ᠥᠪᠥᠷ ᠮᠣᠩᠭᠤᠯ ᠰᠤᠷᠭᠠᠨ ᠬᠥᠮᠦᠵᠢᠯ ᠤᠨ ᠰᠢᠰᠲ᠋ᠧᠮ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠮᠢᠩᠭ᠎ᠠ ᠭᠠᠷᠤᠶ ᠨᠠᠮ ᠤᠨ ᠭᠡᠰᠢᠭᠦᠨ ᠺᠠᠳ᠋ᠷ ᠲᠤ ᠰᠢᠳᠬᠡᠯ ᠥᠭᠪᠡ — ᠬᠡᠷᠡᠭ ᠢᠶᠠᠷ ᠲᠣᠯᠢ ᠪᠣᠯᠭᠠᠵᠤ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠪᠡ
ᠨᠡᠶᠢᠲᠡᠯᠡᠭᠰᠡᠨ ᠴᠠᠭ᠄
2020/12/31
     ᠥᠪᠥᠷ ᠮᠣᠩᠭᠤᠯ ᠰᠤᠷᠭᠠᠨ ᠬᠥᠮᠦᠵᠢᠯ ᠤᠨ ᠰᠢᠰᠲ᠋ᠧᠮ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ      ᠵᠥᠷᠢᠴᠡᠭᠰᠡᠨ ᠮᠢᠩᠭ᠎ᠠ ᠭᠠᠷᠤᠶ ᠨᠠᠮ ᠤᠨ ᠭᠡᠰᠢᠭᠦᠨ ᠺᠠᠳ᠋ᠷ ᠲᠤ ᠰᠢᠳᠬᠡᠯ ᠥᠭᠪᠡ —      ᠬᠡᠷᠡᠭ ᠢᠶᠠᠷ ᠲᠣᠯᠢ ᠪᠣᠯᠭᠠᠵᠤ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠪᠡ      ︽ᠤᠯᠤᠰ ᠤᠨ ᠡᠷᠬᠢᠮ ᠨᠠᠨᠳᠢᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠤᠷᠣᠬᠠᠶᠢᠰᠢᠭᠤᠯᠤᠭᠰᠠᠨ ᠢᠶᠠᠷ ᠪᠠᠷᠠᠬᠤ ᠦᠭᠡᠢ᠂ ᠰᠤᠷᠭᠠᠨ ᠬᠥᠮᠦᠵᠢᠯ ᠤᠨ ᠰᠢᠰᠲ᠋ᠧᠮ ᠤᠨ ᠤᠯᠤᠰ ᠲᠥᠷᠥ ᠶᠢᠨ ᠠᠮᠢ ᠠᠬᠤᠶ ᠶᠢ ᠡᠪᠳᠡᠵᠦ᠂ ᠠᠷᠠᠳ ᠲᠦᠮᠡᠨ ᠤ ᠬᠦᠰᠡᠯ ᠡᠷᠡᠮᠡᠯᠵᠡᠯ ᠢ ᠬᠥᠰᠡᠷᠳᠡᠭᠦᠯᠵᠡᠶ︾ ︽ᠭᠦᠨᠵᠡᠭᠡᠶ ᠰᠤᠷᠭᠠᠮᠵᠢ ᠠᠪᠴᠤ᠂ ᠭᠦᠨᠵᠡᠭᠡᠶ ᠰᠡᠳᠬᠢᠭᠦᠰᠢᠲᠡᠶ︾ ᠁ 12 ᠰᠠᠷ᠎ᠠ ᠶᠢᠨ 9 ᠤ ᠡᠳᠦᠷ᠂ ᠪᠦᠬᠦ ᠣᠷᠣᠨ ᠤ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠢᠭᠰᠡᠨ ᠤ ᠬᠠᠭᠠᠰ ᠰᠠᠷ᠎ᠠ ᠶᠢᠨ ᠳᠠᠷᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠰᠡᠷᠡᠮᠵᠢᠯᠡᠭᠦᠯᠦᠨ ᠬᠥᠮᠦᠵᠢᠭᠦᠯᠬᠦ ᠶᠡᠭᠡ ᠬᠤᠷᠠᠯ ᠢ ᠳᠠᠬᠢᠨᠲᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠨᠡᠶᠢᠲᠡᠯᠢᠭ ᠬᠡᠷᠡᠭ ᠢ ᠵᠠᠷᠯᠠᠨ ᠵᠠᠳᠠᠯᠵᠤ᠂ ᠰᠤᠷᠭᠠᠨ ᠬᠥᠮᠦᠵᠢᠯ ᠤᠨ ᠰᠢᠰᠲ᠋ᠧᠮ ᠢ ᠰᠡᠷᠡᠮᠵᠢᠯᠡᠭᠦᠯᠬᠦ ᠬᠥᠮᠦᠵᠢᠯ ᠤᠨ ᠠᠵᠢᠯ ᠢ  ᠪᠠᠶᠢᠩᠭᠤᠵᠢᠭᠤᠯᠤᠨ ᠥᠷᠨᠢᠭᠦᠯᠬᠦ ᠳᠤ ᠳᠠᠶᠢᠴᠢᠯᠠᠯᠲᠠ ᠶᠢᠨ ᠴᠢᠨᠠᠷᠲᠠᠢ ᠪᠠᠶᠢᠷᠢᠯᠠᠭᠤᠯᠤᠯᠲᠠ ᠬᠢᠵᠦ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠳᠠᠬᠢ ᠵᠢᠷᠦᠬᠡ ᠶᠢ ᠰᠢᠮᠰᠢᠷᠡᠭᠦᠯᠦᠮ᠎ᠡ ᠭᠡᠮᠰᠢᠯ᠂ ᠬᠡᠷᠡᠭ ᠤᠨ ᠵᠠᠳᠠᠯᠤᠯᠲᠠ ᠶᠢᠨ ᠮᠡᠳᠡᠭᠦᠯᠦᠯᠲᠡ ᠳᠠᠬᠢ ᠰᠡᠷᠡᠮᠵᠢᠯᠡᠭᠦᠯᠦᠯ ᠤᠨ ᠴᠢᠨᠠᠷᠲᠠᠢ ᠦᠭᠡ ᠶᠠᠷᠢᠶ᠎ᠠ ᠨᠢ ᠬᠤᠷᠠᠯ ᠳᠤ ᠣᠷᠣᠯᠴᠠᠭᠰᠠᠳ ᠢ ᠭᠦᠨ ᠰᠡᠷᠡᠮᠵᠢᠯᠡᠭᠦᠯᠦᠭᠰᠡᠨ ᠪᠠᠶᠢᠨ᠎ᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠰᠤᠷᠭᠠᠨ ᠬᠥᠮᠦᠵᠢᠯ ᠤᠨ ᠰᠢᠰᠲ᠋ᠧᠮ ᠳᠤ ᠣᠷᠣᠰᠢᠵᠤ ᠪᠠᠶᠢᠭ᠎ᠠ ᠢᠯᠵᠠᠷᠠᠯ ᠤᠨ ᠠᠰᠠᠭᠤᠳᠠᠯ ᠪᠣᠯᠤᠨ ᠲᠥᠪ ᠪᠤᠰᠤ ᠰᠤᠷᠲᠠᠯ ᠳᠤ ᠴᠢᠭᠯᠡᠭᠦᠯᠦᠨ᠂ ᠬᠢᠨᠠᠯᠲᠠ ᠲᠠᠯᠪᠢᠬᠤ᠂ ᠰᠠᠬᠢᠯᠭ᠎ᠠ ᠪᠠᠲᠤ ᠬᠡᠷᠡᠭᠵᠢᠭᠦᠯᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠣᠯᠠᠨ ᠲᠦᠮᠡᠨ ᠤ ᠲᠤᠰᠬᠠᠯ ᠴᠢᠩᠭ᠎ᠠ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠨᠦᠯᠦᠭᠡᠯᠡᠵᠦ ᠪᠠᠶᠢᠭ᠎ᠠ ᠳᠣᠪᠤᠶᠢᠮ᠎ᠠ ᠠᠰᠠᠭᠤᠳᠠᠯ ᠢ ᠡᠷᠡᠰ ᠪᠠᠶᠢᠴᠠᠭᠠᠨ ᠰᠢᠢᠳᠪᠦᠷᠢᠯᠡᠵᠡᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ᠂ ᠨᠡᠶᠢᠲᠡ 1230 ᠬᠥᠮᠦᠨ ᠢ ᠬᠡᠷᠡᠭ ᠪᠣᠯᠭᠠᠨ ᠳᠠᠩᠰᠠᠯᠠᠵᠤ᠂ 1182 ᠬᠥᠮᠦᠨ ᠳᠤ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠳᠬᠡᠯ ᠥᠭᠴᠦ᠂ 100 ᠬᠥᠮᠦᠨ ᠢ ᠵᠣᠬᠢᠶᠠᠨ  ᠪᠠᠶᠢᠭᠤᠯᠤᠯᠲᠠ ᠠᠴᠠ ᠰᠢᠢᠳᠪᠦᠷᠢᠯᠡᠨ᠂ 35 ᠬᠥᠮᠦᠨ ᠢ ᠬᠠᠤᠯᠢ ᠪᠠᠷᠢᠬᠤ ᠪᠠᠶᠢᠭᠤᠯᠭ᠎ᠠ ᠳᠤ ᠰᠢᠯᠵᠢᠭᠦᠯᠦᠨ ᠥᠭᠪᠡ᠃      ︽ᠮᠢᠨᠦ ᠶᠠᠪᠤᠵᠤ ᠥᠩᠭᠡᠷᠡᠭᠰᠡᠨ ᠭᠠᠵᠢᠭᠤ ᠵᠠᠮ ᠢᠶᠠᠷ ᠲᠠ ᠨᠠᠷ ᠶᠠᠭᠠᠬᠢᠭᠰᠠᠨ ᠴᠤ ᠪᠢᠲᠡᠭᠡᠢ ᠶᠠᠪᠤᠭᠠᠷᠠᠢ᠂  ᠭᠡᠮᠰᠢᠨ᠎ᠡ ᠰᠢᠦ︾ ᠭᠡᠵᠦ ᠡᠩ ᠲᠡᠷᠢᠭᠦᠨ ᠳᠤ ᠨᠡᠪᠲᠡᠷᠡᠭᠦᠯᠦᠭᠰᠡᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ︽ᠶᠡᠭᠡ ᠳᠡᠭᠡᠳᠦ ᠰᠤᠷᠭᠠᠭᠤᠯᠢ ᠶᠢᠨ ᠠᠰᠠᠭᠤᠯᠲᠠ︾ ᠳᠤ᠂ ᠥᠪᠥᠷ ᠮᠣᠩᠭᠤᠯ ᠤᠨ ᠰᠢᠨᠵᠢᠯᠡᠭᠡ ᠮᠡᠷᠭᠡᠵᠢᠯ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠤᠤᠯ ᠤᠨ ᠱᠦᠵᠢ ᠯᠢ ᠪᠦᠦ ᠠᠨ ᠵᠡᠷᠭᠡ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠰᠤᠷᠭᠠᠨ ᠬᠥᠮᠦᠵᠢᠯ ᠤᠨ ᠰᠢᠰᠲ᠋ᠧᠮ ᠤᠨ ᠨᠢᠭᠡ ᠪᠦᠯᠦᠭ ᠺᠠᠳ᠋ᠷ ᠪᠡᠶ᠎ᠡ ᠪᠠᠷ ᠢᠶᠠᠨ ᠬᠠᠥᠯᠢ ᠶᠠᠷᠢᠵᠤ᠂ ᠬᠤᠷᠠᠯ ᠳᠤ ᠣᠷᠣᠯᠴᠠᠭᠰᠠᠳ ᠢ ᠶᠡᠬᠡᠳᠡ ᠳᠣᠩᠰᠣᠯᠭᠠᠪᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠣᠶᠢᠷ᠎ᠠ ᠶᠢᠨ ᠵᠢᠯ ᠤᠨ ᠲᠤᠷᠰᠢ ᠪᠠᠶᠢᠴᠠᠭᠠᠨ ᠰᠢᠢᠳᠪᠦᠷᠢᠯᠡᠭᠰᠡᠨ ᠰᠤᠷᠭᠠᠨ ᠬᠥᠮᠦᠵᠢᠯ ᠤᠨ ᠰᠢᠰᠲ᠋ᠧᠮ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠬᠡᠰᠡᠭ ᠨᠡᠶᠢᠲᠡᠯᠢᠭ ᠬᠡᠷᠡᠭ ᠤᠨ ᠵᠢᠱᠢᠶ᠎ᠡ ᠪᠠᠷ  ᠨᠠᠶᠢᠷᠠᠭᠤᠯᠤᠨ ᠵᠣᠬᠢᠶᠠᠭᠰᠠᠨ ︽ᠶᠡᠭᠡ ᠳᠡᠭᠡᠳᠦ ᠰᠤᠷᠭᠠᠭᠤᠯᠢ ᠶᠢᠨ ᠠᠰᠠᠭᠤᠯᠲᠠ︾ ᠨᠢ ᠲᠤᠬᠠᠶ ᠶᠢᠨ ᠬᠥᠮᠦᠨ ᠤ ᠡᠷᠭᠢᠴᠡᠭᠦᠯᠦᠨ ᠭᠡᠮᠰᠢᠬᠦ᠂ ᠬᠡᠷᠡᠭ ᠰᠢᠢᠳᠪᠦᠷᠢᠯᠡᠬᠦ ᠬᠤᠯᠪᠣᠭᠳᠠᠯ ᠪᠦᠬᠦᠢ ᠠᠵᠢᠯᠲᠠᠨ ᠪᠠ ᠬᠤᠪᠢᠳᠠᠨ ᠬᠠᠮᠢᠶᠠᠷᠬᠤ ᠤᠳᠤᠷᠢᠳᠬᠤ ᠺᠠᠳ᠋ᠷ ᠵᠡᠷᠭᠡ ᠶᠢᠨ ᠵᠠᠳᠠᠯᠤᠨ ᠰᠢᠨᠵᠢᠯᠡᠵᠦ ᠦᠨᠡᠯᠡᠬᠦ᠂ ᠨᠠᠷᠢᠯᠢᠭ ᠳᠣᠪᠣᠶᠢᠮ᠎ᠠ ᠬᠠᠵᠠᠭᠤ ᠶᠢᠨ ᠲᠠᠶᠢᠯᠪᠤᠷᠢ  ᠵᠢᠴᠢ ᠥᠩᠭᠡᠷᠡᠭᠰᠡᠨ ᠤ ᠵᠣᠯ ᠵᠢᠷᠭᠠᠯᠲᠤ ᠠᠮᠢᠳᠤᠷᠠᠯ ᠪᠣᠯᠤᠨ ᠳᠥᠷᠪᠡᠨ ᠲᠠᠯ᠎ᠠ  ᠪᠠᠷ ᠬᠦᠷᠢᠶᠡᠯᠡᠭᠰᠡᠨ ᠥᠨᠳᠥᠷ ᠬᠡᠷᠡᠮ ᠤᠨ ᠳᠣᠲᠣᠷᠠᠬᠢ ᠴᠢᠩᠭ᠎ᠠ ᠬᠠᠷᠢᠴᠠᠭᠤᠯᠤᠯ ᠢᠶᠠᠷ ᠳᠠᠮᠵᠢᠭᠤᠯᠤᠨ᠂ ᠦᠩᠭᠡᠨ ᠲᠠᠯ᠎ᠠ ᠪᠠ ᠭᠦᠨ ᠳᠣᠲᠤᠭᠠᠳᠤ ᠶᠢᠨ ᠪᠠᠶᠢᠳᠠᠯ ᠢ ᠵᠠᠳᠠᠯᠵᠤ᠂ ᠶᠣᠰᠣ ᠤᠴᠢᠷ ᠢ ᠶᠠᠷᠢᠵᠤ ᠦᠨᠡᠨ ᠮᠦᠨ ᠢ ᠨᠢ ᠲᠣᠭᠠᠴᠢᠨ᠂ ᠰᠡᠷᠡᠮᠵᠢᠯᠡᠭᠦᠯᠬᠦ ᠬᠥᠮᠦᠵᠢᠯ ᠢ ᠨᠠᠩ ᠠᠮᠢᠳᠤᠯᠢᠭ ᠪᠣᠯᠭᠠᠵᠠᠢ᠃      ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠯᠢ ᠪᠦᠦ ᠠᠨ᠂ ᠳ᠋ᠦ᠋ ᠮᠤᠤ ᠯᠢᠨ᠂ ᠲᠡᠷᠢᠭᠦᠨ᠂ ᠵᠣᠣ ᠴᠢᠤᠸᠠᠨ ᠪᠢᠩ᠂ ᠰᠢᠶᠤᠤ ᠵᠢᠶᠠᠨ ᠫᠢᠩ᠂ ᠮᠠ ᠵᠥᠩ ᠺᠦᠶ — ᠹᠢᠯᠢᠮ ᠳᠠᠬᠢ ᠡᠳᠡᠭᠡᠷ ᠭᠤᠤᠯ ᠲᠣᠭᠯᠠᠭᠴᠢ ᠨᠢ ᠴᠥᠮ ᠶᠡᠭᠡ ᠳᠡᠭᠡᠳᠦ ᠰᠤᠷᠭᠠᠭᠤᠯᠢ ᠶᠢᠨ ᠤᠳᠤᠷᠢᠳᠬᠤ ᠺᠠᠳ᠋ᠷ ᠪᠠᠶᠢᠭᠰᠠᠨ ᠬᠦᠮᠦᠰ᠂ ᠭᠡᠪᠡᠴᠦ ᠡᠴᠦᠰ ᠲᠤ ᠪᠠᠨ ᠨᠠᠮ ᠤᠨ ᠰᠤᠷᠭᠠᠨ ᠬᠥᠮᠦᠵᠢᠯ ᠤᠨ ᠦᠢᠯᠡᠰ ᠢ ᠬᠠᠷᠢᠨ ᠬᠤᠪᠢ ᠬᠥᠮᠦᠨ ᠤ ᠠᠰᠢᠭ ᠣᠯᠬᠤ ᠭᠠᠵᠠᠷ ᠲᠠᠷᠢᠶ᠎ᠠ ᠪᠣᠯᠭᠠᠵᠤ᠂ ᠴᠡᠪᠡᠷ ᠴᠡᠮᠴᠡᠭᠡᠷ ᠰᠤᠷᠭᠠᠭᠤᠯᠢ ᠶᠢᠨ ᠬᠦᠷᠢᠶ᠎ᠡ ᠶᠢ ᠬᠤᠪᠢ ᠬᠥᠮᠦᠨ ᠤ ᠱᠠᠮᠰᠢᠨ  ᠢᠯᠵᠢᠷᠡᠬᠦ ᠬᠠᠷᠢᠶ᠎ᠠ ᠭᠠᠵᠠᠷ ᠪᠣᠯᠭᠠᠨ᠂ ᠰᠤᠷᠭᠠᠭᠤᠯᠢ ᠶᠢᠨ ᠬᠦᠷᠢᠶᠡᠨ ᠤ ᠠᠷᠢᠭᠤᠨ ᠳᠠᠷᠬᠠᠨ ᠢ ᠪᠤᠵᠠᠷᠲᠤᠭᠤᠯᠵᠠᠶ᠃      ᠰᠡᠷᠡᠮᠵᠢᠯᠡᠭᠦᠯᠬᠦ ᠬᠥᠮᠦᠵᠢᠯ ᠤᠨ ᠹᠢᠯᠢᠮ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠨᠠᠮ ᠤᠨ ᠭᠡᠰᠢᠭᠦᠨ ᠺᠠᠳ᠋ᠷ ᠤᠨ ᠢᠯᠵᠠᠷᠠᠯ ᠤᠨ ᠰᠢᠯᠲᠠᠭᠠᠨ ᠢ ᠭᠦᠨᠵᠡᠭᠡᠶ ᠵᠠᠳᠠᠯᠵᠤ᠂ ᠵᠠᠩᠭᠢᠯᠠᠭ᠎ᠠ ᠶᠢᠨ ᠴᠡᠭ᠂ ᠠᠮᠢᠨ ᠭᠠᠵᠠᠷ ᠢ ᠨᠢ ᠲᠣᠳᠣᠷᠬᠠᠢ ᠪᠣᠯᠭᠠᠵᠤ᠂ ᠬᠥᠮᠦᠵᠢᠯ ᠬᠦᠷᠳᠡᠭᠰᠡᠨ ᠤᠳᠤᠷᠢᠳᠬᠤ ᠺᠠᠳ᠋ᠷ ᠢ ᠪᠢᠰᠢᠷᠡᠭᠦᠯᠦᠨ ᠵᠢᠷᠦᠬᠡᠰᠢᠶᠡᠯᠭᠡᠵᠦ᠂ ᠲᠠᠷᠢᠬᠢ ᠲᠣᠯᠣᠭᠠᠢ ᠳᠤ ᠨᠢ ᠬᠠᠳᠠᠩᠰᠢᠭᠤᠯᠵᠠᠢ᠃      ︽ᠨᠠᠮ ᠤᠨ ᠬᠥᠮᠦᠵᠢᠯ ᠳᠣᠣᠷ᠎ᠠ ᠲᠡᠳᠡ ᠴᠥᠮ ᠰᠢᠷᠭᠠᠭᠤ ᠴᠢᠷᠮᠠᠶᠢᠯᠲᠠ ᠲᠠᠢ᠂ ᠦᠨᠡᠨᠴᠢ ᠰᠢᠳᠤᠷᠭᠤ ᠠᠷᠢᠭᠤᠨ ᠴᠡᠪᠡᠷ ︿ᠥᠴᠥᠭᠡᠳᠦᠷ﹀ ᠲᠠᠢ ᠪᠠᠶᠢᠭᠰᠠᠨ ᠪᠣᠯᠪᠠᠴᠤ᠂ ᠶᠠᠪᠤᠭ᠎ᠠ ᠶᠠᠪᠤᠭᠠᠨ ᠳᠤ ᠪᠠᠨ ᠡᠷᠬᠡ ᠮᠡᠳᠡᠯ ᠢ ᠪᠢᠰᠢᠷᠡᠨ ᠬᠦᠨᠳᠦᠳᠬᠡᠬᠦ ᠦᠭᠡᠢ ᠪᠣᠯᠵᠤ᠂ ᠵᠣᠭᠤᠰ ᠮᠥᠩᠭᠦ ᠳᠤ ᠰᠢᠨᠤᠨ ᠥᠩᠭᠡ ᠳᠦᠷᠰᠦ ᠨᠢ ᠬᠤᠪᠢᠷᠠᠵᠤ ᠂ ᠠᠯᠬᠤᠮ ᠠᠯᠬᠤᠮ ᠢᠶᠠᠷ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ ᠭᠦᠨ ᠭᠤᠤ ᠳᠤ ᠤᠨᠠᠪᠠ︾ ᠭᠡᠵᠦ ᠬᠡᠷᠡᠭ ᠰᠢᠳᠬᠡᠭᠴᠢ ᠰᠤᠷᠪᠤᠯᠵᠢᠯᠠᠭᠴᠢ ᠳᠤ ᠬᠡᠯᠡᠪᠡ᠃      ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠲᠠᠨᠢᠯᠴᠠᠭᠤᠯᠬᠤ ᠳᠤ ᠪᠠᠨ᠂ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠬᠦᠷᠢᠶ᠎ᠡ ᠪᠣᠯ ᠶᠡᠭᠡ ᠳᠡᠭᠡᠳᠦ ᠰᠤᠷᠭᠠᠭᠤᠯᠢ ᠶᠢᠨ ᠡᠷᠬᠡ ᠲᠤᠰᠢᠶᠠᠯ ᠢᠶᠠᠨ ᠠᠰᠢᠭᠯᠠᠨ ᠶᠠᠯ᠎ᠠ ᠬᠢᠭᠰᠡᠨ ᠬᠦᠨᠳᠦ ᠭᠠᠮᠰᠢᠭᠳᠠᠭᠰᠠᠨ ᠣᠷᠣᠨ ᠪᠣᠯᠤᠨ᠎ᠠ᠃ ᠵᠠᠷᠢᠮ ᠬᠠᠤᠯᠢ ᠪᠤᠰᠤ ᠪᠠᠷᠢᠯᠭ᠎ᠠ ᠶᠢᠨ ᠬᠤᠳᠠᠯᠳᠤᠭᠠᠴᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠳᠠᠭᠠᠭᠠᠴᠢᠯᠠᠨ ᠠᠪᠬᠤ ᠶᠢᠨ ᠲᠥᠯᠥᠭᠡ ᠳᠡᠭᠡᠳᠦ ᠰᠤᠷᠭᠠᠭᠤᠯᠢ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢ ᠭᠤᠤᠯᠯᠠᠨ ᠬᠠᠮᠢᠶᠠᠷᠴᠤ ᠪᠠᠶᠢᠭ᠎ᠠ ᠤᠳᠤᠷᠢᠳᠬᠤ ᠺᠠᠳ᠋ᠷ ᠤᠨ ᠪᠡᠶ᠎ᠡ ᠳᠡᠭᠡᠷ᠎ᠡ ᠠᠩᠬᠠᠷᠤᠯ ᠢᠶᠠᠨ ᠬᠠᠨᠳᠤᠭᠤᠯᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠲᠠᠲᠠᠵᠤ ᠬᠤᠮᠣᠷᠭᠠᠯᠠᠵᠠᠢ᠃      ᠰᠢᠯᠢ ᠶᠢᠨ ᠭᠤᠣᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠤᠤᠯ ᠤᠨ ᠳᠡᠳ᠋ ᠱᠦᠵᠢ᠂ ᠵᠠᠬᠢᠷᠤᠯ ᠲᠡᠷᠢᠭᠦᠨ ᠪᠣᠯ ᠲᠡᠭᠦᠨ ᠤ ᠳᠣᠲᠣᠷᠠᠬᠢ ᠨᠢᠭᠡ ᠨᠢ ᠪᠣᠯᠤᠨ᠎ᠠ᠃ ᠲᠡᠷᠢᠭᠦᠨ ᠳᠤᠮᠳᠠᠳᠤ ᠰᠤᠷᠭᠠᠭᠤᠯᠢ ᠶᠢᠨ ᠪᠠᠭᠰᠢ ᠠᠴᠠ ᠪᠠᠨ ᠠᠯᠬᠤᠮ ᠠᠯᠬᠤᠮ ᠢᠶᠠᠷ ᠴᠢᠬᠤᠯᠠ ᠤᠳᠤᠷᠢᠳᠬᠤ ᠠᠵᠢᠯ ᠤᠨ ᠪᠠᠶᠢᠷᠢ ᠳᠤ ᠰᠢᠯᠵᠢᠵᠦ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠳᠤ ᠭᠠᠷᠤᠭᠰᠠᠨ ᠤ ᠳᠠᠷᠠᠭ᠎ᠠ᠂ ᠨᠡᠯᠢᠶᠡᠳ ᠴᠢᠩᠭ᠎ᠠ ᠬᠠᠮᠢᠶᠠᠷᠤᠯᠲᠠ ᠶᠢᠨ ᠴᠢᠳᠠᠪᠤᠷᠢ ᠳᠤ ᠪᠠᠨ ᠲᠦᠰᠢᠭᠯᠡᠨ᠂ 11 ᠵᠢᠯ ᠤᠨ ᠴᠠᠭ ᠬᠡᠷᠡᠭᠯᠡᠵᠦ ᠪᠠᠶᠢᠭᠠᠳ ᠳᠡᠭᠡᠳᠦ ᠰᠤᠷᠭᠠᠭᠤᠯᠢ ᠶᠢ ᠪᠠᠭ᠎ᠠ ᠪᠠᠶᠢᠭᠰᠠᠨ ᠠᠴᠠ ᠨᠢ ᠶᠡᠭᠡ᠂ ᠪᠠᠭᠤᠷᠠᠢ ᠪᠠᠶᠢᠭᠰᠠᠨ ᠠᠴᠠ ᠨᠢ ᠬᠦᠴᠦᠷᠬᠡᠭ ᠪᠣᠯᠭᠠᠵᠠᠢ᠃ ᠶᠠᠭ ᠡᠨᠡ ᠬᠦ ᠭᠡᠷᠡᠯ ᠰᠠᠴᠤᠷᠠᠩᠭᠤᠶ ᠠᠮᠵᠢᠯᠲᠠ ᠠᠴᠠ ᠪᠣᠯᠵᠤ᠂ ᠲᠡᠷᠢᠭᠦᠨ ᠤ ᠳᠣᠲᠣᠭᠠᠳᠤ ᠰᠡᠳᠬᠢᠯ ᠨᠢ ᠢᠲᠡᠭ ᠢᠲᠡᠭ ᠢᠶᠠᠷ ᠲᠡᠯᠡᠷᠡᠵᠦ᠂ ᠵᠣᠬᠢᠶᠠᠨ ᠪᠠᠶᠢᠭᠤᠯᠤᠯᠲᠠ ᠶᠢᠨ ᠢᠲᠡᠭᠡᠯ ᠪᠠ ᠬᠠᠮᠢᠶᠠᠷᠤᠯᠲᠠ ᠶᠢᠨ ᠲᠠᠯ᠎ᠠ ᠪᠠᠷ ᠳᠤᠲᠠᠮᠠᠭ ᠢ ᠠᠰᠢᠭᠯᠠᠨ᠂ ᠵᠠᠷᠢᠮ ᠠᠷᠠᠯᠵᠢᠶᠠᠴᠢᠨ ᠮᠠᠶᠢᠮᠠᠶᠢᠴᠢᠨ ᠲᠠᠢ ᠬᠠᠷᠢᠯᠴᠠᠨ ᠰᠦᠯᠪᠡᠭᠡᠯᠡᠵᠦ᠂ ᠬᠠᠷᠢᠯᠴᠠᠨ ᠠᠰᠢᠭᠯᠠᠵᠤ᠂ ᠰᠤᠷᠭᠠᠭᠤᠯᠢ ᠶᠢᠨ ᠬᠦᠷᠢᠶᠡᠨ ᠤ ᠦᠨᠳᠦᠰᠦᠨ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠳᠤ ᠶᠡᠭᠡ ᠪᠠᠷ ᠠᠪᠯᠢᠭᠠᠯᠠᠨ᠂ ᠵᠣᠭᠤᠰ ᠮᠥᠩᠭᠦ ᠣᠯᠵᠠᠢ᠃        ᠦᠨᠳᠦᠰᠦᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠢᠯᠵᠠᠷᠠᠯ ᠢ ᠪᠤᠳᠤᠪᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠨ ᠳᠠᠬᠢ ᠢᠯᠵᠠᠷᠠᠯ ᠢ ᠴᠤ ᠣᠮᠲᠣᠭᠠᠶᠢᠯᠠᠵᠤ ᠪᠣᠯᠬᠤ ᠦᠭᠡᠢ᠃ ᠯᠢ ᠪᠦᠦ ᠸᠧᠢ ᠨᠢᠭᠡ ᠲᠠᠯ᠎ᠠ ᠪᠠᠷ ᠥᠪᠡᠷ ᠤᠨ ᠨᠥᠯᠥᠭᠡᠯᠡᠬᠦ ᠬᠦᠴᠦᠨ ᠢᠶᠠᠨ ᠠᠰᠢᠭᠯᠠᠨ ᠠᠷᠭ᠎ᠠ ᠪᠦᠬᠦᠨ ᠢ ᠰᠦᠪᠡᠭᠴᠢᠯᠡᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠵᠠᠷᠤᠳᠠᠯ ᠢ ᠲᠡᠮᠡᠴᠡᠨ ᠣᠯᠵᠤ᠂ ᠤᠯᠤᠰ ᠤᠨ ᠭᠤᠤᠯᠳᠠᠯᠭ᠎ᠠ ᠪᠣᠯᠬᠤ ᠲᠤᠷᠰᠢᠯᠲᠠ ᠶᠢᠨ ᠲᠠᠰᠤᠭ ᠢ ᠪᠠᠶᠢᠭᠤᠯᠤᠨ᠂ ᠥᠪᠡᠷ ᠢᠶᠠᠨ ᠠᠺᠠᠳᠧᠮᠢᠴᠢ ᠰᠢᠯᠭᠠᠷᠠᠭᠤᠯᠬᠤ ᠳᠤ ᠪᠠᠨ ᠨᠥᠬᠦᠴᠡᠯ ᠪᠦᠷᠢᠯᠳᠦᠭᠦᠯᠵᠦ ᠥᠭᠴᠡᠢ︔ ᠨᠥᠭᠦᠭᠡ ᠲᠠᠯ᠎ᠠ ᠪᠠᠷ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠳᠤ ᠰᠠᠨᠠᠭᠠᠷᠠᠬᠠᠵᠤ᠂ ᠰᠡᠳᠦᠪ ᠤᠨ ᠳᠤᠭᠤᠶᠢᠯᠠᠩ ᠤᠨ ᠪᠦᠷᠢᠯᠳᠦᠬᠦᠨ ᠢ ᠵᠢᠭᠠᠪᠤᠷᠢᠯᠠᠨ ᠬᠤᠭᠤᠰᠣᠨ ᠪᠠᠷᠢᠮᠲᠠ ᠪᠢᠴᠢᠭᠦᠯᠬᠦ᠂ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠤᠨ ᠵᠠᠷᠤᠯᠭ᠎ᠠ ᠶᠢ ᠬᠤᠭᠤᠰᠣᠨ ᠵᠢᠭᠰᠠᠭᠠᠬᠤ ᠵᠡᠷᠭᠡ ᠠᠷᠭ᠎ᠠ ᠮᠠᠶ᠋ᠢᠭ ᠢᠶᠠᠷ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠢ ᠮᠡᠬᠡᠯᠡᠨ ᠠᠪᠴᠠᠢ᠃      ︽ᠡᠳᠡᠭᠡᠷ ᠢᠯᠵᠠᠷᠠᠮᠠᠯ ᠡᠲᠡᠭᠡᠳ ᠶᠡᠷᠦᠨᠢ ᠤᠯᠤᠰ ᠲᠦᠷᠦ ᠶᠢᠨ ᠲᠠᠯ᠎ᠠ ᠪᠠᠷ  ᠬᠤᠪᠢᠷᠠᠬᠤ᠂ ᠠᠵᠤ ᠠᠬᠤᠶ ᠶᠢᠨ ᠲᠠᠯ᠎ᠠ ᠪᠠᠷ ᠬᠤᠪᠳᠣᠭᠯᠠᠬᠤ᠂ ᠠᠮᠢᠳᠤᠷᠠᠯ ᠤᠨ ᠲᠠᠯ᠎ᠠ ᠪᠠᠷ ᠢᠯᠵᠠᠷᠠᠨ ᠲᠤᠷᠦ᠋ᠢᠳᠠᠬᠤ᠂ ᠣᠪᠣᠷ ᠰᠤᠷᠲᠠᠯ ᠤᠨ ᠲᠠᠯ᠎ᠠ ᠪᠠᠷ ᠭᠠᠭᠴᠠᠭᠠᠷ ᠡᠵᠡᠷᠬᠡᠭᠰᠡᠨ ᠪᠠᠶᠢᠳᠠᠭ᠃ ᠥᠩᠭᠡᠨ ᠲᠠᠯ᠎ᠠ ᠠᠴᠠ ᠨᠢ ᠠᠪᠴᠤ ᠦᠵᠡᠪᠡᠯ᠂ ᠠᠵᠤ ᠠᠬᠤᠶ᠂ ᠠᠮᠢᠳᠤᠷᠠᠯ᠂ ᠰᠤᠷᠲᠠᠯ ᠤᠨ ᠲᠠᠯ᠎ᠠ ᠪᠠᠷ ᠠᠰᠠᠭᠤᠳᠠᠯ  ᠭᠠᠷᠤᠭᠰᠠᠨ ᠭᠡᠳᠡᠭ ᠪᠣᠯᠪᠠᠴᠤ᠂ ᠤᠭ ᠦᠨᠳᠦᠰᠦ ᠠᠴᠠ ᠨᠢ ᠦᠵᠡᠪᠡᠯ ᠤᠯᠤᠰ ᠲᠦᠷᠦ ᠶᠢᠨ ᠲᠠᠯ᠎ᠠ ᠪᠠᠷ ᠴᠡᠪᠡᠷ ᠪᠤᠰᠤ᠂ ᠨᠠᠮ ᠳᠤ ᠦᠨᠡᠨᠴᠢ ᠪᠤᠰᠤ᠂ ᠬᠤᠷᠢᠭ᠎ᠠ ᠱᠤᠭᠤᠮ ᠢᠶᠠᠨ ᠠᠯᠳᠠᠭᠰᠠᠨ ᠶᠠᠪᠤᠳᠠᠯ ᠪᠣᠯᠤᠨ᠎ᠠ᠃︾ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠴᠢ ᠹᠠᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠬᠡᠷᠡᠭ ᠢ ᠵᠠᠷᠯᠠᠨ ᠵᠠᠳᠠᠯᠬᠤ ᠳᠤ ᠪᠠᠨ ᠱᠠᠭᠠᠷᠳᠠᠭᠰᠠᠨ ᠨᠢ᠂ ᠬᠡᠷᠡᠭ ᠭᠠᠷᠤᠭᠰᠠᠨ ᠭᠠᠵᠠᠷ ᠣᠷᠣᠨ ᠤ ᠰᠠᠯᠠᠭ᠎ᠠ ᠮᠥᠴᠢᠷ ᠨᠢ ᠬᠡᠷᠡᠭ  ᠢᠶᠠᠷ  ᠥᠭᠡᠷᠡᠴᠢᠯᠡᠯᠲᠡ  ᠶᠢ  ᠠᠬᠢᠭᠤᠯᠬᠤ  ᠠᠵᠢᠯ ᠢ ᠨᠠᠷᠢᠨ ᠬᠢᠨᠠᠮᠠᠭᠠᠶ ᠥᠷᠨᠢᠭᠦᠯᠵᠦ᠂ ᠰᠡᠷᠡᠮᠵᠢᠯᠡᠭᠦᠯᠬᠦ ᠬᠥᠮᠦᠵᠢᠯ᠂ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ᠂ ᠳᠦᠷᠢᠮ ᠲᠣᠭᠲᠠᠭᠠᠯ ᠲᠣᠭᠲᠠᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠰᠤᠷᠭᠠᠨ ᠬᠥᠮᠦᠵᠢᠯ ᠤᠨ ᠰᠢᠰᠲ᠋ᠧᠮ ᠢ ᠰᠢᠪᠠᠳᠠᠵᠤ ᠪᠠᠶᠢᠭᠠᠳ ᠠᠶᠤᠯ ᠲᠦᠭᠰᠢᠭᠦᠷᠢ ᠶᠢᠨ ᠳᠠᠯᠳᠠ ᠭᠡᠮ ᠢ ᠠᠷᠢᠯᠭᠠᠨ᠂ ᠳᠦᠷᠢᠮ ᠤᠨ ᠳᠤᠲᠠᠭᠳᠠᠯ ᠢ ᠠᠷᠢᠯᠭᠠᠬᠤ ᠬᠡᠷᠡᠭᠲᠡᠢ ᠭᠡᠵᠡᠢ᠃      ︽ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠲᠤᠰᠢᠶᠠᠯ ᠬᠠᠷᠢᠭᠤᠴᠠᠯᠭ᠎ᠠ ᠡᠭᠦᠷᠭᠡ ᠴᠢᠳᠠᠪᠤᠷᠢ ᠳᠤ ᠪᠠᠨ ᠰᠠᠭᠤᠷᠢᠯᠠᠵᠤ᠂ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷᠠᠬᠢ ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠬᠤ ᠳᠦᠷᠢᠮ ᠤᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠠᠮ ᠤᠨ ᠬᠤᠷᠢᠶᠠᠨ ᠤ ᠱᠦᠵᠢ ᠨᠠᠮ ᠤᠨ ᠤᠳᠤᠷᠢᠳᠤᠯᠭ᠎ᠠ᠂ ᠨᠠᠮ ᠤᠨ ᠪᠠᠶᠢᠭᠤᠯᠤᠯᠲᠠ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠬᠤ ᠬᠡᠷᠡᠭᠲᠡᠢ︔ ᠰᠤᠷᠭᠠᠭᠤᠯᠢ ᠶᠢᠨ ᠵᠠᠬᠢᠷᠤᠯ ᠨᠠᠮ ᠤᠨ ᠬᠤᠷᠢᠶᠠᠨ ᠤ ᠱᠦᠵᠢ ᠲᠠᠢ ᠢᠳᠡᠪᠬᠢᠲᠡᠢ ᠬᠠᠮᠵᠢᠯᠴᠠᠨ᠂ ᠨᠠᠮ ᠤᠨ ᠤᠳᠤᠷᠢᠳᠤᠯᠭ᠎ᠠ ᠰᠤᠯᠠᠷᠠᠬᠤ᠂ ᠨᠠᠮ ᠤᠨ ᠪᠠᠶᠢᠭᠤᠯᠤᠯᠲᠠ ᠳᠤᠲᠠᠭᠳᠠᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠲᠠᠯ᠎ᠠ ᠪᠠᠷ ᠰᠤᠯᠠ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠬᠦᠴᠦᠯᠡᠨ ᠠᠬᠢᠭᠤᠯᠬᠤ ᠬᠡᠷᠡᠭᠲᠡᠢ᠃︾  ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠰᠤᠷᠭᠠᠨ ᠬᠥᠮᠦᠵᠢᠯ ᠤᠨ ᠰᠢᠰᠲ᠋ᠧᠮ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠣᠬᠢᠶᠠᠨ ᠪᠠᠶᠢᠭᠤᠯᠤᠯᠲᠠ ᠨᠢ ᠲᠦᠷᠢᠮ ᠲᠣᠭᠲᠠᠴᠠ ᠶᠢ ᠬᠡᠷᠡᠭᠵᠢᠭᠦᠯᠦᠭᠰᠡᠨ ᠪᠠᠶᠢᠳᠠᠯ ᠢ ᠡᠳᠦᠷ ᠲᠤᠲᠤᠮ ᠤᠨ ᠬᠢᠨᠠᠯᠲᠠ ᠲᠠᠯᠪᠢᠬᠤ ᠴᠢᠬᠤᠯᠠ ᠠᠭᠤᠯᠭ᠎ᠠ ᠪᠣᠯᠭᠠᠵᠤ᠂ ᠲᠦᠷᠢᠮ ᠤᠨ ᠬᠠᠲᠠᠭᠤ ᠴᠢᠨᠠᠷ ᠢ ᠴᠢᠩᠭᠠᠳᠬᠠᠨ᠂ ᠲᠣᠭᠲᠠᠴᠠ ᠶᠢᠨ ᠤᠷᠤᠭᠰᠢᠲᠠᠶ ᠠᠵᠢᠯᠯᠠᠬᠤ ᠶᠢ ᠦᠨᠡᠨ ᠬᠦ  ᠪᠠᠳᠤᠯᠠᠬᠤ ᠬᠡᠷᠡᠭᠲᠡᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠡᠷᠬᠡ ᠣᠯᠭᠤᠬᠤ᠂ ᠡᠷᠬᠡ ᠬᠡᠷᠡᠭᠯᠡᠬᠦ᠂ ᠡᠷᠬᠡ ᠲᠣᠭᠲᠠᠭᠠᠬᠤ ᠵᠡᠷᠭᠡ ᠭᠤᠭᠴᠤᠭ᠎ᠠ ᠶᠢᠨ ᠲᠣᠭᠤᠷᠢᠨ ᠳᠤ᠂ ᠰᠢᠨᠵᠢᠯᠡᠬᠦ ᠤᠬᠠᠭᠠᠨ ᠤ  ᠰᠤᠳᠤᠯᠤᠯ  ᠤᠨ ᠵᠠᠷᠤᠳᠠᠯ ᠤᠨ ᠬᠡᠷᠡᠭᠯᠡᠯᠲᠡ᠂ ᠲᠥᠷᠥᠯ  ᠵᠦᠢᠯ  ᠤᠨ  ᠪᠦᠲᠦᠭᠡᠨ  ᠪᠠᠶᠢᠭᠤᠯᠤᠯᠲᠠ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠲᠥᠬᠦᠭᠡᠷᠦᠮᠵᠢ ᠬᠤᠳᠠᠯᠳᠤᠨ ᠠᠪᠬᠤ᠂ ᠬᠠᠷᠢᠶᠠᠲᠤ ᠡᠮᠨᠡᠯᠭᠡ ᠶᠢᠨ ᠬᠤᠷᠢᠶ᠎ᠠ ᠶᠢᠨ ᠡᠮ ᠤᠨ ᠵᠦᠢᠯ ᠪᠠ ᠡᠮᠴᠢᠯᠡᠭᠡᠨ ᠤ ᠶᠢᠨ ᠲᠥᠬᠦᠭᠡᠷᠦᠮᠵᠢ ᠶᠢᠨ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠬᠢᠨᠠᠯᠲᠠ ᠲᠠᠯᠪᠢᠵᠤ᠂ ᠳᠠᠯᠳᠠᠭᠤᠷ ᠠᠵᠢᠯᠯᠠᠬᠤ ᠣᠷᠣᠨ ᠵᠠᠶ ᠶᠢ ᠪᠠᠭᠠᠰᠬᠠᠪᠠ᠃      ︽ᠡᠭᠦᠨ ᠠᠴᠠ ᠭᠠᠳᠠᠨ᠎ᠠ᠂ ᠪᠢᠳᠡ ᠨᠠᠮ ᠤᠨ ᠰᠠᠬᠢᠯᠭ᠎ᠠ᠂ ᠬᠠᠤᠯᠢ ᠴᠠᠭᠠᠵᠠ ᠶᠢᠨ ᠬᠥᠮᠦᠵᠢᠯ ᠪᠣᠯᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠰᠣᠶᠣᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠳᠦᠷᠢᠮᠵᠢᠯᠲᠡ ᠶᠢ ᠠᠬᠢᠭᠤᠯᠵᠤ᠂ ᠨᠢᠭᠡ ᠬᠡᠷᠡᠭ ᠢ ᠪᠠᠶᠢᠴᠠᠭᠠᠨ  ᠰᠢᠢᠳᠪᠦᠷᠢᠯᠡᠪᠡᠯ ᠨᠢᠭᠡ ᠬᠡᠰᠡᠭ ᠲᠤ ᠰᠡᠷᠡᠮᠵᠢᠯᠡᠭᠦᠯᠵᠦ᠂ ᠨᠢᠭᠡ ᠬᠡᠰᠡᠭ ᠢ ᠵᠠᠰᠠᠬᠤ ᠶᠡᠷᠦᠩᠬᠡᠶᠢᠯᠡᠭᠰᠡᠨ ᠦᠢᠯᠡᠳᠦᠯ ᠢ ᠶᠡᠬᠡᠰᠬᠡᠵᠦ᠂ ᠰᠤᠷᠭᠠᠨ ᠬᠥᠮᠦᠵᠢᠯ ᠤᠨ ᠰᠢᠰᠲ᠋ᠧᠮ ᠤᠨ ᠤᠯᠤᠰ ᠲᠦᠷᠦ ᠶᠢᠨ ᠠᠮᠢ ᠠᠬᠤᠶ ᠶᠢᠨ ᠦᠨᠳᠦᠰᠦᠨ ᠠᠴᠠ ᠨᠢ ᠰᠠᠶᠢᠵᠢᠷᠠᠬᠤ ᠶᠢ ᠠᠬᠢᠭᠤᠯᠤᠨ᠎ᠠ  ︾ ᠭᠡᠵᠦ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠬᠡᠯᠡᠵᠡᠶ᠃ ︵ᠰᠤᠷᠪᠤᠯᠵᠢᠯᠠᠭᠴᠢ ᠹᠦ᠋ ᠶᠢᠨ ᠴᠢᠤᠸᠠᠨ ᠴᠢᠮᠡᠭᠡᠯᠡᠭᠴᠢ ᠱᠢ ᠢ︶      ᠢᠷᠡᠯᠲᠡ᠄ http://mongol.people.com.cn/15832684.html
ᠢᠷᠡᠯᠲᠡ᠄ ᠠᠷᠠᠳ ᠤᠨ ᠡᠳᠦᠷ ᠤᠨ ᠰᠣᠨᠢᠨ