ᠲᠣᠮᠢᠯᠠᠭᠰᠠᠨ ᠰᠠᠯᠪᠤᠷᠢ ᠶᠢᠨ ᠠᠵᠢᠯ ᠤᠨ ᠬᠠᠷᠢᠭᠤᠴᠠᠯᠭ᠎ᠠ ᠪᠠ ᠡᠷᠬᠡ ᠮᠡᠳᠡᠯ
ᠨᠡᠶᠢᠲᠡᠯᠡᠭᠰᠡᠨ ᠴᠠᠭ᠄
2018/9/15
        ᠲᠣᠮᠢᠯᠠᠭᠰᠠᠨ ᠰᠠᠯᠪᠤᠷᠢ ᠶᠢᠨ ᠠᠵᠢᠯ ᠤᠨ ᠬᠠᠷᠢᠭᠤᠴᠠᠯᠭ᠎ᠠ ᠪᠠ ᠡᠷᠬᠡ ᠮᠡᠳᠡᠯᠨᠢᠭᠡ᠂ ᠲᠣᠮᠢᠯᠠᠭᠰᠠᠨ ᠰᠠᠯᠪᠤᠷᠢ ᠶᠢᠨ ᠠᠵᠢᠯ ᠤᠨ ᠬᠠᠷᠢᠭᠤᠴᠠᠯᠭ᠎ᠠ      1. ᠨᠡᠶᠢᠭᠡᠮ ᠤᠨ ᠠᠮᠤᠷ ᠲᠤᠭᠳᠠᠭᠤᠨ ᠪᠠ ᠠᠮᠤᠷ ᠢ ᠬᠠᠮᠠᠭᠠᠯᠠᠬᠤ ᠪᠦᠬᠦ ᠲᠠᠯ᠎ᠠ ᠶᠢᠨ ᠠᠮᠤᠷ  ᠲᠤᠭᠳᠠᠭᠤᠨ ᠢ ᠨᠦᠯᠥᠭᠡᠯᠡᠬᠦ ᠮᠡᠳᠡᠭᠡ ᠵᠠᠩᠭᠢ ᠶᠢ ᠴᠤᠭᠯᠠᠭᠤᠯᠤᠨ ᠡᠵᠡᠮᠰᠢᠵᠦ ᠮᠡᠳᠡᠭᠦᠯᠤᠨ᠎ᠡ᠃      2. ᠬᠠᠷᠢᠶ᠎ᠠ ᠲᠣᠭᠤᠷᠢᠭ ᠤᠨ ᠰᠠᠭᠤᠭ᠎ᠠ ᠬᠦᠮᠤᠨ ᠠᠮᠠ ︵ᠪᠠᠶᠢᠩᠭᠤ ᠰᠠᠭᠤᠭ᠎ᠠ ᠬᠦᠮᠤᠨ ᠠᠮᠠ᠂ ᠲᠦᠷ ᠴᠠᠭ ᠰᠠᠭᠤᠭ᠎ᠠ ᠬᠦᠮᠤᠨ ᠠᠮᠠ  ᠪᠠ  ᠬᠠᠷᠢᠶ᠎ᠠ ᠲᠤᠭᠤᠷᠢᠭ ᠲᠤ ᠰᠠᠭᠤᠭ᠎ᠠ ᠬᠢᠯᠢ  ᠶᠢᠨ  ᠭᠠᠳᠠᠨᠠᠬᠢ ᠬᠦᠮᠤᠨ︶ ᠶᠢ ᠬᠠᠮᠢᠶᠠᠷᠤᠨ᠎ᠠ᠃      3. ᠬᠠᠤᠯᠢ ᠶᠣᠰᠤᠭᠠᠷ ᠬᠠᠷᠢᠶ᠎ᠠ ᠲᠣᠭᠤᠷᠢᠭ ᠤᠨ ᠤᠨᠴᠠᠭᠠᠢ ᠡᠷᠭᠢᠯᠡᠭᠰᠡᠨ ᠠᠵᠢᠯ᠂ ᠨᠡᠶᠢᠲᠡ ᠤᠨ ᠨᠠᠶᠢᠷ ᠨᠠᠭᠠᠳᠤᠮ ᠤᠨ ᠦᠢᠯᠡᠴᠢᠯᠡᠬᠦ ᠲᠠᠯᠠᠪᠤᠷ ᠪᠠ ᠫᠤᠤ ᠵᠡᠪᠰᠡᠭ᠂ ᠰᠣᠮᠦ ᠳᠡᠷᠢ᠂ ᠳᠡᠯᠪᠡᠷᠡᠬᠦ᠂ ᠬᠤᠣᠷ ᠵᠡᠷᠭᠡ ᠠᠶᠤᠯᠲᠤ ᠪᠤᠳᠠᠰ ᠢ ᠬᠠᠮᠢᠶᠠᠷᠤᠨ᠎ᠠ᠃      4. ᠬᠠᠮᠢᠶ᠎ᠠ ᠪᠦᠬᠦᠢ ᠰᠠᠯᠠᠭ᠎ᠠ ᠮᠦᠴᠢᠷ ᠢ ᠬᠠᠮᠵᠢᠯᠴᠠᠨ ᠭᠠᠯ ᠤᠨ ᠠᠶᠤᠯ᠂ ᠳᠡᠯᠪᠡᠷᠡᠬᠦ᠂ ᠬᠤᠣᠷᠳᠠᠭᠳᠠᠬᠤ ᠵᠡᠷᠭᠡ ᠠᠮᠤᠷ ᠢ ᠬᠠᠮᠠᠭᠠᠯᠠᠬᠤ ᠭᠠᠮᠰᠢᠭ ᠤᠨ ᠠᠳᠡᠯ ᠢ ᠰᠡᠷᠭᠡᠶᠢᠯᠡᠨ᠎ᠡ᠃      5. ᠬᠠᠤᠯᠢ ᠶᠣᠰᠤᠭᠠᠷ ᠬᠠᠷᠢᠶ᠎ᠠ ᠲᠣᠭᠤᠷᠢᠭ ᠤᠨ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠤᠨ ᠠᠮᠤᠷ ᠢ ᠬᠠᠮᠠᠭᠠᠯᠠᠬᠤ ᠠᠵᠢᠯ ᠢ ᠬᠢᠨᠠᠨ ᠵᠢᠯᠤᠭᠤᠳᠬᠤ᠂ ᠪᠠᠶᠢᠭᠤᠯᠭ᠎ᠠ ᠶᠢᠨ ᠠᠮᠤᠷ ᠢ ᠬᠠᠮᠠᠭᠠᠯᠠᠬᠤ ᠵᠤᠬᠢᠶᠠᠨ ᠪᠠᠶᠢᠭᠤᠯᠤᠯᠲᠠ ᠪᠣᠯᠤᠨ ᠠᠷᠠᠳ ᠲᠦᠮᠡᠨ ᠢ ᠵᠤᠬᠢᠶᠠᠨ ᠪᠠᠶᠢᠭᠤᠯᠬᠤ᠂ ᠵᠢᠯᠤᠭᠤᠳᠤᠨ ᠠᠶᠣᠯᠭᠦᠢ ᠰᠡᠷᠭᠡᠶᠢᠯᠡᠯᠲᠡ ᠢ ᠶᠠᠪᠤᠭᠳᠠᠭᠤᠯᠤᠨ᠎ᠠ᠃ ᠬᠠᠷᠢᠶ᠎ᠠ ᠲᠣᠭᠤᠷᠢᠭ ᠲᠠᠭᠠᠨ ᠠᠮᠤᠷ ᠢ ᠬᠠᠮᠠᠭᠠᠯᠠᠬᠤ ᠪᠠᠷ ᠭᠤᠣᠯ ᠰᠡᠳᠦᠪ ᠪᠣᠯᠭᠠᠭᠰᠠᠨ ᠡᠯ᠎ᠡ ᠱᠠᠳᠣᠨ ᠤ ᠤᠯᠠᠨ ᠲᠦᠮᠡᠨ ᠲᠠᠢ ᠬᠠᠮᠲᠤᠷᠠᠨ ᠰᠡᠷᠭᠡᠶᠢᠯᠡᠨ ᠵᠠᠰᠠᠬᠤ ᠠᠵᠢᠯ ᠢ ᠦᠷᠨᠢᠭᠦᠯᠦᠨ᠂ ᠰᠡᠷᠭᠡᠶᠢᠯᠡᠵᠤ ᠲᠡᠶᠢᠯᠬᠦ ᠴᠢᠨᠠᠷᠲᠠᠢ ᠬᠡᠷᠡᠭ ᠢ ᠰᠡᠷᠭᠡᠶᠢᠯᠡᠨ᠎ᠡ᠃      6. ᠡᠳᠤᠷ ᠲᠣᠲᠤᠮ ᠤᠨ ᠠᠮᠤᠷ ᠢ ᠬᠠᠮᠠᠭᠠᠯᠠᠬᠤ ᠰᠡᠷᠭᠡᠶᠢᠯᠡᠯᠲᠡ ᠪᠠ ᠬᠠᠮᠢᠶᠠᠷᠤᠯᠲᠠ ᠶᠢᠨ ᠠᠵᠢᠯ  ᠢᠶᠠᠷ ᠳᠠᠮᠵᠢᠨ ᠬᠠᠤᠯᠢ ᠶᠢ ᠵᠦᠷᠢᠴᠡᠨ ᠶᠠᠯ᠎ᠠ ᠬᠢᠭᠰᠡᠨ ᠰᠦᠪᠡᠭᠴᠢ ᠶᠢ ᠢᠯᠡᠷᠡᠭᠦᠯᠦᠨ᠂ ᠲᠣᠮᠢᠯᠠᠭᠰᠠᠨ ᠰᠠᠯᠪᠤᠷᠢ ᠶᠢᠨ ᠬᠦᠯᠢᠶᠡᠨ ᠠᠪᠬᠤ ᠢᠯᠡᠷᠡᠭᠦᠯᠪᠠᠰᠤ ᠵᠤᠬᠢᠬᠤ ᠶᠡᠷᠦ ᠶᠢᠨ ᠡᠷᠡᠭᠦᠦ ᠶᠢᠨ ᠬᠡᠷᠡᠭ ᠢ ᠢᠯᠡᠷᠡᠭᠦᠯᠬᠦ᠃      7. ᠬᠠᠤᠯᠢ ᠶᠣᠰᠤᠭᠠᠷ ᠠᠮᠤᠷ ᠢ ᠬᠠᠮᠠᠭᠠᠯᠠᠬᠤ ᠬᠡᠷᠡᠭ ᠢ ᠪᠠᠶᠢᠴᠠᠭᠠᠨ ᠰᠢᠢᠳᠪᠤᠷᠢᠯᠡᠵᠦ᠂ ᠠᠮᠤᠷ ᠢ ᠬᠠᠮᠠᠭᠠᠯᠠᠬᠤ ᠵᠢᠭᠤᠷᠠᠯᠳᠣᠭᠠᠨ ᠢ ᠡᠶᠡᠳᠡᠭᠦᠯᠬᠦ᠃      8. ᠲᠡᠭᠡᠷ᠎ᠡ ᠱᠠᠳᠤᠨ ᠤ ᠳᠣᠳᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠬᠠᠪᠰᠤᠷᠤᠨ ᠣᠯᠠᠨ ᠨᠡᠶᠢᠲᠡ ᠶᠢᠨ ᠴᠢᠨᠠᠷ ᠲᠠᠢ ᠬᠡᠷᠡᠭ ᠶᠠᠪᠤᠳᠠᠯ ᠢ ᠰᠢᠢᠳᠪᠤᠷᠢᠯᠡᠬᠦ ᠠᠵᠢᠯ ᠢ ᠰᠠᠶᠢᠳᠤᠷ ᠬᠢᠬᠦ᠃      9. ᠬᠠᠤᠯᠢ ᠪᠣᠰᠤ ᠱᠠᠰᠢᠨ ᠰᠣᠷᠳᠠᠬᠤᠨ᠂ ᠭᠠᠵᠢᠭᠤ ᠨᠤᠮᠯᠠᠯ ᠤᠨ ᠠᠵᠢᠯᠯᠠᠭ᠎ᠠ ᠶᠢ ᠡᠵᠡᠮᠰᠢᠵᠦ ᠵᠠᠬᠢᠷᠬᠤ ᠠᠵᠢᠯ ᠢᠶᠠᠨ ᠴᠢᠩᠭᠠᠳᠬᠠᠬᠤ᠃      10. ᠬᠠᠷᠢᠶ᠎ᠠ ᠲᠤᠭᠤᠷᠢᠭ ᠤᠨ ᠤᠯᠠᠨ ᠲᠦᠮᠡᠨ ᠳᠤ ᠬᠠᠤᠯᠢ ᠳᠦᠷᠢᠮ ᠤᠨ ᠤᠬᠠᠭᠤᠯᠭ᠎ᠠ ᠬᠢᠵᠦ᠂ ᠬᠠᠷᠢᠶ᠎ᠠ ᠲᠤᠭᠤᠷᠢᠭ ᠤᠨ ᠬᠠᠤᠯᠢ ᠶᠢ ᠵᠦᠷᠢᠴᠡᠭᠰᠡᠨ ᠵᠠᠯᠠᠭᠤᠴᠤᠳ ᠢ ᠬᠠᠪᠰᠤᠷᠤᠨ ᠰᠤᠷᠭᠠᠵᠤ᠂ ᠵᠠᠬᠢᠷᠤᠨ ᠬᠠᠮᠢᠶᠠᠷᠬᠤ᠂ ᠤᠯᠤᠰ ᠲᠥᠷᠥ ᠶᠢᠨ ᠡᠷᠬᠡ ᠨᠢ ᠬᠠᠰᠤᠬᠤ᠂ ᠡᠷᠡᠭᠦᠦ ᠰᠢᠳᠭᠡᠯ ᠠᠯᠭᠤᠷᠯᠠᠬᠤ᠂ ᠳᠠᠩᠰᠠ ᠰᠤᠯᠠᠯᠠᠬᠤ᠂ ᠭᠢᠨᠳᠠᠨ ᠤ ᠭᠠᠳᠠᠨ᠎ᠠ ᠭᠦᠢᠴᠡᠳᠭᠡᠬᠦ᠂ ᠭᠢᠨᠳᠠᠨ ᠤ ᠭᠠᠳᠠᠨ᠎ᠠ ᠳᠠᠭᠠᠭᠠᠯᠲᠠ ᠲᠠᠢ ᠡᠮᠨᠡᠭᠦᠯᠬᠦ ᠵᠡᠷᠭᠡ ᠶᠠᠯ᠎ᠠ ᠪᠠᠷ ᠰᠢᠳᠭᠡᠭᠳᠡᠭᠰᠡᠨ ᠶᠠᠯᠠᠲᠠᠨ ᠳᠤ ᠬᠢᠨᠠᠯᠲᠠ ᠲᠠᠯᠪᠢᠬᠤ᠂ ᠰᠢᠯᠭᠠᠨ ᠪᠠᠶᠢᠴᠠᠭᠠᠬᠤ ᠪᠠ ᠲᠠᠬᠢᠵᠤ ᠰᠤᠩᠭᠤᠬᠤ ᠵᠡᠷᠭᠡ ᠠᠵᠢᠯ ᠬᠢᠵᠦ᠂ ᠬᠦᠳᠡᠯᠮᠣᠷᠢ ᠪᠠᠷ ᠦᠭᠡᠷᠡᠴᠢᠯᠡᠬᠦ᠂ ᠬᠦᠳᠡᠯᠮᠣᠷᠢ ᠪᠠᠷ ᠵᠠᠰᠠᠨ ᠬᠦᠮᠤᠵᠢᠭᠦᠯᠬᠦ᠂ ᠪᠠᠭᠠᠴᠤᠤᠯ ᠬᠡᠷᠡᠭᠲᠡᠨ ᠵᠡᠷᠭᠡ ᠬᠦᠮᠣᠰ ᠲᠤ ᠨᠡᠶᠢᠭᠡᠮ ᠠᠴᠠ ᠬᠠᠮᠵᠢᠯᠴᠠᠨ ᠰᠤᠷᠭᠠᠬᠤ ᠪᠠ ᠲᠠᠯᠪᠢᠭᠰᠠᠨ ᠤ ᠬᠤᠶᠢᠨ᠎ᠠ ᠵᠠᠯᠭᠠᠵᠤ ᠬᠠᠪᠰᠤᠷᠤᠨ ᠰᠤᠷᠭᠠᠬᠤ ᠠᠵᠢᠯ ᠢ ᠬᠢᠬᠦ᠂ ᠠᠷᠠᠳ ᠲᠦᠮᠡᠨ ᠤ ᠬᠠᠤᠯᠢ ᠶᠢ ᠵᠦᠷᠢᠴᠡᠨ ᠶᠠᠯᠠᠲᠤ ᠠᠵᠢᠯᠯᠠᠭ᠎ᠠ ᠬᠢᠬᠦ ᠠᠴᠠ ᠰᠡᠷᠭᠡᠶᠢᠯᠡᠬᠦ ᠠᠵᠢᠯ ᠢ ᠰᠠᠶᠢᠳᠤᠷ ᠬᠢᠬᠦ᠃      11. ᠠᠷᠠᠳ ᠲᠦᠮᠡᠨ ᠤ ᠲᠦᠭᠰᠢᠭᠦᠷᠢ ᠮᠡᠳᠡᠭᠦᠯᠬᠦ᠂ ᠳᠡᠮᠵᠢᠯᠭᠡ ᠬᠦᠰᠡᠬᠦ ᠶᠢ ᠬᠦᠯᠢᠶᠡᠨ ᠠᠪᠴᠤ᠂ ᠠᠷᠠᠳ ᠲᠦᠮᠡᠨ ᠤ ᠬᠦᠴᠢᠷ ᠵᠣᠪᠠᠯᠠᠩ ᠢ ᠠᠷᠢᠯᠭᠠᠵᠤ᠂ ᠠᠷᠠᠳ ᠲᠦᠮᠡᠨ ᠤ ᠪᠤᠳᠡᠲᠠᠢ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ᠂ ᠢᠳᠡᠪᠬᠢᠲᠠᠢ ᠪᠠᠷ ᠠᠷᠠᠳ ᠲᠦᠮᠡᠨ ᠳᠤ ᠰᠠᠶᠢᠨ ᠶᠠᠪᠤᠳᠠᠯ᠂ ᠪᠤᠳᠠᠲᠠᠢ ᠶᠠᠪᠤᠳᠠᠯ ᠬᠢᠬᠦ᠃ᠬᠤᠶᠠᠷ᠂ ᠲᠣᠮᠢᠯᠠᠭᠰᠠᠨ ᠰᠠᠯᠪᠤᠷᠢ ᠶᠢᠨ ᠡᠷᠬᠡ ᠮᠡᠳᠡᠯ      1. ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠬᠠᠤᠯᠢ ᠳᠦᠷᠢᠮ ᠢ ᠦᠨᠳᠦᠰᠦᠯᠡᠨ᠂ ᠲᠤᠰ ᠬᠠᠷᠢᠶ᠎ᠠ ᠲᠣᠭᠤᠷᠢᠭ ᠤᠨ ᠤᠨᠴᠠᠭᠠᠢ ᠡᠷᠬᠢᠯᠡᠭᠰᠡᠨ ᠠᠵᠢᠯ᠂ ᠨᠡᠶᠢᠲᠡ ᠶᠢᠨ ᠲᠠᠯᠠᠪᠤᠷ᠂ ᠠᠷᠠᠳ ᠤᠨ ᠬᠡᠷᠡᠭᠯᠡᠵᠦ ᠪᠠᠶᠢᠭ᠎ᠠ ᠠᠶᠤᠯᠲᠤ ᠪᠣᠳᠠᠰ᠂ ᠴᠠᠭᠠᠵᠠᠯᠠᠬᠤ ᠪᠣᠳᠠᠰ᠂ ᠡᠷᠦᠭᠡ ᠠᠮᠠ᠂ ᠢᠷᠭᠡᠨ ᠤ ᠪᠡᠶ᠎ᠡ ᠶᠢᠨ ᠦᠨᠡᠮᠯᠡᠯ᠂ ᠲᠦᠷ ᠰᠠᠭᠤᠭ᠎ᠠ ᠬᠦᠮᠤᠨ ᠠᠮᠠ᠂ ᠭᠡᠷ ᠲᠦᠷᠢᠶᠡᠰᠦᠯᠡᠭᠦᠯᠬᠦ ᠵᠡᠷᠭᠡ ᠳᠤ ᠠᠮᠤᠷ ᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠷᠬᠡ ᠶᠢ ᠬᠡᠷᠡᠭᠵᠢᠭᠦᠯᠬᠦ᠃      2. ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠯᠪᠠᠳᠠᠬᠤ ᠡᠷᠬᠡ ᠪᠠ ᠰᠢᠢᠳᠭᠡᠬᠦ ᠡᠷᠬᠡ᠃ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠦᠷᠢᠴᠡᠭᠰᠡᠨ ᠠᠵᠢᠯᠯᠠᠭᠠᠲᠤ ᠬᠦᠮᠤᠨ ᠢ ᠲᠠᠭᠤᠳᠠᠵᠤ᠂ ᠳᠠᠭᠤᠳᠠᠭᠳᠠᠭᠰᠠᠨ ᠬᠦᠮᠤᠨ ᠵᠦᠢ ᠶᠣᠰᠤᠨ ᠤ ᠰᠢᠯᠳᠠᠭᠠᠨ ᠦᠭᠡᠢ ᠪᠣᠯ ᠳᠠᠭᠤᠳᠠᠬᠤ ᠶᠢ ᠲᠡᠪᠴᠢᠵᠤ ᠪᠣᠯᠬᠤ ᠦᠭᠡᠢ᠂ ᠳᠡᠭᠡᠷ᠎ᠡ ᠨᠢᠭᠡ ᠱᠠᠳᠤᠨ ᠤ ᠤᠳᠤᠷᠢᠳᠤᠯᠭ᠎ᠠ ᠶᠢᠨ ᠵᠦᠪᠰᠢᠶᠠᠷᠠᠯ ᠲᠣᠣᠷ᠎ᠡ᠂ ᠲᠣᠮᠢᠯᠠᠭᠰᠠᠨ ᠰᠠᠯᠪᠤᠷᠢ ᠠᠯᠪᠠᠳᠠᠨ ᠳᠠᠭᠤᠳᠠᠵᠤ ᠪᠤᠯᠤᠨ᠎ᠠ᠃ ᠲᠤᠬᠠᠢ ᠶᠢᠨ ᠲᠠᠯᠠᠪᠤᠷ ᠲᠤ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠦᠷᠢᠴᠡᠭᠰᠡᠨ ᠠᠵᠢᠯᠯᠠᠭ᠎ᠠ ᠶᠢᠨ ᠪᠣᠳᠠᠳᠤ ᠬᠡᠷᠡᠭ ᠨᠢ ᠲᠣᠳᠤᠷᠬᠠᠢ᠂ ᠭᠡᠷᠡᠴᠢ ᠪᠠᠷᠢᠮᠲᠠ ᠨᠢ ᠪᠠᠳᠤᠲᠠᠢ ᠪᠣᠯ᠂ ᠠᠮᠤᠷ ᠢ ᠬᠠᠮᠠᠭᠠᠯᠠᠬᠤ ᠬᠠᠮᠢᠶᠠᠷᠤᠯᠳᠠ ᠶᠢᠨ ᠲᠤᠭᠳᠠᠭᠠᠯ ᠰᠢᠢᠳᠭᠡᠯ ᠤᠨ ᠶᠤᠰᠣᠭᠠᠷ ᠰᠡᠷᠡᠮᠵᠢ ᠦᠭᠭᠦ ᠪᠣᠶᠤ 200 ᠲᠦᠭᠦᠷᠢᠭ ᠠᠴᠠ ᠳᠣᠷᠣᠭᠰᠢ ᠵᠣᠭᠤᠰ ᠢᠶᠠᠷ ᠲᠤᠷᠭᠠᠨ ᠵᠠᠯᠬᠠᠭᠠᠵᠤ ᠪᠤᠯᠤᠨ᠎ᠠ᠃ ᠰᠡᠷᠡᠮᠵᠢ ᠦᠭᠭᠦ᠂ 500 ᠲᠦᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠶᠢ ᠳᠤᠳᠤᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠠᠴᠠ ᠲᠤᠭᠳᠠᠭᠠᠵᠣ ᠪᠤᠯᠬᠤ᠃      3. ᠲᠤᠬᠠᠢ ᠶᠢᠨ ᠲᠠᠯᠠᠪᠤᠷ ᠲᠤ ᠪᠠᠶᠢᠴᠠᠭᠠᠨ ᠠᠰᠠᠭᠤᠬᠤ᠂ ᠪᠠᠶᠢᠴᠠᠭᠠᠨ ᠦᠵᠡᠬᠦ᠂ ᠬᠤᠴᠣᠷᠭᠠᠨ ᠠᠪᠴᠤ ᠪᠠᠶᠢᠴᠠᠭᠠᠨ ᠠᠰᠠᠭᠤᠬᠤ ᠡᠷᠬᠡ᠃ ᠠᠷᠠᠳ  ᠤᠨ  ᠴᠠᠭᠳᠠᠭ᠎ᠠ  ᠠᠯᠪᠠᠨ  ᠤ  ᠶᠠᠪᠤᠳᠠᠯ ᠭᠦᠢᠴᠡᠳᠭᠡᠵᠦ ᠪᠠᠶᠢᠭ᠎ᠠ ᠦᠶᠡᠰ᠂ ᠬᠠᠤᠯᠢ ᠶᠢ ᠵᠦᠷᠢᠴᠡᠭᠰᠡᠨ ᠬᠡᠷᠡᠭ ᠤᠨ ᠰᠡᠵᠢᠭᠲᠡᠨ ᠢ ᠬᠠᠤᠯᠢ ᠶᠣᠰᠤᠭᠠᠷ ᠪᠠᠶᠢᠴᠠᠭᠠᠨ ᠠᠰᠠᠭᠤᠵᠦ᠂ ᠪᠠᠶᠢᠴᠠᠭᠠᠨ ᠦᠵᠡᠵᠦ ︵ᠪᠠᠶᠢᠴᠠᠭᠠᠬᠤ ᠨᠢ ᠪᠠᠶᠢᠴᠠᠭᠠᠨ ᠠᠰᠠᠭᠤᠭᠳᠠᠭᠴᠢ ᠶᠢᠨ ᠪᠡᠶ᠎ᠡ ᠪᠣᠯᠤᠨ ᠪᠣᠰᠤᠳ ᠠᠪᠴᠤ ᠶᠠᠪᠤᠵᠤ ᠪᠠᠶᠢᠭ᠎ᠠ ᠪᠤᠳᠠᠰ ᠪᠠᠭᠳᠠᠨ᠎ᠠ︶ ᠪᠤᠯᠤᠨ᠎ᠠ᠃ ᠪᠠᠶᠢᠴᠠᠭᠠᠨ ᠠᠰᠠᠭᠤᠬᠤ ᠪᠠᠷ ᠳᠠᠮᠵᠢᠨ ᠶᠠᠯ᠎ᠠ ᠲᠠᠢ ᠭᠡᠵᠤ ᠵᠠᠭᠠᠯᠳᠤᠭᠳᠠᠭᠰᠠᠨ᠂ ᠲᠤᠬᠠᠢ ᠶᠢᠨ ᠲᠠᠯᠠᠪᠤᠷ ᠲᠤ ᠬᠡᠷᠡᠭ ᠬᠢᠬᠦ ᠰᠡᠵᠢᠭᠲᠡᠢ᠂ ᠪᠣᠵᠠᠷ ᠡᠳ᠋ ᠪᠠᠶᠢᠵᠤ ᠮᠡᠳᠡᠬᠦ ᠪᠤᠳᠠᠰ ᠠᠪᠴᠤ ᠶᠠᠪᠤᠵᠤ ᠪᠠᠶᠢᠪᠠᠯ᠂ ᠲᠣᠮᠢᠯᠠᠭᠰᠠᠨ ᠰᠠᠯᠪᠤᠷᠢ ᠳᠠᠭᠠᠨ ᠠᠪᠴᠢᠷᠠᠵᠤ᠂ ᠲᠣᠮᠢᠯᠠᠭᠰᠠᠨ ᠰᠠᠯᠪᠤᠷᠢ ᠶᠢᠨ ᠲᠠᠷᠤᠭ᠎ᠠ ᠶᠢᠨ ᠵᠦᠪᠰᠢᠶᠡᠷᠡᠯ ᠢᠶᠠᠷ ᠳᠠᠮᠵᠢᠨ ᠲᠡᠭᠦᠨ ᠢ ᠦᠷᠭᠦᠯᠵᠢᠯᠡᠨ ᠠᠰᠠᠭᠤᠵᠤ᠂ ᠠᠰᠠᠭᠤᠬᠤ ᠬᠤᠭᠤᠴᠠᠭ᠎ᠠ 24 ᠴᠠᠭ ᠢ ᠦᠩᠭᠡᠷᠡᠭᠡᠵᠦ ᠪᠣᠯᠬᠤ ᠦᠭᠡᠢ᠂ ᠣᠨᠴᠠᠭᠠᠢ ᠪᠠᠶᠢᠳᠠᠯ ᠳᠣᠣᠷ᠎ᠠ᠂ ᠰᠢᠶᠠᠨ ᠤ ᠳᠡᠰ ᠤᠨ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠵᠦᠪᠰᠢᠶᠡᠷᠡᠪᠡᠯ᠂ ᠠᠰᠠᠭᠤᠬᠤ ᠬᠤᠭᠤᠴᠠᠭ᠎ᠠ ᠶᠢ 48 ᠴᠠᠭ ᠪᠣᠯᠲᠠᠯ᠎ᠠ ᠤᠷᠳᠤᠳᠬᠠᠵᠤ ᠪᠤᠯᠬᠤ᠃       4. ᠬᠠᠤᠯᠢ ᠶᠣᠰᠤᠭᠠᠷ ᠡᠷᠡᠭᠦᠦ ᠶᠢᠨ ᠬᠡᠷᠡᠭ ᠤᠨ ᠪᠠᠶᠢᠴᠠᠭᠠᠬᠤ ᠡᠷᠬᠡ᠂ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢᠨ ᠡᠷᠬᠡ ᠪᠠ ᠨᠡᠩᠵᠢᠨ ᠪᠠᠶᠢᠴᠠᠭᠠᠬᠤ ᠡᠷᠬᠡ ᠶᠢ ᠬᠡᠷᠡᠭᠵᠢᠭᠦᠯᠬᠦ᠃       5. ᠬᠠᠤᠯᠢ ᠶᠣᠰᠤᠭᠠᠷ ᠨᠡᠶᠢᠭᠡᠮ ᠤᠨ ᠬᠢᠨᠠᠯᠲᠠ ᠲᠠᠯᠪᠢᠨ ᠵᠠᠰᠠᠨ ᠰᠠᠶᠢᠵᠢᠷᠠᠭᠤᠯᠬᠤ ᠡᠷᠬᠡ᠂ ᠬᠢᠨᠠᠯᠲᠠ ᠲᠠᠯᠪᠢᠨ ᠪᠠᠶᠢᠴᠠᠭᠠᠬᠤ ᠡᠷᠬᠡ ᠶᠢ ᠬᠡᠷᠡᠭᠵᠢᠭᠦᠯᠬᠦ᠃       6. ᠬᠠᠤᠯᠢ ᠴᠠᠭᠠᠵᠠ ᠳᠦᠷᠢᠮ ᠲᠣᠭᠳᠠᠭᠠᠯ ᠶᠣᠰᠤᠭᠠᠷ ᠨᠢᠭᠤᠴᠠ ᠠᠷᠭ᠎ᠠ ᠬᠡᠮᠵᠢᠶ᠎ᠡ ᠬᠡᠷᠡᠭᠯᠡᠬᠦ ᠪᠠ ᠵᠡᠪᠰᠡᠭ᠂ ᠴᠠᠭᠳᠠᠭᠠᠨ ᠤ ᠪᠠᠭᠠᠵᠢ ᠬᠡᠷᠡᠭᠰᠡᠯ ᠬᠡᠷᠡᠭᠯᠡᠬᠦ ᠡᠷᠬᠡ ᠲᠠᠢ᠃       7. ᠲᠣᠭᠳᠠᠭᠠᠯ ᠳᠠᠬᠢ ᠪᠠᠴᠢᠮ ᠪᠠᠶᠢᠳᠠᠯ ᠳᠣᠣᠷ᠎ᠠ᠂ ᠤᠷᠢᠲᠠ ᠪᠠᠷ ᠲᠡᠷᠭᠡᠨ ᠳᠤ ᠰᠠᠭᠤᠬᠤ᠂ ᠨᠡᠪᠳᠡᠷᠡᠬᠦ ᠪᠠ ᠬᠡᠷᠡᠭᠯᠡᠬᠦ ᠡᠷᠬᠡ ᠲᠠᠢ᠃       8. ᠲᠣᠭᠳᠠᠭᠠᠯ ᠳᠠᠬᠢ ᠪᠠᠴᠢᠮ ᠪᠠᠶᠢᠳᠠᠯ ᠳᠣᠣᠷ᠎ᠠ᠂ ᠨᠡᠪᠲᠡᠷᠡᠬᠦ ᠶᠢ ᠬᠢᠵᠠᠭᠠᠷᠯᠠᠬᠤ ᠡᠷᠬᠡ᠂ ᠵᠤᠭᠰᠣᠭᠠᠨ ᠦᠯᠡᠳᠡᠬᠦ ᠶᠢ ᠬᠢᠵᠠᠭᠠᠷᠯᠠᠬᠤ ᠡᠷᠬᠡ ᠪᠠ ᠵᠠᠮ ᠬᠠᠷᠢᠯᠴᠠᠭ᠎ᠠ ᠶᠢ ᠵᠠᠬᠢᠷᠤᠨ ᠬᠠᠮᠢᠶᠠᠷᠬᠤ ᠡᠷᠬᠡ ᠲᠠᠢ᠃
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ