ᠦᠬᠠᠢ ᠬᠤᠲᠠ ᠶᠢᠨ ᠲᠣᠳᠤᠭᠠᠳᠣ ᠶᠢ ᠬᠠᠮᠠᠭᠠᠯᠠᠬᠤ ᠲᠣᠪᠴᠢᠶ᠎ᠠ ᠶᠢᠨ | ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠪᠤᠷᠢ ᠠᠩᠬᠢ ︽ᠰᠤᠷᠭᠠᠭᠤᠯᠢ ᠶᠢᠨ | ᠬᠦᠷᠢᠶᠡᠨ ᠳᠤ ᠲᠤᠭᠤᠯᠭ᠎ᠠ ᠬᠦᠷᠭᠡᠬᠦ︾ ᠠᠵᠢᠯᠯᠠᠭ᠎ᠠ ᠥᠷᠨᠢᠭᠦᠯᠪᠡ | | | ᠬᠤᠲᠠ ᠶᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠤᠨᠤᠬᠤ ᠬᠥᠮᠦᠰ ᠤᠨ ᠠᠶᠤᠯᠭᠦᠶ ᠲᠤᠭᠤᠯᠭ᠎ᠠ ᠵᠡᠭᠦᠬᠦ ᠨᠣᠷᠮ᠎ᠠ ᠶᠢ ᠤᠯᠠᠮ ᠨᠢᠭᠡ ᠠᠯᠬᠤᠮ | ᠲᠡᠭᠡᠭᠰᠢᠯᠡᠭᠦᠯᠬᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠠᠴᠠ ᠪᠣᠯᠤᠭᠰᠠᠨ ᠦᠬᠦᠵᠦ ᠰᠢᠷᠬᠠᠲᠤᠭᠰᠠᠨ ᠠᠳᠡᠯ ᠢ ᠪᠠᠭᠠᠰᠬᠠᠬᠤ ᠪᠠ ᠤᠷᠢᠳᠴᠢᠯᠠᠨ | ᠰᠡᠷᠭᠡᠶᠢᠯᠡᠬᠦ ᠶᠢᠨ ᠲᠥᠯᠥᠭᠡ᠂ ᠦᠢᠷ᠎ᠠ ᠶᠢᠨ ᠬᠤᠭᠤᠴᠠᠭᠠᠨ ᠳᠤ᠂ ᠦᠬᠠᠶ ᠬᠤᠲᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠪᠤᠷᠢ ᠠᠩᠭᠢ ᠬᠢᠭᠡᠳ ᠳᠤᠮᠳᠠᠳᠤ | ᠤᠯᠤᠰ ᠤᠨ ᠠᠷᠠᠳ ᠤᠨ ᠡᠳ᠋ ᠬᠥᠷᠥᠩᠭᠡ ᠶᠢᠨ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠦᠬᠠᠶ ᠬᠤᠲᠠ ᠳᠠᠬᠢ ᠬᠤᠪᠢᠶᠠᠷᠢ | ᠺᠣᠮᠫᠠᠨᠢ ᠲᠠᠢ ᠬᠠᠮᠲᠤᠷᠠᠨ᠂ ᠬᠤᠲᠠ ᠶᠢᠨ ᠨᠢᠭᠡᠳᠤᠭᠡᠷ ᠳᠤᠮᠳᠠᠳᠤ ᠰᠤᠷᠭᠠᠭᠤᠯᠢ ᠳᠤ ᠬᠦᠷᠴᠤ ︽ᠰᠤᠷᠭᠠᠭᠤᠯᠢ ᠶᠢᠨ ᠬᠦᠷᠢᠶᠡᠨ ᠳᠤ ᠲᠤᠭᠤᠯᠭ᠎ᠠ ᠬᠦᠷᠭᠡᠬᠦ︾ | ᠠᠵᠢᠯᠯᠠᠭ᠎ᠠ ᠶᠢ ᠥᠷᠨᠢᠭᠦᠯᠪᠡ᠃ | | ᠠᠵᠢᠯᠯᠠᠭᠠᠨ ᠤ ᠳᠤᠮᠳᠠ ᠬᠠᠶᠢᠷᠤᠪ ᠤᠨ ᠳᠣᠬᠤᠢ ᠲᠤᠭᠤᠷᠢᠭ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠶᠢᠨ ᠴᠠᠭᠳᠠᠭ᠎ᠠ ᠳᠠᠶᠢᠴᠢᠯᠠᠯᠲᠠ ᠶᠢᠨ | ᠶᠠᠷᠢᠶ᠎ᠠ ᠲᠠᠯᠪᠢᠵᠤ᠂ ᠪᠥᠬᠦ ᠰᠤᠷᠤᠭᠴᠢᠳ ᠲᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠠᠷ ᠶᠠᠪᠤᠵᠤ ᠰᠠᠭᠤᠬᠤ ᠳᠤ ᠪᠠᠨ ᠠᠮᠤᠷ ᠲᠦᠪᠰᠢᠨ ᠤ ᠲᠤᠭᠤᠯᠭ᠎ᠠ | ᠵᠡᠭᠦᠵᠤ ᠂ ᠵᠠᠮ ᠬᠠᠷᠢᠯᠴᠠᠭᠠᠨ ᠤ ᠲᠦᠷᠢᠮ ᠢ ᠴᠢᠩᠭ᠎ᠠ ᠵᠢᠷᠤᠮᠯᠠᠵᠤ᠂ ᠠᠮᠤᠷ ᠲᠦᠪᠰᠢᠨ ᠪᠣᠯᠪᠠᠰᠤᠨ ᠢᠶᠠᠷ ᠠᠶᠠᠯᠠᠬᠤ ᠶᠢ ᠰᠠᠨᠠᠭᠤᠯᠪᠠ᠃ ᠳᠤᠮᠳᠠᠳᠤ ᠤᠯᠤᠰ ᠤᠨ | ᠬᠥᠮᠦᠨ ᠤ ᠡᠳ᠋ ᠤᠨ ᠲᠠᠭᠠᠳᠬᠠᠯ ᠤᠨ ᠺᠤᠮᠫᠠᠨᠢ ᠦᠬᠠᠶ ᠬᠤᠲᠠ ᠶᠢᠨ ᠬᠤᠪᠢᠶᠠᠷᠢ ᠺᠣᠮᠫᠠᠨᠢ ᠠᠴᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠶᠤᠯᠭᠦᠶ | ᠲᠤᠭᠤᠯᠭ᠎ᠠ ᠶᠢ ᠮᠣᠷᠠᠯ ᠰᠤᠷᠤᠯᠭ᠎ᠠ ᠪᠠᠷ ᠰᠢᠯᠢᠳᠡᠭ᠂ ᠭᠡᠷ ᠪᠦᠯᠢ ᠨᠢ ᠬᠦᠴᠢᠷᠳᠡᠯᠲᠡᠶ 500 ᠰᠤᠷᠤᠭᠴᠢ ᠳᠤ ᠪᠡᠯᠡᠭᠯᠡᠨ ᠵᠤᠷᠢᠭᠵᠢᠭᠤᠯᠬᠤ ᠶᠢᠨ ᠬᠠᠮᠲᠤ ᠴᠠᠬᠢᠯᠭᠠᠨ | ᠬᠥᠳᠡᠯᠭᠡᠭᠦᠷᠲᠦ ᠳᠤᠭᠤᠶ ᠲᠡᠷᠭᠡ ᠤᠨᠤᠬᠤ ᠳᠤ ᠠᠶᠤᠯᠭᠦᠶ ᠳᠤᠭᠤᠯᠠᠭ᠎ᠠ ᠵᠡᠭᠦᠬᠦ ᠰᠠᠨᠠᠭᠠᠴᠢᠯᠠᠭ᠎ᠠ ᠶᠢ ᠳᠤᠷᠠᠳᠤᠨ ᠭᠠᠷᠭᠠᠪᠠ᠃ | | ᠳᠠᠷᠠᠭ᠎ᠠ ᠠᠯᠬᠤᠮ ᠳᠤ᠂ ᠦᠬᠠᠶ ᠬᠤᠲᠠ ᠶᠢᠨ ᠵᠠᠮ ᠬᠠᠷᠢᠯᠴᠠᠭᠠᠨ ᠤ ᠴᠠᠭᠳᠠᠭᠠᠨ ᠤ ᠰᠠᠯᠪᠤᠷᠢ ᠠᠩᠭᠢ ᠦᠷᠭᠦᠯᠵᠢᠯᠡᠨ ᠳᠠᠭᠠᠳᠬᠠᠯ ᠤᠨ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠬᠠᠮᠲᠤᠷᠠᠨ ᠦᠬᠠᠶ ᠬᠤᠲᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ᠂ ᠠᠷᠪᠠᠳᠤᠭᠠᠷ ᠳᠤᠮᠳᠠᠳᠤ ᠰᠤᠷᠭᠠᠭᠤᠯᠢ ᠳᠤ | ︽ᠰᠤᠷᠭᠠᠭᠤᠯᠢ ᠶᠢᠨ ᠬᠦᠷᠢᠶᠡᠨ ᠳᠤ ᠲᠤᠭᠤᠯᠭ᠎ᠠ ᠬᠦᠷᠭᠡᠬᠦ ︾ ᠠᠵᠢᠯᠯᠠᠭ᠎ᠠ ᠥᠷᠨᠢᠭᠦᠯᠵᠦ᠂ ᠲᠡᠭᠡᠷᠡᠬᠢ ᠭᠤᠷᠪᠠᠨ ᠰᠤᠷᠭᠠᠭᠤᠯᠢ ᠳᠤ ᠨᠡᠶᠢᠳᠡ 1500 ᠴᠠᠬᠢᠯᠭᠠᠨ | ᠬᠥᠳᠡᠯᠭᠡᠭᠦᠷᠲᠦ ᠲᠡᠷᠭᠡᠨ ᠤ ᠠᠶᠤᠯᠭᠦᠶ ᠲᠤᠭᠤᠯᠭ᠎ᠠ ᠪᠡᠯᠡᠭᠯᠡᠪᠡ᠃ |