ᠬᠦᠬᠡᠬᠤᠳᠠ ᠪᠤᠭᠤᠳᠤ ᠤᠷᠳᠤᠰ ᠭᠤᠷᠪᠠᠨ ᠬᠤᠳᠠ ᠶᠢᠨ ᠬᠡᠪᠴᠢᠶᠡᠨ ᠳᠤ | ᠡᠷᠦᠭᠡ ᠠᠮᠠ ᠪᠠᠨ ᠴᠢᠯᠦᠭᠡᠲᠡᠢ ᠰᠢᠯᠵᠢᠬᠦᠯᠵᠤ ᠪᠤᠯᠤᠨ᠎ᠠ | | ᠤᠢᠢᠷ᠎ᠠ ᠳᠤ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ︽ᠦᠪᠤᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠬᠤᠳᠠ ᠪᠠᠯᠭᠠᠰᠤᠨ ᠳᠤ ᠡᠷᠦᠭᠡ ᠠᠮᠠ ᠤᠷᠤᠬᠤ | ᠬᠢᠵᠠᠭᠠᠷᠯᠠᠯ ᠢ ᠪᠦᠬᠦ ᠲᠠᠯ᠎ᠠ ᠪᠠᠷ ᠴᠢᠯᠦᠭᠡᠳᠠᠢ ᠪᠤᠯᠭᠠᠵᠤ ᠡᠷᠦᠭᠡ ᠠᠮᠠ ᠶᠢᠨ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠬᠦ ᠲᠤᠬᠠᠢ ᠬᠡᠷᠡᠭᠵᠢᠬᠦᠯᠬᠦ ᠰᠠᠨᠠᠯ︾ ︵ | ᠥᠪᠥᠷ ᠵᠠᠰᠠᠭ ᠠᠯᠪᠠᠨ ᠲᠠᠷᠬᠠᠭᠠᠭᠰᠠᠨ〔2019〕2 ᠳ᠋ᠤᠭᠠᠷ ᠨᠣᠮᠧᠷᠲᠤ︶ ᠢ ᠨᠡᠶᠢᠳᠡᠯᠡᠵᠤ᠂ ᠲᠤᠰ ︽ᠰᠠᠨᠠᠯ︾ ᠤᠨ ︽ᠬᠤᠶᠠᠷ᠂ ᠡᠷᠦᠬᠡ ᠠᠮᠠ ᠰᠢᠯᠵᠢᠭᠦᠯᠬᠦ | ᠲᠥᠷᠥ ᠶᠢᠨ ᠪᠣᠳᠣᠯᠭ᠎ᠠ ᠳᠤ ᠤᠯᠠᠮ ᠨᠢᠭᠡ ᠠᠯᠬᠤᠮ ᠲᠣᠬᠢᠷᠠᠭᠤᠯᠤᠯᠲᠠ ᠬᠢᠵᠦ᠂ ᠬᠤᠳᠠ ᠪᠠᠯᠭᠠᠰᠤᠨ ᠤ ᠡᠷᠦᠬᠡ ᠠᠮᠠ ᠣᠷᠣᠬᠤ ᠬᠢᠵᠠᠭᠠᠷᠯᠠᠯ ᠢ ᠪᠦᠬᠦ ᠲᠠᠯ᠎ᠠ ᠪᠠᠷ | ᠴᠢᠯᠥᠭᠡᠲᠡᠢ ᠪᠣᠯᠭᠠᠨ᠎ᠠ︾ ᠭᠡᠬᠦ ᠬᠡᠰᠡᠭ ᠲᠤ᠂ ᠬᠦᠬᠡᠬᠤᠳᠠ ᠪᠤᠭᠤᠳᠤ ᠤᠷᠳᠤᠰ ᠭᠤᠷᠪᠠᠨ ᠬᠤᠳᠠ ᠶᠢᠨ ᠬᠡᠪᠴᠢᠶᠡᠨ ᠳᠤ ᠡᠷᠦᠭᠡ ᠠᠮᠠ ᠶᠢ ᠴᠢᠯᠦᠭᠡᠲᠡᠢ ᠰᠢᠯᠵᠢᠭᠦᠯᠬᠦ | ᠳᠦᠷᠢᠮ ᠢ ᠬᠡᠷᠡᠭᠵᠢᠬᠦᠯᠬᠦ ᠲᠤᠬᠠᠢ ᠳᠤᠷᠠᠳᠴᠠᠢ᠂ ᠪᠣᠳᠠᠲᠠᠢ ᠠᠭᠤᠯᠭ᠎ᠠ ᠨᠢ ᠳᠣᠣᠷᠠᠬᠢ ᠮᠡᠲᠦ᠄ | ᠨᠢᠭᠡ᠂ ᠮᠠᠯᠵᠢᠬᠤ ᠲᠠᠷᠢᠶᠠᠯᠠᠬᠤ ᠤᠷᠤᠨ ᠠᠴᠠ ᠰᠢᠯᠵᠢᠭᠰᠡᠨ ᠬᠦᠮᠦᠨ ᠠᠮᠠ ᠰᠠᠭᠤᠭ᠎ᠠ ᠭᠠᠵᠠᠷ ᠪᠤᠶᠤ ᠠᠵᠢᠯᠯᠠᠵᠤ ᠪᠠᠶᠢᠭ᠎ᠠ ᠭᠠᠵᠠᠷ ᠲᠤ ᠡᠷᠦᠭᠡ ᠠᠮᠠ ᠤᠷᠤᠵᠤ | ᠪᠤᠯᠤᠨ᠎ᠠ᠃ | ᠬᠤᠳᠠ᠂ ᠪᠠᠶᠢᠭᠤᠯᠤᠮᠵᠢᠳᠤ ᠪᠠᠯᠭᠠᠰᠤᠨ ᠳᠤ ᠠᠮᠢᠳᠤᠷᠠᠨ ᠰᠠᠭᠤᠷᠢᠰᠢᠵᠤ ᠪᠠᠶᠢᠭ᠎ᠠ ᠮᠠᠯᠵᠢᠬᠤ ᠲᠠᠷᠢᠶᠠᠯᠠᠬᠤ ᠤᠷᠤᠨ ᠤ ᠡᠷᠦᠭᠡ ᠠᠮᠠ ᠲᠠᠢ ᠰᠠᠭᠤᠭᠠᠯᠢ | ᠠᠷᠠᠳ ᠬᠠᠤᠯᠢ ᠶᠤᠰᠤᠨ ᠤ ᠲᠤᠭᠳᠠᠪᠤᠷᠢᠳᠠᠢ ᠤᠷᠤᠨ ᠰᠠᠭᠤᠴᠠ ︵ᠲᠦᠷᠢᠶᠡᠰᠦᠯᠡᠭᠰᠡᠨ ᠤᠷᠤᠨ ᠰᠠᠭᠤᠴᠠ ᠪᠠᠭᠳᠠᠨ᠎ᠠ︶ ᠲᠠᠢ ᠪᠣᠯ ᠬᠤᠳᠠ ᠪᠠᠯᠭᠠᠰᠤᠨ ᠤ | ᠡᠷᠦᠭᠡ ᠠᠮᠠ ᠲᠠᠩᠰᠠᠯᠠᠭᠤᠯᠬᠤ ᠪᠠᠷ ᠭᠤᠶᠤᠴᠢᠯᠠᠵᠤ ᠪᠤᠯᠤᠨ᠎ᠠ᠂ ᠬᠠᠤᠯᠢ ᠶᠤᠰᠤᠨ ᠤ ᠲᠤᠭᠳᠠᠪᠤᠷᠢᠳᠠᠢ ᠠᠵᠢᠯ ᠲᠠᠢ ᠪᠣᠯ ᠮᠦᠨ ᠴᠤ ᠬᠤᠳᠠ ᠪᠠᠯᠭᠠᠰᠤᠨ ᠤ ᠡᠷᠦᠭᠡ | ᠠᠮᠠ ᠲᠠᠩᠰᠠᠯᠠᠭᠤᠯᠬᠤ ᠪᠠᠷ ᠭᠤᠶᠤᠴᠢᠯᠠᠵᠤ ᠪᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠡᠷᠦᠭᠡ ᠠᠮᠠ ᠲᠠᠢ ᠰᠠᠭᠤᠭᠠᠯᠢ ᠠᠷᠠᠳ ᠦᠪᠡᠷᠳᠡᠭᠡᠨ ᠵᠠᠰᠠᠬᠤ ᠤᠷᠤᠨ ᠤ | ᠲᠤᠳᠤᠷᠠᠬᠢ ᠬᠤᠳᠠ᠂ ᠪᠠᠯᠭᠠᠰᠤᠨ ᠳᠤ ᠬᠠᠤᠯᠢ ᠶᠤᠰᠤᠨ ᠤ ᠲᠤᠭᠳᠠᠪᠤᠷᠢᠳᠠᠢ ᠤᠷᠤᠨ ᠰᠠᠭᠤᠴᠠ ᠪᠤᠶᠤ ᠬᠠᠤᠯᠢ ᠶᠤᠰᠤᠨ ᠤ ᠲᠤᠭᠳᠠᠪᠤᠷᠢᠳᠠᠢ ᠠᠵᠢᠯ ᠲᠠᠢ ᠪᠠᠶᠢᠪᠠᠯ | ᠲᠤᠰ ᠬᠦᠮᠦᠨ ᠪᠤᠯᠤᠨ ᠲᠡᠬᠦᠨ ᠤ ᠬᠤᠯᠪᠤᠰᠤ᠂ ᠦᠷ᠎ᠠ ᠭᠡᠤᠭᠡᠳ᠂ ᠤᠮᠪᠤᠯᠤ ᠭᠡᠤᠭᠡᠳ ︵ᠵᠢᠭᠡ ᠤᠮᠪᠤᠯᠤ ᠬᠡᠤᠭᠡᠳ︶ ᠪᠠ ᠡᠷ᠎ᠠ ᠡᠮ᠎ᠠ ᠬᠤᠶᠠᠭᠤᠯᠠ ᠶᠢᠨ ᠠᠪᠤ | ᠡᠵᠢ ᠨᠢ ᠰᠠᠭᠤᠷᠢᠰᠢᠵᠤ ᠪᠠᠶᠢᠭ᠎ᠠ ᠭᠠᠵᠠᠷ ᠪᠤᠶᠤ ᠠᠵᠢᠯ ᠤᠯᠤᠭᠰᠠᠨ ᠭᠠᠵᠠᠷ ᠲᠤ ᠪᠠᠶᠢᠡᠭᠭᠤ ᠰᠠᠭᠤᠬᠤ ᠡᠷᠦᠭᠡ ᠠᠮᠠ ᠲᠠᠩᠰᠠᠯᠠᠭᠤᠯᠬᠤ ᠪᠠᠷ ᠭᠤᠶᠤᠴᠢᠯᠠᠵᠤ ᠪᠤᠯᠤᠨ᠎ᠠ᠂ | ᠬᠤᠳᠠ ᠪᠠᠯᠭᠠᠰᠤᠨ ᠤ ᠨᠡᠶᠢᠬᠡᠮ ᠤᠨ ᠲᠠᠭᠠᠳᠬᠠᠯ ᠳᠤ ᠤᠷᠤᠯᠴᠠᠭᠰᠠᠨ ᠡᠰᠡᠬᠦ᠂ ᠰᠠᠭᠤᠷᠢᠰᠢᠭᠰᠠᠨ ᠵᠢᠯ ᠬᠤᠭᠤᠴᠠᠭ᠎ᠠ ᠵᠡᠷᠭᠡ ᠪᠤᠰᠤᠳ ᠨᠦᠬᠦᠴᠡᠯ ᠳᠤ | ᠬᠢᠵᠠᠭᠠᠷᠯᠠᠭᠳᠠᠬᠤ ᠦᠭᠡᠢ᠃ | ᠬᠤᠶᠠᠷ᠂ ᠮᠠᠯᠵᠢᠬᠤ ᠲᠠᠷᠢᠶᠠᠯᠠᠬᠤ ᠤᠷᠤᠨ ᠤ ᠰᠤᠷᠤᠭᠴᠢᠳ ᠰᠤᠷᠭᠠᠭᠤᠯᠢ ᠲᠡᠪᠰᠢᠬᠦ ᠪᠠ ᠴᠡᠷᠢᠭ ᠲᠤ ᠣᠷᠣᠬᠤ ᠦᠶ᠎ᠡ ᠶᠢᠨ ᠬᠤᠳᠠ ᠪᠠᠯᠭᠠᠰᠤᠨ ᠳᠤ ᠡᠷᠦᠭᠡ | ᠠᠮᠠ ᠤᠷᠤᠬᠤ ᠬᠢᠵᠠᠭᠠᠷᠯᠠᠯ ᠢ ᠪᠦᠬᠦ ᠲᠠᠯ᠎ᠠ ᠪᠠᠷ ᠴᠢᠯᠦᠭᠡᠳᠠᠢ ᠪᠤᠯᠭᠠᠨ᠎ᠠ᠃ | 1. ᠦᠪᠡᠷᠳᠡᠭᠡᠨ ᠵᠠᠰᠠᠬᠤ ᠤᠷᠤᠨ ᠤ ᠲᠡᠭᠡᠳᠤ ᠵᠡᠷᠭᠡ ᠶᠢᠨ ᠪᠠ ᠲᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠳᠤ ᠰᠢᠯᠭᠠᠭᠤᠯᠤᠨ ᠤᠷᠤᠵᠤ | ᠰᠤᠷᠤᠯᠴᠠᠵᠤ ᠪᠠᠶᠢᠭ᠎ᠠ ᠮᠠᠯᠵᠢᠬᠤ ᠲᠠᠷᠢᠶᠠᠯᠠᠬᠤ ᠤᠷᠤᠨ ᠤ ᠰᠤᠷᠤᠭᠴᠢ ᠲᠤᠰ ᠬᠦᠮᠦᠨ ᠤ ᠬᠦᠰᠡᠯ ᠰᠠᠨᠠᠯ ᠢᠶᠠᠷ ᠰᠤᠷᠭᠠᠭᠤᠯᠢ ᠳᠤ ᠤᠷᠤᠬᠤ ᠦᠶᠡᠰ ᠪᠤᠶᠤ | ᠰᠤᠷᠭᠠᠭᠤᠯᠢ ᠳᠤ ᠰᠤᠷᠤᠯᠴᠠᠬᠤ ᠬᠤᠭᠤᠴᠠᠭᠠᠨ ᠳᠤ ᠡᠷᠦᠭᠡ ᠠᠮᠠ ᠪᠠᠨ ᠰᠤᠷᠤᠯᠴᠠᠵᠤ ᠪᠠᠶᠢᠭ᠎ᠠ ᠰᠤᠷᠭᠠᠭᠤᠯᠢ ᠶᠢᠨ ᠨᠡᠶᠢᠳᠡ ᠶᠢᠨ ᠡᠷᠦᠭᠡ ᠠᠮᠠ ᠳᠤ ᠰᠢᠯᠵᠢᠬᠦᠯᠦᠨ | ᠤᠷᠤᠭᠤᠯᠵᠤ ᠪᠤᠯᠤᠨ᠎ᠠ᠃ ᠰᠤᠷᠭᠠᠭᠤᠯᠢ ᠠᠴᠠ ᠲᠡᠭᠦᠰᠦᠭᠰᠡᠨ ᠤ ᠬᠤᠶᠢᠨ᠎ᠠ ᠪᠤᠳᠠᠳᠠᠢ ᠪᠠᠶᠢᠳᠠᠯ ᠢᠶᠠᠨ ᠦᠨᠳᠤᠰᠤᠯᠡᠨ ᠡᠷᠦᠭᠡ ᠠᠮᠠ ᠪᠠᠨ ᠪᠠᠶᠢᠡᠭᠭᠤ ᠰᠠᠭᠤᠷᠢᠰᠢᠵᠤ | ᠪᠠᠶᠢᠭ᠎ᠠ ᠭᠠᠵᠠᠷ᠂ ᠠᠵᠢᠯ ᠤᠯᠤᠭᠰᠠᠨ ︵ᠦᠢᠯᠡᠰ ᠪᠦᠳᠦᠭᠡᠭᠰᠡᠨ︶ ᠭᠠᠵᠠᠷ ᠪᠤᠶᠤ ᠰᠤᠷᠭᠠᠭᠤᠯᠢ ᠳᠤ ᠤᠷᠤᠬᠤ ᠠᠴᠠ ᠡᠮᠦᠨᠡᠬᠢ ᠭᠠᠵᠠᠷ ᠲᠤ ᠰᠢᠯᠵᠢᠬᠦᠯᠵᠤ ᠪᠤᠯᠤᠨ᠎ᠠ᠃ | | 2. ᠴᠡᠷᠢᠭ ᠠᠴᠠ ᠬᠠᠯᠠᠭᠳᠠᠭᠰᠠᠨ ᠮᠠᠯᠵᠢᠬᠤ ᠲᠠᠷᠢᠶᠠᠯᠠᠬᠤ ᠤᠷᠤᠨ ᠤ ᠡᠷᠦᠭᠡ ᠠᠮᠠ ᠲᠠᠢ ᠠᠯᠪᠠᠨ ᠵᠢᠷᠤᠮ ᠤᠨ ᠴᠡᠷᠢᠭ ᠪᠠ ᠪᠠᠭ᠎ᠠ ᠤᠹᠢᠼᠧᠷ ᠲᠤᠰ | ᠬᠦᠮᠦᠨ ᠤ ᠬᠦᠰᠡᠯ ᠰᠠᠨᠠᠯ ᠢᠶᠠᠷ ᠪᠠᠶᠢᠡᠭᠭᠤ ᠰᠠᠭᠤᠷᠢᠰᠢᠵᠤ ᠪᠠᠶᠢᠭ᠎ᠠ ᠭᠠᠵᠠᠷ ᠲᠤ ᠡᠷᠦᠭᠡ ᠠᠮᠠ ᠲᠠᠩᠰᠠᠯᠠᠭᠤᠯᠬᠤ ᠵᠠᠷᠴᠢᠮ ᠶᠤᠰᠤᠭᠠᠷ ᠤᠳᠤ ᠶᠢᠨ ᠠᠮᠢᠳᠤᠷᠠᠨ | ᠰᠠᠭᠤᠷᠢᠰᠢᠵᠤ ᠪᠠᠶᠢᠭ᠎ᠠ ᠬᠤᠳᠠ᠂ ᠪᠠᠶᠢᠭᠤᠯᠤᠮᠵᠢᠳᠤ ᠪᠠᠯᠭᠠᠰᠤᠨ ᠳᠤ ᠡᠷᠦᠭᠡ ᠠᠮᠠ ᠤᠷᠤᠬᠤ ᠪᠠᠷ ᠭᠤᠶᠤᠴᠢᠯᠠᠵᠤ ᠪᠤᠯᠤᠨ᠎ᠠ᠂ ᠬᠠᠤᠯᠢ ᠶᠤᠰᠤᠨ ᠤ ᠲᠤᠭᠳᠠᠪᠤᠷᠢᠳᠠᠢ | ᠤᠷᠤᠨ ᠰᠠᠭᠤᠴᠠ ᠲᠠᠢ ᠪᠠᠶᠢᠬᠤ ᠡᠰᠡᠬᠦ᠂ ᠬᠠᠤᠯᠢ ᠶᠤᠰᠤᠨ ᠤ ᠲᠤᠭᠳᠠᠪᠤᠷᠢᠳᠠᠢ ᠠᠵᠢᠯ ᠲᠠᠢ ᠪᠠᠶᠢᠬᠤ ᠡᠰᠡᠬᠦ᠂ ᠬᠤᠳᠠ ᠪᠠᠯᠭᠠᠰᠤᠨ ᠤ ᠨᠡᠶᠢᠬᠡᠮ ᠤᠨ ᠲᠠᠭᠠᠳᠬᠠᠯ ᠳᠤ | ᠤᠷᠤᠭᠰᠠᠨ ᠡᠰᠡᠬᠦ᠂ ᠰᠠᠭᠤᠷᠢᠰᠢᠭᠰᠠᠨ ᠵᠢᠯ ᠬᠤᠭᠤᠴᠠᠭ᠎ᠠ ᠵᠡᠷᠭᠡ ᠪᠤᠰᠤᠳ ᠨᠦᠬᠦᠴᠡᠯ ᠳᠤ ᠬᠢᠵᠠᠭᠠᠷᠯᠠᠭᠳᠠᠬᠤ ᠦᠭᠡᠢ᠃ | ᠭᠤᠷᠪᠠ᠂ ᠶᠡᠭᠡ ᠲᠡᠭᠡᠳᠤ ᠰᠤᠷᠭᠠᠭᠤᠯᠢ ᠲᠡᠬᠦᠰᠦᠭᠰᠡᠨ ᠰᠤᠷᠤᠭᠴᠢ᠂ ᠮᠡᠷᠭᠡᠵᠢᠯ ᠤᠨ ᠠᠵᠢᠯᠳᠠᠨ᠂ ᠠᠵᠢᠯ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠨ | ᠰᠤᠷᠤᠭᠴᠢ᠂ ᠭᠠᠳᠠᠭᠠᠳᠤ ᠳᠤ ᠰᠤᠷᠤᠯᠴᠠᠭᠠᠳ ᠪᠤᠴᠠᠵᠤ ᠢᠷᠡᠭᠰᠡᠨ ᠰᠤᠷᠤᠭᠴᠢ ᠶᠢᠨ ᠡᠷᠦᠭᠡ ᠠᠮᠠ ᠤᠷᠤᠬᠤ ᠬᠢᠵᠠᠭᠠᠷᠯᠠᠯ ᠢ ᠪᠦᠬᠦ ᠲᠠᠯ᠎ᠠ ᠪᠠᠷ ᠴᠢᠯᠦᠭᠡᠳᠠᠢ ᠪᠤᠯᠭᠠᠨ᠎ᠠ᠃ | | ᠤᠯᠤᠰ ᠠᠴᠠ ᠵᠦᠪᠰᠢᠶᠡᠷᠡᠭᠰᠡᠨ ᠲᠡᠭᠡᠳᠤ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠠᠴᠠ ᠲᠡᠭᠡᠭᠰᠢᠬᠢ ᠰᠤᠷᠤᠯᠭ᠎ᠠ ᠶᠢᠨ ᠨᠠᠮᠳᠠᠷ ᠲᠠᠢ ᠲᠡᠭᠡᠳᠤ | ᠰᠤᠷᠭᠠᠭᠤᠯᠢ ᠲᠡᠬᠦᠰᠦᠭᠰᠡᠨ ᠰᠤᠷᠤᠭᠴᠢ᠂ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠠᠴᠠ ᠲᠡᠬᠦᠰᠦᠰᠡᠨ ᠰᠤᠷᠤᠭᠴᠢ᠂ ᠮᠡᠷᠭᠡᠵᠢᠯ ᠤᠨ ᠵᠡᠷᠭᠡ | ᠲᠡᠰ ᠤᠨ ᠦᠨᠡᠮᠯᠡᠯ ᠲᠠᠢ ᠪᠤᠶᠤ ᠠᠵᠢᠯ ᠮᠡᠷᠭᠡᠵᠢᠯ ᠤᠨ ᠬᠢᠷᠢ ᠭᠡᠮ ᠤᠨ ᠦᠨᠡᠮᠯᠡᠯ ᠲᠠᠢ ᠠᠵᠢᠯᠳᠠᠨ ᠵᠢᠴᠢ ᠠᠵᠤ ᠠᠬᠤᠢᠢᠯᠠᠯ ᠠᠵᠤ ᠦᠢᠯᠡᠰ ᠤᠨ ᠨᠢᠭᠡᠴᠢ ᠳᠤ | ᠬᠡᠷᠡᠭᠴᠡᠭᠡ ᠲᠠᠢ ᠮᠡᠷᠭᠡᠵᠢᠯ ᠤᠨ ᠠᠵᠢᠯᠳᠠᠨ᠂ ᠭᠠᠳᠠᠭᠠᠳᠤ ᠳᠤ ᠰᠤᠷᠤᠯᠴᠠᠭᠠᠳ ᠪᠤᠴᠠᠵᠤ ᠢᠷᠡᠭᠰᠡᠨ ᠰᠤᠷᠤᠭᠴᠢ ᠲᠤᠰ ᠬᠦᠮᠦᠨ ᠤ ᠬᠦᠰᠡᠯ ᠰᠠᠨᠠᠯ ᠢᠶᠠᠷ ᠪᠠᠶᠢᠡᠭᠭᠤ | ᠰᠠᠭᠤᠷᠢᠰᠢᠵᠤ ᠪᠠᠶᠢᠭ᠎ᠠ ᠭᠠᠵᠠᠷ ᠲᠤ ᠡᠷᠦᠭᠡ ᠠᠮᠠ ᠲᠠᠩᠰᠠᠯᠠᠭᠤᠯᠬᠤ ᠵᠠᠷᠴᠢᠮ ᠶᠤᠰᠤᠭᠠᠷ ᠮᠠᠨ ᠤ ᠤᠷᠤᠨ ᠤ ᠶᠡᠭᠡ ᠲᠤᠮᠳᠠ ᠪᠠᠭ᠎ᠠ ᠬᠤᠳᠠ᠂ ᠪᠠᠶᠢᠭᠤᠯᠤᠮᠵᠢᠳᠤ | ᠪᠠᠯᠭᠠᠰᠤᠨ ᠳᠤ ᠡᠷᠦᠭᠡ ᠠᠮᠠ ᠤᠷᠤᠬᠤ ᠳᠤ ᠬᠠᠤᠯᠢ ᠶᠤᠰᠤᠨ ᠤ ᠲᠤᠭᠳᠠᠪᠤᠷᠢᠳᠠᠢ ᠤᠷᠤᠨ ᠰᠠᠭᠤᠴᠠ ᠲᠠᠢ ᠪᠠᠶᠢᠬᠤ ᠡᠰᠡᠬᠦ᠂ ᠬᠠᠤᠯᠢ ᠶᠤᠰᠤᠨ ᠤ ᠲᠤᠭᠳᠠᠪᠤᠷᠢᠳᠠᠢ | ᠠᠵᠢᠯ ᠲᠠᠢ ᠪᠠᠶᠢᠬᠤ ᠡᠰᠡᠬᠦ᠂ ᠬᠤᠳᠠ ᠪᠠᠯᠭᠠᠰᠤᠨ ᠤ ᠨᠡᠶᠢᠬᠡᠮ ᠤᠨ ᠲᠠᠭᠠᠳᠬᠠᠯ ᠳᠤ ᠤᠷᠤᠯᠴᠠᠭᠰᠠᠨ ᠡᠰᠡᠬᠦ᠂ ᠰᠠᠭᠤᠷᠢᠰᠢᠭᠰᠠᠨ ᠵᠢᠯ ᠬᠤᠭᠤᠴᠠᠭ᠎ᠠ ᠵᠡᠷᠭᠡ ᠪᠤᠰᠤᠳ | ᠨᠦᠬᠦᠴᠡᠯ ᠳᠤ ᠬᠢᠵᠠᠭᠠᠷᠯᠠᠭᠳᠠᠬᠤ ᠦᠭᠡᠢ᠃ | ᠲᠦᠷᠪᠡ᠂ ᠪᠤᠰᠤᠳ ᠪᠠᠶᠢᠡᠭᠭᠤ ᠰᠠᠭᠤᠷᠢᠰᠢᠵᠤ ᠪᠠᠶᠢᠭ᠎ᠠ ᠬᠦᠮᠦᠨ ᠠᠮᠠ ᠶᠢᠨ ᠬᠤᠳᠠ ᠪᠠᠯᠭᠠᠰᠤᠨ ᠳᠤ ᠡᠷᠦᠭᠡ ᠠᠮᠠ ᠤᠷᠤᠬᠤ ᠬᠢᠵᠠᠭᠠᠷᠯᠠᠯ ᠢ ᠪᠦᠬᠦ ᠲᠠᠯ᠎ᠠ ᠪᠠᠷ | ᠴᠢᠯᠦᠭᠡᠳᠠᠢ ᠪᠤᠯᠭᠠᠨ᠎ᠠ᠃ | ᠠᠳᠠᠯᠢ ᠨᠢᠭᠡ ᠬᠤᠳᠠ᠂ ᠪᠠᠶᠢᠭᠤᠯᠤᠮᠵᠢᠳᠤ ᠪᠠᠯᠭᠠᠰᠤᠨ ᠳᠤ ᠦᠷᠬᠦᠯᠵᠢᠯᠡᠨ 6 ᠰᠠᠷ᠎ᠠ ᠠᠴᠠ ᠲᠡᠭᠡᠭᠰᠢ ᠰᠠᠭᠤᠭᠰᠠᠨ ᠮᠠᠯᠵᠢᠬᠤ ᠲᠠᠷᠢᠶᠠᠯᠠᠬᠤ ᠤᠷᠤᠨ ᠤ ᠡᠷᠦᠭᠡ | ᠠᠮᠠ ᠲᠠᠢ ᠬᠦᠮᠦᠨ ᠠᠮᠠ ᠪᠠ ᠪᠤᠰᠤᠳ ᠪᠠᠶᠢᠡᠭᠭᠤ ᠰᠠᠭᠤᠷᠢᠰᠢᠵᠤ ᠪᠠᠶᠢᠭ᠎ᠠ ᠬᠦᠮᠦᠨ ᠠᠮᠠ ᠲᠤᠰ ᠬᠦᠮᠦᠨ ᠤ ᠬᠦᠰᠡᠯ ᠰᠠᠨᠠᠯ ᠢᠶᠠᠷ ᠪᠠᠶᠢᠡᠭᠭᠤ ᠰᠠᠭᠤᠷᠢᠰᠢᠵᠤ ᠪᠠᠶᠢᠭ᠎ᠠ | ᠭᠠᠵᠠᠷ ᠲᠤ ᠡᠷᠦᠭᠡ ᠠᠮᠠ ᠲᠠᠩᠰᠠᠯᠠᠭᠤᠯᠬᠤ ᠵᠠᠷᠴᠢᠮ ᠶᠤᠰᠤᠭᠠᠷ ᠲᠤᠰ ᠬᠦᠮᠦᠨ ᠪᠤᠯᠤᠨ ᠲᠡᠬᠦᠨ ᠤ ᠬᠤᠯᠪᠤᠰᠤ᠂ ᠦᠷ᠎ᠠ ᠭᠡᠤᠭᠡᠳ ᠪᠠ ᠡᠷ᠎ᠠ ᠡᠮ᠎ᠠ ᠬᠤᠶᠠᠭᠤᠯᠠ ᠶᠢᠨ | ᠠᠪᠤ ᠡᠵᠢ ᠨᠢ ᠤᠳᠤ ᠶᠢᠨ ᠪᠤᠳᠠᠳᠠᠢ ᠠᠮᠢᠳᠤᠷᠠᠨ ᠰᠠᠭᠤᠷᠢᠰᠢᠵᠤ ᠪᠠᠶᠢᠭ᠎ᠠ ᠬᠤᠳᠠ᠂ ᠪᠠᠶᠢᠭᠤᠯᠤᠮᠵᠢᠳᠤ ᠪᠠᠯᠭᠠᠰᠤᠨ ᠳᠤ ᠡᠷᠦᠭᠡ ᠠᠮᠠ ᠤᠷᠤᠬᠤ ᠪᠠᠷ ᠭᠤᠶᠤᠴᠢᠯᠠᠵᠤ | ᠪᠤᠯᠤᠨ᠎ᠠ᠂ ᠬᠠᠤᠯᠢ ᠶᠤᠰᠤᠨ ᠤ ᠲᠤᠭᠳᠠᠪᠤᠷᠢᠳᠠᠢ ᠤᠷᠤᠨ ᠰᠠᠭᠤᠴᠠ ᠲᠠᠢ ᠪᠠᠶᠢᠬᠤ ᠡᠰᠡᠬᠦ᠂ ᠬᠠᠤᠯᠢ ᠶᠤᠰᠤᠨ ᠤ ᠲᠤᠭᠳᠠᠪᠤᠷᠢᠳᠠᠢ ᠠᠵᠢᠯ ᠲᠠᠢ ᠪᠠᠶᠢᠬᠤ ᠡᠰᠡᠬᠦ᠂ | ᠬᠤᠳᠠ ᠪᠠᠯᠭᠠᠰᠤᠨ ᠤ ᠨᠡᠶᠢᠬᠡᠮ ᠤᠨ ᠲᠠᠭᠠᠳᠬᠠᠯ ᠳᠤ ᠤᠷᠤᠯᠴᠠᠭᠰᠠᠨ ᠡᠰᠡᠬᠦ ᠵᠡᠷᠭᠡ ᠪᠤᠰᠤᠳ ᠨᠦᠬᠦᠴᠡᠯ ᠳᠤ ᠬᠢᠵᠠᠭᠠᠷᠯᠠᠭᠳᠠᠬᠤ ᠦᠭᠡᠢ᠃ | ᠲᠠᠪᠤ᠂ ᠲᠦᠰᠢᠭ ᠡᠷᠢᠵᠤ ᠡᠷᠦᠭᠡ ᠠᠮᠠ ᠤᠷᠤᠬᠤ ᠨᠦᠬᠦᠴᠡᠯ ᠢ ᠴᠢᠯᠦᠭᠡᠳᠠᠢ ᠪᠤᠯᠭᠠᠨ᠎ᠠ᠃ | ᠲᠤᠭᠤᠷᠢᠭ ᠪᠠᠶᠢᠭᠤᠯᠤᠭᠰᠠᠨ ᠬᠤᠳᠠ ᠶᠢᠨ ᠲᠤᠭᠤᠷᠢᠭ᠂ ᠰᠢᠶᠡᠨ ᠤ ᠲᠡᠰ ᠤᠨ ᠬᠤᠳᠠ ᠶᠢᠨ ᠲᠤᠭᠤᠷᠢᠭ᠂ ᠬᠤᠰᠢᠭᠤ ᠰᠢᠶᠡᠨ ᠤ ᠵᠠᠰᠠᠭ ᠤᠨ ᠤᠷᠳᠤᠨ ᠤ | ᠪᠠᠶᠢᠭ᠎ᠠ ᠪᠠᠯᠭᠠᠰᠤ ᠵᠢᠴᠢ ᠪᠤᠰᠤᠳ ᠪᠠᠶᠢᠭᠤᠯᠤᠮᠵᠢᠳᠤ ᠪᠠᠯᠭᠠᠰᠤᠨ ᠤ ᠡᠷᠦᠭᠡ ᠠᠮᠠ ᠲᠠᠢ ᠰᠠᠭᠤᠭᠠᠯᠢ ᠠᠷᠠᠳ ᠤᠨ ᠬᠤᠯᠪᠤᠰᠤ᠂ ᠦᠷ᠎ᠠ ᠭᠡᠤᠭᠡᠳ ᠪᠠ ᠡᠷ᠎ᠠ ᠡᠮ᠎ᠠ | ᠬᠤᠶᠠᠭᠤᠯᠠ ᠶᠢᠨ ᠠᠪᠤ ᠡᠵᠢ ᠨᠢ ᠲᠦᠰᠢᠭ ᠡᠷᠢᠵᠤ ᠡᠷᠦᠭᠡ ᠠᠮᠠ ᠤᠷᠤᠬᠤ ᠶᠢ ᠭᠤᠶᠤᠴᠢᠯᠠᠵᠤ ᠪᠤᠯᠤᠨ᠎ᠠ᠂ ᠲᠦᠰᠢᠭ ᠪᠤᠯᠤᠭᠰᠠᠨ ᠬᠦᠮᠦᠨ ᠤ ᠨᠠᠰᠤ᠂ ᠤᠷᠤᠭᠯᠠᠭᠰᠠᠨ | ᠡᠰᠡᠬᠦ᠂ ᠬᠤᠳᠠ ᠪᠠᠯᠭᠠᠰᠤᠨ ᠤ ᠨᠡᠶᠢᠬᠡᠮ ᠤᠨ ᠲᠠᠭᠠᠳᠬᠠᠯ ᠳᠤ ᠤᠷᠤᠯᠴᠠᠭᠰᠠᠨ ᠡᠰᠡᠬᠦ ᠪᠠ ᠤᠷᠤᠨ ᠰᠠᠭᠤᠴᠠ ᠶᠢᠨ ᠲᠠᠯᠠᠪᠠᠢ ᠵᠡᠷᠭᠡ ᠪᠤᠰᠤᠳ ᠨᠦᠬᠦᠴᠡᠯ ᠳᠤ | ᠬᠢᠵᠠᠭᠠᠷᠯᠠᠭᠳᠠᠬᠤ ᠦᠭᠡᠢ᠃ | ᠵᠢᠷᠭᠤᠭ᠎ᠠ᠂ ᠬᠦᠬᠡᠬᠤᠳᠠ ᠪᠤᠭᠤᠳᠤ ᠤᠷᠳᠤᠰ ᠬᠤᠳᠠ ᠶᠢᠨ ᠬᠡᠪᠴᠢᠶᠡᠨ ᠳᠤ ᠡᠷᠦᠭᠡ ᠠᠮᠠ ᠶᠢ ᠨᠡᠶᠢᠳᠡᠮ ᠰᠢᠯᠵᠢᠬᠦᠯᠬᠦ ᠲᠦᠷᠢᠮ ᠢ ᠬᠡᠷᠡᠭᠵᠢᠬᠦᠯᠦᠨ᠎ᠠ᠃ | ︽ᠬᠦᠭᠡᠬᠤᠳᠠ ᠪᠤᠭᠤᠳᠤ ᠤᠷᠳᠤᠰ ᠢ ᠨᠢᠭᠡᠳᠤᠯᠳᠠᠢ ᠬᠦᠭᠵᠢᠬᠦᠯᠬᠦ ᠲᠦᠯᠦᠪᠵᠢᠬᠦᠯᠭᠡ ᠶᠢᠨ ᠬᠦᠳᠦᠯᠪᠤᠷᠢ ︵2016 — 2020 ᠤᠨ︶︾ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠦᠬᠡᠬᠤᠳᠠ᠂ ᠪᠤᠭᠤᠳᠤ᠂ ᠤᠷᠳᠤᠰ ᠵᠡᠷᠭᠡ ᠭᠤᠷᠪᠠᠨ ᠬᠤᠳᠠ ᠶᠢᠨ ︵ᠰᠦᠷᠦᠭᠵᠢᠯ ᠤᠨ︶ ᠡᠷᠦᠭᠡ ᠠᠮᠠ ᠶᠢᠨ | ᠬᠤᠳᠠᠵᠢᠯᠳᠠ ᠶᠢᠨ ᠦᠭᠡᠷᠡᠴᠢᠯᠡᠯᠳᠡ ᠶᠢ ᠠᠬᠢᠭᠤᠯᠵᠤ᠂ ᠬᠦᠬᠡᠬᠤᠳᠠ ᠬᠤᠳᠠ᠂ ᠪᠤᠭᠤᠳᠤ ᠬᠤᠳᠠ᠂ ᠤᠷᠳᠤᠰ ᠬᠤᠳᠠ ᠶᠢᠨ ᠬᠤᠭᠤᠷᠤᠨᠳᠤ ᠬᠦᠮᠦᠨ ᠠᠮᠠ ᠶᠢᠨ ᠡᠷᠭᠡ | ᠴᠢᠯᠦᠭᠡᠳᠠᠢ ᠨᠡᠬᠦᠳᠡᠯᠯᠡᠨ ᠰᠢᠯᠵᠢᠬᠦ ᠶᠢ ᠵᠤᠷᠢᠭᠵᠢᠭᠤᠯᠤᠨ᠎ᠠ᠃ ᠬᠦᠭᠡᠬᠤᠳᠠ᠂ ᠪᠤᠭᠤᠳᠤ ᠬᠤᠳᠠ᠂ ᠤᠷᠳᠤᠰ ᠬᠤᠳᠠ ᠶᠢᠨ ᠡᠷᠦᠭᠡ ᠠᠮᠠ ᠲᠠᠢ ᠰᠠᠭᠤᠭᠠᠯᠢ ᠠᠷᠠᠳ | ᠲᠤᠰ ᠬᠦᠮᠦᠨ ᠤ ᠬᠦᠰᠡᠯ ᠰᠠᠨᠠᠯ ᠢᠶᠠᠷ ᠬᠠᠤᠯᠢ ᠶᠤᠰᠤᠨ ᠤ ᠲᠤᠭᠳᠠᠪᠤᠷᠢᠳᠠᠢ ᠤᠷᠤᠨ ᠰᠠᠭᠤᠴᠠ ︵ᠲᠦᠷᠢᠶᠡᠰᠦᠯᠡᠭᠰᠡᠨ ᠤᠷᠤᠨ ᠰᠠᠭᠤᠴᠠ ᠪᠠᠭᠳᠠᠨ᠎ᠠ︶ ᠲᠠᠢ ᠪᠤᠶᠤ | ᠬᠠᠤᠯᠢ ᠶᠤᠰᠤᠨ ᠤ ᠲᠤᠭᠳᠠᠪᠤᠷᠢᠳᠤ ᠠᠵᠢᠯ ᠲᠠᠢ ᠪᠣᠯ ᠬᠦᠬᠡᠬᠤᠳᠠ᠂ ᠪᠤᠭᠤᠳᠤ ᠬᠤᠳᠠ ᠪᠣᠯᠣᠨ ᠤᠷᠳᠤᠰ ᠬᠤᠳᠠ ᠶᠢᠨ ᠲᠦᠪ ᠬᠤᠳᠠ ᠶᠢᠨ ᠲᠤᠭᠤᠷᠢᠭ ᠵᠢᠴᠢ | ᠪᠠᠶᠢᠭᠤᠯᠤᠮᠵᠢᠳᠤ ᠪᠠᠯᠭᠠᠰᠤᠨ ᠳᠤ ᠪᠠᠶᠢᠡᠭᠭᠤ ᠰᠠᠭᠤᠭ᠎ᠠ ᠡᠷᠦᠭᠡ ᠠᠮᠠ ᠶᠢ ᠰᠢᠯᠵᠢᠬᠦᠯᠦᠨ ᠲᠠᠩᠰᠠᠯᠠᠭᠤᠯᠬᠤ ᠪᠠᠷ ᠭᠤᠶᠤᠴᠢᠯᠠᠵᠤ ᠪᠤᠯᠤᠨ᠎ᠠ᠂ ᠬᠤᠳᠠ ᠪᠠᠯᠭᠠᠰᠤᠨ ᠤ | ᠨᠡᠶᠢᠬᠡᠮ ᠤᠨ ᠲᠠᠭᠠᠳᠬᠠᠯ ᠳᠤ ᠤᠷᠤᠯᠴᠠᠭᠰᠠᠨ ᠡᠰᠡᠬᠦ᠂ ᠰᠠᠭᠤᠷᠢᠰᠢᠭᠰᠠᠨ ᠵᠢᠯ ᠬᠤᠭᠤᠴᠠᠭ᠎ᠠ ᠵᠡᠷᠭᠡ ᠪᠤᠰᠤᠳ ᠨᠦᠬᠦᠴᠡᠯ ᠳᠤ ᠬᠢᠵᠠᠭᠠᠷᠯᠠᠭᠳᠠᠬᠤ ᠦᠭᠡᠢ᠃ | ᠬᠦᠬᠡᠬᠤᠳᠠ᠂ ᠪᠤᠭᠤᠳᠤ ᠬᠤᠳᠠ᠂ ᠤᠷᠳᠤᠰ ᠬᠤᠳᠠ ᠨᠢ ᠡᠷᠦᠭᠡ ᠠᠮᠠ ᠶᠢᠨ ᠲᠦᠷᠢᠮ ᠤᠨ ᠦᠭᠡᠷᠡᠴᠢᠯᠡᠯᠳᠡ ᠶᠢ ᠠᠬᠢᠭᠤᠯᠬᠤ ᠱᠠᠭᠠᠷᠳᠠᠯᠭ᠎ᠠ ᠪᠠ ᠲᠤᠰ ᠭᠠᠵᠠᠷ ᠤᠨ | ᠪᠤᠳᠠᠳᠠᠢ ᠲᠠᠢ ᠤᠶᠠᠯᠳᠤᠭᠤᠯᠤᠨ ᠡᠷᠦᠭᠡ ᠠᠮᠠ ᠰᠢᠯᠵᠢᠬᠦᠯᠬᠦ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤᠨᠢ ᠲᠤᠬᠢᠷᠠᠭᠤᠯᠤᠨ ᠴᠢᠯᠦᠭᠡᠳᠠᠢ ᠪᠤᠯᠭᠠᠵᠤ᠂ ᠬᠤᠳᠠ ᠶᠢᠨ | ᠰᠦᠷᠦᠭᠵᠢᠯ ᠤᠨ ᠡᠷᠦᠭᠡ ᠠᠮᠠ ᠤᠷᠤᠭᠤᠯᠬᠤ ᠪᠠᠷᠢᠮᠵᠢᠶ᠎ᠠ ᠶᠢ ᠠᠯᠬᠤᠮ ᠲᠠᠷᠠᠭ᠎ᠠ ᠲᠠᠢ ᠨᠢᠭᠡᠳᠭᠡᠵᠤ᠂ ᠮᠠᠯᠵᠢᠬᠤ ᠲᠠᠷᠢᠶᠠᠯᠠᠬᠤ ᠤᠷᠤᠨ ᠠᠴᠠ ᠰᠢᠯᠵᠢᠭᠰᠡᠨ ᠬᠦᠮᠦᠨ | ᠠᠮᠠ ᠪᠤᠯᠤᠨ ᠪᠠᠶᠢᠡᠭᠭᠤ ᠰᠠᠭᠤᠷᠢᠰᠢᠵᠤ ᠪᠠᠶᠢᠭ᠎ᠠ ᠬᠦᠮᠦᠨ ᠠᠮᠠ ᠶᠢᠨ ᠬᠤᠳᠠ ᠪᠠᠯᠭᠠᠰᠤᠨ ᠳᠤ ᠡᠷᠦᠭᠡ ᠠᠮᠠ ᠤᠷᠤᠬᠤ ᠶᠢ ᠠᠬᠢᠭᠤᠯᠤᠨ᠎ᠠ᠃ | ᠬᠦᠬᠡᠬᠤᠳᠠ᠂ ᠪᠤᠭᠤᠳᠤ᠂ ᠤᠷᠳᠤᠰ ᠭᠤᠷᠪᠠᠨ ᠬᠤᠳᠠ ᠶᠢᠨ ᠬᠡᠪᠴᠢᠶᠡᠨ ᠳᠤ ᠡᠷᠦᠭᠡ ᠠᠮᠠ ᠪᠠᠨ ᠴᠢᠯᠦᠭᠡᠲᠡᠢ ᠰᠢᠯᠵᠢᠬᠦᠯᠵᠤ ᠪᠣᠯᠬᠤ ᠲᠥᠷᠥ ᠶᠢᠨ ᠪᠣᠳᠣᠯᠭ᠎ᠠ | ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠣᠷᠴᠢᠮᠬᠠᠨ ᠳᠤ ᠨᠡᠶᠢᠲᠡᠯᠡᠭᠰᠡᠨ ︽ᠬᠥᠬᠡᠬᠤᠲᠠ ᠪᠤᠭᠤᠲᠤ | ᠤᠷᠳᠤᠰ ᠤᠨ ᠵᠣᠬᠢᠴᠠᠩᠭᠤᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠤᠬᠠᠶ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠨᠦᠭᠦᠳ︾ ᠮᠡᠳᠡᠭᠳᠡᠯ ᠲᠠᠢ | ᠠᠪᠴᠠᠯᠳᠤᠭᠰᠠᠨ᠂ ᠴᠢᠬᠤᠯᠠ ᠲᠥᠷᠥ ᠶᠢᠨ ᠪᠣᠳᠣᠯᠭ᠎ᠠ᠂ ᠪᠣᠳᠠᠲᠠᠢ ᠠᠷᠭ᠎ᠠ ᠬᠡᠮᠵᠢᠶ᠎ᠡ ᠮᠥᠨ᠃ | |