4.6 ᠳ᠋ᠦᠩᠰᠢᠭᠤᠷ ᠲᠥᠭᠦᠷᠢᠭ︕ ᠥᠪᠥᠷ ᠮᠣᠩᠭᠤᠯ ᠤᠨ ᠴᠠᠭᠳᠠᠭᠠᠨ ᠤ ᠲᠠᠯ᠎ᠠ ᠶᠢᠨ ᠬᠢᠨ ᠰᠦᠯᠵᠢᠶᠡᠨ ᠳᠡᠭᠡᠷ᠎ᠡ ᠵᠣᠭᠤᠰ ᠮᠦᠷᠦᠶᠢᠴᠡᠭᠰᠡᠨ ᠣᠨᠴᠠ ᠶᠡᠭᠡ ᠬᠡᠷᠡᠭ ᠢ  ᠢᠯᠡᠷᠡᠬᠦᠯᠪᠡ
ᠨᠡᠶᠢᠲᠡᠯᠡᠭᠰᠡᠨ ᠴᠠᠭ᠄
2020/12/31
       4.6 ᠳ᠋ᠦᠩᠰᠢᠭᠤᠷ ᠲᠥᠭᠦᠷᠢᠭ︕ ᠥᠪᠥᠷ ᠮᠣᠩᠭᠤᠯ ᠤᠨ ᠴᠠᠭᠳᠠᠭᠠᠨ ᠤ ᠲᠠᠯ᠎ᠠ ᠶᠢᠨ ᠬᠢᠨ        ᠰᠦᠯᠵᠢᠶᠡᠨ ᠳᠡᠭᠡᠷ᠎ᠡ ᠵᠣᠭᠤᠰ ᠮᠦᠷᠦᠶᠢᠴᠡᠭᠰᠡᠨ ᠣᠨᠴᠠ ᠶᠡᠭᠡ ᠬᠡᠷᠡᠭ ᠢ  ᠢᠯᠡᠷᠡᠬᠦᠯᠪᠡ      ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠬᠤᠲᠠ ᠶᠢᠨ ᠯᠢᠨᠾᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠣᠶᠢᠯᠠᠭᠠᠭᠰᠠᠨ ᠨᠢ᠂ ᠬᠡᠷᠡᠭ  ᠰᠢᠢᠳᠪᠦᠷᠢᠯᠡᠬᠦ ᠠᠷᠠᠳ ᠤᠨ ᠴᠠᠭᠳᠠᠭ᠎ᠠ ᠣᠷᠴᠢᠮᠬᠠᠨ ᠳᠤ ᠰᠦᠯᠵᠢᠶᠡᠨ ᠳᠡᠭᠡᠷ᠎ᠡ ᠵᠣᠭᠤᠰ ᠮᠦᠷᠦᠶᠢᠴᠡᠭᠰᠡᠨ ᠣᠨᠴᠠ ᠶᠡᠭᠡ ᠬᠡᠷᠡᠭ ᠢ ᠢᠯᠡᠷᠡᠭᠦᠯᠵᠦ᠂ ᠲᠤᠰ ᠬᠡᠷᠡᠭ ᠤᠨ ᠬᠡᠷᠡᠭ ᠲᠤ ᠬᠤᠯᠪᠣᠭᠳᠠᠭᠰᠠᠨ ᠵᠣᠭᠤᠰ 4.6 ᠳ᠋ᠦᠩᠰᠢᠭᠤᠷ ᠲᠥᠭᠦᠷᠢᠭ ᠲᠤ ᠬᠦᠷᠴᠡᠶ᠃      ᠡᠨᠡ ᠵᠢᠯ ᠤᠨ 7 ᠰᠠᠷ᠎ᠠ ᠶᠢᠨ ᠡᠬᠢ ᠪᠠᠷ᠂ ᠲᠤᠰ ᠲᠣᠪᠴᠢᠶᠠᠨ ᠤ ᠡᠷᠡᠭᠦᠤ ᠶᠢᠨ ᠬᠡᠷᠡᠭ ᠢ ᠲᠠᠩᠨᠠᠨ ᠪᠠᠶᠢᠴᠠᠭᠠᠬᠤ ᠶᠡᠭᠡ ᠠᠩᠭᠢ ᠬᠤᠲᠠ ᠶᠢᠨ ᠠᠷᠠᠳ ᠤᠨ ᠬᠡᠷᠡᠭ ᠮᠡᠳᠡᠭᠦᠯᠦᠯᠲᠡ ᠶᠢ ᠲᠣᠰᠪᠠ᠂ ᠤᠤᠯ ᠨᠢ᠂ ᠡᠭᠦᠨ ᠠᠴᠠ ᠡᠮᠦᠨ᠎ᠡ ᠡᠨᠡ ᠬᠦ ᠬᠤᠲᠠ ᠶᠢᠨ ᠠᠷᠠᠳ ᠵᠣᠭᠤᠭᠳᠠᠬᠤ ᠵᠥᠭᠡᠯᠡᠨ ᠲᠣᠨᠤᠭ ᠳᠡᠭᠡᠷ᠎ᠡ ᠨᠢᠭᠡ ᠰᠦᠯᠵᠢᠶᠡᠨ ᠨᠠᠶᠢᠵᠠ ᠲᠠᠢ  ᠲᠠᠨᠢᠯᠴᠠᠵᠤ᠂ ᠡᠨᠡ ᠨᠠᠶᠢᠵᠠ ᠶᠢᠨ ᠲᠠᠨᠢᠯᠴᠠᠭᠤᠯᠭ᠎ᠠ ᠪᠠᠷ᠂ ᠲᠡᠷᠡ ᠭᠠᠷ ᠤᠲᠠᠰᠤᠨ ᠳᠣᠲᠣᠷ᠎ᠠ ᠪᠠᠨ ᠵᠣᠭᠤᠰ ᠮᠦᠷᠦᠶᠢᠴᠡᠬᠦ ᠣᠯᠠᠨ ᠵᠦᠢᠯ ᠤᠨ ᠵᠥᠭᠡᠯᠡᠨ ᠲᠣᠨᠤᠭ ᠪᠠᠭᠤᠯᠭᠠᠵᠤ᠂ ᠪᠠᠰᠠ ᠵᠣᠭᠤᠰ ᠮᠦᠷᠦᠶᠢᠴᠡᠬᠦ ᠠᠵᠢᠯᠯᠠᠭ᠎ᠠ ᠳᠤ ᠣᠷᠣᠯᠴᠠᠭᠠᠳ ᠨᠡᠶᠢᠲᠡ 3 ᠲᠦᠮᠡ ᠭᠠᠷᠤᠶ ᠲᠥᠭᠦᠷᠢᠭ ᠤᠨ ᠮᠦᠷᠦᠶᠢᠴᠡᠭᠡᠨ ᠤ ᠪᠡᠯᠡ ᠣᠷᠤᠭᠤᠯᠪᠠ᠃      ᠬᠡᠷᠡᠭ ᠤᠨ ᠮᠡᠳᠡᠭᠦᠯᠦᠯᠲᠡ ᠶᠢ ᠲᠣᠰᠣᠭᠰᠠᠨ ᠤ ᠲᠠᠷᠠᠭ᠎ᠠ᠂ ᠲᠤᠰ ᠲᠣᠪᠴᠢᠶ᠎ᠠ ᠲᠡᠷᠡ ᠳᠠᠷᠤᠶ ᠳᠤᠨᠢ ᠲᠤᠰᠬᠠᠶ ᠬᠡᠷᠡᠭ ᠤᠨ ᠳᠤᠭᠤᠶᠢᠯᠠᠩ ᠪᠠᠶᠢᠭᠤᠯᠵᠤ᠂ ᠬᠡᠷᠡᠭ ᠢ ᠲᠠᠩᠨᠠᠨ ᠪᠠᠶᠢᠴᠠᠭᠠᠬᠤ ᠠᠵᠢᠯ ᠢ ᠪᠦᠬᠦ ᠬᠦᠴᠦ ᠪᠠᠷ ᠢᠶᠠᠨ ᠥᠷᠨᠢᠭᠦᠯᠪᠡ᠃ ᠪᠠᠶᠢᠴᠠᠭᠠᠬᠤ ᠪᠠᠷ ᠳᠡᠮᠵᠢᠨ᠂ ᠲᠣᠰ ᠬᠡᠷᠡᠭ ᠪᠣᠯ ᠨᠢᠭᠡ ᠤᠳᠠᠭᠠᠨ ᠤ ᠵᠣᠭᠤᠭᠳᠠᠬᠤ ᠵᠥᠭᠡᠯᠡᠨ ᠲᠣᠨᠤᠭ ᠲᠤ ᠲᠦᠰᠢᠭᠯᠡᠨ ᠵᠣᠭᠤᠰ ᠮᠦᠷᠦᠶᠢᠴᠡᠬᠦ ᠲᠣᠣᠷ ᠱᠤᠭᠤᠮ ᠬᠦᠭᠵᠢᠭᠦᠯᠵᠦ᠂ ᠪᠠᠩᠬᠢ ᠶᠢᠨ ᠺᠠᠷᠲ᠂ ᠭᠤᠷᠪᠠᠳᠠᠬᠢ ᠡᠲᠡᠭᠡᠳ ᠤᠨ ᠲᠣᠭᠠᠴᠠᠭ᠎ᠠ ᠬᠢᠬᠦ ᠰᠢᠰᠲ᠋ᠧᠮ ᠢᠶᠠᠷ ᠳᠡᠮᠵᠢᠨ ᠮᠦᠷᠦ᠋ᠢᠴᠡᠳᠡᠭ ᠬᠢᠯᠢ ᠠᠯᠤᠰᠯᠠᠭᠰᠠᠨ ᠡᠪᠰᠡᠯ ᠪᠦᠯᠦᠭ ᠮᠦᠨ᠃ ᠲᠤᠰ ᠶᠠᠯᠠᠲᠤ ᠪᠦᠯᠬᠦᠮ ᠬᠢᠯᠢ ᠶᠢᠨ ᠭᠠᠳᠠᠨ᠎ᠠ ᠦᠢᠯᠡᠴᠢᠯᠡᠭᠦᠷ ᠤᠭᠰᠠᠷᠠᠵᠤ᠂ ᠵᠣᠭᠤᠰ ᠮᠦᠷᠦᠶᠢᠴᠡᠬᠦ ᠲᠤᠰᠬᠠᠶ ᠭᠠᠷ ᠤᠲᠠᠰᠤᠨ ᠤ ᠬᠡᠷᠡᠭᠯᠡᠭᠡᠨ ᠤ ᠵᠥᠭᠡᠯᠡᠨ ᠲᠣᠨᠤᠭ ᠦᠢᠯᠡᠳᠴᠦ᠂ ᠬᠢᠯᠢ ᠶᠢᠨ ᠳᠣᠲᠣᠷ᠎ᠠ ᠣᠯᠠᠨ ᠲᠡᠰ ᠤᠨ ᠣᠷᠣᠯᠠᠭᠴᠢ ᠡᠯᠰᠡᠵᠦ᠂ ᠰᠦᠯᠵᠢᠶᠡᠨ ᠥᠷᠲᠡᠭᠡᠨ ᠤ ᠳᠠᠩᠰᠠᠯᠠᠭᠤᠯᠤᠭᠰᠠᠨ ᠭᠡᠰᠢᠭᠦᠨ ᠮᠠᠰᠢ ᠣᠯᠠᠨ᠂ ᠬᠡᠷᠡᠭ ᠲᠤ ᠬᠤᠯᠪᠣᠭᠳᠠᠭᠰᠠᠨ ᠵᠣᠭᠤᠰ ᠮᠦᠷᠦᠶᠢᠴᠡᠭᠰᠡᠨ ᠪᠡᠯᠡ ᠮᠦᠩᠭᠦᠨ ᠤ ᠤᠷᠤᠰᠬᠠᠯ 4.6 ᠳ᠋ᠦᠩᠰᠢᠭᠤᠷ ᠲᠥᠭᠦᠷᠢᠭ ᠲᠤ ᠬᠦᠷᠴᠦ᠂ ᠶᠠᠯ᠎ᠠ ᠬᠢᠭᠰᠡᠨ ᠰᠡᠵᠢᠭᠳᠡᠨ ᠭᠤᠸᠠᠩᠳᠦ᠋ᠩ᠂ ᠹᠦᠵᠢᠶᠠᠨ᠂ ᠱᠠᠨ ᠰᠢ ᠵᠡᠷᠭᠡ ᠭᠠᠵᠠᠷ ᠢᠶᠠᠷ ᠲᠠᠷᠬᠠᠵᠤ ᠪᠠᠶᠢᠬᠤ ᠶᠢ ᠤᠯᠵᠤ ᠮᠡᠲᠡᠵᠡᠢ᠃      ᠲᠤᠰᠬᠠᠶ ᠬᠡᠷᠡᠭ ᠤᠨ ᠳᠤᠭᠤᠶᠢᠯᠠᠩ ᠲᠦᠷᠦᠭᠦᠬᠡᠨ ᠣᠯᠠᠨ ᠭᠠᠵᠠᠷ ᠲᠤ ᠵᠡᠷᠭᠡᠪᠡᠷ ᠳᠠᠭᠠᠷᠢᠯᠲᠠ ᠶᠠᠪᠤᠭᠤᠯᠤᠨ᠂ ᠭᠡᠮᠲᠡᠨ ᠢ ᠪᠦᠰᠡᠯᠡᠨ ᠪᠠᠷᠢᠪᠴᠢᠯᠠᠵᠤ᠂ ᠨᠡᠶᠢᠲᠡ 12 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠨ᠂ ᠲᠤᠬᠠᠶ ᠶᠢᠨ ᠲᠠᠯᠠᠪᠠᠶ ᠠᠴᠠ ᠨᠢᠭᠡ ᠪᠦᠯᠦᠭ ᠺᠣᠮᠫᠢᠦ᠋ᠲ᠋ᠧᠷ᠂ ᠭᠠᠷ ᠤᠲᠠᠰᠤ᠂ ᠪᠠᠩᠬᠢ ᠶᠢᠨ ᠺᠠᠷᠲ ᠵᠡᠷᠭᠡ ᠬᠡᠷᠡᠭ ᠤᠨ ᠪᠠᠭᠠᠵᠢ ᠬᠡᠷᠡᠭᠰᠡᠯ ᠢ ᠪᠠᠶᠢᠴᠠᠭᠠᠨ ᠣᠯᠵᠤ᠂ ᠬᠡᠷᠡᠭ ᠲᠤ ᠬᠤᠯᠪᠣᠭᠳᠠᠭᠰᠠᠨ ᠪᠠᠩᠬᠢ ᠶᠢᠨ ᠳᠠᠩᠰᠠ ᠪᠣᠯᠤᠨ ᠭᠤᠷᠪᠠᠲᠠᠬᠢ ᠡᠲᠡᠭᠡᠳ ᠤᠨ ᠲᠣᠭᠠᠴᠠᠭ᠎ᠠ ᠬᠢᠬᠦ ᠳᠠᠩᠰᠠ ᠶᠢ 1000 ᠰᠢᠬᠠᠮ ᠶᠢ ᠪᠠᠶᠢᠴᠠᠭᠠᠨ ᠦᠯᠡᠳᠡᠭᠡᠵᠦ ᠴᠡᠪᠳᠡᠭᠯᠡᠬᠦ ᠶᠢᠨ ᠬᠠᠮᠲᠤ ᠬᠡᠷᠡᠭ ᠲᠤ ᠬᠤᠯᠪᠣᠭᠳᠠᠭᠰᠠᠨ ᠦᠯᠡᠮᠵᠢ ᠣᠯᠠᠨ ᠪᠡᠯᠡ ᠮᠥᠩᠭᠦ ᠶᠢ ᠴᠡᠪᠳᠡᠭᠯᠡᠪᠡ      ᠣᠳᠣᠬᠠᠨ ᠳᠤ᠂ ᠬᠡᠷᠡᠭ ᠢ ᠪᠠᠰᠠ ᠰᠢᠢᠳᠪᠦᠷᠢᠯᠡᠵᠦ ᠪᠠᠶᠢᠨ᠎ᠠ᠃  ︵ᠰᠤᠷᠪᠤᠯᠵᠢᠯᠠᠭᠴᠢ ᠯᠢᠦ ᠢ ᠳ᠋ᠧ︶      ᠢᠷᠡᠯᠲᠡ᠄ http://mongol.people.com.cn/15829188.html
ᠢᠷᠡᠯᠲᠡ᠄ ᠠᠷᠠᠳ ᠤᠨ ᠡᠳᠦᠷ ᠤᠨ ᠰᠣᠨᠢᠨ