ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠡᠶᠢᠲᠡᠯᠡᠭᠰᠡᠨ 92 ᠵᠦᠢᠯ ᠤᠨ  ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠠᠷᠭ᠎ᠠ ᠬᠡᠮᠵᠢᠶᠡᠨ ᠤ ᠳᠣᠲᠣᠭᠠᠳᠤ ᠶᠢ ᠬᠠᠮᠠᠭᠠᠯᠠᠬᠤ ᠵᠠᠰᠠᠭ ᠵᠠᠬᠢᠷᠭᠠᠨ ᠤ ᠪᠤᠰᠤᠳ ᠦᠢᠯᠡᠴᠢᠯᠡᠭᠡ ᠬᠠᠮᠢᠶᠠᠷᠤᠯᠲᠠ ᠶᠢᠨ ᠲᠠᠯ᠎ᠠ ᠪᠠᠷ ᠬᠢ ᠪᠣᠳᠠᠲᠠᠢ ᠠᠷᠭ᠎ᠠ ᠠᠪᠴᠠᠯ
ᠨᠡᠶᠢᠲᠡᠯᠡᠭᠰᠡᠨ ᠴᠠᠭ᠄
2019/1/2
     ᠵᠢᠷᠭᠤᠭ᠎ᠠ᠂ ᠳᠣᠲᠣᠭᠠᠳᠤ ᠶᠢ ᠬᠠᠮᠠᠭᠠᠯᠠᠬᠤ ᠵᠠᠰᠠᠭ ᠵᠠᠬᠢᠷᠭᠠᠨ ᠤ ᠪᠤᠰᠤᠳ      ᠦᠢᠯᠡᠴᠢᠯᠡᠭᠡ ᠬᠠᠮᠢᠶᠠᠷᠤᠯᠲᠠ ᠶᠢᠨ ᠲᠠᠯ᠎ᠠ ᠪᠠᠷ            90. ᠨᠢᠭᠡᠳᠦᠭᠡᠷ ᠲᠥᠷᠥᠯ ᠤᠨ ᠠᠮᠠᠷᠬᠠᠨ ᠬᠤᠣᠷ ᠦᠢᠯᠡᠳᠪᠦᠷᠢᠯᠡᠵᠤ ᠪᠣᠯᠬᠤ ᠬᠢᠮᠢ ᠶᠢᠨ ᠡᠳ᠋ ᠪᠣᠳᠠᠰ ᠢ ᠲᠡᠭᠡᠭᠡᠪᠦᠷᠢᠯᠡᠬᠦ ᠵᠥᠪᠰᠢᠶᠡᠷᠡᠯ ᠤᠨ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠪᠣᠭᠤᠨᠢᠰᠬᠠᠨ᠎ᠠ᠂ ᠬᠠᠤᠯᠢ ᠪᠠᠷ ᠲᠣᠭᠲᠠᠭᠠᠭᠰᠠᠨ 10 ᠠᠵᠢᠯ ᠤᠨ ᠡᠳᠦᠷ ᠢ ᠪᠣᠭᠤᠨᠢᠰᠬᠠᠭᠠᠳ 5 ᠠᠵᠢᠯᠯᠠᠬᠤ ᠡᠳᠦᠷ ᠪᠣᠯᠭᠠᠨ᠎ᠠ ᠃ ᠨᠢᠭᠡᠳᠦᠭᠡᠷ ᠲᠥᠷᠥᠯ  ᠤᠨ ᠠᠮᠠᠷᠬᠠᠨ ᠬᠤᠣᠷ ᠦᠢᠯᠡᠳᠪᠦᠷᠢᠯᠡᠵᠤ ᠪᠣᠯᠬᠤ ᠬᠢᠮᠢ ᠶᠢᠨ ᠡᠳ᠋ ᠪᠣᠳᠠᠰ ᠢ ᠬᠤᠳᠠᠯᠳᠤᠨ ᠠᠪᠬᠤ ᠶᠢ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠤᠤᠯ ᠤᠨ ᠬᠠᠤᠯᠢ ᠪᠠᠷ ᠲᠣᠭᠲᠠᠭᠠᠭᠰᠠᠨ 10 ᠠᠵᠢᠯ ᠤᠨ ᠡᠳᠦᠷ  ᠪᠠᠶᠢᠭᠰᠠᠨ ᠢ ᠪᠣᠭᠤᠨᠢᠰᠬᠠᠭᠠᠳ 8 ᠠᠵᠢᠯᠯᠠᠬᠤ ᠡᠳᠦᠷ ᠪᠣᠯᠭᠠᠪᠠ᠃      91. ᠰᠦᠯᠵᠢᠶᠡᠨ ᠤ ᠠᠮᠤᠷ ᠲᠦᠪᠰᠢᠨ ᠤ ᠵᠡᠷᠭᠡ ᠳᠡᠰ ᠤᠨ ᠬᠠᠮᠠᠭᠠᠯᠠᠯᠲᠠ ᠶᠢᠨ ᠳᠠᠩᠰᠠᠯᠠᠭᠤᠯᠤᠭᠰᠠᠨ ᠮᠠᠲ᠋ᠧᠷᠢᠶᠠᠯ ᠢ ᠰᠢᠦᠳᠠᠨ ᠢᠶᠠᠷ ᠲᠤᠰᠢᠶᠠᠵᠤ ᠬᠦᠷᠭᠡᠨ᠂ ᠨᠢᠭᠡ ᠤᠳᠠᠭ᠎ᠠ ᠠᠭᠤᠯᠵᠠᠵᠤ᠂ ᠨᠢᠭᠡᠯᠡ ᠤᠳᠠᠭ᠎ᠠ ᠳᠤ ᠦᠨᠡᠮᠯᠡᠯ ᠠᠪᠬᠤ ᠶᠢ ᠪᠡᠶᠡᠯᠡᠭᠦᠯᠦᠨ᠂ ᠭᠦᠢᠴᠡᠳᠬᠡᠬᠦ ᠴᠠᠭ ᠤᠨ ᠬᠢᠵᠠᠭᠠᠷ ᠢ  ᠤᠤᠯ ᠤᠨ 10 ᠠᠵᠢᠯᠯᠠᠬᠤ ᠡᠳᠦᠷ ᠪᠠᠶᠢᠭᠰᠠᠨ ᠢ ᠪᠣᠭᠤᠨᠢᠰᠬᠠᠭᠠᠳ 5 ᠠᠵᠢᠯᠯᠠᠬᠤ ᠡᠳᠦᠷ ᠪᠣᠯᠭᠠᠪᠠ᠃      92. ︽ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠠᠵᠢᠯ ᠤᠨ ᠬᠡᠯᠪᠡᠷᠢ ᠶᠢ ᠲᠦᠯᠬᠢᠨ ᠠᠬᠢᠭᠤᠯᠵᠤ ᠂ ᠨᠢᠭᠡ ᠴᠤᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠢ ᠪᠠᠶᠢᠭᠤᠯᠤᠨ᠂ ᠠᠮᠤᠷ ᠲᠦᠪᠰᠢᠨ ᠢ ᠬᠠᠮᠠᠭᠠᠯᠠᠬᠤ᠂ ᠬᠢᠯᠢ ᠪᠠᠷ ᠭᠠᠷᠬᠤ ᠣᠷᠣᠬᠤ ᠶᠢ ᠬᠠᠮᠢᠶᠠᠷᠬᠤ᠂ ᠬᠢᠯᠢ ᠶᠢᠨ ᠬᠠᠮᠠᠭᠠᠯᠠᠯᠳᠠ᠂ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ᠂ ᠵᠠᠮ ᠬᠠᠷᠢᠯᠴᠠᠭᠠᠨ ᠤ ᠬᠠᠮᠢᠶᠠᠷᠤᠯᠲᠠ ᠂ ᠰᠢᠨᠵᠢᠯᠡᠭᠡ ᠮᠡᠷᠭᠡᠵᠢᠯ ᠰᠤᠷᠠᠭ ᠵᠠᠩᠭᠢᠵᠢᠯᠲᠠ ᠵᠡᠷᠭᠡ ᠰᠠᠯᠠᠭ᠎ᠠ ᠮᠥᠴᠢᠷ᠂ ᠴᠠᠭᠳᠠᠭᠠᠨ ᠤ ᠲᠦᠷᠤᠯ ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠰᠦᠯᠵᠢᠶᠡᠨ ᠳᠤ ᠭᠠᠷᠭᠠᠵᠤ ᠪᠣᠯᠬᠤ ᠶᠢ ᠪᠦᠬᠦᠨ ᠢ ᠰᠦᠯᠵᠢᠶᠡᠨ ᠳᠤ ᠭᠠᠷᠭᠠᠵᠤ᠂ ᠪᠥᠬᠦ ᠶᠠᠪᠤᠴᠠ ᠶᠢ ᠰᠦᠯᠵᠢᠶᠡᠨ ᠳᠤ ᠪᠠᠶᠢᠯᠭᠠᠬᠤ︾ ᠶᠢ ᠪᠡᠶᠡᠯᠡᠭᠦᠯᠵᠤ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠵᠥᠪᠰᠢᠶᠡᠷᠡᠯ ᠪᠠ ᠮᠡᠳᠡᠭᠦᠯᠦᠨ ᠳᠠᠩᠰᠠᠯᠠᠭᠤᠯᠬᠤ ᠶᠢ ᠰᠦᠯᠵᠢᠶᠡᠨ ᠳᠡᠭᠡᠷ᠎ᠡ ᠭᠦᠢᠴᠡᠳᠬᠡᠵᠤ᠂ ᠭᠤᠶᠤᠴᠢᠯᠠᠨ ᠮᠡᠳᠡᠭᠦᠯᠬᠦ᠂ ᠵᠥᠪᠯᠡᠯᠭᠡ ᠠᠪᠬᠤ᠂ ᠬᠦᠯᠢᠶᠡᠨ ᠠᠪᠴᠤ ᠰᠢᠢᠳᠪᠦᠷᠢᠯᠡᠬᠦ᠂ ᠢᠯᠠ ᠪᠣᠯᠭᠠᠬᠤ᠂ ᠯᠠᠪᠯᠠᠨ ᠪᠠᠶᠢᠴᠠᠭᠠᠬᠤ᠂ ᠭᠦᠢᠴᠡᠳᠬᠡᠬᠦ ᠵᠡᠷᠭᠡ ᠶᠢ ᠨᠢᠭᠡ ᠯᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ ᠶᠢ ᠪᠡᠶᠡᠯᠡᠭᠦᠯᠦᠨ᠎ᠡ᠃
ᠢᠷᠡᠯᠲᠡ᠄ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠠᠯᠪᠠᠨ ᠬᠡᠷ