ᠰᠠᠨᠠᠯ ᠤᠨ ᠬᠡᠯᠪᠡᠷᠢ
ᠨᠡᠶᠢᠲᠡᠯᠡᠭᠰᠡᠨ ᠴᠠᠭ᠄
2019/3/12
          ᠰᠠᠨᠠᠯ ᠢ ᠪᠢᠴᠢᠬᠦ ᠳᠤ ᠠᠩᠬᠠᠷᠬᠤ ᠵᠦᠢᠯ ᠤᠳ᠄      ᠰᠠᠨᠠᠯ ᠨᠢ ᠭᠤᠣᠯᠳᠠᠭᠤ ᠭᠠᠷᠴᠠᠭ᠂ ᠭᠤᠣᠯ ᠬᠦᠷᠭᠡᠬᠦ ᠪᠠᠶᠢᠭᠤᠯᠭ᠎ᠠ᠂ ᠭᠤᠣᠯ ᠠᠭᠤᠯᠭ᠎ᠠ ᠪᠠ ᠪᠢᠴᠢᠭᠡᠰᠦ ᠠᠴᠠ ᠪᠦᠷᠢᠯᠳᠦᠨ᠎ᠡ᠃      ᠨᠢᠭᠡ᠂ ᠭᠠᠷᠴᠠᠭ᠄ ᠶᠡᠷᠦ ᠳᠡᠭᠡᠨ ᠠᠯᠪᠠᠨ ᠪᠢᠴᠢᠭ ᠲᠠᠷᠬᠠᠭᠠᠭᠰᠠᠨ ᠪᠠᠶᠢᠭᠤᠯᠭ᠎ᠠ᠂ ᠣᠴᠢᠷ ᠰᠢᠯᠲᠠᠭᠠᠨ ᠪᠠ ᠪᠢᠴᠢᠭ ᠬᠠᠷ᠎ᠠ ᠶᠢᠨ ᠬᠡᠯᠪᠡᠷᠢ ᠠᠴᠠ ᠪᠦᠷᠢᠯᠳᠦᠨ᠎ᠡ᠃ ᠭᠠᠷᠴᠠᠭ ᠤᠨ ᠳᠣᠲᠣᠷᠠᠬᠢ ᠪᠢᠴᠢᠭ ᠬᠠᠷ᠎ᠠ ᠶᠢᠨ ᠬᠡᠯᠪᠡᠷᠢ ᠶᠢᠨ ᠨᠡᠷᠡᠶᠢᠳᠦᠯ ᠢ ᠪᠢᠴᠢᠬᠦ ᠳᠤ ᠪᠣᠳᠠᠲᠠᠢ ᠱᠠᠭᠠᠷᠳᠠᠯᠭ᠎ᠠ ᠪᠠᠨ ᠦᠨᠳᠦᠰᠦᠯᠡᠨ ᠨᠡᠮᠡᠯᠲᠡ ᠬᠢᠵᠦ ᠵᠠᠰᠠᠪᠣᠷᠢ ᠣᠷᠣᠭᠤᠯᠵᠣ ᠪᠣᠯᠣᠨ᠎ᠠ᠂ ᠵᠢᠱᠢᠶᠡᠯᠡᠪᠡᠯ᠂ ︽ᠰᠢᠢᠳᠪᠦᠷᠢᠯᠡᠬᠦ ᠰᠠᠨᠠᠯ︾᠂ ︽ᠯᠠᠪᠯᠠᠬᠤ ᠰᠠᠨᠠᠯ︾᠂ ︽ᠵᠢᠯᠣᠭᠤᠳᠬᠤ ᠰᠠᠨᠠᠯ︾ ᠭᠡᠬᠦ ᠮᠡᠲᠦ᠂ ᠳᠠᠷᠣᠢ ︽ᠲᠦᠷᠦ ᠶᠢᠨ ᠶᠠᠪᠣᠳᠠᠯ ᠤᠨ ᠬᠤᠷᠢᠶᠠᠨ ᠤ ᠠᠯᠪᠠᠨ ᠲᠢᠩᠬᠢᠮ ᠤᠨ ᠣᠯᠠᠨ ᠢᠶᠠᠷ ᠢᠶᠠᠨ ᠰᠢᠨ᠎ᠡ ᠶᠢ ᠡᠭᠦᠳᠴᠦ᠂ ᠠᠳᠠᠯ ᠦᠶᠯᠡᠰ ᠴᠣᠭᠴᠠᠯᠠᠬᠤ ᠶᠢ ᠲᠦᠯᠬᠢᠨ ᠠᠭᠢᠭᠤᠯᠬᠤ ᠲᠣᠬᠠᠢ ᠵᠢᠯᠣᠭᠤᠳᠬᠤ ᠰᠠᠨᠠᠯ︾ ᠭᠡᠬᠦ ᠮᠡᠲᠦ ᠪᠢᠴᠢᠵᠦ ᠪᠣᠯᠣᠨ᠎ᠠ᠃      ᠬᠤᠶᠠᠷ᠂ ᠭᠤᠣᠯ ᠬᠦᠷᠭᠡᠬᠦ ᠪᠠᠶᠢᠭᠤᠯᠭ᠎ᠠ᠄ ᠵᠠᠷᠢᠮ ᠦᠨᠡᠯᠡᠨ ᠵᠢᠱᠢᠬᠦ ᠴᠢᠨᠠᠷᠲᠠᠢ᠂ ᠲᠣᠭᠲᠠᠭᠠᠯ ᠤᠨ ᠴᠢᠨᠠᠷᠲᠠᠢ ᠰᠠᠨᠠᠯ ᠠᠴᠠ ᠪᠣᠰᠣᠳ ᠣᠯᠠᠩᠬᠢ ᠰᠠᠨᠠᠯ ᠨᠢ ᠴᠦᠮ ᠭᠤᠣᠯ ᠬᠦᠷᠭᠡᠬᠦ ᠪᠠᠶᠢᠭᠤᠯᠭ᠎ᠠ ᠲᠠᠢ ᠪᠠᠶᠢᠳᠠᠭ᠃      ᠭᠤᠷᠪᠠ᠂ ᠭᠤᠣᠯ ᠠᠭᠤᠯᠭ᠎ᠠ᠄ ᠶᠡᠷᠦ ᠳᠡᠭᠡᠨ ᠭᠤᠷᠪᠠᠨ ᠬᠡᠰᠡᠭ ᠠᠴᠠ ᠪᠦᠷᠢᠯᠳᠦᠨ᠎ᠡ᠂ ᠳᠠᠷᠣᠢ ᠰᠠᠨᠠᠯ ᠦᠭᠬᠦ ᠣᠴᠢᠷ ᠰᠢᠯᠲᠠᠭᠠᠨ᠂ ᠰᠠᠨᠠᠯ ᠦᠭᠬᠦ ᠣᠴᠢᠷ ᠶᠠᠪᠣᠳᠠᠯ᠂ ᠰᠠᠨᠠᠯ ᠤᠨ ᠲᠡᠭᠦᠰᠬᠡᠯ ᠵᠡᠷᠭᠡ ᠪᠣᠯᠣᠨ᠎ᠠ᠃      ︵ᠨᠢᠭᠡ︶ ᠰᠠᠨᠠᠯ ᠦᠭᠬᠦ ᠣᠴᠢᠷ ᠰᠢᠯᠳᠠᠭᠠᠨ ᠨᠢ ᠳᠠᠷᠣᠢ ᠡᠬᠢᠯᠡᠯᠲᠡ ᠶᠢᠨ ᠬᠡᠰᠡᠭ ᠪᠠᠶᠢᠵᠣ᠂ ᠶᠡᠷᠦ ᠳᠡᠭᠡᠨ ᠲᠣᠰ ᠪᠢᠴᠢᠭ ᠤᠨ ᠰᠢᠯᠲᠠᠭᠠᠨ᠂ ᠦᠨᠳᠦᠰᠦᠯᠡᠯ᠂ ᠵᠣᠷᠢᠯᠲᠠ ᠪᠣᠶᠣ ᠣᠳᠬ᠎ᠠ ᠠᠭᠤᠯᠭ᠎ᠠ ᠶᠢ ᠲᠣᠪᠴᠢ ᠲᠣᠳᠣᠷᠬᠠᠶᠢᠯᠠᠵᠣ᠂ ︽ᠶᠠᠭᠤᠨ ᠳᠤ ᠰᠠᠨᠠᠯ ᠦᠭᠬᠦ︾ ᠭᠡᠰᠡᠨ ᠠᠰᠠᠭᠤᠯᠲᠠ ᠶᠢ ᠬᠠᠷᠢᠭᠤᠯᠣᠨ᠎ᠠ᠃ ᠳᠠᠷᠠᠭ᠎ᠠ ᠨᠢ ︽ᠳᠣᠣᠷᠠᠬᠢ ᠮᠡᠲᠦ ᠰᠠᠨᠠᠯ ᠢ ᠳᠣᠷᠠᠳᠣᠶ᠎ᠠ︾ ᠭᠡᠬᠦ ᠮᠡᠳᠦ ᠶᠢᠨ ᠰᠢᠯᠵᠢᠯᠲᠠ ᠶᠢᠨ ᠦᠭᠦᠯᠡᠪᠦᠷᠢ ᠪᠠᠷ ᠳᠠᠷᠠᠭᠠᠬᠢ ᠠᠭᠤᠯᠭ᠎ᠠ ᠳᠤ ᠪᠠᠨ ᠰᠢᠯᠵᠢᠳᠡᠭ᠃        ︵ᠬᠤᠶᠠᠷ︶  ᠰᠠᠨᠠᠯ ᠦᠭᠬᠦ ᠣᠴᠢᠷ ᠶᠠᠪᠣᠳᠠᠯ ᠪᠣᠯ ᠵᠠᠷᠢᠮ ᠠᠰᠠᠭᠤᠳᠠᠯ ᠪᠣᠶᠣ ᠵᠠᠷᠢᠮ ᠲᠠᠯ᠎ᠠ ᠶᠢᠨ ᠠᠵᠢᠯ ᠤᠨ ᠲᠣᠬᠠᠢ ᠦᠵᠡᠯᠲᠡ᠂ ᠰᠠᠨᠠᠯ ᠪᠣᠶᠣ ᠰᠢᠢᠳᠪᠦᠷᠢᠯᠡᠬᠦ ᠠᠰᠠᠭᠤᠳᠠᠯ ᠲᠣᠷᠠᠳᠬᠤ ᠶᠢ ᠬᠡᠯᠡᠨ᠎ᠡ᠂ ᠶᠡᠷᠦ ᠳᠡᠭᠡᠨ ︽ᠠᠰᠠᠭᠤᠳᠠᠯ ᠳᠣᠷᠠᠳᠬᠤ — ᠠᠰᠠᠭᠤᠳᠠᠯ ᠢ ᠵᠠᠳᠠᠯᠬᠤ — ᠠᠰᠠᠭᠤᠳᠠᠯ ᠢ ᠰᠢᠢᠳᠪᠦᠷᠢᠯᠡᠬᠦ︾ ᠪᠦᠲᠦᠴᠡ ᠪᠠᠷ ᠪᠦᠬᠦ ᠠᠭᠤᠯᠭ᠎ᠠ ᠪᠠᠨ ᠪᠢᠴᠢᠨ᠎ᠡ᠃      ︵ᠭᠤᠷᠪᠠ︶ ᠵᠠᠷᠢᠮ ᠰᠠᠨᠠᠯ ᠳᠤ ᠲᠡᠭᠦᠰᠬᠡᠯ ᠪᠢᠴᠢᠬᠦ ᠦᠭᠡᠢ᠃ ᠬᠡᠷᠪᠡ ᠳᠡᠭᠡᠳᠦ ᠱᠠᠲᠣᠨ ᠳᠤ ᠬᠦᠷᠭᠡᠵᠦ᠂ ᠬᠢᠨᠠᠨ ᠲᠣᠭᠲᠠᠭᠠᠭᠰᠠᠨ ᠤ ᠳᠠᠷᠠᠭ᠎ᠠ ᠨᠡᠩ ᠦᠷᠭᠡᠨ ᠬᠡᠪᠴᠢᠶᠡᠨ ᠳᠤ ᠬᠡᠷᠡᠭᠵᠢᠭᠦᠯᠬᠦ ᠴᠢᠬᠤᠯᠠᠲᠠᠢ ᠰᠠᠨᠠᠯ ᠪᠣᠯᠪᠠᠯ ᠶᠡᠷᠦ ᠳᠡᠭᠡᠨ ︽ᠳᠡᠭᠡᠷᠡᠬᠢ ᠰᠠᠨᠠᠯ ᠬᠡᠷᠪᠡ ᠵᠣᠬᠢᠰ ᠦᠭᠡᠢ ᠪᠣᠯ ᠁ ᠳᠤ ᠴᠣᠬᠤᠯᠠᠪᠣᠷᠢᠯᠠᠨ ᠳᠠᠮᠵᠢᠭᠤᠯᠵᠣ ᠬᠡᠷᠡᠭᠵᠢᠭᠦᠯᠬᠦ ᠪᠣᠯᠪᠠᠣ︾ ᠭᠡᠬᠦ ᠮᠡᠲᠦ ᠶᠢᠨ ᠲᠣᠰᠬᠠᠢ ᠬᠡᠯᠡᠴᠡ ᠬᠡᠷᠡᠭᠯᠡᠨ᠎ᠡ᠃      ᠳᠦᠷᠪᠡ᠂ ᠪᠢᠴᠢᠭᠡᠰᠦ᠄ ᠪᠢᠴᠢᠭ ᠢᠯᠡᠭᠡᠭᠰᠡᠨ ᠪᠠᠶᠢᠭᠤᠯᠭ᠎ᠠ ᠵᠢᠴᠢ ᠡᠳᠦᠷ ᠰᠠᠷ᠎ᠠ ᠶᠢ ᠲᠣᠳᠣᠷᠬᠠᠶᠢᠯᠠᠵᠣ᠂ ᠠᠯᠪᠠᠨ ᠲᠠᠮᠠᠭ᠎ᠠ ᠳᠠᠷᠣᠨ᠎ᠠ᠃      ᠰᠠᠨᠠᠯ ᠤᠨ ᠬᠡᠯᠪᠡᠷᠢ ᠶᠢ ᠳᠠᠷᠤᠮᠠᠯᠯᠠᠵᠤ ᠬᠡᠷᠡᠭᠯᠡᠬᠦ ᠭᠡᠪᠡᠯ᠂ ᠠᠷᠣ ᠳᠠᠬᠢ ᠪᠠᠭᠤᠯᠭᠠᠬᠤ ᠬᠡᠯᠬᠢᠶᠡᠰᠦ ᠶᠢ ᠳᠠᠷᠣᠭᠠᠷᠠᠢ︕      ᠪᠠᠭᠤᠯᠭᠠᠨ ᠳᠠᠷᠣᠮᠯᠠᠬᠤ ᠬᠡᠯᠬᠢᠶᠡᠰᠦ
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ