ᠣᠯᠠᠨ ᠲᠦᠮᠡᠨ ᠤ ᠠᠰᠢᠭ ᠲᠤᠰᠠ ᠶᠢᠨ ᠡᠷᠬᠡ ᠳᠤ ᠬᠠᠯᠳᠠᠭᠰᠠᠨ ᠬᠠᠭᠤᠷᠮᠠᠭᠯᠠᠨ ᠵᠤᠬᠢᠶᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ | ᠥᠭᠴᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠠᠮᠡᠭᠳᠡᠭᠦᠯᠦᠨ᠎ᠡ | | | 38 ᠳ᠋ᠤᠭᠠᠷ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠳᠠᠯ ᠥᠬᠡᠶ ᠬᠦᠷᠴᠦ ᠢᠷᠡᠬᠦ ᠲᠠᠰᠢᠷᠠᠮ ᠢᠶᠠᠷ᠂ ᠥᠪᠥᠷ ᠮᠣᠩᠭᠤᠯ ᠤᠨ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ 2019 ᠣᠨ ᠤ ᠡᠷᠬᠡ ᠳᠤ ᠬᠠᠯᠳᠡᠨ ᠬᠠᠭᠤᠷᠮᠠᠭᠯᠠᠨ ᠵᠤᠬᠢᠶᠠᠭᠰᠠᠨ ᠲᠤ ᠴᠣᠬᠢᠯᠲᠠ ᠥᠭᠬᠦ ᠠᠵᠢᠯ ᠤᠨ | ᠲᠠᠯ᠎ᠠ ᠪᠠᠷ ᠬᠢ ᠰᠢᠨ᠎ᠡ ᠠᠷᠭ᠎ᠠ ᠬᠡᠮᠵᠢᠶ᠎ᠡ᠂ ᠰᠢᠨ᠎ᠡ ᠦᠷ᠎ᠡ ᠪᠦᠳᠦᠮᠵᠢ ᠶᠢ ᠪᠥᠬᠦ ᠲᠠᠯ᠎ᠠ ᠪᠠᠷ ᠲᠤᠰᠬᠠᠬᠤ ᠶᠢᠨ ᠲᠥᠯᠥᠭᠡ᠂ ᠣᠶᠢᠷ᠎ᠠ ᠳᠤ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠸᠠᠩ ᠱᠥ | ᠴᠢᠤᠸᠠᠨ ᠠᠷᠠᠳ ᠤᠨ ᠰᠦᠯᠵᠢᠶ᠎ᠡ ᠶᠢᠨ ᠰᠤᠷᠪᠤᠯᠵᠢᠯᠠᠭ᠎ᠠ ᠶᠢ ᠬᠦᠯᠢᠶᠡᠨ ᠠᠪᠤᠭᠰᠠᠨ ᠪᠠᠶᠢᠨ᠎ᠠ᠃ | | | ᠡᠷᠬᠡ ᠳᠤ ᠬᠠᠯᠳᠡᠨ ᠬᠠᠭᠤᠷᠮᠠᠭᠯᠠᠨ ᠵᠤᠬᠢᠶᠠᠭᠰᠠᠨ ᠲᠤ ᠴᠣᠬᠢᠯᠲᠠ ᠥᠭᠬᠦ ᠨᠢ ᠵᠠᠬ᠎ᠠ ᠳᠡᠯᠭᠡᠭᠦᠷ ᠤᠨ ᠤᠷᠴᠢᠨ ᠲᠤᠭᠤᠷᠢᠨ ᠢ ᠴᠡᠪᠡᠷᠰᠢᠭᠦᠯᠬᠦ᠂ ᠠᠵᠤ ᠠᠬᠤᠶ | ᠨᠡᠶᠢᠭᠡᠮ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠣᠯᠠᠨ ᠵᠦᠢᠯ ᠤᠨᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠠᠮᠤᠷ ᠲᠦᠪᠰᠢᠨ ᠬᠡᠷᠡᠭᠯᠡᠭᠡᠨ ᠤ ᠣᠷᠴᠢᠨ | ᠲᠤᠭᠤᠷᠢᠨ ᠢ ᠪᠠᠶᠢᠭᠤᠯᠵᠤ᠂ ᠲᠥᠪ ᠭᠤᠤᠯᠴᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠪᠠ᠃ | | | ᠡᠷᠬᠡ ᠳᠤ ᠬᠠᠯᠳᠡᠨ ᠬᠠᠭᠤᠷᠮᠠᠭᠯᠠᠨ ᠵᠤᠬᠢᠶᠠᠭᠰᠠᠨ ᠲᠤ ᠬᠦᠴᠦᠲᠡᠶ ᠴᠣᠬᠢᠯᠲᠠ ᠥᠭᠴᠦ᠂ ᠰᠢᠨ᠎ᠡ ᠦᠷ᠎ᠡ ᠪᠦᠲᠦᠮᠵᠢ ᠤᠯᠬᠤ | | | 2019 ᠣᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠂ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠪᠣᠯᠤᠨ ᠳᠣᠲᠣᠭᠠᠳᠤ ᠶᠢ ᠬᠠᠮᠠᠭᠠᠯᠠᠬᠤ ᠶᠠᠮᠤᠨ ᠤ ᠬᠦᠴᠦᠲᠡᠶ ᠵᠢᠯᠣᠭᠤᠳᠣᠯᠭ᠎ᠠ ᠳᠣᠤᠷ᠎ᠠ᠂ ︽ᠠᠷᠠᠳ ᠲᠦᠮᠡᠨ ᠤ | ᠰᠠᠶᠢᠨ ᠰᠠᠶᠢᠬᠠᠨ ᠠᠮᠢᠳᠤᠷᠠᠯ ᠢ ᠬᠦᠰᠡᠨ ᠬᠦᠭᠡᠭᠡᠴᠡᠯᠳᠦᠬᠦ ᠪᠣᠯ ᠳᠠᠷᠤᠶ ᠮᠠᠨ ᠤ ᠲᠡᠮᠡᠴᠡᠬᠦ ᠬᠠᠷᠠᠯᠲᠠ︾ ᠪᠠᠷ ᠠᠵᠢᠯ ᠤᠨ ᠭᠤᠤᠯ ᠱᠤᠭᠤᠮ ᠪᠣᠯᠭᠠᠵᠤ᠂ ᠲᠢᠩᠬᠢᠮ ᠤᠨ | ᠨᠠᠮ ᠤᠨ ᠬᠤᠷᠢᠶ᠎ᠠ ᠶᠢᠨ ︽ᠤᠯᠤᠰ ᠲᠥᠷᠥ ᠨᠢᠭᠡᠳᠦᠭᠡᠷ᠂ ᠣᠯᠠᠨ ᠲᠦᠮᠡᠨ ᠨᠢᠭᠡᠳᠦᠭᠡᠷ᠂ ᠦᠨᠳᠦᠰᠦᠨ ᠱᠠᠲᠤ ᠨᠢᠭᠡᠳᠦᠭᠡᠷ᠂ ᠠᠷᠠᠳ ᠤᠨ ᠴᠠᠭᠳᠠᠭ᠎ᠠ ᠨᠢᠭᠡᠳᠦᠭᠡᠷ︾ | ᠠᠵᠢᠯ ᠤᠨ ᠣᠶᠢᠯᠠᠭᠠᠭᠳᠠᠬᠤᠨ ᠶᠣᠰᠣᠭᠠᠷ᠂ ᠴᠢᠩᠭ᠎ᠠ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠣᠯᠠᠨ ᠲᠦᠮᠡᠨ ᠤ ᠠᠰᠢᠭ ᠲᠤᠰᠠ ᠶᠢᠨ ᠡᠷᠬᠡ ᠳᠤ | ᠬᠠᠯᠳᠠᠭᠰᠠᠨ ᠬᠠᠭᠤᠷᠮᠠᠭᠯᠠᠨ ᠵᠤᠬᠢᠶᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ ᠠᠷᠠᠳ ᠣᠯᠠᠨ ᠤ ᠬᠦᠷᠲᠡᠮᠵᠢ ᠶᠢᠨ | ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠵᠦ᠂ ᠲᠥᠪ ᠭᠤᠤᠯᠴᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ | ᠡᠮᠬᠢ ᠳᠢᠭᠯᠢᠮ ᠢ ᠪᠣᠶ ᠪᠣᠯᠭᠠᠵᠤ᠂ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠢ ᠠᠬᠢᠭᠤᠯᠤᠭᠰᠠᠨ ᠪᠠᠶᠢᠨ᠎ᠠ᠃ | ᠤᠯᠤᠰ ᠤᠨ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠲᠠᠯ᠎ᠠ ᠪᠠᠷ ᠰᠢᠨ᠎ᠡ ᠠᠮᠵᠢᠯᠲᠠ ᠣᠯᠵᠠᠶ᠃ ᠳᠣᠲᠣᠭᠠᠳᠤ ᠶᠢ | ᠬᠠᠮᠠᠭᠠᠯᠠᠬᠤ ᠲᠢᠩᠬᠢᠮ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠵᠣᠬᠢᠶᠠᠨ ᠪᠠᠶᠢᠭᠤᠯᠤᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ | ᠭᠠᠷᠭᠠᠬᠤ ᠬᠦᠷᠢᠶ᠎ᠡ ᠳᠠᠬᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠ ᠬᠢᠯᠢ ᠠᠯᠤᠰᠯᠠᠨ ᠡᠷᠬᠡ ᠳᠤ ᠬᠠᠯᠳᠡᠨ ᠬᠠᠭᠤᠷᠮᠠᠭᠯᠠᠨ ᠵᠤᠬᠢᠶᠠᠭᠰᠠᠨ ᠲᠠᠸᠠᠷ | ᠦᠢᠯᠡᠳᠦᠨ ᠪᠣᠷᠣᠯᠠᠭᠤᠯᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠯᠤᠰ ᠤᠨ ︽ᠨᠢᠭᠡ ᠪᠦᠰᠡ ᠨᠢᠭᠡ ᠵᠠᠮ︾ ᠤᠨ | ᠰᠠᠨᠠᠭᠠᠴᠢᠯᠠᠭ᠎ᠠ ᠳᠤ ᠪᠥᠬᠦ ᠬᠦᠴᠦᠨ ᠢᠶᠠᠷ ᠢᠶᠠᠨ ᠦᠢᠯᠡᠴᠢᠯᠡᠵᠦ᠂ ᠮᠠᠨ ᠤ ᠤᠯᠤᠰ ᠤᠨ ᠠᠵᠤ ᠠᠬᠤᠶᠢᠯᠠᠯ ᠤᠨ ᠭᠠᠳᠠᠭᠠᠳᠤ ᠶᠢᠨ ᠵᠠᠬ᠎ᠠ ᠳᠡᠯᠭᠡᠭᠦᠷ ᠢ ᠦᠷᠭᠡᠳᠭᠡᠨ | ᠬᠦᠭᠵᠢᠭᠦᠯᠬᠦ ᠳᠤ ᠰᠠᠶᠢᠨ ᠰᠠᠶᠢᠬᠠᠨ ᠣᠷᠴᠢᠨ ᠲᠤᠭᠤᠷᠢᠨ ᠢ ᠪᠣᠶ ᠪᠣᠯᠭᠠᠵᠤ ᠥᠭᠴᠡᠶ᠃ 2019 ᠣᠨ ᠤ 8 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ | ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠧᠵᠢᠶᠠᠩ᠂ ᠱᠠᠨᠳᠦ᠋ᠩ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠢ ᠬᠠᠮᠲᠤᠷᠠᠨ ︽ᠨᠢᠭᠡ | ᠪᠦᠰᠡ ᠨᠢᠭᠡ ᠵᠠᠮ︾ ᠤᠨ ᠬᠠᠮᠲᠤᠷᠠᠯᠴᠠᠭᠠᠨ ᠤ ᠵᠦᠢᠯ ᠳᠤ ᠬᠠᠭᠤᠷᠮᠠᠭ ᠬᠦᠨᠳᠦ ᠬᠡᠯᠪᠡᠷᠢ ᠶᠢᠨ ᠮᠠᠰᠢᠨ ᠲᠡᠷᠭᠡ ᠦᠢᠯᠡᠳᠦᠨ ᠪᠣᠷᠣᠯᠠᠭᠤᠯᠤᠭᠰᠠᠨ ᠬᠡᠷᠡᠭ ᠢ | ᠠᠮᠵᠢᠯᠲᠠ ᠲᠠᠢ ᠢᠯᠡᠷᠡᠭᠦᠯᠵᠦ᠂ 3 ᠶᠠᠯᠠᠲᠤ ᠠᠵᠢᠯᠯᠠᠭ᠎ᠠ ᠶᠢᠨ ᠭᠠᠵᠠᠷ ᠢ ᠡᠪᠳᠡᠵᠦ᠂ ᠬᠠᠭᠤᠷᠮᠠᠭ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠢ 500 ᠭᠠᠷᠤᠶ | ᠪᠠᠶᠢᠴᠠᠭᠠᠨ ᠣᠯᠵᠤ᠂ ᠮᠠᠨ ᠤ ᠤᠯᠤᠰ ᠤᠨ ᠠᠵᠤ ᠠᠬᠤᠶᠢᠯᠠᠯ ᠤᠨ ᠨᠠᠷᠠᠲᠤ ᠲᠡᠮᠳᠡᠭᠲᠦ ᠶᠢᠨ ᠳᠦᠷᠢ ᠲᠥᠷᠬᠦ ᠶᠢ ᠬᠦᠴᠦᠲᠡᠶ ᠬᠠᠮᠠᠭᠠᠯᠠᠭᠰᠠᠨ ᠪᠠᠶᠢᠨ᠎ᠠ᠃ | ᠲᠤᠰᠬᠠᠶ ᠴᠣᠬᠢᠯᠲᠠ ᠥᠭᠬᠦ ᠲᠠᠯ᠎ᠠ ᠪᠠᠷ ᠰᠢᠨ᠎ᠡ ᠪᠦᠲᠦᠮᠵᠢ ᠤᠯᠪᠠ᠃ ᠳᠣᠲᠣᠭᠠᠳᠤ ᠶᠢ ᠬᠠᠮᠠᠭᠠᠯᠠᠬᠤ ᠶᠠᠮᠤᠨ ᠤ ᠨᠢᠭᠡᠳᠦᠯᠲᠡᠶ ᠪᠠᠶᠢᠷᠢᠯᠠᠭᠤᠯᠤᠯᠲᠠ ᠳᠣᠤᠷ᠎ᠠ᠂ | ᠳᠣᠲᠣᠭᠠᠳᠤ ᠶᠢ ᠬᠠᠮᠠᠭᠠᠯᠠᠬᠤ ᠲᠢᠩᠬᠢᠮ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠵᠣᠬᠢᠶᠠᠨ ᠪᠠᠶᠢᠭᠤᠯᠵᠤ ᠤᠷᠢᠳ ᠬᠤᠵᠢᠳ ᠡᠷᠬᠡ ᠳᠤ | ᠬᠠᠯᠳᠠᠨ ᠬᠠᠭᠤᠷᠮᠠᠭᠯᠠᠨ ᠵᠤᠬᠢᠶᠠᠭᠰᠠᠨ ︽ᠬᠠᠪᠤᠷ ᠤᠨ ᠤᠯᠠᠷᠢᠯ ᠤᠨ ᠰᠢᠪᠳᠤᠯᠤᠯᠳᠠ︾ ︽ᠰᠦᠯᠵᠢᠶ᠎ᠡ ᠴᠡᠪᠡᠷᠰᠢᠭᠦᠯᠬᠦ 2019︾ ︽ᠺᠦᠨᠯᠦ᠋ᠨ︾ ᠵᠡᠷᠭᠡ ᠲᠤᠰᠬᠠᠶ | ᠠᠵᠢᠯᠯᠠᠭ᠎ᠠ ᠶᠢ ᠥᠷᠨᠢᠭᠦᠯᠵᠦ᠂ ᠡᠯ᠎ᠡ ᠲᠥᠷᠥᠯ ᠤᠨ ᠶᠠᠯᠠᠲᠤ ᠬᠡᠷᠡᠭ ᠢ ᠨᠡᠶᠢᠲᠡ 1240 ᠢᠯᠡᠷᠡᠭᠦᠯᠵᠦ᠂ 1765 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ | 20 ᠡᠪᠰᠡᠯ ᠪᠦᠯᠦᠭᠯᠡᠯ ᠢ ᠴᠣᠬᠢᠨ ᠰᠦᠢᠷᠡᠭᠦᠯᠵᠦ᠂ 28 ᠶᠠᠯᠠᠲᠤ ᠠᠵᠢᠯᠯᠠᠭ᠎ᠠ ᠶᠢᠨ ᠭᠠᠵᠠᠷ ᠢ ᠡᠪᠳᠡᠵᠦ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ 8.8 | ᠳ᠋ᠦᠩᠰᠢᠭᠤᠷ ᠲᠥᠭᠦᠷᠢᠭ ᠬᠦᠷᠴᠡᠶ᠃ ᠡᠭᠦᠨ ᠠᠴᠠ ᠭᠠᠳᠠᠨ᠎ᠠ᠂ ᠲᠤᠳᠤᠭᠠᠳᠤ ᠶᠢ ᠬᠠᠮᠠᠭᠠᠯᠠᠬᠤ ᠲᠢᠩᠬᠢᠮ ᠪᠠᠰᠠ ᠪᠤᠰᠤᠳ ᠮᠤᠵᠢ ᠬᠤᠲᠠ ᠲᠠᠢ ᠢᠳᠡᠪᠬᠢ ᠲᠠᠢ ᠪᠠᠷ | ᠬᠠᠮᠳᠤᠷᠠᠯᠴᠠᠨ ᠲᠤᠰᠬᠠᠢ ᠠᠵᠢᠯᠯᠠᠭ᠎ᠠ ᠶᠢ ᠦᠷᠨᠢᠭᠦᠯᠵᠦ᠂ ᠱᠠᠩᠬᠠᠢ ᠬᠤᠲᠠ ᠶᠢᠨ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠢ ᠬᠦᠬᠡᠬᠤᠲᠠ ᠳᠤ ᠬᠠᠭᠤᠷᠮᠠᠭ | ᠳᠠᠩᠰᠠᠯᠠᠭᠤᠯᠤᠭᠰᠠᠨ ᠲᠠᠸᠠᠷ ᠤᠨ ᠲᠡᠮᠳᠡᠭᠲᠦ 3 ᠬᠡᠷᠡᠭ ᠤᠨ ᠭᠠᠵᠠᠷ ᠢ ᠡᠪᠳᠡᠵᠦ᠂ 37 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠤᠯᠠᠨ ᠤᠯᠤᠰ ᠤᠨ | ᠨᠠᠷᠠᠲᠦ ᠲᠡᠮᠳᠡᠭᠲᠦ ᠬᠠᠭᠤᠷᠮᠠᠭ ᠠᠢ ᠮᠠ ᠱᠢ᠂ ᠺᠦ᠋ ᠴᠢ᠂ LV ᠨᠤᠤᠰᠤᠨ ᠠᠯᠴᠢᠭᠤᠷ 2 . 4 ᠲᠦᠮᠡᠨ ᠵᠤᠷᠪᠤᠰ ᠢ ᠦᠯᠡᠳᠡᠭᠡᠨ ᠠᠪᠴᠦ᠂ ᠬᠡᠷᠡᠭ ᠲᠤ | ᠬᠤᠯᠪᠣᠭᠳᠠᠭᠰᠠᠨ ᠵᠣᠭᠤᠰ ᠤᠨ ᠲᠤᠭ᠎ᠠ 1. 25 ᠳ᠋ᠦᠩᠰᠢᠭᠤᠷ ᠲᠥᠭᠦᠷᠢᠭ ᠬᠦᠷᠴᠡᠶ᠃ | ᠬᠠᠮᠵᠢᠯᠴᠠᠭ᠎ᠠ ᠪᠠᠨ ᠴᠢᠩᠬᠠᠳᠬᠠᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠵᠠᠶ᠃ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠵᠤ ᠦᠢᠯᠡᠳᠪᠦᠷᠢᠯᠡᠯ ᠮᠡᠳᠡᠭᠡ ᠵᠠᠩᠭᠢ᠂ ᠲᠠᠷᠢᠶᠠᠯᠠᠩ ᠮᠠᠯ ᠠᠵᠤ ᠠᠬᠤᠶ᠂ ᠬᠤᠳᠠᠯᠳᠤᠭᠠᠨ ᠤ ᠶᠠᠪᠤᠳᠠᠯ᠂ ᠰᠦᠯᠵᠢᠶᠡᠨ ᠤ | ᠮᠡᠳᠡᠭᠡ ᠵᠠᠩᠭᠢ ᠶᠢᠨ ᠠᠯᠪᠠᠨ ᠬᠡᠷ ᠵᠡᠷᠭᠡ ᠰᠠᠯᠠᠭ᠎ᠠ ᠮᠥᠴᠢᠷ ᠯᠦᠭᠡ ᠬᠠᠮᠵᠢᠯᠴᠠᠨ ᠠᠵᠢᠯᠯᠠᠬᠤ ᠪᠠᠨ ᠢᠳᠡᠪᠬᠢᠲᠡᠢ ᠪᠠᠷ ᠴᠢᠩᠭᠠᠳᠬᠠᠵᠤ᠂ ᠡᠷᠬᠡ ᠳᠤ ᠬᠠᠯᠳᠠᠭᠰᠠᠨ | ᠬᠠᠭᠤᠷᠮᠠᠭᠯᠠᠨ ᠵᠤᠬᠢᠶᠠᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠨᠡᠶᠢᠯᠡᠮᠡᠯ ᠬᠦᠴᠦᠨ ᠢ ᠪᠦᠷᠢᠯᠳᠦᠭᠦᠯᠪᠡ᠃ 2019 ᠣᠨ ᠠᠴᠠ ᠨᠠᠰᠢ᠂ ᠪᠥᠬᠦ ᠣᠷᠣᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠮᠢᠶ᠎ᠠ ᠪᠥᠬᠦᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠢ ᠬᠠᠮᠲᠤᠷᠠᠨ ᠪᠥᠭᠡᠮ ᠢᠶᠠᠷ | ᠬᠤᠳᠠᠯᠳᠤᠬᠤ ᠵᠠᠬ᠎ᠠ ᠳᠡᠯᠭᠡᠭᠦᠷ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠢ ᠨᠡᠶᠢᠲᠡ 300 ᠢᠯᠡᠭᠦᠦ ᠭᠠᠵᠠᠷ ᠢ ᠪᠠᠶᠢᠴᠠᠭᠠᠵᠤ᠂ ᠨᠢᠭᠡ ᠪᠦᠯᠦᠭ ᠬᠠᠭᠤᠷᠮᠠᠭ ᠬᠢᠮᠢ | ᠶᠢᠨ ᠪᠣᠷᠲᠣᠭᠤᠷ᠂ ᠬᠠᠭᠤᠷᠮᠠᠭ ᠦᠷ᠎ᠡ᠂ ᠬᠠᠭᠤᠷᠮᠠᠭ ᠲᠠᠮᠠᠬᠢ ᠵᠡᠷᠭᠡ ᠬᠡᠷᠡᠭ ᠢ ᠢᠯᠡᠷᠡᠭᠦᠯᠪᠡ᠃ | ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠪᠠ᠃ ᠵᠠᠰᠠᠭ ᠢ ᠴᠣᠮᠬᠠᠳᠬᠠᠨ ᠡᠷᠬᠡ ᠶᠢ ᠪᠠᠭᠤᠯᠭᠠᠬᠤ᠂ | ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ᠂ ᠠᠮᠤᠷ ᠲᠦᠪᠰᠢᠨ ᠤ ᠰᠡᠷᠭᠡᠶᠢᠯᠡᠯᠲᠡ᠂ ᠴᠠᠭᠳᠠᠭ᠎ᠠ ᠠᠵᠤ | ᠠᠬᠤᠶᠢᠯᠠᠯ ᠢ ᠬᠠᠮᠲᠤ ᠪᠠᠷ ᠪᠠᠶᠢᠭᠤᠯᠬᠤ ᠵᠡᠷᠭᠡ ᠲᠠᠯ᠎ᠠ ᠪᠠᠷ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠪᠠ | ᠦᠢᠯᠡᠴᠢᠯᠡᠬᠦ ᠳᠤ ᠭᠤᠴᠢᠨ ᠵᠤᠷᠪᠤᠰ ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠵᠠᠮ ᠬᠠᠷᠢᠯᠴᠠᠭ᠎ᠠ᠂ ᠬᠢᠯᠢ ᠪᠠᠷ ᠤᠷᠤᠬᠤ ᠭᠠᠷᠬᠤ᠂ ᠠᠮᠤᠷ ᠢ | ᠬᠠᠮᠠᠭᠠᠯᠠᠬᠤ ᠵᠡᠷᠭᠡ ᠬᠦᠷᠢᠶᠡᠨ ᠳᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠰᠢᠯᠢᠳᠡᠭᠵᠢᠭᠦᠯᠵᠦ᠂ ᠠᠵᠤ ᠠᠬᠤᠶᠢᠯᠠᠯ ᠪᠣᠯᠤᠨ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠪᠠᠳᠠᠷᠠᠭᠤᠯᠪᠠ᠃ | ᠡᠩᠨᠡᠭᠡᠨ ᠤ ᠪᠣᠳᠠᠲᠤ ᠪᠠᠶᠢᠯᠳᠤᠭᠠᠨ ᠤ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠵᠠᠶ᠃ ᠳᠣᠲᠣᠭᠠᠳᠤ ᠶᠢ ᠬᠠᠮᠠᠭᠠᠯᠠᠬᠤ | ᠲᠢᠩᠬᠢᠮ ᠲᠣᠮᠣ ᠳ᠋ᠠᠶᠢᠲ᠋ᠠ ᠶᠢ ᠳᠣᠲᠣᠭᠠᠳᠤ ᠶᠢ ᠬᠠᠮᠠᠭᠠᠯᠠᠬᠤ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠲᠣᠮᠣ ᠬᠥᠳᠡᠯᠭᠡᠭᠦᠷ ᠪᠣᠯᠭᠠᠵᠤ᠂ ᠳᠠᠶᠢᠴᠢᠨ | ᠬᠦᠴᠦᠨ ᠢ ᠪᠤᠶᠢᠵᠢᠭᠤᠯᠤᠨ ᠰᠢᠨ᠎ᠡ ᠨᠡᠮᠡᠭᠳᠡᠯ ᠤᠨ ᠴᠡᠭ ᠪᠣᠯᠭᠠᠵᠤ᠂ ︽ᠤᠮᠠᠷᠠᠲᠤ ᠬᠢᠯᠢ ᠶᠢᠨ ᠡᠭᠦᠯᠡᠨ ᠪᠤᠳᠤᠯᠳᠠ · ᠣᠶᠤᠨᠴᠢ ᠳᠣᠲᠣᠭᠠᠳᠤ ᠶᠢ ᠬᠠᠮᠠᠭᠠᠯᠠᠬᠤ︾ ᠶᠢᠨ | ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ︽ᠲᠤᠭ᠎ᠠ ᠪᠠᠷᠢᠮᠲᠠ ᠶᠢᠨ ᠴᠠᠭᠳᠠᠭᠠᠨ ᠤ ᠶᠠᠪᠤᠳᠠᠯ︾ ᠢ ᠪᠣᠶ ᠪᠣᠯᠭᠠᠵᠤ᠂ ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ | ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠵᠤ᠂ ᠢᠳᠡᠪᠬᠢᠲᠡᠢ ᠪᠠᠷ ᠰᠢᠨᠵᠢᠯᠡᠬᠦ ᠤᠬᠠᠭᠠᠨ ᠮᠡᠷᠭᠡᠵᠢᠯ ᠠᠴᠠ ᠴᠠᠭᠳᠠᠭᠠᠨ ᠤ ᠬᠦᠴᠦᠨ ᠢ ᠠᠪᠬᠤ᠂ | ᠥᠭᠡᠷᠡᠴᠢᠯᠡᠯᠲᠡ ᠠᠴᠠ ᠳᠠᠶᠢᠴᠢᠨ ᠬᠦᠴᠦᠨ ᠢ ᠠᠪᠴᠤ᠂ ᠡᠷᠬᠡ ᠳᠤ ᠬᠠᠯᠳᠠᠨ ᠬᠠᠭᠤᠷᠮᠠᠭᠯᠠᠨ ᠵᠤᠬᠢᠶᠠᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ | ᠲᠤᠳᠤᠭᠠᠳᠣ ᠶᠢ ᠬᠠᠮᠠᠭᠠᠯᠠᠬᠤ ᠡᠩᠨᠡᠭᠡᠨ ᠤ ᠪᠣᠳᠠᠲᠤ ᠪᠠᠶᠢᠯᠳᠤᠭᠠᠨ ᠤ ᠴᠢᠳᠠᠪᠤᠷᠢ ᠶᠢ ᠲᠦᠢᠯ ᠤᠨ ᠶᠡᠭᠡ ᠪᠠᠷ ᠳᠡᠭᠡᠭᠰᠢᠯᠡᠭᠦᠯᠪᠡ᠃ | | | ᠬᠢᠵᠢᠭ ᠤᠨ ᠪᠠᠶᠢᠳᠠᠯ ᠢ ᠰᠡᠷᠭᠡᠶᠢᠯᠡᠨᠡᠵᠡᠮᠳᠡᠬᠦ ᠬᠤᠭᠤᠴᠠᠭᠠᠨ ᠳᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ | | | ᠡᠨᠡ ᠵᠢᠯ ᠰᠢᠨ᠎ᠡ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠡᠯ ᠡᠭᠦᠰᠦᠭᠰᠡᠨ ᠠᠴᠠ ᠡᠬᠢᠯᠡᠨ᠂ ᠳᠤᠳᠤᠭᠠᠳᠤ ᠶᠢ ᠬᠠᠮᠠᠭᠠᠯᠠᠬᠤ ᠲᠢᠩᠬᠢᠮ | ᠬᠢᠵᠢᠭ ᠤᠨ ᠪᠠᠶᠢᠳᠡᠯ ᠢ ᠰᠡᠷᠭᠡᠶᠢᠯᠡᠨ ᠡᠵᠡᠮᠳᠡᠬᠦ ᠠᠵᠢᠯ ᠢ ᠤᠳᠤᠬᠢ ᠶᠢᠨ ᠤᠨᠴᠠ ᠶᠡᠭᠡ ᠤᠯᠤᠰ ᠲᠦᠷᠦ ᠶᠢᠨ ᠡᠭᠦᠷᠭᠡ ᠪᠤᠯᠭᠠᠵᠤ᠂ ᠠᠷᠠᠳ ᠲᠦᠮᠡᠨ ᠤ ᠠᠮᠢ | ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠡᠷᠡᠭᠦᠯ ᠮᠡᠨᠳᠦ ᠶᠢ ᠲᠡᠷᠢᠭᠦᠨ ᠪᠠᠶᠢᠷᠢ ᠳᠤ ᠲᠠᠯᠪᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠤᠭᠤᠴᠠᠭᠠᠨ ᠳᠤ ᠬᠡᠷᠡᠭᠯᠡᠭᠴᠢᠳ ᠤᠨ ᠡᠷᠬᠡ ᠠᠰᠢᠭ ᠲᠤ ᠬᠠᠯᠳᠠᠭᠰᠠᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠲᠡ ᠦᠭᠴᠦ᠂ ᠵᠠᠬ᠎ᠠ ᠳᠡᠯᠭᠡᠭᠦᠷ ᠠᠵᠤ ᠠᠬᠤᠢ ᠶᠢᠨ | ᠡᠮᠬᠢ ᠲᠢᠭᠯᠢᠮ ᠢ ᠬᠠᠮᠠᠭᠠᠯᠠᠵᠤ᠂ ᠬᠢᠵᠢᠭ ᠤᠨ ᠪᠡᠶᠢᠳᠡᠯ ᠢ ᠰᠡᠷᠭᠡᠶᠢᠯᠡᠨ ᠡᠵᠡᠮᠳᠡᠬᠦ ᠠᠷᠠᠳ ᠲᠦᠮᠡᠨ ᠤ ᠳᠠᠶᠢᠯᠠᠯᠳᠤᠭᠠᠨ᠂ ᠪᠦᠬᠦ ᠴᠤᠭᠴᠠ ᠶᠢᠨ ᠪᠠᠶᠢᠯᠳᠤᠭᠠᠨ᠂ | ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠵᠤ᠂ ᠠᠮᠤᠷ ᠳᠤᠭᠳᠠᠭᠤᠨ ᠨᠡᠶᠢᠭᠡᠮ ᠤᠨ ᠤᠷᠴᠢᠨ ᠲᠤᠭᠤᠷᠢᠨ ᠢ ᠪᠤᠢ ᠪᠤᠯᠭᠠᠨ᠎ᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠭᠤᠷᠮᠠᠭ ᠴᠢᠨᠠᠷ ᠮᠠᠩᠭᠤᠳᠠᠢ ᠲᠠᠸᠠᠷ ᠢ ᠦᠢᠯᠡᠳᠴᠦ ᠪᠣᠷᠣᠯᠠᠭᠤᠯᠬᠤ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠳᠬᠡᠨ᠎ᠡ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠳᠣᠲᠣᠭᠠᠳᠤ ᠶᠢ ᠬᠠᠮᠠᠭᠠᠯᠠᠬᠤ ᠲᠢᠩᠬᠢᠮ ᠬᠠᠤᠯᠢ | ᠪᠤᠰᠤ ᠪᠠᠷ ᠡᠵᠡᠩᠨᠡᠭᠰᠡᠨ᠂ ᠬᠤᠳᠠᠯ ᠬᠠᠭᠤᠷᠮᠠᠭ ᠵᠠᠷ ᠮᠡᠳᠡᠭᠡ ᠵᠡᠷᠭᠡ ᠠᠵᠤ ᠠᠬᠤᠶ ᠶᠢᠨ ᠶᠠᠯᠠᠲᠤ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ | ᠤᠯᠤᠰ ᠤᠨ ᠬᠤᠯᠪᠣᠭᠳᠠᠯ ᠪᠦᠬᠦᠢ ᠵᠠᠬ᠎ᠠ ᠳᠡᠯᠭᠡᠭᠦᠷ ᠤᠨ ᠡᠵᠡᠩᠨᠡᠯᠲᠡ᠂ ᠦᠨ᠎ᠡ ᠬᠠᠩᠰᠢ ᠶᠢᠨ ᠬᠠᠮᠢᠶᠠᠷᠤᠯᠲᠠ ᠵᠡᠷᠭᠡ ᠲᠣᠭᠲᠠᠭᠠᠯ ᠢ ᠵᠥᠷᠢᠴᠡᠵᠦ᠂ ᠪᠠᠷᠠᠭᠠᠨ ᠤ | ᠦᠨ᠎ᠡ ᠶᠢ ᠦᠷᠢᠰᠦᠯᠳᠦᠨ ᠥᠰᠬᠡᠬᠦ᠂ ᠬᠡᠳᠦ ᠠᠰᠢᠭ ᠬᠤᠨᠵᠢᠬᠤ᠂ ᠵᠠᠬ᠎ᠠ ᠳᠡᠯᠭᠡᠭᠦᠷ ᠤᠨ ᠡᠵᠡᠩᠨᠡᠯᠲᠡ ᠶᠢ ᠬᠦᠨᠳᠦ ᠨᠣᠴᠢᠲᠠᠶ ᠰᠠᠮᠠᠭᠤᠷᠠᠭᠤᠯᠤᠭᠰᠠᠨ ᠶᠠᠯᠠᠲᠤ | ᠠᠵᠢᠯᠯᠠᠭ᠎ᠠ ᠳᠤ ᠭᠤᠤᠯᠳᠠᠯᠭ᠎ᠠ ᠲᠠᠢ ᠴᠣᠬᠢᠯᠲᠠ ᠥᠭᠪᠡ᠃ ᠪᠦᠬᠦ ᠤᠷᠤᠨ ᠤ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ 48 ᠵᠠᠬ᠎ᠠ ᠳᠡᠯᠭᠡᠭᠦᠷ ᠤᠨ ᠡᠵᠡᠩᠨᠡᠯᠲᠡ ᠶᠢ | ᠰᠠᠮᠠᠭᠤᠷᠠᠭᠤᠯᠤᠭᠰᠠᠨ ᠶᠠᠯᠠᠲᠤ ᠠᠵᠢᠯᠯᠠᠭ᠎ᠠ ᠶᠢ ᠢᠯᠡᠷᠡᠭᠦᠯᠵᠦ᠂ 58 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ ᠪᠥᠬᠦ | ᠵᠣᠭᠤᠰ ᠤᠨ ᠲᠤᠭ᠎ᠠ 2254 . 41 ᠲᠦᠮᠡᠨ ᠲᠥᠭᠦᠷᠢᠭ ᠬᠦᠷᠴᠡᠶ᠃ ᠡᠭᠦᠨ ᠳᠤ᠂ 9 ᠬᠠᠭᠤᠷᠮᠠᠭ ᠴᠢᠨᠠᠷ ᠮᠠᠭᠤᠲᠠᠠᠢ ᠲᠠᠸᠠᠷ ᠦᠢᠢᠯᠡᠳᠪᠦᠷᠢᠯᠡᠭᠰᠡᠨ | ᠪᠤᠷᠤᠯᠠᠭᠤᠯᠤᠭᠰᠠᠨ ᠬᠡᠷᠡᠭ᠂ 11 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ ᠪᠥᠬᠦ ᠵᠣᠭᠤᠰ ᠤᠨ ᠲᠤᠭ᠎ᠠ 73 ᠲᠦᠮᠡᠨ | ᠲᠥᠭᠦᠷᠢᠭ᠂ 14 .3 ᠲᠦᠮᠡᠨ ᠬᠠᠭᠤᠷᠮᠠᠭ ᠴᠢᠨᠠᠷ ᠮᠠᠭᠤᠲᠠᠠᠢ ᠠᠮᠠᠭᠴᠢ ᠶᠢ ᠪᠠᠶᠢᠴᠠᠭᠠᠨ ᠦᠯᠡᠳᠡᠭᠡᠭᠰᠡᠨ ᠪᠠᠶᠢᠨ᠎ᠠ᠃ | ᠴᠠᠬᠢᠯᠭᠠᠨ ᠬᠤᠯᠪᠣᠭᠠᠨ ᠤ ᠮᠡᠬᠡᠯᠡᠯ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ | ᠳᠣᠲᠣᠭᠠᠳᠤ ᠶᠢ ᠬᠠᠮᠠᠭᠠᠯᠠᠬᠤ ᠲᠢᠩᠬᠢᠮ ᠬᠠᠤᠯᠢ ᠪᠤᠰᠤ ᠡᠲᠡᠭᠡᠳ ᠤᠨ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠠᠰᠢᠭᠯᠠᠨ | ᠂ ᠴᠠᠬᠢᠯᠭᠠᠨ ᠬᠤᠯᠪᠣᠭᠠᠨ ᠤ ᠮᠡᠬᠡᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠡᠷᠡᠭᠵᠢᠭᠦᠯᠬᠦ ᠳᠤ ᠴᠢᠭᠯᠡᠭᠦᠯᠦᠨ᠂ ᠪᠦᠬᠦ ᠣᠷᠣᠨ ᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠴᠠᠬᠢᠯᠭᠠᠨ ᠬᠤᠯᠪᠣᠭᠠᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠶᠢ ᠢᠳᠡᠪᠬᠢᠲᠡᠶ | ᠪᠠᠶᠢᠷᠢᠯᠠᠭᠤᠯᠵᠤ᠂ ᠢᠯᠡᠳᠲᠡ ᠠᠮᠵᠢᠯᠲᠠ ᠣᠯᠤᠭᠰᠠᠨ ᠪᠠᠶᠢᠨ᠎ᠠ᠃ ᠪᠥᠬᠦ ᠣᠷᠣᠨ ᠤ ᠡᠯ᠎ᠡ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠡᠶᠢᠲᠡ 186 | ᠴᠠᠬᠢᠯᠭᠠᠨ ᠬᠤᠯᠪᠤᠭᠠᠨ ᠤ ᠮᠡᠬᠡᠯᠡᠯ ᠤᠨ ᠬᠡᠷᠡᠭ ᠢ ᠢᠯᠡᠷᠡᠭᠦᠯᠵᠦ᠂ 78 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ ᠪᠥᠬᠦ | ᠵᠣᠭᠤᠰ ᠤᠨ ᠲᠤᠭ᠎ᠠ 1426 ᠲᠦᠮᠡᠨ ᠲᠥᠭᠦᠷᠢᠭ ᠬᠦᠷᠴᠡᠶ᠃ ᠬᠥᠯᠥᠨ ᠪᠤᠶᠢᠷ᠂ ᠰᠢᠯᠢ ᠶᠢᠨ ᠭᠤᠤᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ | ᠤᠷᠢᠳ ᠬᠤᠵᠢᠳ 2 ᠣᠨᠴᠠ ᠶᠡᠭᠡ ᠬᠤᠳᠠᠯ ᠬᠠᠭᠤᠷᠮᠠᠭ ᠳᠤᠯᠠᠭᠠᠨ ᠤ ᠬᠡᠮᠵᠢᠭᠦᠷ ᠬᠤᠳᠠᠯᠳᠤᠭᠰᠠᠨ ᠰᠦᠯᠵᠢᠶᠡᠨ ᠤ ᠴᠠᠬᠢᠯᠭᠠᠨ ᠬᠤᠯᠪᠤᠭᠠᠨ ᠤ ᠮᠡᠬᠡᠯᠡᠯ ᠤᠨ | ᠬᠡᠷᠡᠭ ᠢ ᠢᠯᠡᠷᠡᠭᠦᠯᠵᠦ︔ ᠪᠤᠭᠤᠲᠦ᠂ ᠤᠯᠠᠭᠠᠨᠬᠠᠳᠠ᠂ ᠤᠷᠳᠤᠰ᠂ ᠤᠯᠠᠭᠠᠨᠴᠠᠪ᠂ ᠪᠠᠶᠠᠨᠨᠠᠭᠤᠷ ᠵᠡᠷᠭᠡ ᠭᠠᠵᠠᠷ ᠣᠨᠴᠠ ᠶᠡᠭᠡ ᠬᠤᠳᠠᠯ ᠬᠠᠭᠤᠷᠮᠠᠭ ᠠᠮᠠᠪᠴᠢ | ᠬᠤᠳᠠᠯᠳᠤᠭᠰᠠᠨ ᠴᠠᠬᠢᠯᠭᠠᠨ ᠬᠤᠯᠪᠤᠭᠠᠨ ᠤ ᠮᠡᠭᠡᠯᠡᠯ ᠤᠨ ᠬᠡᠷᠡᠭ ᠢ ᠢᠯᠡᠷᠡᠭᠦᠯᠵᠦ᠂ ᠡᠶᠢᠮᠦᠷᠬᠦᠦ ᠬᠠᠤᠯᠢ ᠠᠴᠠ ᠵᠦᠷᠢᠴᠡᠭᠰᠡᠨ ᠶᠠᠯᠲᠦ ᠠᠵᠢᠯᠯᠠᠭ᠎ᠠ ᠳᠤ ᠬᠦᠴᠦᠲᠡᠢ | ᠴᠤᠬᠢᠯᠳᠠ ᠦᠭᠭᠦᠭᠰᠡᠨ ᠪᠠᠶᠢᠨ᠎ᠠ᠃ | ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠡᠪᠳᠡᠬᠦ ᠲᠤᠰᠬᠠᠶ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠬᠢᠵᠢᠭ ᠤᠨ ᠪᠠᠶᠢᠳᠠᠯ ᠤᠨ | ᠬᠤᠭᠤᠴᠠᠭᠠᠨ ᠳᠤ᠂ ᠪᠥᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠡᠭᠡᠷ᠎ᠡ ᠶᠢᠨ ᠠᠮᠢᠲᠠᠨ ᠤ ᠬᠡᠷᠡᠭ ᠢ ᠨᠡᠶᠢᠳᠡ 27 ᠪᠠᠶᠢᠴᠠᠭᠠᠨ | ᠢᠯᠡᠷᠡᠭᠦᠯᠵᠦ᠂ ᠡᠭᠦᠨ ᠳᠤ 23 ᠵᠠᠰᠠᠭ ᠵᠠᠬᠢᠷᠭᠠᠨ ᠤ ᠬᠡᠷᠡᠭ ᠂ 4 ᠡᠷᠡᠭᠦᠤ ᠶᠢᠨ ᠬᠡᠷᠡᠭ ᠪᠠᠶᠢᠵᠤ᠂ 340 ᠬᠡᠭᠡᠷ᠎ᠡ ᠶᠢᠨ ᠠᠮᠢᠲᠠᠨ ᠢ ᠬᠤᠷᠢᠶᠠᠨ ᠠᠪᠴᠤ᠂ 27 | ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠰᠢᠢᠳᠪᠦᠷᠢᠯᠡᠭᠰᠡᠨ ᠪᠠᠶᠢᠨ᠎ᠠ᠃ | | | ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠰᠢᠨ᠎ᠡ ᠪᠠᠶᠢᠷᠢᠰᠢᠯ ᠢ ᠬᠠᠮᠲᠤ ᠪᠠᠷ ᠪᠦᠲᠦᠭᠡᠨ ᠪᠠᠶᠢᠭᠤᠯᠬᠤ ᠪᠠᠷ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ | ᠠᠵᠢᠯᠯᠠᠵᠦ ᠪᠠᠶᠢᠨ᠎ᠠ | | | 2020 ᠣᠨ ᠳᠤ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠠᠶᠤᠯ | ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠬᠠᠮᠠᠭᠠᠯᠠᠬᠤ᠂ ᠬᠢᠵᠢᠭ ᠤᠨ ᠪᠠᠶᠢᠳᠠᠯ ᠢ ᠲᠡᠮᠡᠴᠡᠬᠦ᠂ ᠲᠣᠭᠲᠠᠭᠤᠨ ᠢ ᠪᠠᠲᠤᠯᠠᠬᠤ︾ ᠡᠭᠦᠷᠭᠡ ᠴᠢᠳᠠᠪᠤᠷᠢ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠪᠠᠷ ᠠᠮᠤᠷ ᠲᠦᠪᠰᠢᠨ ᠬᠡᠷᠡᠭᠯᠡᠭᠡᠨ ᠤ ᠣᠷᠴᠢᠨ ᠲᠣᠭᠤᠷᠢᠨ ᠪᠠ ᠡᠷᠬᠡ | ᠲᠡᠭᠰᠢ ᠡᠮᠬᠢ ᠵᠢᠷᠤᠮ ᠲᠠᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠪᠡ᠃ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠬᠤ ᠪᠠ ᠴᠠᠭᠳᠠᠭ᠎ᠠ ᠠᠵᠤ ᠠᠬᠤᠶᠢᠯᠠᠯ ᠬᠠᠮᠵᠢᠯᠴᠠᠬᠤ ᠶᠢ | ᠠᠬᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠢ ᠬᠠᠮᠵᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠮᠡᠳᠡᠭᠡ | ᠵᠠᠩᠭᠢ ᠶᠢ ᠬᠠᠮᠲᠤᠪᠠᠷ ᠡᠳ᠋ᠯᠡᠬᠦ᠂ ᠬᠡᠷᠡᠭ ᠤᠨ ᠪᠠᠶᠢᠳᠠᠯ ᠤᠨ ᠮᠡᠳᠡᠭᠡᠯᠡᠯ᠂ ᠬᠡᠷᠡᠭ ᠢ ᠰᠢᠯᠵᠢᠭᠦᠯᠬᠦ ᠳᠦᠷᠢᠮ ᠢ ᠳᠡᠭᠦᠯᠳᠡᠷᠵᠢᠭᠦᠯᠵᠦ᠂ ᠱᠠᠲᠤ ᠠᠯᠤᠰᠯᠠᠨ᠂ ᠭᠠᠵᠠᠷ ᠣᠷᠣᠨ | ᠠᠯᠤᠰᠯᠠᠨ᠂ ᠰᠠᠯᠠᠭ᠎ᠠ ᠮᠥᠴᠢᠷ ᠠᠯᠤᠰᠯᠠᠨ ᠬᠠᠤᠯᠢ ᠬᠡᠷᠡᠭᠵᠢᠭᠦᠯᠬᠦ ᠬᠠᠮᠵᠢᠯᠴᠠᠭ᠎ᠠ ᠶᠢ ᠠᠬᠢᠭᠤᠯᠤᠨ᠎ᠠ᠃ ᠴᠠᠭᠳᠠᠭ᠎ᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠡᠯ ᠤᠨ ᠲᠣᠮᠣ ᠳ᠋ᠠᠶᠢᠲ᠋ᠠ ᠳᠤ ᠲᠦᠰᠢᠭᠯᠡᠨ᠂ ᠡᠷᠬᠡ ᠳᠤ ᠬᠠᠯᠳᠠᠭᠰᠠᠨ ᠬᠠᠭᠤᠷᠮᠠᠭᠯᠠᠨ ᠵᠤᠬᠢᠶᠠᠭᠰᠠᠨ | ᠶᠠᠯᠠᠲᠤ ᠠᠵᠢᠯᠯᠠᠭ᠎ᠠ ᠶᠢ ᠬᠢᠨᠠᠨ ᠰᠡᠷᠡᠮᠵᠢᠯᠡᠭᠦᠯᠬᠦ᠂ ᠲᠦᠭᠰᠢᠭᠦᠷᠢ ᠶᠢ ᠰᠡᠷᠭᠡᠶᠢᠯᠡᠬᠦ᠂ ᠰᠦᠪᠡᠭᠴᠢ ᠶᠢ ᠢᠯᠡᠷᠡᠭᠦᠯᠬᠦ ᠪᠠ ᠣᠨᠣᠪᠴᠢᠲᠠᠶ ᠴᠣᠬᠢᠯᠲᠠ ᠥᠭᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ | ᠭᠤᠤᠯᠳᠠᠯᠭ᠎ᠠ ᠲᠠᠢ ᠬᠦᠷᠢᠶ᠎ᠡ ᠬᠡᠪᠴᠢᠶ᠎ᠡ᠂ ᠭᠤᠤᠯᠳᠠᠯᠭ᠎ᠠ ᠲᠠᠢ ᠣᠷᠣᠨ ᠪᠦᠰᠡ ᠶᠢᠨ ᠲᠤᠰᠬᠠᠶ ᠴᠣᠬᠢᠯᠲᠠ ᠶᠢ ᠭᠦᠨᠵᠡᠭᠡᠶᠢᠷᠡᠭᠦᠯᠦᠨ᠎ᠡ᠃ ᠪᠦᠬᠦ ᠣᠷᠣᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠡᠬᠢ ᠡᠭᠦᠰᠦᠯ ᠢ ᠨᠢ ᠴᠣᠬᠢᠬᠤ᠂ ᠶᠠᠯᠠᠳᠤ ᠠᠵᠢᠯᠯᠠᠭ᠎ᠠ ᠶᠢᠨ ᠭᠠᠵᠠᠷ ᠢ ᠰᠦᠢᠷᠡᠭᠦᠯᠬᠦ᠂ ᠰᠦᠯᠵᠢᠶ᠎ᠡ ᠶᠢ ᠨᠢ ᠡᠪᠳᠡᠬᠦ᠂ | ᠬᠡᠯᠬᠢᠶ᠎ᠡ ᠶᠢ ᠨᠢ ᠲᠠᠰᠤᠯᠬᠤ︾ ᠪᠠᠷ ᠬᠠᠷᠠᠯᠲᠠ ᠪᠠᠨ ᠪᠣᠯᠭᠠᠵᠤ᠂ ᠰᠦᠯᠵᠢᠶᠡᠨ ᠳᠡᠭᠡᠷ᠎ᠡ ᠡᠷᠬᠡ ᠳᠤ ᠬᠠᠯᠳᠠᠭᠰᠠᠨ ᠬᠠᠭᠤᠷᠮᠠᠭ ᠲᠠᠸᠠᠷ ᠪᠣᠷᠣᠯᠠᠭᠤᠯᠬᠤ᠂ ᠬᠤᠳᠠᠯ | ᠬᠠᠭᠤᠷᠮᠠᠭ ᠵᠠᠷ ᠮᠡᠳᠡᠭᠡ ᠶᠢᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠭᠤᠷᠮᠠᠭ | ᠲᠠᠸᠠᠷ ᠲᠤ ᠴᠣᠬᠢᠯᠲᠠ ᠥᠭᠬᠦ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠵᠠᠬ᠎ᠠ ᠳᠡᠯᠭᠡᠭᠦᠷ ᠤᠨ ᠡᠷᠬᠡ ᠳᠤ ᠬᠠᠯᠳᠠᠭᠰᠠᠨ | ᠬᠠᠭᠤᠷᠮᠠᠭᠯᠠᠨ ᠵᠤᠬᠢᠶᠠᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠣᠷᠴᠢᠨ | ᠲᠣᠭᠤᠷᠢᠨ ᠢ ᠴᠡᠪᠡᠷᠰᠢᠭᠦᠯᠦᠨ᠎ᠡ᠃ ︽ᠠᠷᠢᠭᠤᠨ ᠴᠢᠬᠡᠴᠢ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠭᠠᠳᠠᠭᠠᠳᠤ ᠠᠴᠠ ᠤᠷᠤᠭᠤᠯᠬᠤ ᠭᠠᠳᠠᠭᠠᠳᠤ ᠳᠤ ᠭᠠᠷᠭᠠᠬᠤ | ᠭᠤᠭᠴᠤᠭ᠎ᠠ ᠶᠢᠨ ᠡᠷᠬᠡ ᠳᠤ ᠬᠠᠯᠳᠠᠵᠤ ᠬᠠᠭᠤᠷᠮᠠᠭᠯᠠᠬᠤ᠂ ᠬᠢᠯᠢ ᠠᠯᠤᠰᠯᠠᠭᠰᠠᠨ ᠬᠠᠤᠯᠢ ᠠᠴᠠ ᠵᠦᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ | ᠥᠭᠭᠦᠨ᠎ᠡ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠬᠠᠮᠠᠭᠠᠯᠠᠯᠲᠠ ᠶᠢ ᠴᠢᠩᠭᠠᠳᠬᠠᠵᠤ᠂ ᠬᠤᠳᠠᠯᠳᠤᠭᠠᠨ ᠤ ᠨᠢᠭᠤᠴᠠ ᠳᠤ ᠬᠠᠯᠳᠠᠭᠰᠠᠨ ᠵᠡᠷᠭᠡ ᠶᠠᠯᠠᠲᠤ ᠠᠵᠢᠯᠯᠠᠭ᠎ᠠ ᠳᠤ ᠴᠣᠬᠢᠯᠲᠠ ᠦᠭᠭᠦᠨ᠎ᠡ᠃ ︽ᠺᠦᠨᠯᠦ᠋ᠨ ᠤ | 2020︾ ᠤ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠢᠳᠡᠭᠡᠨ ᠡᠮ ᠤᠷᠴᠢᠨ ᠲᠤᠭᠤᠷᠢᠨ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠬᠦᠷᠢᠶᠡᠨ ᠳᠠᠬᠢ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠷᠢᠶᠡᠨ ᠳᠠᠬᠢ | ᠲᠤᠰᠬᠠᠶ ᠠᠰᠢᠭ ᠤᠨ ᠡᠷᠬᠡ᠂ ᠲᠠᠸᠠᠷ ᠤᠨ ᠲᠡᠮᠳᠡᠭᠲᠦ ᠶᠢᠨ ᠡᠷᠬᠡ᠂ ᠬᠡᠪᠯᠡᠯ ᠤᠨ ᠡᠷᠬᠡ ᠳᠤ ᠬᠠᠯᠳᠠᠭᠰᠠᠨ ᠵᠡᠷᠭᠡ ᠶᠠᠯᠠᠲᠤ ᠠᠵᠢᠯᠯᠠᠭ᠎ᠠ ᠳᠤ ᠭᠤᠤᠯᠳᠠᠯᠭ᠎ᠠ ᠲᠠᠢ | ᠴᠣᠬᠢᠯᠲᠠ ᠥᠭᠴᠦ᠂ ᠬᠠᠭᠤᠷᠮᠠᠭ ᠴᠢᠨᠠᠷ ᠮᠠᠭᠤᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠸᠠᠷ ᠢ ᠦᠢᠯᠡᠳᠴᠦ ᠪᠣᠷᠣᠯᠠᠭᠤᠯᠬᠤ ᠶᠠᠯᠠᠲᠤ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ᠂ ᠬᠤᠪᠣᠷ ᠨᠠᠨᠳᠢᠨ᠂ ᠮᠥᠬᠦᠬᠦ ᠰᠢᠬᠠᠭᠰᠠᠨ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠬᠤᠳᠠᠯᠳᠤᠨ ᠠᠪᠤᠭᠰᠠᠨ᠂ ᠵᠥᠭᠡᠭᠡᠪᠦᠷᠢᠯᠡᠭᠰᠡᠨ | ᠶᠠᠯᠠᠲᠤ ᠠᠵᠢᠯᠯᠠᠭ᠎ᠠ ᠳᠤ ᠴᠣᠬᠢᠯᠲᠠ ᠦᠭᠭᠦᠨ᠎ᠡ᠃ | ᠬᠤᠳᠠᠯᠳᠤᠭ᠎ᠠ ᠡᠵᠡᠩᠨᠡᠬᠦ ᠣᠷᠴᠢᠨᠲ᠋ᠤᠭᠤᠷᠢᠨ ᠢ ᠶᠡᠭᠡ ᠪᠠᠷ ᠰᠢᠯᠢᠳᠡᠭᠵᠢᠭᠦᠯᠦᠨ᠎ᠡ᠃ ᠳᠣᠲᠣᠭᠠᠳᠤ ᠶᠢ ᠬᠠᠮᠠᠭᠠᠯᠠᠬᠤ ᠶᠠᠮᠤᠨ ᠤ ︽ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠠᠵᠤ ᠠᠬᠤᠶᠢᠯᠠᠯ ᠤᠨ ᠣᠯᠠᠨ ᠲᠦᠮᠡᠨ ᠳᠤ ᠦᠢᠯᠡᠴᠢᠯᠡᠬᠦ 60 ᠵᠦᠢᠯ ᠤᠨ ᠠᠷᠭ᠎ᠠ | ᠬᠡᠮᠵᠢᠶ᠎ᠡ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠤᠳᠠᠯᠳᠤᠭ᠎ᠠ | ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠥᠮᠴᠢᠯᠡᠬᠦ ᠡᠷᠬᠡ ᠶᠢ ᠬᠠᠮᠠᠭᠠᠯᠠᠬᠤ᠂ ᠣᠯᠠᠨ ᠨᠡᠶᠢᠲᠡ ᠶᠢᠨ | ᠦᠢᠯᠡᠴᠢᠯᠡᠭᠡ ᠵᠡᠷᠭᠡ ᠲᠠᠯ᠎ᠠ ᠪᠠᠷ ᠶᠡᠷᠷᠥᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠤᠯᠤᠰ ᠤᠨ ᠭᠠᠶᠢᠯᠢ ᠶᠢ ᠪᠠᠭᠤᠷᠠᠭᠤᠯᠵᠤ ᠰᠦᠢᠳᠭᠡᠯ ᠢ ᠠᠷᠢᠯᠭᠠᠨ | ᠳᠠᠷᠤᠭᠠᠰᠤ ᠶᠢ ᠬᠥᠩᠭᠡᠯᠡᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠢᠭᠡᠳᠦᠯᠲᠡᠶ ᠵᠠᠬ᠎ᠠ ᠳᠡᠯᠭᠡᠭᠦᠷ ᠪᠠ ᠭᠤᠤᠯᠴᠢ ᠪᠠᠷ | ᠥᠷᠢᠰᠥᠯᠳᠦᠬᠦ ᠶᠢ ᠬᠠᠷᠰᠢᠯᠠᠬᠤ ᠲᠥᠷᠥ ᠶᠢᠨ ᠪᠣᠳᠣᠯᠭ᠎ᠠ᠂ ᠲᠣᠭᠲᠠᠭᠠᠯ ᠪᠠ ᠠᠷᠭ᠎ᠠ ᠬᠡᠮᠵᠢᠶ᠎ᠡ ᠶᠢ ᠡᠮᠬᠢᠯᠡᠨ ᠲᠢᠭᠯᠡᠵᠦ ᠬᠦᠴᠦᠨ ᠥᠬᠡᠶ ᠪᠣᠯᠭᠠᠵᠤ᠂ ᠵᠦᠶ ᠪᠤᠰᠤ | ᠥᠷᠢᠰᠥᠯᠳᠦᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠥᠪ ᠭᠤᠤᠯᠴᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃ | ᠤᠬᠠᠭᠤᠯᠬᠤ ᠰᠡᠷᠭᠡᠶᠢᠯᠡᠯᠲᠡ ᠶᠢ ᠴᠢᠩᠭᠠᠳᠬᠠᠨ᠎ᠠ᠃ ︽3.15︾ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠳᠦᠷ᠂ ︽4.26︾ | ᠳᠡᠯᠡᠬᠡᠶ ᠶᠢᠨ ᠮᠡᠳᠡᠯᠭᠡ ᠶᠢᠨ ᠪᠦᠳᠦᠭᠡᠭᠳᠡᠭᠦᠨ ᠤ ᠥᠮᠴᠢᠯᠡᠬᠦ ᠡᠷᠬᠡ ᠶᠢᠨ ᠡᠳᠦᠷ᠂ ︽5.15︾ ᠠᠵᠤ ᠠᠬᠤᠶ ᠶᠢᠨ ᠶᠠᠯᠠᠲᠤ ᠠᠵᠢᠯᠯᠠᠭ᠎ᠠ ᠳᠤ ᠴᠤᠬᠢᠯᠲᠠ ᠥᠭᠬᠦ ᠪᠠ | ᠰᠡᠷᠭᠡᠶᠢᠯᠡᠬᠦ ᠤᠬᠠᠭᠤᠯᠭ᠎ᠠ ᠶᠢᠨ ᠡᠳᠦᠷ ᠵᠡᠷᠭᠡ ᠴᠢᠬᠤᠯᠠ ᠵᠠᠩᠬᠢᠶᠠᠰᠤ ᠶᠢᠨ ᠲᠣᠭᠤᠷᠢᠨ ᠳᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠠᠬ᠎ᠠ | ᠳᠡᠯᠭᠡᠭᠦᠷ᠂ ᠭᠠᠶᠢᠯᠢ ᠶᠢᠨ ᠶᠠᠪᠤᠳᠠᠯ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠡᠨ ᠰᠦᠯᠵᠢᠶᠡᠨ ᠳᠡᠭᠡᠷ᠎ᠡ ᠪᠠ | ᠰᠦᠯᠵᠢᠶᠡᠨ ᠭᠠᠳᠠᠨᠠᠬᠢ ᠶᠢ ᠤᠶᠠᠯᠳᠤᠭᠤᠯᠬᠤ᠂ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠢ ᠤᠶᠠᠯᠳᠤᠭᠤᠯᠬᠤ ᠵᠡᠷᠭᠡ ᠠᠷᠭ᠎ᠠ ᠮᠠᠶ᠋ᠢᠭ ᠢ ᠠᠪᠴᠤ᠂ | ᠡᠷᠬᠡ ᠳᠤ ᠬᠠᠯᠳᠠᠭᠰᠠᠨ ᠬᠠᠭᠤᠷᠮᠠᠭᠯᠠᠨ ᠵᠤᠬᠢᠶᠠᠭᠰᠠᠨ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠬᠠᠮᠢᠶ᠎ᠡ ᠪᠥᠬᠦᠶ ᠬᠠᠤᠯᠢ | ᠴᠠᠭᠠᠵᠠ ᠬᠠᠤᠯᠢ ᠲᠣᠭᠲᠠᠭᠠᠯ ᠢ ᠭᠦᠨᠵᠡᠭᠡᠶ ᠤᠬᠠᠭᠤᠯᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠶ ᠳᠤᠨᠢ ᠢᠯᠡᠴᠢᠯᠡᠨ᠂ ᠶᠠᠯ᠎ᠠ ᠬᠢᠭᠰᠡᠨ ᠠᠷᠭ᠎ᠠ | ᠬᠡᠯᠪᠡᠷᠢ ᠶᠢ ᠨᠢ ᠢᠯᠡᠴᠢᠯᠡᠵᠦ᠂ ᠪᠥᠬᠦ ᠨᠡᠶᠢᠭᠡᠮ ᠤᠨ ᠬᠠᠭᠤᠷᠮᠠᠭ ᠢ ᠮᠡᠳᠡᠷᠡᠵᠦ ᠬᠤᠳᠡᠯ ᠢ ᠰᠡᠷᠭᠡᠶᠢᠯᠡᠬᠦ ᠤᠬᠠᠮᠰᠡᠷ ᠢ ᠳᠡᠭᠡᠭᠰᠢᠯᠡᠭᠦᠯᠦᠨ᠎ᠡ᠃ |