ᠦᠯᠦ ᠬᠡᠷᠡᠭ ᠪᠣᠯᠭᠠᠬᠤ ᠮᠡᠳᠡᠭᠳᠡᠯ ᠤᠨ ᠪᠢᠴᠢᠭ ᠢ ᠪᠢᠴᠢᠬᠦ ᠳᠤ ᠠᠩᠬᠠᠷᠬᠤ ᠵᠦᠢᠯ᠄ | | ᠡᠷᠡᠭᠦᠤ ᠶᠢᠨ ᠵᠠᠷᠭᠤ ᠶᠢᠨ ᠬᠠᠤᠯᠢ ᠶᠢᠨ 68 ᠳ᠋ᠤᠭᠠᠷ ᠵᠦᠢᠯ ᠳᠤ ᠵᠥᠪᠬᠡᠨ ᠬᠡᠷᠡᠭ ᠪᠣᠯᠭᠠᠨ ᠳᠠᠩᠰᠠᠯᠠᠬᠤ ᠳᠤ ᠵᠣᠷᠢᠭᠤᠯᠣᠨ ᠲᠣᠰᠬᠠᠢ ᠨᠢᠭᠡᠨ ᠵᠠᠷᠴᠢᠮ ᠤᠨ | ᠴᠢᠨᠠᠷᠲᠠᠶ ᠨᠥᠬᠦᠴᠡᠯ ᠢ ᠲᠣᠭᠲᠠᠭᠠᠪᠠ᠂ ᠭᠡᠪᠡᠴᠦ ᠬᠠᠤᠯᠢ ᠴᠠᠭᠠᠵᠠ ᠶᠢᠨ ᠦᠢᠯᠡᠳᠦᠯᠭᠡ ᠶᠢᠨ ᠳᠤᠮᠳᠠ᠂ ᠲᠦᠮᠡ ᠮᠢᠩᠭᠠᠨ ᠬᠤᠪᠢᠷᠠᠯᠲᠠ ᠲᠠᠢ ᠪᠣᠳᠠᠲᠠᠶ ᠣᠨᠴᠠ ᠵᠠᠷᠢᠮ | ᠬᠡᠷᠡᠭ ᠤᠨ ᠡᠮᠦᠨ᠎ᠡ᠂ ᠬᠡᠷᠬᠢᠨ ᠣᠨᠣᠪᠴᠢᠲᠠᠶ ᠴᠠᠭ ᠲᠤᠬᠠᠶ ᠳᠤᠨᠢ ᠬᠡᠷᠡᠭ ᠪᠣᠯᠭᠠᠨ ᠳᠠᠩᠰᠠᠯᠠᠬᠤ ᠪᠤᠢ︖ ᠲᠤᠷᠰᠢᠨ ᠪᠠᠶᠢᠴᠠᠭᠠᠬᠤ ᠰᠠᠯᠠᠭ᠎ᠠ ᠮᠥᠴᠢᠷ ᠶᠡᠷᠦ ᠨᠢ | ᠪᠣᠳᠠᠲᠠᠶ ᠶᠠᠯ᠎ᠠ ᠶᠢᠨ ᠨᠡᠷ᠎ᠡ ᠳᠤ ᠴᠢᠭᠯᠡᠭᠦᠯᠦᠨ᠂ ᠬᠡᠷᠡᠭ ᠪᠣᠯᠭᠠᠨ ᠳᠠᠩᠰᠠᠯᠠᠬᠤ ᠪᠠᠷᠢᠮᠵᠢᠶ᠎ᠠ ᠶᠢ ᠲᠣᠭᠲᠠᠭᠠᠵᠤ᠂ ᠬᠡᠷᠡᠭ ᠪᠣᠯᠭᠠᠨ ᠳᠠᠩᠰᠠᠯᠠᠬᠤ ᠨᠥᠬᠦᠴᠡᠯ ᠢ | ᠨᠠᠷᠢᠯᠢᠭᠵᠢᠭᠤᠯᠤᠨ ᠬᠡᠮᠵᠢᠶᠡᠵᠢᠭᠦᠯᠵᠦ ᠪᠠᠶᠢᠳᠠᠭ᠂ ᠵᠢᠱᠢᠶᠡᠯᠡᠪᠡᠯ ︽ᠬᠤᠤᠷᠲᠤ ᠡᠳ᠋ ᠤᠨ ᠬᠡᠷᠡᠭ ᠢ ᠬᠡᠷᠡᠭ ᠪᠣᠯᠭᠠᠨ ᠳᠠᠩᠰᠠᠯᠠᠬᠤ ᠪᠠᠷᠢᠮᠵᠢᠶ᠎ᠠ ᠶᠢᠨ ᠲᠤᠬᠠᠶ | ᠳᠣᠲᠣᠭᠠᠳᠤ ᠶᠢ ᠬᠠᠮᠠᠭᠠᠯᠠᠬᠤ ᠶᠠᠮᠤᠨ ᠤ ᠮᠡᠳᠡᠭᠳᠡᠯ︾᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ︽ᠠᠷᠠᠳ ᠤᠨ ᠪᠠᠶᠢᠴᠠᠭᠠᠬᠤ ᠬᠤᠷᠢᠶᠠᠨ ᠤ ᠰᠢᠭᠤᠳ | ᠬᠦᠯᠢᠶᠡᠨ ᠠᠪᠴᠤ ᠬᠡᠷᠡᠭ ᠪᠣᠯᠭᠠᠨ ᠳᠠᠩᠰᠠᠯᠠᠵᠤ ᠲᠤᠷᠰᠢᠨ ᠪᠠᠶᠢᠴᠠᠭᠠᠬᠤ ᠬᠡᠷᠡᠭ ᠤᠨ ᠬᠡᠷᠡᠭ ᠪᠣᠯᠭᠠᠨ ᠳᠠᠩᠰᠠᠯᠠᠬᠤ ᠪᠠᠷᠢᠮᠵᠢᠶ᠎ᠠ ᠶᠢᠨ ᠲᠤᠬᠠᠶ ᠲᠣᠭᠲᠠᠭᠠᠯ ︵ᠲᠤᠷᠰᠢᠨ | ᠬᠡᠷᠡᠭᠵᠢᠭᠦᠯᠬᠦ︶︾᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ︽ᠬᠡᠭᠡᠯᠢ ᠲᠦᠯᠬᠢᠭᠰᠡᠨ ᠶᠠᠯ᠎ᠠ ᠶᠢᠨ ᠬᠡᠷᠡᠭ ᠪᠣᠯᠭᠠᠨ ᠳᠠᠩᠰᠠᠯᠠᠬᠤ ᠪᠠᠷᠢᠮᠵᠢᠶ᠎ᠠ ᠶᠢᠨ | ᠲᠤᠬᠠᠶ︾ ᠭᠡᠬᠦ ᠮᠡᠳᠦ᠃ ᠬᠡᠷᠡᠭ ᠪᠣᠯᠭᠠᠨ ᠳᠠᠩᠰᠠᠯᠠᠬᠤ ᠪᠠᠷᠢᠮᠵᠢᠶ᠎ᠠ ᠨᠢ ᠬᠡᠷᠡᠭ ᠪᠣᠯᠭᠠᠨ ᠳᠠᠩᠰᠠᠯᠠᠬᠤ ᠠᠵᠢᠯᠯᠠᠭᠠᠨ ᠤ ᠨᠠᠷᠢᠨ ᠳᠦᠷᠢᠮ ᠪᠣᠯᠤᠭᠰᠠᠨ ᠤ ᠬᠤᠪᠢ ᠳᠤ᠂ | ᠬᠡᠷᠡᠭ ᠪᠣᠯᠭᠠᠨ ᠳᠠᠩᠰᠠᠯᠠᠬᠤ ᠠᠵᠢᠯ ᠤᠨ ᠡᠷᠴᠢᠮ ᠢ ᠳᠡᠭᠡᠭᠰᠢᠯᠡᠭᠦᠯᠵᠦ᠂ ᠬᠡᠷᠡᠭ ᠪᠣᠯᠭᠠᠨ ᠳᠠᠩᠰᠠᠯᠠᠬᠤ ᠠᠵᠢᠯ ᠳᠤ ᠳᠥᠭᠦᠮ ᠦᠵᠡᠭᠦᠯᠵᠦ᠂ ᠵᠣᠷᠢᠭᠤᠳᠠ ᠭᠠᠷᠭᠠᠭᠰᠠᠨ | ᠬᠦᠴᠦᠨ ᠵᠦᠢᠯᠡᠰ ᠢ ᠠᠷᠢᠯᠭᠠᠵᠣ︔ ᠬᠡᠷᠡᠭ ᠪᠣᠯᠭᠠᠨ ᠳᠠᠩᠰᠠᠯᠠᠬᠤ ᠪᠠᠷᠢᠮᠵᠢᠶ᠎ᠠ ᠨᠢ ᠪᠠᠰᠠ ᠶᠠᠯ᠎ᠠ ᠬᠢᠭᠰᠡᠨ ᠰᠡᠵᠢᠭᠯᠡᠯᠲᠡᠶ ᠬᠥᠮᠦᠨ ᠤ ᠡᠷᠬᠡ ᠶᠢᠨ ᠬᠠᠮᠠᠭᠠᠯᠠᠯᠲᠠ ᠶᠢ | ᠲᠣᠳᠣᠷᠬᠠᠶ ᠴᠢᠨᠠᠷ ᠪᠠ ᠬᠠᠨᠳᠤᠯᠭᠠᠲᠤ ᠴᠢᠨᠠᠷ ᠲᠠᠢ ᠪᠣᠯᠭᠠᠵᠤ᠂ ᠲᠤᠷᠰᠢᠨ ᠪᠠᠶᠢᠴᠠᠭᠠᠬᠤ ᠪᠠᠶᠢᠭᠤᠯᠭ᠎ᠠ ᠶᠢᠨ ᠡᠷᠬᠡ ᠪᠠᠨ ᠳᠤᠷ᠎ᠠ ᠪᠠᠷ ᠬᠡᠷᠡᠭᠵᠢᠭᠦᠯᠬᠦ ᠦᠢᠯᠡ | ᠠᠵᠢᠯᠯᠠᠭ᠎ᠠ ᠶᠢ ᠣᠯᠵᠤ ᠮᠡᠳᠡᠵᠦ᠂ ᠴᠠᠭ ᠲᠤᠬᠠᠶ ᠳᠤᠨᠢ ᠭᠤᠮᠣᠳᠠᠯ ᠲᠣᠭᠠᠴᠢᠬᠤ ᠳᠤ ᠳᠥᠭᠦᠮ ᠪᠣᠯᠭᠠᠭᠰᠠᠨ ᠪᠠᠶᠢᠨ᠎ᠠ᠃ | | ᠲᠣᠰ ᠪᠢᠴᠢᠭ ᠬᠠᠷ᠎ᠠ ᠶᠢ ᠳᠠᠷᠤᠮᠠᠯᠯᠠᠵᠤ ᠬᠡᠷᠡᠭᠯᠡᠬᠦ ᠭᠡᠪᠡᠯ᠂ ᠠᠷᠣ ᠳᠠᠬᠢ ᠪᠠᠭᠤᠯᠭᠠᠬᠤ ᠬᠡᠯᠬᠢᠶᠡᠰᠦ ᠶᠢ ᠳᠠᠷᠣᠭᠠᠷᠠᠢ︕ | | ᠪᠠᠭᠤᠯᠭᠠᠨ ᠳᠠᠷᠤᠮᠠᠯᠯᠠᠬᠤ ᠬᠡᠯᠬᠢᠶᠡᠰᠦ | | |