᠢᠶ᠎ᠠ ᠶᠢᠨ ᠠᠯᠪᠠᠨ ᠳᠢᠩᠬᠢᠮ ᠤᠨ ᠭᠠᠷ ᠲᠠᠮᠵᠢᠠᠠᠰᠠᠨ ᠮᠠᠰᠢᠨ ᠳᠡᠷᠬᠡ ᠶᠢ ᠠᠷᠡᠯᠵᠢᠶᠡᠯᠡᠬᠤ ᠳᠤ ᠳᠥᠬᠦᠮ ᠦᠵᠡᠬᠦᠯᠬᠦ ᠶᠢ ᠠᠬᠢᠭᠤᠯᠬᠤ ᠲᠣᠬᠠᠢ ᠰᠠᠨᠠᠯ ᠤᠳ︾ ︵ᠳᠥᠷᠥ ᠠᠯᠪᠠᠨ ᠭᠡᠷ ᠲᠠᠷᠬᠠᠭᠠᠠᠠᠰᠠᠨ ﹇2016﹈ 13 ᠳ᠋ᠣᠭᠠᠷ ᠲᠣᠭᠠᠳᠣ︶ ᠤᠨ ᠵᠣᠷᠢᠭ ᠰᠠᠨᠠᠭ᠎ᠠ ᠪᠠ ᠣᠷᠴᠢᠨ ᠲᠤᠭᠤᠷᠢᠨ ᠤ ᠬᠠᠮᠠᠭᠠᠯᠠᠯᠳᠡ ᠶᠢᠨ ᠶᠠᠮᠣᠨ ᠤ ᠠᠯᠪᠠᠨ ᠳᠢᠩᠬᠢᠮ᠂ ᠬᠤᠳᠠᠯᠳᠣᠭᠠᠨ ᠤ ᠶᠠᠪᠤᠳᠡᠯ ᠤᠨ ᠶᠠᠮᠣᠨ ᠤ ᠠᠯᠪᠠᠨ ᠳᠢᠩᠬᠢᠮ ᠤᠨ ︽ᠭᠠᠷ ᠳᠡᠮᠵᠢᠠᠠᠰᠠᠨ ᠮᠠᠰᠢᠨ ᠳᠡᠷᠬᠡ ᠶᠢᠨ ᠣᠷᠴᠢᠨ ᠲᠤᠭᠤᠷᠢᠨ ᠤ ᠬᠠᠮᠠᠭᠠᠯᠠᠯᠳᠡ ᠶᠢᠨ ᠪᠡᠷᠢᠮᠵᠢᠶ᠎ᠠ ᠳᠤ ᠬᠦᠷᠦᠬᠦᠯᠬᠦ ᠬᠢᠨᠡᠯᠳᠡ ᠬᠠᠮᠢᠶᠡᠷᠦᠯᠳᠡ ᠶᠢᠨ ᠠᠵᠢᠯ ᠢ ᠴᠢᠩᠭᠠᠳᠬᠠᠬᠤ ᠲᠣᠬᠠᠢ ᠮᠡᠳᠡᠭᠳᠡᠯ︾ ︵ᠣᠷᠴᠢᠨ ᠠᠯᠪᠠᠨ ᠠᠭᠠᠷ ᠮᠠᠨᠳᠡᠯ ᠵᠠᠬᠢᠳᠡᠯ ﹇2016﹈ 2373 ᠳ᠋ᠣᠭᠠᠷ ᠲᠣᠭᠠᠳᠣ︶ ᠤᠨ ᠬᠤᠯᠪᠤᠠᠠᠳᠡᠯ ᠪᠦᠬᠦᠢ ᠱᠠᠭᠠᠷᠳᠡᠯᠭ᠎ᠠ ᠶᠢ ᠣᠯᠡᠮ ᠨᠢᠬᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠮᠠᠨ ᠤ ᠣᠷᠣᠨ ᠤ ᠭᠠᠷ ᠳᠡᠮᠵᠢᠠᠠᠰᠠᠨ ᠮᠠᠰᠢᠨ ᠳᠡᠷᠬᠡ ᠣᠷᠤᠭᠤᠯᠬᠤ ᠬᠠᠮᠢᠶᠡᠷᠥᠯᠳᠡ ᠶᠢ ᠦᠨᠡᠨ ᠬᠦ ᠴᠢᠩᠭᠠᠳᠬᠠᠨ᠂ ᠭᠠᠷ ᠲᠠᠮᠵᠢᠠᠠᠰᠠᠨ ᠮᠠᠰᠢᠨ ᠳᠡᠷᠬᠡ ᠶᠢ ᠠᠷᠡᠯᠵᠢᠶᠡᠯᠡᠬᠤ ᠳᠤ ᠳᠦᠬᠦᠮ ᠦᠵᠡᠬᠦᠯᠬᠦ ᠶᠢ ᠠᠬᠢᠭᠤᠯᠬᠤ᠂ ᠭᠠᠷ ᠲᠠᠮᠵᠢᠠᠠᠰᠠᠨ ᠮᠠᠰᠢᠨ ᠳᠡᠷᠬᠡ ᠶᠢᠨ ᠵᠠᠬ᠎ᠠ ᠳᠡᠯᠭᠡᠬᠦᠷ ᠢ ᠬᠦᠭᠵᠢᠬᠦᠯᠬᠦ ᠶᠢᠨ ᠲᠣᠰᠠᠳᠡ᠂ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠬᠦᠯᠥᠭᠡᠳ᠂ ᠡᠳᠦᠬᠡ ᠮᠠᠨ ᠤ ᠣᠷᠣᠨ ᠤ ᠭᠠᠷ ᠳᠡᠮᠵᠢᠠᠠᠰᠠᠨ ᠮᠠᠰᠢᠨ ᠳᠡᠷᠬᠡ ᠣᠷᠤᠭᠤᠯᠬᠤ ᠶᠢ ᠬᠢᠵᠠᠭᠠᠷᠯᠡᠬᠤ ᠳᠥᠷᠥ ᠶᠢᠨ ᠪᠤᠳᠣᠯᠭ᠎ᠠ ᠶᠢ ᠬᠦᠴᠦᠨ ᠦᠭᠡᠢ ᠪᠣᠯᠭᠠᠨ᠂ ᠳᠡᠷᠬᠡ ᠬᠦᠰᠬᠡ ᠶᠢᠨ ᠪᠠᠷᠢᠮᠵᠢᠶ᠎ᠠ ᠶᠢ ᠣᠯᠡᠮ ᠨᠢᠭᠡ ᠠᠯᠬᠤᠮ ᠲᠣᠳᠣᠷᠬᠠᠶᠢᠯᠠᠵᠤ᠂ ᠬᠤᠯᠪᠤᠠᠠᠳᠡᠯ ᠪᠦᠬᠦᠢ ᠵᠦᠢᠯ ᠤᠳ ᠢ ᠲᠣᠣᠷᠡᠬᠢ ᠮᠡᠳᠣ ᠮᠠᠳᠡᠭᠳᠡᠶ᠎ᠡ᠄           ᠨᠢᠭᠡ᠂ ᠣᠯᠥᠰ ᠠᠴᠠ ᠱᠠᠭᠠᠷᠳ᠋ᠬᠠᠰᠠᠨ ᠰᠢᠭᠰᠢᠭᠳᠡᠯ ᠶᠡᠭᠡ ᠪᠤᠬᠢᠷᠳᠤᠯ ᠢᠯᠭᠠᠷᠠᠭᠤᠯᠬᠤ ᠮᠠᠰᠢᠨ ᠳᠡᠷᠬᠡ ︵ᠣᠳᠣᠬᠠᠨ ᠳᠤ ᠪᠤᠬᠢᠷᠳᠤᠯ ᠪᠤᠳᠠᠰ ᠢ ᠢᠯᠭᠠᠷᠠᠭᠤᠯᠬᠤ ᠭᠡᠮᠵᠢᠶ᠎ᠠ ᠨᠢ ᠣᠯᠥᠰ ᠤᠨ ᠪᠤᠬᠢᠷᠳᠤᠯ ᠪᠤᠳᠠᠰ ᠢᠯᠭᠠᠷᠠᠭᠤᠯᠬᠤ ᠨᠢᠭᠡᠳᠣᠭᠡᠷ ᠳᠡᠰ ᠤᠨ ᠪᠡᠷᠢᠮᠵᠢᠶ᠎ᠠ ᠠᠴᠠ ᠲᠣᠣᠷ᠎ᠠ ᠪᠠᠶᠢᠭ᠎ᠠ ᠴᠢᠶ᠋ᠢᠥ ᠲᠣᠰᠣᠨ ᠤ ᠮᠠᠰᠢᠨ ᠳᠡᠷᠬᠡ ᠪᠠ ᠣᠯᠥᠰ ᠤᠨ ᠪᠤᠬᠢᠷᠳᠤᠯ ᠪᠤᠳᠠᠰ ᠢᠯᠭᠠᠷᠠᠭᠤᠯᠬᠤ ᠭᠤᠷᠪᠠᠳᠣᠭᠠᠷ ᠳᠡᠰ ᠤᠨ ᠪᠡᠷᠢᠮᠵᠢᠶ᠎ᠠ ᠠᠴᠠ ᠲᠣᠣᠷ᠎ᠠ ᠪᠠᠶᠢᠭ᠎ᠠ ᠴᠠᠶᠢᠶ᠋ᠢᠤ ᠲᠣᠰᠣᠨ ᠤ ᠮᠠᠰᠢᠨ ᠳᠡᠷᠬᠡ ᠶᠢ ᠵᠢᠭᠠᠵᠦ ᠪᠤᠢ︶ ᠠᠴᠠ ᠪᠤᠰᠣᠳ᠂ ᠣᠯᠥᠰ ᠤᠨ ᠣᠳᠣ ᠶᠢᠨ ᠭᠡᠷᠡᠭᠯᠡᠵᠦ ᠪᠦᠬᠦᠢ ᠮᠠᠰᠢᠨ ᠳᠡᠷᠬᠡ ᠶᠢᠨ ᠪᠤᠬᠢᠷᠳᠦᠯ ᠢᠯᠭᠠᠷᠠᠭᠤᠯᠬᠤ ᠪᠠ ᠠᠮᠥᠷ ᠳᠥᠪᠰᠢᠨ ᠤ ᠪᠡᠷᠢᠮᠵᠢᠶ᠎ᠠ ᠳᠤ ᠨᠡᠶᠢᠴᠡᠭᠰᠡᠨ᠂ ᠣᠷᠴᠢᠨ ᠲᠣᠭᠤᠷᠢᠨ ᠤ ᠬᠠᠮᠠᠭᠠᠯᠠᠯᠳᠡ ᠶᠢᠨ ᠲᠣᠠᠠᠳᠠᠮᠠᠯ ᠬᠤᠭᠤᠴᠠᠭ᠎ᠠ ᠶᠢᠨ ᠪᠠᠶᠢᠴᠠᠭᠠᠡ ᠰᠢᠯᠭᠠᠬᠤ ᠬᠦᠴᠣᠨ ᠲᠠᠢ ᠬᠤᠭᠤᠴᠠᠭᠠᠨ ᠳᠤ ᠪᠠᠶᠢᠭ᠎ᠠ ᠪᠣᠯᠣᠨ ᠣᠨ ᠤ ᠪᠠᠶᠢᠴᠠᠭᠠᠯᠳᠡ ᠶᠢᠨ ᠬᠦᠴᠣᠨ ᠲᠠᠢ ᠬᠤᠭᠤᠴᠠᠭᠠᠨ ᠳᠤ ᠪᠠᠶᠢᠭ᠎ᠠ ᠭᠠᠷ ᠲᠠᠮᠵᠢᠠᠠᠰᠠᠨ ᠮᠠᠰᠢᠨ ᠳᠡᠷᠬᠡ  ᠶᠢ ᠴᠦᠮ ᠣᠷᠤᠭᠤᠯᠵᠦ ᠪᠤᠯᠥᠨ᠎ᠠ᠃      ᠬᠤᠶᠡᠷ᠂ ᠲᠣᠰ ᠪᠡᠷᠢᠮᠵᠢᠶ᠎ᠠ ᠶᠢ 2018 ᠣᠨ ᠤ 1 ᠳ᠋ᠣᠭᠡᠷ ᠰᠡᠷ᠎ᠠ ᠶᠢᠨ 10 ᠤ ᠡᠳᠣᠷ ᠠᠴᠠ ᠡᠬᠢᠯᠡᠨ ᠭᠡᠷᠡᠭᠵᠢᠬᠦᠯᠦᠨ᠎ᠡ᠃ ︽ᠦᠪᠣᠷ ᠮᠤᠩᠭᠤᠯ ᠤᠨ ᠦᠪᠡᠷᠳᠡᠭᠡᠨ ᠵᠠᠰᠬᠠᠥ ᠣᠷᠣᠨ ᠤ ᠠᠷᠡᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠭᠠᠷ ᠳᠡᠮᠵᠢᠠᠠᠰᠠᠨ ᠮᠠᠰᠢᠨ ᠳᠡᠷᠬᠡ ᠣᠷᠤᠭᠤᠯᠬᠤ ᠶᠢ ᠬᠢᠵᠠᠭᠠᠷᠯᠡᠬᠤ ᠳᠥᠷᠥ ᠶᠢᠨ ᠪᠤᠳᠣᠯᠭ᠎ᠠ ᠶᠢ ᠬᠦᠴᠦᠨ ᠦᠭᠡᠢ ᠪᠤᠯᠭᠠᠵᠦ ᠳᠡᠷᠬᠡ ᠬᠦᠰᠬᠡ ᠶᠢᠨ ᠪᠠᠷᠢᠮᠵᠢᠶ᠎ᠠ ᠶᠢ ᠣᠯᠡᠮ ᠨᠢᠭᠡ ᠠᠯᠬᠤᠮ ᠲᠣᠳᠣᠷᠬᠠᠶᠢᠯᠠᠬᠤ ᠲᠣᠬᠠᠢ ᠮᠡᠳᠡᠭᠳᠡᠯ︾ ︵ᠦᠪᠤᠷ ᠵᠠᠰᠠᠭ ᠠᠯᠪᠠᠨ ᠭᠡᠷ ᠲᠠᠷᠬᠠᠭᠠᠠᠠᠰᠠᠨ ᠴᠠᠬᠢᠯᠭᠠᠨ ﹇2016﹈ 44 ᠳ᠋ᠣᠭᠡᠷ ᠲᠣᠭᠠᠳᠣ︶ ᠢ ᠬᠠᠮᠳᠣ ᠳᠤᠨᠢ ᠬᠦᠴᠣᠨ ᠦᠭᠡᠢ ᠪᠤᠯᠭᠠᠨ᠎ᠠ᠃
ᠢᠷᠡᠯᠲᠡ᠄ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠲᠤᠳᠤᠭᠠᠳᠦ ᠶᠢ ᠬᠠᠮᠠᠭᠠᠯᠠᠬᠤ ᠲᠢᠩᠬᠢᠮ