1.3 ᠲᠦᠮᠡ ᠭᠠᠷᠤᠶ ᠬᠥᠮᠦᠨ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠠᠴᠠ ᠪᠣᠯᠵᠣ ᠰᠢᠢᠳᠪᠦᠷᠢᠯᠡᠭᠳᠡᠪᠡ
ᠨᠡᠶᠢᠲᠡᠯᠡᠭᠰᠡᠨ ᠴᠠᠭ᠄
2020/12/8
         1.3 ᠲᠦᠮᠡ ᠭᠠᠷᠤᠶ ᠬᠥᠮᠦᠨ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ          ᠵᠣᠷᠢᠭ ᠰᠠᠨᠠᠭ᠎ᠠ ᠶᠢ ᠵᠥᠷᠢᠴᠡᠭᠰᠡᠨ ᠠᠴᠠ ᠪᠣᠯᠵᠣ ᠰᠢᠢᠳᠪᠦᠷᠢᠯᠡᠭᠳᠡᠪᠡ      ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 23 ᠤ ᠡᠳᠦᠷ ᠤᠨ ᠮᠡᠳᠡᠭᠡ ︵ᠰᠤᠷᠪᠤᠯᠵᠢᠯᠠᠭᠴᠢ ᠵᠦ ᠵᠢᠶ ᠴᠠᠢ︶ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠰᠦᠯᠵᠢᠶ᠎ᠡ 23 ᠤ ᠡᠳᠦᠷ ᠪᠥᠬᠦ ᠤᠯᠤᠰ ᠤᠨ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠵᠦᠷᠢᠴᠡᠭᠰᠡᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠤᠨ ᠰᠠᠷ᠎ᠠ ᠶᠢᠨ ᠮᠡᠳᠡᠭᠦᠯᠦᠯᠲᠡ ᠶᠢᠨ ᠲᠤᠭ᠎ᠠ ᠪᠠᠷᠢᠮᠲᠠ ᠶᠢ ᠨᠡᠶᠢᠲᠡᠯᠡᠪᠡ᠃  ᠵᠠᠷᠯᠠᠯ ᠠᠴᠠ ᠦᠵᠡᠪᠡᠯ᠂ 2020 ᠣᠨ ᠤ 10 ᠳ᠋ᠤᠭᠠᠷ ᠰᠠᠷ᠎ᠠ ᠳᠤ᠂ ᠪᠦᠬᠦ ᠤᠯᠤᠰ ᠲᠤ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠠᠴᠠ ᠵᠥᠷᠢᠴᠡᠭᠰᠡᠨ ᠠᠰᠠᠭᠤᠳᠠᠯ ᠢ ᠨᠡᠶᠢᠲᠡ 9309 ᠪᠠᠶᠢᠴᠠᠭᠠᠨ ᠰᠢᠢᠳᠪᠦᠷᠢᠯᠡᠵᠦ᠂ 13442 ᠬᠥᠮᠦᠨ ︵57 ᠲᠤᠰᠬᠠᠶ ᠣᠷᠣᠨ ᠲᠢᠩᠬᠢᠮ ᠤᠨ ᠲᠠᠰ ᠤᠨ ᠺᠠᠳ᠋ᠷ᠂ 737 ᠰᠢᠶᠠᠨ ᠭᠠᠵᠠᠷ ᠤᠨ ᠲᠠᠰ ᠤᠨ ᠺᠠᠳ᠋ᠷ ᠪᠠᠭᠲᠠᠨ᠎ᠠ︶ ᠢ ᠰᠢᠢᠳᠪᠦᠷᠢᠯᠡᠨ᠂ 8879 ᠬᠥᠮᠦᠨ ᠳᠤ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠳᠬᠡᠯ ᠥᠭᠪᠡ᠃      ᠵᠠᠷᠯᠠᠯ ᠢ ᠦᠨᠳᠦᠰᠦᠯᠡᠪᠡᠯ᠂ ᠡᠨᠡ ᠵᠢᠯ ᠤᠨ 10 ᠳ᠋ᠤᠭᠠᠷ ᠰᠠᠷ᠎ᠠ ᠳᠤ ᠪᠦᠬᠦ ᠤᠯᠤᠰ ᠲᠤ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠢ 4946 ᠪᠠᠶᠢᠴᠠᠭᠠᠨ ᠰᠢᠢᠳᠪᠦᠷᠢᠯᠡᠵᠦ᠂ 7355 ᠬᠥᠮᠦᠨ ᠢ ᠰᠢᠢᠳᠪᠦᠷᠢᠯᠡᠪᠡ᠃ ᠡᠭᠦᠨ ᠳᠤ᠂ ︽ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠪᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠬᠠᠷᠢᠭᠤᠴᠠᠯᠭ᠎ᠠ ᠡᠭᠦᠷᠭᠡᠯᠡᠬᠦ ᠥᠬᠡᠶ᠂ ᠠᠵᠢᠯ ᠬᠢᠬᠦ ᠥᠬᠡᠶ᠂ ᠳᠤᠷ᠎ᠠ ᠪᠠᠷ ᠢᠶᠠᠨ ᠦᠢᠯᠡᠳᠬᠦ᠂ ᠬᠠᠭᠤᠷᠮᠠᠭ ᠢᠶᠠᠷ ᠦᠢᠯᠡᠳᠬᠦ᠂ ᠴᠢᠨᠠᠷ ᠰᠠᠶᠢᠲᠠᠶ ᠬᠥᠭᠵᠢᠯᠲᠡ ᠶᠢ ᠬᠦᠨᠳᠦ ᠨᠣᠴᠢᠲᠠᠶ ᠨᠥᠯᠥᠭᠡᠯᠡᠬᠦ︾ ᠲᠠᠯ᠎ᠠ ᠪᠠᠷ ᠬᠢ ᠠᠰᠠᠭᠤᠳᠠᠯ  ᠬᠠᠮᠤᠭ ᠤᠨ ᠣᠯᠠᠨ᠂ ᠨᠡᠶᠢᠲᠡ 3937 ᠬᠡᠷᠡᠭ ᠢ ᠪᠠᠶᠢᠴᠠᠭᠠᠨ ᠰᠢᠢᠳᠪᠦᠷᠢᠯᠡᠵᠦ᠂ 5849 ᠬᠥᠮᠦᠨ ᠢ ᠰᠢᠳᠬᠡᠪᠡ᠃      ᠵᠠᠷᠯᠠᠯ ᠢ ᠦᠨᠳᠦᠰᠦᠯᠡᠪᠡᠯ᠂ ᠡᠨᠡ ᠵᠢᠯ ᠤᠨ 10 ᠳ᠋ᠤᠭᠠᠷ ᠰᠠᠷ᠎ᠠ ᠳᠤ ᠪᠥᠬᠦ ᠤᠯᠤᠰ ᠲᠤ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠤᠨ ᠠᠰᠠᠭᠤᠳᠠᠯ ᠢ ᠨᠡᠶᠢᠲᠡ 4363 ᠪᠠᠶᠢᠴᠠᠭᠠᠨ ᠰᠢᠢᠳᠪᠦᠷᠢᠯᠡᠵᠦ᠂ 6087 ᠬᠥᠮᠦᠨ ᠢ ᠰᠢᠳᠬᠡᠵᠡᠢ᠃ ᠡᠭᠦᠨ ᠳᠤ᠂ ᠲᠣᠭᠲᠠᠭᠠᠯ ᠠᠴᠠ ᠵᠥᠷᠢᠴᠡᠨ ᠬᠤᠪᠣᠷ ᠨᠠᠨᠳᠢᠨ ᠣᠨᠴᠠ ᠭᠠᠷᠤᠯᠲᠠ ᠪᠣᠯᠤᠨ ᠪᠡᠯᠡᠭ ᠰᠡᠯᠲᠡ ᠪᠡᠯᠡᠭ ᠤᠨ ᠮᠥᠩᠭᠦ ᠬᠤᠷᠢᠶᠠᠨ ᠠᠪᠤᠭᠰᠠᠨ ᠠᠰᠠᠭᠤᠳᠠᠯ ᠢ 1264᠂ ᠲᠣᠭᠲᠠᠭᠠᠯ ᠠᠴᠠ ᠵᠥᠷᠢᠴᠡᠨ ᠨᠥᠬᠦᠪᠥᠷᠢ ᠮᠥᠩᠭᠦ ᠪᠤᠶᠤ ᠠᠰᠠᠷᠠᠮᠵᠢ ᠲᠠᠷᠬᠠᠭᠠᠭᠰᠠᠨ ᠠᠰᠠᠭᠤᠳᠠᠯ ᠢ 1008᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ ᠠᠰᠠᠭᠤᠳᠠᠯ ᠢ 883 ᠪᠠᠶᠢᠴᠠᠭᠠᠨ ᠰᠢᠢᠳᠪᠦᠷᠢᠯᠡᠵᠡᠢ᠃      ᠢᠷᠡᠯᠲᠡ᠄ http://mongol.people.com.cn/15830725.html
ᠢᠷᠡᠯᠲᠡ᠄ ᠠᠷᠠᠳ ᠤᠨ ᠡᠳᠦᠷ ᠤᠨ ᠰᠣᠨᠢᠨ