ᠡᠷᠬᠢᠮ ᠬᠦᠨᠳᠣᠳᠣ ᠪᠦᠬᠦ ᠣᠷᠣᠨ ᠤ ᠡᠯ᠎ᠠ ᠦᠨᠳᠣᠰᠣᠳᠠᠨ ᠤ ᠠᠷᠠᠳ ᠲᠦᠮᠡᠨ ᠳᠤ᠄ | ᠨᠠᠮ ᠤᠨ ᠠᠷᠪᠠ ᠶᠢᠰᠣᠳᠦᠬᠡᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠣᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠦᠷᠢ ᠶᠢᠨ ᠵᠣᠷᠢᠭ | ᠰᠠᠨᠠᠭ᠎ᠠ ᠶᠢ ᠬᠦᠨᠵᠡᠬᠡᠶᠢᠷᠡᠬᠦᠯᠣᠨ ᠲᠤᠭᠤᠰᠢᠯᠠᠭᠤᠯᠬᠤ ᠶᠢᠨ ᠲᠦᠯᠦᠬᠡ᠂ ᠬᠠᠷ᠎ᠠ ᠪᠦᠯᠦᠭᠳᠡᠨ ᠬᠠᠷᠬᠢᠰ ᠬᠦᠴᠣᠨ ᠢ ᠦᠨᠡᠨ ᠬᠦ ᠠᠷᠢᠯᠭᠠᠵᠣ᠂ ᠠᠷᠠᠳ ᠲᠦᠮᠡᠨ ᠤ | ᠠᠮᠣᠷ ᠲᠦᠪᠰᠢᠨ ᠠᠵᠣ ᠲᠦᠷᠦᠬᠦ᠂ ᠨᠡᠶᠢᠭᠡᠮ ᠤᠨ ᠠᠮᠣᠷ ᠲᠣᠬᠳᠠᠭᠤᠨ ᠡᠮᠬᠢ ᠲᠢᠭᠯᠢᠮ ᠲᠠᠢ ᠪᠠᠶᠢᠬᠤ᠂ ᠣᠯᠣᠰ ᠬᠡᠷ ᠢ ᠦᠨᠢ ᠣᠳᠠᠭᠠᠨ ᠠᠮᠣᠷ ᠲᠦᠪᠰᠢᠨ | ᠪᠠᠶᠢᠯᠭᠠᠬᠤ ᠶᠢᠨ ᠲᠦᠯᠦᠬᠡ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠣᠳᠠᠯ ᠤᠨ ᠬᠤᠷᠢᠶ᠎ᠠ ︽ᠬᠠᠷ᠎ᠠ ᠪᠦᠯᠥᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ | ᠲᠡᠮᠡᠴᠡᠯ ᠦᠷᠨᠢᠬᠦᠯᠬᠦ ᠲᠤᠬᠠᠢ ᠮᠡᠳᠡᠭᠳᠡᠯ︾ ︵ᠰᠢᠨᠬᠤᠸᠠ ᠬᠤᠷᠢᠶᠠᠨ ᠤ ᠪᠡᠭᠡᠵᠢᠩ ᠤᠨ 2018 ᠣᠨ ᠤ 1 ᠰᠠᠷ᠎ᠠ ᠶᠢᠨ 24 ᠤ ᠡᠳᠦᠷ ᠤᠨ ᠴᠠᠬᠢᠯᠭᠠᠨ ᠮᠡᠳᠡᠭᠡ︶ | ᠨᠡᠶᠢᠲᠡᠯᠡᠨ᠂ ᠪᠦᠬᠦ ᠣᠯᠣᠰ ᠲᠤ ᠬᠠᠷ᠎ᠠ ᠪᠦᠯᠦᠭᠳᠡᠨ ᠬᠠᠷᠬᠢᠰ ᠬᠦᠴᠣᠨ ᠢ ᠠᠷᠢᠯᠭᠠᠬᠤ ᠲᠣᠰᠬᠠᠢ ᠲᠡᠮᠡᠴᠡᠯ ᠦᠷᠨᠢᠬᠦᠯᠬᠦ ᠪᠠᠷ ᠲᠣᠭᠲᠠᠭᠰᠠᠨ ᠢ ᠮᠡᠳᠡᠭᠳᠡᠪᠡ᠃ | ᠣᠳᠣᠬᠠᠨ ᠳᠤ ᠮᠠᠨ ᠤ ᠣᠷᠣᠨ ᠤ ᠲᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠬᠠᠷ᠎ᠠ ᠪᠦᠯᠦᠭᠳᠡᠨ ᠬᠠᠷᠬᠢᠰ ᠬᠦᠴᠣᠨ ᠢ ᠠᠷᠢᠯᠭᠠᠬᠤ ᠲᠣᠰᠬᠠᠢ ᠲᠡᠮᠡᠴᠡᠯ ᠢ | ᠡᠷᠴᠢᠮ ᠲᠠᠢ ᠦᠷᠨᠢᠬᠦᠯᠵᠣ᠂ ᠨᠢᠬᠡᠨᠳᠡ ᠨᠢᠬᠡ ᠪᠦᠯᠦᠭ ᠬᠠᠷ᠎ᠠ ᠪᠦᠯᠦᠭᠲᠡᠨ ᠬᠠᠷᠬᠢᠰ ᠬᠦᠴᠣᠨ ᠤ ᠶᠠᠯ᠎ᠠ ᠬᠢᠭᠰᠡᠨ ᠡᠪᠰᠡᠯ ᠪᠦᠯᠦᠭ ᠢ ᠰᠦᠢᠷᠡᠬᠦᠯᠵᠣ᠂ ᠨᠢᠬᠡ ᠪᠦᠯᠦᠭ | ᠬᠠᠷ᠎ᠠ ᠪᠦᠯᠦᠭᠳᠡᠨ ᠬᠠᠷᠬᠢᠰ ᠬᠦᠴᠣᠨ ᠤ ᠶᠠᠯ᠎ᠠ ᠬᠢᠭᠰᠡᠨ ᠰᠡᠵᠢᠭᠳᠡᠨ ᠢ ᠬᠠᠣᠯᠢ ᠶᠣᠰᠣᠭᠠᠷ ᠪᠠᠷᠢᠪᠴᠢᠯᠠᠵᠣ᠂ ᠲᠣᠰᠬᠠᠢ ᠲᠡᠮᠡᠴᠡᠯ ᠮᠠᠰᠢ ᠠᠮᠵᠢᠯᠳᠠ ᠲᠠᠢ ᠶᠠᠪᠣᠭᠳᠠᠵᠣ | ᠪᠠᠶᠢᠨ᠎ᠠ᠃ ᠬᠠᠷ᠎ᠠ ᠪᠦᠯᠦᠭᠳᠡᠨ ᠬᠠᠷᠬᠢᠰ ᠬᠦᠴᠣᠨ ᠪᠣᠯ ᠨᠡᠶᠢᠭᠡᠮ ᠤᠨ ᠬᠤᠣᠷᠳᠣ ᠬᠠᠪᠣᠳᠠᠷ ᠪᠣᠯᠬᠤᠷ ᠦᠷᠭᠡᠨ ᠣᠯᠠᠨ ᠠᠷᠠᠳ ᠲᠦᠮᠡᠨ ᠤ ᠵᠣᠯ ᠵᠢᠷᠭᠠᠯᠳᠣ ᠠᠮᠢᠳᠣᠷᠠᠯ | ᠪᠠ ᠠᠮᠣᠷ ᠲᠦᠪᠰᠢᠨ ᠠᠵᠣ ᠲᠦᠷᠦᠬᠦ ᠶᠢ ᠬᠦᠨᠳᠣ ᠨᠣᠴᠢᠳᠠᠢ ᠨᠦᠯᠦᠬᠡᠯᠡᠳᠡᠭ ᠶᠤᠮ᠃ ᠪᠦᠬᠦ ᠣᠷᠣᠨ ᠤ ᠡᠯ᠎ᠠ ᠦᠨᠳᠣᠰᠣᠳᠠᠨ ᠤ ᠠᠷᠠᠳ ᠲᠦᠮᠡᠨ ᠪᠠ ᠨᠡᠶᠢᠭᠡᠮ ᠤᠨ | ᠡᠯ᠎ᠠ ᠡᠳᠡᠭᠡᠳ ᠢ ᠬᠦᠰᠡᠬᠦ ᠨᠢ ᠬᠠᠷ᠎ᠠ ᠪᠦᠯᠦᠭᠳᠡᠨ ᠬᠠᠷᠬᠢᠰ ᠬᠦᠴᠣᠨ ᠢ ᠠᠷᠢᠯᠭᠠᠬᠤ ᠲᠣᠰᠬᠠᠢ ᠲᠡᠮᠡᠴᠡᠯ ᠳᠤ ᠢᠳᠡᠪᠬᠢᠳᠠᠢ ᠣᠷᠣᠯᠴᠠᠵᠣ᠂ ᠬᠠᠷ᠎ᠠ ᠪᠦᠯᠦᠭᠳᠡᠨ ᠬᠠᠷᠬᠢᠰ | ᠬᠦᠴᠣᠨ ᠤ ᠬᠠᠣᠯᠢ ᠠᠴᠠ ᠵᠦᠷᠢᠴᠡᠨ ᠶᠠᠯ᠎ᠠ ᠬᠢᠭᠰᠡᠨ ᠠᠵᠢᠯᠯᠠᠭ᠎ᠠ ᠶᠢ ᠢᠯᠡᠴᠢᠯᠡᠨ ᠮᠡᠳᠡᠬᠦᠯᠵᠣ᠂ ᠬᠠᠷ᠎ᠠ ᠪᠦᠯᠦᠭᠳᠡᠨ ᠬᠠᠷᠬᠢᠰ ᠬᠦᠴᠣᠨ ᠳᠤ ᠬᠦᠮᠦᠨ ᠪᠦᠬᠦᠨ | ᠴᠣᠬᠢᠯᠳᠠ ᠦᠭᠬᠦ ᠠᠭᠤᠷ ᠠᠮᠢᠰᠬᠤᠯ ᠢ ᠪᠣᠢ ᠪᠣᠯᠭᠠᠵᠣ᠂ ᠮᠠᠨ ᠤ ᠣᠷᠣᠨ ᠤ ᠬᠠᠷ᠎ᠠ ᠪᠦᠯᠦᠭᠳᠡᠨ ᠬᠠᠷᠬᠢᠰ ᠬᠦᠴᠣᠨ ᠢ ᠪᠦᠬᠦ ᠲᠠᠯ᠎ᠠ ᠪᠠᠷ ᠲᠦᠢᠯᠪᠦᠷᠢᠳᠠᠢ ᠠᠷᠢᠯᠭᠠᠶ᠎ᠠ᠂ | ᠣᠨᠴᠠᠭᠠᠢᠢᠯᠠᠨ ᠲᠣᠣᠷᠠᠬᠢ 15 ᠵᠦᠢᠯ ᠤᠨ ᠬᠠᠷ᠎ᠠ ᠪᠦᠯᠦᠭᠳᠡᠨ ᠬᠠᠷᠬᠢᠰ ᠬᠦᠴᠣᠨ ᠤ ᠬᠠᠣᠯᠢ ᠠᠴᠠ ᠵᠦᠷᠢᠴᠡᠨ ᠶᠠᠯ᠎ᠠ ᠬᠢᠬᠦ ᠠᠵᠢᠯᠯᠠᠭ᠎ᠠ ᠶᠢ ᠲᠠᠷᠣᠢ ᠲᠦᠷᠬᠡᠨ | ᠲᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠳᠤ ᠢᠯᠡᠴᠢᠯᠡᠨ ᠮᠡᠳᠡᠬᠦᠯᠦᠬᠡᠷᠡᠢ᠃ | ᠨᠢᠬᠡ᠂ ᠣᠯᠣᠰ ᠲᠦᠷᠦ ᠶᠢᠨ ᠠᠮᠣᠷ ᠲᠦᠪᠰᠢᠨ ᠢ ᠰᠦᠷᠳᠡᠬᠦᠯᠬᠦ᠂ ᠣᠨᠴᠠᠭᠠᠢᠢᠯᠠᠨ ᠪᠠᠶᠢᠭᠤᠯᠤᠯ ᠤᠨ ᠠᠮᠣᠷ ᠲᠦᠪᠰᠢᠨ᠂ ᠲᠦᠷᠦ ᠶᠢᠨ ᠡᠷᠭᠡ ᠶᠢᠨ ᠠᠮᠣᠷ | ᠲᠦᠪᠰᠢᠨ ᠵᠢᠴᠢ ᠣᠯᠣᠰ ᠲᠦᠷᠦ ᠶᠢᠨ ᠬᠦᠷᠢᠶ᠎ᠠ ᠬᠡᠪᠴᠢᠶᠡᠨ ᠳᠤ ᠨᠡᠪᠴᠢᠭᠰᠡᠨ ᠬᠠᠷ᠎ᠠ ᠪᠦᠯᠦᠭᠳᠡᠨ ᠬᠠᠷᠬᠢᠰ ᠬᠦᠴᠣᠨ︔ | ᠬᠤᠶᠠᠷ᠂ ᠦᠨᠳᠣᠰᠣᠨ ᠱᠠᠳᠣᠨ ᠤ ᠵᠠᠰᠠᠭ ᠤᠨ ᠡᠷᠭᠡ ᠶᠢ ᠡᠵᠡᠷᠭᠡᠭᠰᠡᠨ᠂ ᠦᠨᠳᠣᠰᠣᠨ ᠱᠠᠳᠣᠨ ᠤ ᠰᠣᠩᠭᠤᠯᠳᠠ ᠶᠢ ᠡᠵᠡᠮᠳᠡᠨ ᠡᠪᠳᠡᠭᠰᠡᠨ᠂ ᠬᠦᠳᠡᠭᠡ | ᠲᠣᠰᠬᠤᠨ ᠤ ᠡᠬᠢ ᠪᠠᠶᠠᠯᠢᠭ ᠢ ᠭᠠᠭᠴᠠᠭᠠᠷ ᠡᠵᠡᠮᠰᠢᠭᠰᠡᠨ᠂ ᠨᠡᠶᠢᠳᠡ ᠶᠢᠨ ᠦᠪ ᠬᠦᠷᠣᠩᠬᠡ ᠶᠢ ᠱᠠᠮᠰᠢᠭᠰᠠᠨ ᠬᠠᠷ᠎ᠠ ᠪᠦᠯᠦᠭᠳᠡᠨ ᠬᠠᠷᠬᠢᠰ ᠬᠦᠴᠣᠨ︔ | ᠭᠤᠷᠪᠠ᠂ ᠬᠡᠷ ᠪᠦᠯᠢ ᠣᠳᠣᠮ ᠣᠬᠰᠠᠭ᠎ᠠ ᠶᠢᠨ ᠬᠦᠴᠣᠨ ᠢᠶᠠᠨ ᠠᠰᠢᠬᠯᠠᠵᠣ᠂ ᠰᠢᠶᠠᠩ ᠰᠣᠮᠣ ᠪᠠᠷ ᠬᠦᠨᠳᠡᠯᠡᠨ ᠬᠡᠷᠣᠵᠣ ᠨᠢᠬᠡ ᠭᠠᠵᠠᠷ ᠢ ᠡᠵᠡᠷᠭᠡᠵᠣ᠂ | ᠠᠷᠠᠳ ᠣᠯᠠᠨ ᠢ ᠬᠢᠬᠠᠨ ᠲᠠᠷᠣᠯᠠᠬᠰᠠᠨ ︽ᠭᠠᠴᠠᠭ᠎ᠠ ᠲᠣᠰᠬᠤᠨ ᠤ ᠲᠡᠭᠡᠷᠡᠮ︾ ᠵᠡᠷᠭᠡ ᠬᠠᠷ᠎ᠠ ᠪᠦᠯᠦᠭᠳᠡᠨ ᠬᠠᠷᠬᠢᠰ ᠬᠦᠴᠣᠨ︔ | ᠲᠦᠷᠪᠡ᠂ ᠭᠠᠵᠠᠷ ᠲᠠᠳᠠᠪᠦᠷᠢᠯᠠᠬᠤ᠂ ᠭᠠᠵᠠᠷ ᠲᠦᠷᠢᠶᠡᠰᠣᠯᠡᠬᠦ᠂ ᠨᠣᠷᠠᠭᠠᠨ ᠨᠡᠬᠦᠯᠭᠡᠬᠦ᠂ ᠢᠨᠵᠧᠨᠧᠷᠢᠩ ᠤᠨ ᠲᠦᠷᠦᠯ ᠵᠦᠢᠯ ᠤᠨ ᠪᠦᠳᠣᠭᠡᠨ ᠪᠠᠶᠢᠭᠤᠯᠣᠯᠳᠠ | ᠵᠡᠷᠭᠡ ᠶᠠᠪᠣᠴᠠ ᠳᠤ ᠭᠠᠴᠠᠭ᠎ᠠ ᠲᠣᠰᠬᠤᠨ ᠤ ᠠᠷᠠᠳ ᠢ ᠦᠳᠣᠭᠡᠵᠣ ᠬᠡᠷᠡᠭ ᠲᠠᠳᠠᠬᠤ᠂ ᠣᠯᠠᠨ ᠲᠦᠮᠡᠨᠴᠢ ᠴᠢᠨᠠᠷᠳᠠᠢ ᠵᠠᠭᠠᠯᠳᠣᠯᠭ᠎ᠠ ᠶᠢ ᠵᠣᠬᠢᠶᠠᠨ ᠪᠠᠶᠢᠭᠤᠯᠵᠣ | ᠣᠬᠠᠭᠠᠯᠠᠬᠰᠠᠨ ᠬᠠᠷ᠎ᠠ ᠪᠦᠯᠦᠭᠳᠡᠨ ᠬᠠᠷᠬᠢᠰ ᠬᠦᠴᠣᠨ︔ | ᠲᠠᠪᠤ᠂ ᠪᠠᠷᠢᠯᠭ᠎ᠠ ᠶᠢᠨ ᠢᠨᠵᠧᠨᠧᠷᠢᠩ᠂ ᠵᠠᠮ ᠬᠠᠷᠢᠯᠴᠠᠭ᠎ᠠ ᠵᠦᠬᠡᠬᠡᠪᠦᠷᠢ᠂ ᠠᠭᠤᠷᠬᠠᠢ ᠶᠢᠨ ᠡᠬᠢ ᠪᠠᠶᠠᠯᠢᠭ᠂ ᠵᠢᠭᠠᠰᠣ ᠠᠩᠨᠠᠬᠤ ᠵᠡᠷᠭᠡ ᠠᠵᠢᠯ ᠲᠦᠷᠦᠯ᠂ | ᠬᠦᠷᠢᠶ᠎ᠠ ᠬᠡᠪᠴᠢᠶᠡᠨ ᠳᠤ ᠢᠨᠵᠧᠨᠧᠷᠢᠩ ᠢ ᠬᠦᠴᠣᠷᠭᠡᠭᠯᠡᠨ ᠡᠵᠡᠯᠡᠭᠰᠡᠨ᠂ ᠮᠠᠭᠤ ᠰᠠᠨᠠᠭ᠎ᠠ ᠲᠠᠢ ᠲᠠᠭᠠᠭᠠᠴᠢᠯᠠᠯᠳᠠ ᠶᠢ ᠡᠵᠡᠯᠡᠭᠰᠡᠨ᠂ ᠬᠠᠣᠯᠢ ᠪᠣᠰᠣ ᠪᠠᠷ ᠭᠠᠵᠠᠷ ᠲᠠᠷᠢᠶ᠎ᠠ | ᠨᠣᠳᠤᠭ ᠪᠡᠯᠴᠢᠬᠡᠷ ᠢ ᠡᠵᠡᠯᠡᠭᠰᠡᠨ᠂ ᠲᠣᠷ᠎ᠠ ᠪᠠᠷ ᠢᠶᠠᠨ ᠠᠭᠤᠷᠬᠠᠢ ᠨᠡᠭᠡᠭᠡᠵᠣ ᠮᠠᠯᠳᠠᠬᠰᠠᠨ ᠬᠠᠷ᠎ᠠ ᠪᠦᠯᠦᠭᠳᠡᠨ ᠬᠠᠷᠬᠢᠰ ᠬᠦᠴᠣᠨ︔ | ᠵᠢᠷᠭᠤᠭ᠎ᠠ᠂ ᠠᠷᠠᠯᠵᠢᠶ᠎ᠠ ᠴᠣᠭᠯᠠᠭᠠᠨ ᠤ ᠵᠠᠬ᠎ᠠ᠂ ᠪᠦᠬᠡᠮ ᠢᠶᠠᠷ ᠪᠣᠷᠣᠯᠠᠭᠤᠯᠬᠤ ᠵᠠᠬ᠎ᠠ᠂ ᠲᠡᠷᠭᠡᠨ ᠦᠷᠳᠡᠭᠡ᠂ ᠭᠠᠷᠠᠮ᠂ ᠵᠣᠭᠠᠴᠠᠯ ᠤᠨ ᠦᠵᠡᠮᠵᠢ ᠶᠢᠨ ᠣᠷᠣᠨ | ᠵᠡᠷᠭᠡ ᠭᠠᠵᠠᠷ ᠲᠤ ᠠᠵᠢᠯ ᠨᠢᠬᠡᠳᠡᠨ ᠢᠶᠠᠨ ᠲᠠᠷᠣᠯᠠᠵᠣ ᠵᠠᠬ᠎ᠠ ᠲᠡᠯᠭᠡᠬᠦᠷ ᠢ ᠡᠵᠡᠷᠬᠡᠨ᠂ ᠠᠯᠪᠠᠳᠠᠵᠣ ᠪᠠᠶᠢᠭᠠᠳ ᠲᠣᠤᠷ᠎ᠠ ᠦᠨ᠎ᠠ ᠪᠠᠷ ᠣᠷᠣᠭᠤᠯᠵᠣ ᠦᠨᠳᠣᠷ ᠦᠨ᠎ᠠ ᠪᠠᠷ | ᠪᠣᠷᠣᠯᠠᠭᠤᠯᠣᠬᠰᠠᠨ᠂ ᠬᠠᠮᠠᠭᠠᠯᠠᠬᠤ ᠰᠦᠢᠳᠭᠡᠯ ᠬᠤᠷᠢᠶᠠᠬᠰᠠᠨ ᠵᠠᠬ᠎ᠠ ᠳᠡᠯᠭᠡᠭᠦᠷ ᠤᠨ ᠡᠵᠡᠷᠬᠡᠭᠴᠢ ᠪᠠ ᠠᠵᠢᠯ ᠲᠦᠷᠦᠯ ᠤᠨ ᠡᠵᠡᠷᠭᠡᠭᠴᠢ ᠵᠡᠷᠭᠡ ᠬᠠᠷ᠎ᠠ ᠪᠦᠯᠦᠭᠳᠡᠨ | ᠬᠠᠷᠬᠢᠰ ᠬᠦᠴᠣᠨ︔ | ᠲᠣᠯᠤᠭ᠎ᠠ᠂ ︽ᠱᠠᠯᠢᠭ ᠵᠠᠪᠬᠠᠢ᠂ ᠵᠣᠭᠤᠰ ᠮᠦᠷᠦᠶᠢᠴᠡᠭᠰᠡᠨ᠂ ᠬᠤᠣᠷ ᠲᠠᠲᠠᠬᠤ ᠰᠠᠷᠢᠭᠠᠯᠠᠭᠰᠠᠨ︾ ᠵᠡᠷᠭᠡ ᠬᠠᠣᠯᠢ ᠠᠴᠠ ᠵᠦᠷᠢᠴᠡᠭᠰᠡᠨ ᠠᠵᠢᠯᠯᠠᠭ᠎ᠠ ᠶᠢ | ᠡᠵᠡᠮᠳᠡᠵᠣ ᠡᠷᠬᠢᠯᠡᠭᠰᠡᠨ ᠬᠠᠷ᠎ᠠ ᠪᠦᠯᠦᠭᠳᠡᠨ ᠬᠠᠷᠬᠢᠰ ᠬᠦᠴᠣᠨ︔ | ᠨᠠᠢᠮᠠ᠂ ᠬᠠᠣᠯᠢ ᠪᠣᠰᠣ ᠪᠠᠷ ᠦᠨᠳᠣᠷ ᠬᠦᠣ ᠲᠠᠢ ᠵᠢᠬᠡᠯᠡᠯᠭᠡ ᠲᠠᠯᠪᠢᠵᠣ᠂ ᠬᠦᠴᠣᠷᠭᠡᠭᠯᠡᠯ ᠢᠶᠠᠷ ᠦᠷᠢ ᠨᠡᠬᠡᠭᠰᠡᠨ ᠬᠠᠷ᠎ᠠ ᠪᠦᠯᠦᠭᠳᠡᠨ ᠬᠠᠷᠬᠢᠰ ᠬᠦᠴᠣᠨ︔ | | ᠶᠢᠰᠣ᠂ ᠠᠷᠠᠳ ᠤᠨ ᠬᠤᠭᠤᠷᠣᠨᠳᠣᠬᠢ ᠵᠢᠭᠤᠷᠠᠯᠳᠣᠭᠠᠨ ᠳᠤ ᠭᠠᠷ ᠲᠦᠷᠦᠵᠣ᠂ ︽ᠨᠢᠭᠤᠴᠠ ᠬᠠᠣᠯᠢ ᠬᠡᠷᠡᠭᠵᠢᠬᠦᠯᠦᠭᠴᠢ ᠠᠩᠬᠢ︾ ᠶᠢᠨ ᠬᠠᠷ᠎ᠠ ᠪᠦᠯᠦᠭᠳᠡᠨ | ᠬᠠᠷᠬᠢᠰ ᠬᠦᠴᠣᠨ︔ | ᠠᠷᠪᠠ᠂ ᠬᠢᠯᠢ ᠶᠢᠨ ᠭᠠᠳᠠᠨᠠᠬᠢ ᠬᠠᠷ᠎ᠠ ᠪᠦᠯᠦᠭᠳᠡᠨ᠂ ᠣᠯᠣᠰ ᠤᠨ ᠲᠣᠳᠣᠷ᠎ᠠ ᠣᠷᠣᠵᠣ ᠢᠷᠡᠭᠡᠳ ᠬᠦᠭᠵᠢᠨ ᠪᠤᠵᠠᠭᠠᠶᠢᠷᠠᠭᠰᠠᠨ ᠵᠢᠴᠢ ᠣᠯᠣᠰ ᠠᠯᠣᠰᠯᠠᠵᠣ | ᠬᠢᠯᠢ ᠠᠯᠣᠰᠯᠠᠬᠰᠠᠨ ᠬᠠᠷ᠎ᠠ ᠪᠦᠯᠦᠭᠳᠡᠨ ᠬᠠᠷᠬᠢᠰ ᠬᠦᠴᠣᠨ︔ | ᠠᠷᠪᠠᠨ ᠨᠢᠬᠡ᠂ ᠭᠠᠵᠠᠷ ᠰᠢᠷᠣᠢ᠂ ᠨᠣᠳᠤᠭ ᠪᠡᠯᠴᠢᠬᠡᠷ ᠤᠨ ᠲᠠᠭᠠᠭᠠᠴᠢᠯᠠᠯᠳᠠ ᠳᠤ ᠬᠠᠷᠬᠢᠰᠯᠠᠨ ᠭᠠᠷ ᠲᠦᠷᠦᠵᠣ᠂ ᠬᠠᠣᠯᠢ ᠪᠣᠰᠣ ᠠᠷᠭ᠎ᠠ ᠪᠠᠷᠢᠯ ᠢᠶᠠᠷ ᠬᠠᠮᠤᠭ | ᠶᠡᠭᠡ ᠠᠰᠢᠭ ᠬᠤᠨᠵᠢᠶ᠎ᠠ ᠣᠯᠣᠬᠰᠠᠨ ᠬᠠᠷ᠎ᠠ ᠪᠦᠯᠦᠭᠳᠡᠨ ᠬᠠᠷᠬᠢᠰ ᠬᠦᠴᠣᠨ︔ | ᠠᠷᠪᠠᠨ ᠬᠤᠶᠠᠷ᠂ ᠠᠭᠤᠷᠬᠠᠢ ᠶᠢᠨ ᠡᠬᠢ ᠪᠠᠶᠠᠯᠢᠭ ᠢ ᠨᠡᠭᠡᠬᠡᠨ ᠠᠰᠢᠬᠯᠠᠬᠤ ᠲᠣᠮᠳᠠ ᠮᠠᠭᠤ ᠪᠣᠳᠣᠯ ᠢᠶᠠᠷ ᠦᠷᠢᠰᠣᠯᠳᠣᠬᠦ ᠪᠣᠶᠣ ᠣᠯᠣᠰ ᠤᠨ ᠦᠮᠴᠢᠯᠠᠯᠳᠣ | ᠠᠭᠤᠷᠬᠠᠢ ᠶᠢᠨ ᠡᠬᠢ ᠪᠠᠶᠠᠯᠢᠭ ᠢ ᠡᠵᠡᠷᠭᠡᠭᠯᠡᠨ ᠡᠵᠡᠯᠡᠭᠰᠡᠨ ᠬᠠᠷ᠎ᠠ ᠪᠦᠯᠦᠭᠳᠡᠨ ᠬᠠᠷᠬᠢᠰ ᠬᠦᠴᠣᠨ︔ | ᠠᠷᠪᠠᠨ ᠭᠤᠷᠪᠠ᠂ ᠠᠷᠠᠳ ᠤᠨ ᠬᠤᠭᠤᠷᠣᠨᠳᠣᠬᠢ ᠵᠢᠬᠡᠯᠡᠯᠭᠡ ᠦᠷᠢ ᠦᠭᠴᠡᠭᠡ ᠶᠢᠨ ᠵᠢᠭᠤᠷᠠᠯᠳᠣᠭᠠᠨ ᠳᠤ ᠭᠠᠷ ᠲᠦᠷᠦᠵᠣ᠂ ︽ᠦᠷᠢ ᠨᠡᠬᠡᠬᠦ ᠺᠣᠮᠫᠠᠨᠢ︾ ᠶᠢ | ᠣᠷᠣᠯᠠᠬᠰᠠᠨ ᠬᠠᠷ᠎ᠠ ᠪᠦᠯᠦᠭᠳᠡᠨ ᠬᠠᠷᠬᠢᠰ ᠬᠦᠴᠣᠨ︔ | ᠠᠷᠪᠠᠨ ᠲᠦᠷᠪᠡ᠂ ᠮᠠᠯ ᠲᠠᠷᠢᠶᠠᠯᠠᠩ ᠤᠨ ᠰᠣᠯᠠ ᠰᠡᠯᠡᠬᠦᠣ ᠴᠠᠭ ᠲᠤ ᠮᠦᠷᠣᠢ ᠶᠢ ᠵᠣᠬᠢᠶᠠᠨ ᠪᠠᠶᠢᠭᠤᠯᠵᠣ᠂ ᠦᠨᠳᠣᠷ ᠬᠦᠣ ᠲᠠᠢ ᠵᠢᠬᠡᠯᠡᠯᠭᠡ ᠲᠠᠯᠪᠢᠬᠰᠠᠨ | ᠬᠠᠷ᠎ᠠ ᠪᠦᠯᠦᠭᠳᠡᠨ ᠬᠠᠷᠬᠢᠰ ᠬᠦᠴᠣᠨ︔ | ᠠᠷᠪᠠᠨ ᠲᠠᠪᠤ᠂ ᠬᠠᠣᠯᠢ ᠪᠣᠰᠣ ᠠᠷᠭ᠎ᠠ ᠪᠠᠷᠢᠯ ᠢᠶᠠᠷ ᠠᠳᠠᠯ ᠠᠬᠤᠢ ᠶᠢᠨ ᠬᠠᠮᠢᠶᠠᠷᠣᠯᠳᠠ ᠶᠢ ᠭᠠᠭᠴᠠᠭᠠᠷ ᠡᠵᠡᠮᠰᠢᠵᠣ᠂ ᠰᠠᠭᠤᠭᠠᠯᠢ ᠲᠣᠭᠤᠷᠢᠭ ᠤᠨ ᠵᠠᠰᠠᠨ | ᠰᠡᠯᠪᠢᠬᠦ ᠬᠠᠩᠭᠠᠯᠭ᠎ᠠ ᠶᠢ ᠡᠷᠬᠡᠰᠢᠶᠡᠬᠦ ᠪᠣᠶᠣ ︽ᠬᠠᠷ᠎ᠠ ᠬᠤᠤᠷᠳᠠᠢ ᠠᠮᠣᠷ ᠢ ᠬᠠᠮᠠᠭᠠᠯᠠᠬᠴᠢ︾ ᠶᠢ ᠬᠦᠯᠦᠰᠣᠯᠠᠨ ᠦᠮᠴᠢᠳᠡᠨ ᠢ ᠬᠢᠬᠠᠵᠣ ᠲᠠᠷᠣᠯᠠᠬᠰᠠᠨ ᠬᠠᠷ᠎ᠠ | ᠪᠦᠯᠦᠭᠳᠡᠨ ᠬᠠᠷᠬᠢᠰ ᠬᠦᠴᠣᠨ︔ | ᠠᠷᠠᠳ ᠣᠯᠠᠨ ᠤ ᠢᠯᠡᠴᠢᠯᠡᠨ ᠮᠡᠳᠡᠬᠦᠯᠦᠭᠰᠡᠨ ᠰᠦᠪᠡᠭᠴᠢ ᠶᠢ ᠲᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠨᠢᠭᠤᠴᠠ ᠶᠢ ᠲᠠᠰᠣ ᠬᠠᠮᠠᠭᠠᠯᠠᠵᠣ᠂ ᠪᠠᠶᠢᠴᠠᠭᠠᠨ | ᠬᠠᠷᠭᠤᠭᠤᠯᠵᠣ ᠦᠨᠡᠨ ᠮᠠᠭᠠᠳ ᠪᠣᠯ ᠲᠣᠭᠳᠠᠭᠠᠯ ᠶᠣᠰᠣᠭᠠᠷ ᠱᠠᠩᠨᠠᠯ ᠣᠯᠭᠤᠨ᠎ᠠ︔ ᠶᠠᠯ᠎ᠠ ᠬᠢᠭᠴᠢ ᠶᠢ ᠨᠢᠭᠤᠨ ᠲᠠᠯᠳᠠᠯᠠᠵᠣ ᠦᠮᠦᠬᠡᠷᠡᠨ ᠦᠭᠡᠭᠰᠢᠬᠦᠯᠬᠦ ᠪᠣᠶᠣ ᠮᠠᠭᠤ | ᠪᠣᠳᠣᠯ ᠢᠶᠠᠷ ᠢᠯᠡᠴᠢᠯᠡᠨ ᠵᠠᠭᠠᠯᠳᠣᠬᠤ᠂ ᠬᠦᠵᠢᠷᠯᠠᠨ ᠵᠠᠭᠠᠯᠳᠣᠵᠣ ᠪᠣᠰᠣᠳ ᠬᠦᠮᠦᠨ ᠢ ᠬᠤᠣᠷᠯᠠᠬᠤ ᠬᠡᠪᠡᠯ ᠬᠠᠣᠯᠢ ᠶᠣᠰᠣᠭᠠᠷ ᠬᠠᠣᠯᠢ ᠶᠢᠨ ᠬᠠᠷᠢᠭᠤᠴᠠᠯᠭ᠎ᠠ | ᠨᠡᠬᠡᠮᠵᠢᠯᠡᠨ᠎ᠠ︔ ᠢᠯᠡᠴᠢᠯᠡᠨ ᠵᠠᠭᠠᠯᠳᠣᠬᠴᠢ ᠠᠴᠠ ᠦᠰᠢᠶ᠎ᠠ ᠬᠤᠷᠣᠰᠣᠯ ᠨᠡᠭᠡᠪᠡᠯ ᠬᠠᠣᠯᠢ ᠶᠣᠰᠣᠭᠠᠷ ᠴᠢᠩᠭ᠎ᠠ ᠪᠦᠬᠡᠳ ᠬᠦᠨᠳᠣ ᠪᠠᠷ ᠰᠢᠳᠬᠡᠨ᠎ᠠ᠃ ᠪᠣᠳᠠᠳᠠᠢ | ᠢᠯᠡᠴᠢᠯᠡᠨ ᠮᠡᠳᠡᠬᠦᠯᠬᠦ ᠠᠷᠭ᠎ᠠ ᠨᠢ ᠲᠣᠣᠷᠠᠬᠢ ᠮᠡᠳᠣ᠄ | ᠨᠢᠬᠡ ᠳᠤ᠂ ᠡᠯ᠎ᠠ ᠭᠠᠵᠠᠷ ᠤᠨ 110 ᠬᠡᠷᠡᠭ ᠮᠡᠳᠡᠬᠦᠯᠬᠦ ᠣᠳᠠᠰᠣ ᠶᠢ ᠤᠲᠠᠰᠤᠳᠠᠬᠤ ᠪᠣᠶᠣ ᠲᠣᠣᠷ᠎ᠠ ᠵᠢᠬᠰᠠᠭᠠᠬᠰᠠᠨ ᠣᠳᠠᠰᠣ ᠪᠠᠷ ᠬᠠᠷᠢᠯᠴᠠᠭᠠᠷᠠᠢ᠃ | | ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ᠄ 0471 — 6550480 | ᠬᠦᠬᠡᠬᠤᠳᠠ ᠶᠢᠨ ᠲᠣᠳᠣᠭᠠᠳᠣ ᠶᠢ ᠬᠠᠮᠠᠭᠠᠯᠠᠬᠤ ᠲᠣᠪᠴᠢᠶ᠎ᠠ᠄ 0471 — 6699290 | ᠪᠣᠭᠤᠳᠣ ᠬᠤᠳᠠ ᠶᠢᠨ ᠲᠣᠳᠣᠭᠠᠳᠣ ᠶᠢ ᠬᠠᠮᠠᠭᠠᠯᠠᠬᠤ ᠲᠣᠪᠴᠢᠶ᠎ᠠ᠄ 0472 — 3619722 | ᠬᠦᠯᠦᠨ ᠪᠤᠶᠢᠷ ᠬᠤᠳᠠ ᠶᠢᠨ ᠲᠣᠳᠣᠭᠠᠳᠣ ᠶᠢ ᠬᠠᠮᠠᠭᠠᠯᠠᠬᠤ ᠲᠣᠪᠴᠢᠶ᠎ᠠ᠄ 0470 — 8311680 | ᠬᠢᠩᠭᠠᠨ ᠠᠶᠢᠮᠠᠭ ᠤᠨ ᠲᠣᠳᠣᠭᠠᠳᠣ ᠶᠢ ᠬᠠᠮᠠᠭᠠᠯᠠᠬᠤ ᠲᠣᠪᠴᠢᠶ᠎ᠠ᠄ 0482 — 8490088 | ᠲᠦᠩᠯᠢᠶᠣᠣ ᠬᠤᠳᠠ ᠶᠢᠨ ᠲᠣᠳᠣᠭᠠᠳᠣ ᠶᠢ ᠬᠠᠮᠠᠭᠠᠯᠠᠬᠤ ᠲᠣᠪᠴᠢᠶ᠎ᠠ᠄ 0475 — 8260142 | ᠣᠯᠠᠭᠠᠨᠬᠠᠳᠠ ᠬᠤᠳᠠ ᠶᠢᠨ ᠲᠣᠳᠣᠭᠠᠳᠣ ᠶᠢ ᠬᠠᠮᠠᠭᠠᠯᠠᠬᠤ ᠲᠣᠪᠴᠢᠶ᠎ᠠ᠄ 0476 — 2391979 | ᠰᠢᠯᠢ ᠶᠢᠨ ᠭᠤᠣᠯ ᠠᠶᠢᠮᠠᠭ ᠤᠨ ᠲᠣᠳᠣᠭᠠᠳᠣ ᠶᠢ ᠬᠠᠮᠠᠭᠠᠯᠠᠬᠤ ᠲᠣᠪᠴᠢᠶ᠎ᠠ᠄ 0479 — 8241095 | ᠣᠯᠠᠭᠠᠨᠴᠠᠪ ᠬᠤᠳᠠ ᠶᠢᠨ ᠲᠣᠳᠣᠭᠠᠳᠣ ᠶᠢ ᠬᠠᠮᠠᠭᠠᠯᠠᠬᠤ ᠲᠣᠪᠴᠢᠶ᠎ᠠ᠄ 0474 — 8980222 | ᠣᠷᠳᠣᠰ ᠬᠤᠳᠠ ᠶᠢᠨ ᠲᠣᠳᠣᠭᠠᠳᠣ ᠶᠢ ᠬᠠᠮᠠᠭᠠᠯᠠᠬᠤ ᠲᠣᠪᠴᠢᠶ᠎ᠠ᠄ 0477 — 8582071 | ᠪᠠᠶᠠᠨᠨᠠᠭᠤᠷ ᠬᠤᠳᠠ ᠶᠢᠨ ᠲᠣᠳᠣᠭᠠᠳᠣ ᠶᠢ ᠬᠠᠮᠠᠭᠠᠯᠠᠬᠤ ᠲᠣᠪᠴᠢᠶ᠎ᠠ᠄ 0478 — 8967506 | ᠦᠬᠠᠢ ᠬᠤᠳᠠ ᠶᠢᠨ ᠲᠣᠳᠣᠭᠠᠳᠣ ᠶᠢ ᠬᠠᠮᠠᠭᠠᠯᠠᠬᠤ ᠲᠣᠪᠴᠢᠶ᠎ᠠ᠄ 0473 — 2052726 | ᠠᠯᠠᠱᠠ ᠠᠶᠢᠮᠠᠭ ᠤᠨ ᠲᠣᠳᠣᠭᠠᠳᠣ ᠶᠢ ᠬᠠᠮᠠᠭᠠᠯᠠᠬᠤ ᠲᠣᠪᠴᠢᠶ᠎ᠠ᠄ 0483 — 8355366 | ᠬᠤᠶᠠᠷ ᠲᠤ᠂ ᠢᠯᠡᠴᠢᠯᠡᠨ ᠮᠡᠳᠡᠬᠦᠯᠬᠦ ᠢᠮᠧᠯ᠄ NMGsaoheichue@qq.com︔ | ᠭᠤᠷᠪᠠ ᠳᠤ᠂ ᠡᠯ᠎ᠠ ᠭᠠᠵᠠᠷ ᠤᠨ ᠲᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠳᠤ ᠣᠴᠢᠵᠣ ᠬᠡᠷᠡᠭ ᠮᠡᠳᠡᠬᠦᠯᠵᠣ ᠪᠣᠯᠣᠨ᠎ᠠ᠃ | ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ 2018 ᠣᠨ ᠤ | 3 ᠰᠠᠷ᠎ᠠ ᠶᠢᠨ 8 ᠤ ᠡᠳᠦᠷ |