ᠰᠢᠭᠤᠳ ᠬᠦᠯᠢᠶᠡᠨ ᠰᠢᠢᠳᠪᠦᠷᠢᠯᠡᠬᠦ ᠶᠢ ᠵᠦᠪᠰᠢᠶᠡᠷᠡᠭᠦᠯᠬᠦ ᠪᠠᠷ ᠳᠡᠪᠰᠢᠭᠦᠯᠦᠭᠰᠡᠨ ᠪᠢᠴᠢᠭ ᠤᠨ ᠬᠡᠯᠪᠡᠷᠢ
ᠨᠡᠶᠢᠲᠡᠯᠡᠭᠰᠡᠨ ᠴᠠᠭ᠄
2019/11/12
     ᠠᠩᠬᠠᠷᠬᠤ ᠵᠦᠢᠯ ᠤᠳ᠄      ᠨᠢᠭᠡ᠂ ᠲᠣᠰ ᠪᠢᠴᠢᠭ ᠬᠠᠷ᠎ᠠ ᠶᠢ ︽ᠡᠷᠡᠭᠦᠦ ᠶᠢᠨ ᠵᠠᠷᠭᠤ ᠶᠢᠨ ᠬᠠᠤᠯᠢ︾ ᠶᠢᠨ ᠠᠷᠪᠠᠨ ᠨᠠᠢᠮᠠᠳᠣᠭᠠᠷ ᠵᠦᠢᠯ ᠤᠨ ᠬᠤᠶᠠᠳᠤᠭᠠᠷ ᠵᠤᠷᠪᠤᠰ ᠪᠠ ︽ᠠᠷᠠᠳ ᠤᠨ ᠪᠠᠶᠢᠴᠠᠭᠠᠬᠤ ᠬᠤᠷᠢᠶᠠᠨ ᠤ ᠡᠷᠡᠭᠦᠦ ᠶᠢᠨ ᠵᠠᠷᠭᠤ ᠶᠢᠨ ᠳᠦᠷᠢᠮᠯᠡᠯ︾ ᠤᠨ ᠠᠷᠪᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ ᠵᠣᠬᠢᠶᠠᠨ᠎ᠠ᠃ ᠮᠤᠵᠢ ᠶᠢᠨ ᠱᠠᠲᠤᠨ ᠠᠴᠠ ᠳᠣᠭᠤᠭᠰᠢᠬᠢ ᠠᠷᠠᠳ ᠤᠨ ᠪᠠᠶᠢᠴᠠᠭᠠᠬᠤ ᠬᠤᠷᠢᠶ᠎ᠠ ᠨᠢ ᠲᠥᠷᠦ ᠶᠢᠨ ᠪᠠᠶᠢᠭᠤᠯᠭ᠎ᠠ ᠶᠢᠨ ᠠᠵᠢᠯᠲᠠᠨ ᠤ ᠲᠣᠰᠢᠶᠠᠯ ᠤᠨ ᠡᠷᠬᠡ ᠪᠠᠨ ᠠᠰᠢᠭᠯᠠᠭᠰᠠᠨ ᠪᠤᠰᠤᠳ ᠬᠦᠨᠳᠦ ᠶᠡᠭᠡ ᠶᠠᠯᠠᠲᠤ ᠬᠡᠷᠡᠭ ᠢ ᠰᠢᠭᠤᠳ ᠬᠦᠯᠢᠶᠡᠨ ᠠᠪᠴᠤ ᠰᠢᠢᠳᠪᠦᠷᠢᠯᠡᠬᠦ ᠴᠢᠬᠤᠯᠠᠲᠠᠶ ᠭᠡᠵᠦ ᠦᠵᠡᠨ᠂ ᠪᠠᠶᠢᠴᠠᠭᠠᠬᠤ ᠺᠣᠮᠢᠰ ᠢᠶᠠᠷ ᠶᠠᠷᠢᠯᠴᠠᠭᠤᠯᠤᠨ ᠲᠣᠭᠲᠠᠭᠠᠯᠭᠠᠭᠠᠳ᠂ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠪᠠᠶᠢᠴᠠᠭᠠᠬᠤ ᠬᠤᠷᠢᠶ᠎ᠠ ᠳᠤ ᠳᠡᠪᠰᠢᠭᠦᠯᠵᠦ ᠵᠥᠪᠰᠢᠶᠡᠷᠡᠭᠦᠯᠬᠦ ᠦᠶ᠎ᠡ ᠳᠤ ᠬᠡᠷᠡᠭᠯᠡᠨ᠎ᠡ᠃      ᠬᠤᠶᠠᠷ᠂ ᠲᠤᠰ ᠪᠢᠴᠢᠭ ᠬᠠᠷ᠎ᠠ ᠶᠢ ᠮᠡᠳᠡᠭᠦᠯᠦᠨ ᠬᠦᠷᠭᠡᠬᠦ ᠪᠠᠶᠢᠭᠤᠯᠭ᠎ᠠ ᠨᠢ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠪᠠᠶᠢᠴᠠᠭᠠᠬᠤ ᠬᠤᠷᠢᠶ᠎ᠠ ᠪᠣᠯᠤᠨ᠎ᠠ᠂ ᠦᠨᠳᠦᠰᠦᠨ ᠱᠠᠲᠤᠨ ᠤ ᠠᠷᠠᠳ ᠤᠨ ᠪᠠᠶᠢᠴᠠᠭᠠᠬᠤ ᠬᠤᠷᠢᠶ᠎ᠠ ᠵᠥᠪᠰᠢᠶᠡᠷᠡᠭᠦᠯᠬᠦ ᠪᠠᠷ ᠳᠡᠪᠰᠢᠭᠦᠯᠦᠭᠰᠡᠨ ᠪᠠᠶᠢᠪᠠᠯ᠂ ᠪᠠᠶᠢᠭ᠎ᠠ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠪᠠᠶᠢᠴᠠᠭᠠᠬᠤ ᠬᠤᠷᠢᠶ᠎ᠠ ᠳᠤ ᠱᠠᠲᠤ ᠳᠠᠷᠠᠭᠠᠯᠠᠨ ᠮᠡᠳᠡᠭᠦᠯᠵᠦ ᠲᠣᠭᠲᠠᠭᠠᠯᠭᠠᠬᠤ ᠬᠡᠷᠡᠭᠲᠡᠶ᠃ ᠪᠢᠴᠢᠭ ᠬᠠᠷ᠎ᠠ ᠶᠢᠨ ᠲᠠᠷᠠᠭ᠎ᠠ ᠬᠡᠷᠡᠭ ᠤᠨ ᠪᠠᠶᠢᠳᠠᠯ  ᠤᠨ ᠮᠡᠳᠡᠭᠦᠯᠦᠯᠲᠡ ᠵᠢᠴᠢ ᠪᠤᠰᠤᠳ ᠬᠤᠯᠪᠣᠭᠳᠠᠯ ᠪᠦᠬᠦᠢ ᠮᠠᠲ᠋ᠧᠷᠢᠶᠠᠯ᠂ ᠬᠡᠷᠡᠭ ᠤᠨ ᠪᠠᠶᠢᠳᠠᠯ ᠤᠨ ᠮᠡᠳᠡᠭᠦᠯᠦᠯᠲᠡ ᠶᠢᠨ ᠭᠤᠤᠯ ᠠᠭᠤᠯᠭ᠎ᠠ ᠳᠤ ᠬᠡᠷᠡᠭ ᠤᠨ ᠢᠷᠡᠯᠲᠡ᠂ ᠶᠠᠯ᠎ᠠ ᠬᠢᠭᠰᠡᠨ ᠰᠡᠵᠢᠭᠯᠡᠯᠲᠡᠶ ᠬᠥᠮᠦᠨ ᠤ ᠦᠨᠳᠦᠰᠦᠨ ᠪᠠᠶᠢᠳᠠᠯ᠂ ᠬᠢᠨᠠᠨ ᠪᠠᠶᠢᠴᠠᠭᠠᠵᠤ ᠮᠠᠭᠠᠳᠯᠠᠨ ᠲᠣᠭᠲᠠᠭᠠᠭᠰᠠᠨ ᠭᠤᠤᠯ ᠶᠠᠯ᠎ᠠ ᠶᠢᠨ ᠪᠣᠳᠠᠲᠤ ᠶᠠᠪᠤᠳᠠᠯ ᠵᠢᠴᠢ ᠭᠡᠷᠡᠴᠢ ᠪᠠᠷᠢᠮᠲᠠ᠂ ᠰᠢᠭᠤᠳ ᠬᠦᠯᠢᠶᠡᠨ ᠠᠪᠴᠤ ᠰᠢᠢᠳᠪᠦᠷᠢᠯᠡᠬᠦ ᠶᠢ ᠵᠥᠪᠰᠢᠶᠡᠷᠡᠭᠦᠯᠬᠦ ᠪᠠᠷ ᠳᠡᠪᠰᠢᠭᠦᠯᠬᠦ ᠤᠴᠢᠷ ᠰᠢᠯᠲᠠᠭᠠᠨ ᠪᠠ ᠬᠠᠤᠯᠢ ᠴᠠᠭᠠᠵᠠ ᠶᠢᠨ ᠦᠨᠳᠦᠰᠦ ᠪᠠᠷᠢᠮᠲᠠ ᠵᠡᠷᠭᠡ ᠪᠠᠭᠲᠠᠨ᠎ᠠ᠃      ᠭᠤᠷᠪᠠ᠂ ᠲᠤᠰ ᠪᠢᠴᠢᠭ ᠬᠠᠷ᠎ᠠ ᠶᠢ ᠬᠡᠷᠡᠭ ᠢᠶᠠᠷ ᠨᠢᠭᠡᠴᠢ ᠪᠣᠯᠭᠠᠨ ᠵᠣᠬᠢᠶᠠᠨ᠎ᠠ᠃      ᠳᠦᠷᠪᠡ᠂ ᠲᠤᠰ ᠪᠢᠴᠢᠭ ᠬᠠᠷ᠎ᠠ ᠨᠡᠶᠢᠲᠡ ᠭᠤᠷᠪᠠᠨ ᠬᠤᠯᠪᠣᠭᠠᠰᠤ ᠪᠠᠶᠢᠵᠤ᠂ ᠨᠢᠭᠡᠳᠦᠭᠡᠷ ᠬᠤᠯᠪᠣᠭᠠᠰᠤ ᠶᠢ ᠨᠢᠭᠡᠳᠦᠯᠲᠡᠶ ᠬᠠᠳᠠᠭᠠᠯᠠᠵᠤ ᠪᠠᠶᠢᠴᠠᠭᠠᠬᠤ ᠳᠤ ᠪᠡᠯᠡᠳᠬᠡᠵᠦ᠂ ᠬᠤᠶᠠᠳᠤᠭᠠᠷ ᠬᠤᠯᠪᠣᠭᠠᠰᠤ ᠶᠢ ᠡᠪᠬᠡᠮᠡᠯ ᠳᠤ ᠳᠠᠭᠠᠯᠳᠤᠭᠤᠯᠵᠤ᠂ ᠭᠤᠷᠪᠠᠳᠤᠭᠠᠷ ᠬᠤᠯᠪᠣᠭᠠᠰᠤ ᠶᠢ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠪᠠᠶᠢᠴᠠᠭᠠᠬᠤ ᠬᠤᠷᠢᠶ᠎ᠠ ᠳᠤ ᠱᠠᠲᠤ ᠳᠠᠷᠠᠭᠠᠯᠠᠨ ᠮᠡᠳᠡᠭᠦᠯᠦᠨ᠎ᠡ᠃       ᠲ᠊‍ᠤᠰ ᠪᠢᠴᠢᠭ ᠬᠠᠷ᠎ᠠ ᠶᠢ ᠲᠠᠷᠤᠮᠠᠯᠯᠠᠵᠤ ᠬᠡᠷᠡᠭᠯᠡᠬᠦ ᠭᠡᠪᠡᠯ᠂ ᠠᠷᠣ ᠳᠠᠬᠢ ᠪᠠᠭᠤᠯᠭᠠᠬᠤ ᠬᠡᠯᠬᠢᠶᠡᠰᠦ ᠶᠢ ᠳᠠᠷᠣᠭᠠᠷᠠᠢ︕      ᠪᠠᠭᠤᠯᠭᠠᠨ ᠳᠠᠷᠤᠮᠠᠯᠯᠠᠬᠤ ᠬᠡᠯᠬᠢᠶᠡᠰᠦ
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ