ᠮᠠᠨ ᠤ ᠤᠷᠤᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠬᠠᠮᠵᠢᠯᠴᠠᠭᠠᠨ ᠤ ᠲᠤᠭᠳᠠᠴᠠ ᠶᠢ ᠪᠠᠶᠢᠭᠤᠯᠪᠠ
ᠨᠡᠶᠢᠲᠡᠯᠡᠭᠰᠡᠨ ᠴᠠᠭ᠄
2019/1/23
                ᠮᠠᠨ ᠤ ᠤᠷᠤᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ                 ᠲᠤᠰᠬᠠᠢ ᠲᠡᠮᠡᠴᠡᠯ ᠤᠨ ᠬᠠᠮᠵᠢᠯᠴᠠᠭᠠᠨ ᠤ ᠲᠤᠭᠳᠠᠴᠠ ᠶᠢ ᠪᠠᠶᠢᠭᠤᠯᠪᠠ            ᠤᠶᠢᠷ᠎ᠠ ᠳᠤ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ ᠰᠢᠭᠦᠭᠦ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠲᠤᠳᠤᠭᠠᠳᠤ ᠶᠢ ᠬᠠᠮᠠᠭᠠᠯᠠᠬᠤ ᠲᠢᠩᠬᠢᠮ ᠬᠠᠮᠳᠣᠷᠠᠨ ︽ᠬᠠᠷ᠎ᠠ  ᠪᠦᠯᠦᠭᠳᠡᠨ  ᠬᠠᠷᠬᠢᠰ  ᠬᠦᠴᠦᠨ  ᠢ  ᠠᠷᠢᠯᠭᠠᠬᠤ ᠲᠤᠰᠬᠠᠢ ᠲᠡᠮᠡᠴᠡᠯ ᠤᠨ ᠬᠠᠮᠵᠢᠯᠴᠠᠭᠠᠨ ᠤ ᠲᠤᠭᠳᠠᠴᠠ ᠶᠢ ᠪᠠᠶᠢᠭᠤᠯᠬᠤ ᠲᠤᠬᠠᠢ ᠰᠠᠨᠠᠯ︾ ᠢ ᠲᠠᠷᠤᠮᠠᠯᠯᠠᠨ ᠲᠠᠷᠬᠠᠭᠠᠵᠠᠢ᠃ ︽ᠰᠠᠨᠠᠯ︾ ᠨᠢ ᠪᠤᠳᠠᠳᠠᠢ ᠪᠠᠶᠢᠳᠠᠯ ᠳᠤ ᠰᠠᠭᠤᠷᠢᠯᠠᠨ᠂ ᠤᠷᠢᠳᠴᠢᠯᠠᠨ ᠤᠷᠤᠯᠴᠠᠬᠤ᠂ ᠬᠠᠮᠳᠣᠷᠠᠭᠰᠠᠨ ᠬᠤᠷᠠᠯ ᠬᠢᠬᠦ ᠵᠡᠷᠭᠡ ᠲᠠᠯ᠎ᠠ ᠠᠴᠠ ᠵᠤᠯᠭᠠᠭᠤᠯᠬᠤ ᠲᠤᠭᠳᠠᠴᠠ ᠶᠢ ᠴᠢᠨᠠᠭᠰᠢᠳᠠ ᠲᠤᠳᠤᠷᠬᠠᠶᠢᠯᠠᠨ᠂ ᠦᠵᠡᠯ ᠰᠠᠨᠠᠭ᠎ᠠ ᠪᠠᠨ ᠨᠢᠭᠡᠳᠭᠡᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠤ ᠶᠠᠯᠠᠳᠣ ᠬᠡᠷᠡᠭ ᠢ ᠰᠢᠢᠳᠪᠦᠷᠢᠯᠡᠬᠦ ᠴᠢᠨᠠᠷ ᠴᠢᠨᠰᠠᠭ᠎ᠠ ᠦᠷ᠎ᠡ ᠪᠦᠳᠦᠮᠵᠢ ᠶᠢ ᠴᠢᠨᠠᠭᠰᠢᠳᠠ ᠲᠡᠭᠡᠭᠰᠢᠯᠡᠭᠦᠯᠬᠦ ᠪᠤᠯᠤᠨ᠎ᠠ᠃      ︽ᠰᠠᠨᠠᠯ︾ ᠳᠠᠬᠢ ᠲᠤᠭᠳᠠᠭᠠᠯ ᠢ ᠦᠨᠳᠦᠰᠦᠯᠡᠪᠡᠯ᠂ ᠲᠤᠳᠣᠭᠠᠳᠣ ᠶᠢ ᠬᠠᠮᠠᠭᠠᠯᠠᠬᠤ ᠪᠠᠶᠢᠴᠠᠭᠠᠬᠤ ᠰᠢᠭᠦᠨ ᠲᠠᠰᠣᠯᠬᠤ ᠭᠤᠷᠪᠠᠨ ᠪᠠᠶᠢᠭᠤᠯᠭ᠎ᠠ ᠲᠤᠭᠳᠠᠭᠰᠠᠨ ᠬᠤᠭᠤᠴᠠᠭ᠎ᠠ ᠲᠠᠢ ᠪᠠᠷ ᠬᠠᠮᠳᠣᠷᠠᠭᠰᠠᠨ ᠬᠤᠷᠠᠯ ᠬᠢᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠠᠬᠢᠴᠠ ᠶᠢᠨ ᠪᠠᠶᠢᠳᠠᠯ ᠢ ᠵᠠᠷᠯᠠᠨ ᠨᠡᠶᠢᠳᠡᠯᠡᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠤ ᠶᠠᠯᠠᠳᠣ ᠬᠡᠷᠡᠭ ᠤᠨ ᠬᠠᠤᠯᠢ ᠴᠠᠭᠠᠵᠠ ᠶᠢᠨ ᠬᠡᠷᠡᠭᠯᠡᠯᠳᠡ᠂ ᠲᠦᠷᠦ ᠶᠢᠨ ᠪᠤᠳᠤᠯᠭ᠎ᠠ ᠶᠢᠨ ᠡᠵᠡᠮᠳᠡᠯ ᠵᠡᠷᠭᠡ ᠲᠠᠯ᠎ᠠ ᠪᠠᠷ ᠤᠷᠤᠰᠢᠵᠤ ᠪᠠᠶᠢᠭ᠎ᠠ ᠠᠰᠠᠭᠤᠳᠠᠯ ᠢ ᠬᠠᠮᠳᠣ ᠪᠠᠷ ᠰᠣᠳᠣᠯᠣᠨ ᠰᠢᠢᠳᠪᠦᠷᠢᠯᠡᠨ᠎ᠡ᠃ ᠬᠠᠮᠵᠢᠯᠴᠠᠨ ᠱᠠᠭᠠᠷᠳᠠᠨ ᠰᠢᠢᠳᠪᠦᠷᠢᠯᠡᠭᠦᠯᠬᠦ ᠪᠤᠯᠤᠨ ᠲᠠᠷᠣᠢ ᠲᠦᠷᠭᠡᠨ ᠰᠢᠢᠳᠪᠦᠷᠢᠯᠡᠬᠦ ᠲᠦᠷᠢᠮ ᠢ ᠪᠠᠶᠢᠭᠤᠯᠤᠨ᠎ᠠ᠃ ᠴᠢᠬᠤᠯᠠ ᠶᠡᠭᠡ᠂ ᠬᠦᠴᠢᠷ ᠲᠦᠪᠡᠭᠳᠡᠢ᠂ ᠪᠤᠳᠤᠯᠢᠶᠠᠨᠳᠠᠢ ᠬᠠᠷ᠎ᠠ ᠪᠦᠯᠦᠭᠳᠡᠨ ᠬᠠᠷᠬᠢᠰ ᠬᠦᠴᠦᠨ ᠤ ᠶᠠᠯᠠᠳᠣ ᠬᠡᠷᠡᠭ ᠢ ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠪᠤᠯᠤᠨ ᠲᠤᠳᠤᠭᠠᠳᠤ ᠶᠢ ᠬᠠᠮᠠᠭᠠᠯᠠᠬᠤ ᠲᠢᠩᠬᠢᠮ ᠬᠠᠮᠳᠣ ᠪᠠᠷ ᠰᠣᠳᠣᠯᠣᠨ ᠬᠠᠮᠵᠢᠯᠴᠠᠨ ᠫᠠᠶᠢᠰᠠ ᠡᠯᠭᠦᠨ ᠱᠠᠭᠠᠷᠳᠠᠨ ᠰᠢᠢᠳᠪᠦᠷᠢᠯᠡᠭᠦᠯᠦᠨ᠎ᠡ᠃ ︽ᠰᠠᠨᠠᠯ︾ ᠳᠤ᠂ ᠬᠡᠷᠡᠭ ᠰᠢᠢᠳᠪᠦᠷᠢᠯᠡᠬᠦ ᠴᠢᠨᠠᠷ ᠴᠢᠨᠰᠠᠭ᠎ᠠ ᠶᠢ ᠪᠠᠳᠣᠯᠠᠭᠰᠠᠨ ᠤᠷᠢᠳᠠᠯ ᠲᠤᠤᠷ᠎ᠠ ᠵᠠᠷᠭᠤ ᠶᠢᠨ ᠪᠦᠳᠦᠮᠵᠢ ᠶᠢ ᠲᠡᠭᠡᠭᠰᠢᠯᠡᠭᠦᠯᠦᠨ᠂ ᠬᠡᠷᠡᠭ ᠢ ᠦᠳᠳᠡᠷ ᠲᠦᠷᠭᠡᠨ ᠰᠢᠢᠳᠪᠦᠷᠢᠯᠡᠬᠦ ᠬᠡᠷᠡᠭᠳᠡᠢ᠃ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠠᠵᠢᠯᠯᠠᠭ᠎ᠠ ᠲᠤᠮᠳᠠ ᠲᠤᠬᠢᠶᠠᠯᠳᠣᠭᠰᠠᠨ ᠰᠢᠨ᠎ᠡ ᠪᠠᠶᠢᠳᠠᠯ᠂ ᠰᠢᠨ᠎ᠠ ᠠᠰᠠᠭᠤᠳᠠᠯ ᠢ ᠰᠢᠭᠦᠭᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠰᠠᠭᠤᠳᠠᠯ ᠤᠨ ᠵᠠᠩᠭᠢᠯᠠᠭ᠎ᠠ ᠶᠢ ᠤᠨᠤᠪᠴᠢᠳᠠᠢ ᠡᠷᠢᠵᠤ᠂ ᠵᠢᠯᠤᠭᠤᠳᠬᠤ ᠴᠢᠨᠠᠷᠳᠠᠢ ᠠᠵᠢᠯ ᠤᠨ ᠰᠠᠨᠠᠭᠤᠯᠭ᠎ᠠ ᠲᠤᠷᠠᠳᠬᠤ ᠬᠡᠷᠡᠭᠳᠡᠢ ᠭᠡᠵᠦ ᠱᠠᠭᠠᠷᠳᠠᠵᠠᠢ᠃ ᠲᠠᠨᠢᠯᠴᠠᠭᠤᠯᠤᠭᠰᠠᠨ ᠢ ᠦᠨᠳᠦᠰᠦᠯᠡᠪᠡᠯ᠂ ︽ᠰᠠᠨᠠᠯ︾ ᠨᠢ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ᠂ ᠪᠠᠶᠢᠴᠠᠭᠠᠬᠤ ᠬᠤᠷᠢᠶ᠎ᠠ᠂ ᠰᠢᠭᠦᠭᠦ ᠬᠤᠷᠢᠶ᠎ᠠ ᠶᠢᠨ ᠬᠤᠭᠤᠷᠤᠨᠳᠤᠬᠢ ᠬᠠᠮᠵᠢᠯᠴᠠᠭ᠎ᠠ ᠪᠤᠯᠤᠨ ᠬᠢᠨᠠᠯᠳᠠ ᠶᠢ ᠴᠢᠨᠠᠭᠰᠢᠳᠠ ᠴᠢᠩᠭᠠᠳᠬᠠᠨ᠂ ᠬᠠᠷ᠎ᠠ ᠪᠦᠯᠦᠭᠳᠡᠨ ᠬᠠᠷᠬᠢᠰ ᠬᠦᠴᠦᠨ ᠤ ᠶᠠᠯᠠᠳᠣ ᠬᠡᠷᠡᠭ ᠢ ᠰᠢᠢᠳᠪᠦᠷᠢᠯᠡᠬᠦ ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ ᠳᠤ ᠢᠳᠡᠪᠬᠢᠳᠡᠢ ᠠᠴᠢ ᠬᠤᠯᠪᠤᠭᠳᠠᠯ ᠲᠠᠢ᠃ ︵ᠦᠪᠦᠷ ᠮᠤᠩᠭᠤᠯ ᠤᠨ ᠡᠳᠦᠷ ᠤᠨ ᠰᠣᠨᠢᠨ ᠠᠴᠠ ᠱᠦᠭᠦᠪᠡ︶
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ