ᠪᠦᠬᠦᠳᠠ ᠨᠡᠶᠢᠷᠡᠮᠳᠡᠬᠤ ᠲᠤᠮᠳᠡᠳᠦ ᠠᠷᠡᠦᠠ ᠤᠯᠦᠰ ᠤᠨ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠦᠯᠢ ︵5︶ | | ︵1988 ᠤᠠ ᠤ 11 ᠰᠡᠷ᠎ᠠ ᠶᠢᠨ 8 ᠤ ᠡᠳᠦᠷ ᠲᠤᠯᠤᠳᠦᠭᠠᠷ ᠬᠤᠭᠤᠴᠡᠭᠠᠠ ᠤ ᠪᠦᠬᠦ ᠤᠯᠦᠰ ᠤᠨ ᠠᠷᠡᠦᠠ ᠤᠨ ᠲᠦᠯᠦᠭᠡᠯᠡᠭᠴᠢᠦᠠ ᠤᠨ ᠶᠡᠭᠡ ᠬᠤᠷᠡᠯ ᠤᠨ | ᠪᠠᠶᠢᠡᠭᠭᠤ ᠶᠢᠨ ᠬᠤᠷᠢᠶᠠᠨ ᠤ ᠲᠦᠷᠪᠡᠳᠤᠭᠡᠷ ᠬᠤᠷᠡᠯᠳᠦᠭᠠᠠ ᠠᠴᠠ ᠪᠡᠳᠦᠯᠡᠪᠡ | | | | ᠭᠤᠷᠪᠡᠳᠦᠭᠠᠷ ᠪᠦᠯᠦᠭ ᠭᠡᠭᠡᠷ᠎ᠡ ᠶᠢᠨ ᠠᠮᠢᠲᠠᠨ ᠤ ᠬᠠᠮᠢᠶᠠᠷᠥᠯᠲᠠ ᠬᠤᠷᠢᠳᠤᠭᠠᠷ ᠵᠦᠢᠯ ᠬᠤᠯᠪᠤᠭᠳᠠᠯ ᠪᠦᠬᠦᠢ ᠪᠠᠶᠢᠭᠠᠯᠢ ᠶᠢᠨ ᠬᠠᠮᠠᠭᠠᠯᠠᠯᠲᠠ ᠶᠢᠨ | ᠤᠷᠤᠨ ᠪᠦᠰᠡ ᠪᠠ ᠠᠪᠠᠯᠠᠬᠤ ︵ᠠᠩᠨᠠᠬᠤ︶ ᠶᠢ ᠴᠠᠭᠠᠵᠠᠯᠠᠬᠤ ᠤᠷᠤᠨ ᠪᠠ ᠠᠪᠠᠯᠠᠬᠤ ︵ᠠᠩᠨᠠᠬᠤ︶ ᠶᠢ ᠴᠠᠭᠠᠵᠠᠯᠠᠬᠤ ᠬᠤᠭᠤᠴᠠᠭᠠᠨ ᠳᠤ᠂ ᠠᠩᠨᠠᠬᠤ ᠵᠢᠴᠢ | ᠭᠡᠭᠡᠷ᠎ᠡ ᠶᠢᠨ ᠠᠮᠢᠲᠠᠨ ᠤ ᠦᠷᠡᠵᠢᠨ ᠠᠮᠢᠳᠤᠷᠠᠬᠤ ᠶᠢ ᠬᠠᠷᠰᠢᠯᠠᠬᠤ ᠪᠤᠰᠤᠳ ᠠᠵᠢᠯᠯᠠᠭ᠎ᠠ ᠶᠢ ᠴᠠᠭᠠᠵᠠᠯᠠᠨ᠎ᠠ᠂ ᠭᠡᠪᠡᠴᠦ ᠬᠠᠤᠯᠢ ᠴᠠᠭᠠᠵᠠ ᠬᠠᠤᠯᠢ ᠲᠤᠭᠲᠠᠭᠠᠯ ᠳᠤ | ᠠᠰᠳᠠᠭᠠᠨ ᠲᠤᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ᠃ | ᠭᠡᠭᠡᠷ᠎ᠡ ᠶᠢᠨ ᠠᠮᠢᠲᠠᠨ ᠤ ᠨᠡᠭᠦᠳᠡᠯᠯᠡᠨ ᠲᠤᠭᠤᠷᠢᠬᠤ ᠬᠤᠭᠤᠴᠠᠭᠠᠨ ᠳᠤ᠂ ᠡᠮᠦᠨᠡᠬᠢ ᠪᠠᠳᠠᠭ ᠲᠤ ᠲᠤᠭᠲᠠᠭᠠᠭᠰᠠᠨ ᠤᠷᠤᠨ ᠪᠦᠰᠡ ᠠᠴᠠ ᠭᠠᠳᠠᠨᠠᠬᠢ | ᠨᠡᠭᠦᠳᠡᠯᠯᠡᠨ ᠲᠤᠭᠤᠷᠢᠬᠤ ᠵᠠᠮ ᠤᠨ ᠲᠤᠲᠤᠷ᠎ᠠ ᠠᠩᠨᠠᠬᠤ ᠶᠢ ᠴᠠᠭᠠᠵᠠᠯᠠᠬᠤ ᠪᠦᠭᠡᠳ ᠭᠡᠭᠡᠷ᠎ᠡ ᠶᠢᠨ ᠠᠮᠢᠲᠠᠨ ᠤ ᠦᠷᠡᠵᠢᠨ ᠠᠮᠢᠳᠤᠷᠠᠬᠤ ᠶᠢ ᠬᠠᠷᠰᠢᠯᠠᠬᠤ ᠪᠤᠰᠤᠳ | ᠠᠵᠢᠯᠯᠠᠭ᠎ᠠ ᠶᠢ ᠴᠢᠩᠭ᠎ᠠ ᠬᠢᠵᠠᠭᠠᠷᠯᠠᠨ᠎ᠠ᠃ ᠨᠡᠭᠦᠳᠡᠯᠯᠡᠨ ᠲᠤᠭᠤᠷᠢᠬᠤ ᠵᠠᠮ ᠤᠨ ᠬᠡᠪᠴᠢᠶ᠎ᠠ ᠵᠢᠴᠢ ᠭᠡᠭᠡᠷ᠎ᠡ ᠶᠢᠨ ᠠᠮᠢᠲᠠᠨ ᠤ ᠦᠷᠡᠵᠢᠨ ᠠᠮᠢᠳᠤᠷᠠᠬᠤ ᠶᠢ ᠬᠠᠷᠰᠢᠯᠠᠬᠤ | ᠠᠵᠢᠯᠯᠠᠭ᠎ᠠ ᠶᠢᠨ ᠠᠭᠤᠯᠭ᠎ᠠ ᠶᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠪᠤᠶᠤ ᠲᠡᠭᠦᠨ ᠤ ᠭᠡᠭᠡᠷ᠎ᠡ ᠶᠢᠨ ᠠᠮᠢᠲᠠᠨ ᠤ | ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠲᠠᠭᠠᠵᠤ ᠨᠡᠶᠢᠲᠡᠯᠡᠨ᠎ᠡ᠃ | ᠬᠤᠷᠢᠨ ᠨᠢᠭᠡᠳᠦᠭᠡᠷ ᠵᠦᠢᠯ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠢ ᠠᠩᠨᠠᠬᠤ᠂ ᠠᠯᠠᠬᠤ ᠶᠢ ᠴᠠᠭᠠᠵᠠᠯᠠᠨ᠎ᠠ᠃ | ᠰᠢᠨᠵᠢᠯᠡᠬᠦ ᠤᠬᠠᠭᠠᠨ ᠤ ᠰᠤᠳᠤᠯᠭᠠᠨ᠂ ᠲᠦᠷᠰᠦ ᠶᠢᠨ ᠰᠦᠷᠦᠭ ᠤᠨ ᠲᠤᠬᠢᠷᠠᠭᠤᠯᠤᠯ ᠡᠵᠡᠮᠳᠡᠯ᠂ ᠬᠢᠵᠢᠭ ᠤᠨ ᠰᠤᠷᠪᠤᠯᠵᠢ ᠬᠢᠵᠢᠭ ᠡᠪᠡᠳᠴᠢᠨ ᠢ ᠬᠢᠨᠠᠨ | ᠬᠡᠮᠵᠢᠬᠦ ᠪᠤᠶᠤ ᠪᠤᠰᠤᠳ ᠤᠨᠴᠠᠭᠠᠢ ᠪᠠᠶᠢᠳᠠᠯ ᠠᠴᠠ ᠪᠤᠯᠤᠭᠠᠳ᠂ ᠤᠯᠤᠰ ᠤᠨ ᠨᠢᠭᠡᠳᠦᠭᠡᠷ ᠲᠡᠰ ᠤᠨ ᠬᠠᠮᠠᠭᠠᠯᠠᠯᠲᠠ ᠶᠢᠨ ᠭᠡᠭᠡᠷ᠎ᠡ ᠶᠢᠨ ᠠᠮᠢᠲᠠᠨ ᠢ ᠠᠩᠨᠠᠬᠤ | ᠴᠢᠬᠤᠯᠠᠲᠠᠢ ᠪᠤᠯ᠂ ᠲᠦᠷᠥ ᠶᠢᠨ ᠶᠠᠪᠤᠳᠠᠯ ᠤᠨ ᠬᠤᠷᠢᠶᠠᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠤᠨᠴᠠ | ᠵᠦᠪᠰᠢᠶᠡᠷᠡᠯ ᠤᠨ ᠠᠩᠨᠠᠬᠤ ᠦᠨᠡᠮᠯᠡᠯ ᠭᠤᠶᠤᠴᠢᠯᠠᠬᠤ ᠭᠡᠷᠡᠭᠲᠠᠢ︔ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠭᠡᠭᠡᠷ᠎ᠡ ᠶᠢᠨ ᠠᠮᠢᠲᠠᠨ ᠢ ᠠᠩᠨᠠᠬᠤ | ᠴᠢᠬᠤᠯᠠᠲᠠᠢ ᠪᠤᠯ᠂ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠭᠡᠭᠡᠷ᠎ᠡ ᠶᠢᠨ ᠠᠮᠢᠲᠠᠨ ᠤ | ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠤᠨᠴᠠ ᠵᠦᠪᠰᠢᠶᠡᠷᠡᠯ ᠤᠨ ᠠᠩᠨᠠᠬᠤ ᠦᠨᠡᠮᠯᠡᠯ ᠭᠤᠶᠤᠴᠢᠯᠠᠬᠤ ᠭᠡᠷᠡᠭᠲᠠᠢ᠃ | ᠬᠤᠷᠢᠨ ᠬᠤᠶᠠᠳᠤᠭᠠᠷ ᠵᠦᠢᠯ ᠤᠯᠤᠰ ᠤᠨ ᠭᠤᠤᠯᠳᠠᠯᠭ᠎ᠠ ᠲᠠᠢ ᠬᠠᠮᠠᠭᠠᠯᠠᠯᠳᠠ ᠶᠢᠨ ᠪᠤᠰᠤ ᠭᠡᠭᠡᠷ᠎ᠡ ᠶᠢᠨ ᠠᠮᠢᠲᠠᠨ ᠢ ᠠᠩᠨᠠᠬᠤ ᠳᠤ ᠰᠢᠶᠠᠨ ᠤ | ᠱᠠᠲᠤᠨ ᠠᠴᠠ ᠳᠡᠭᠡᠭᠰᠢᠬᠢ ᠤᠷᠤᠨ ᠨᠤᠲᠤᠭ ᠤᠨ ᠠᠷᠠᠳ ᠤᠨ ᠵᠠᠰᠠᠭ ᠤᠨ ᠤᠷᠳᠤᠨ ᠤ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠠᠴᠠ ᠬᠢᠨᠠᠨ ᠤᠯᠭᠤᠭᠰᠠᠨ ᠠᠪᠠᠯᠠᠬᠤ ᠦᠨᠡᠮᠯᠡᠯ ᠢ ᠬᠠᠤᠯᠢ ᠶᠤᠰᠤᠭᠠᠷ ᠤᠯᠤᠭᠰᠠᠨ ᠪᠠᠶᠢᠬᠤ ᠬᠡᠷᠡᠭᠲᠡᠢ ᠪᠦᠭᠡᠳ ᠠᠩᠨᠠᠬᠤ ᠲᠤᠭ᠎ᠠ ᠬᠡᠮᠵᠢᠶ᠎ᠡ ᠶᠢ ᠬᠢᠵᠠᠭᠠᠷᠯᠠᠬᠤ | ᠬᠠᠮᠢᠶᠠᠷᠤᠯᠲᠠ ᠶᠢ ᠳᠠᠭᠠᠬᠤ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠠᠩᠨᠠᠭᠴᠢ ᠤᠨᠴᠠ ᠵᠦᠪᠰᠢᠶᠡᠷᠡᠯ ᠤᠨ ᠠᠩᠨᠠᠬᠤ ᠦᠨᠡᠮᠯᠡᠯ᠂ ᠠᠪᠠᠯᠠᠬᠤ ᠦᠨᠡᠮᠯᠡᠯ ᠳᠤ ᠲᠤᠭᠲᠠᠭᠠᠭᠰᠠᠨ ᠲᠦᠷᠦᠯ ᠵᠦᠢᠯ᠂ | ᠲᠤᠭ᠎ᠠ ᠬᠡᠮᠵᠢᠶ᠎ᠡ᠂ ᠭᠠᠵᠠᠷ ᠤᠷᠤᠨ᠂ ᠪᠠᠭᠠᠵᠢ᠂ ᠠᠷᠭ᠎ᠠ ᠪᠠ ᠬᠤᠭᠤᠴᠠᠭ᠎ᠠ ᠶᠤᠰᠤᠭᠠᠷ ᠠᠩᠨᠠᠬᠤ ᠭᠡᠷᠡᠭᠲᠠᠢ᠃ | ᠫᠤᠤ ᠪᠠᠷ ᠠᠩᠨᠠᠬᠤ ᠳᠤ᠂ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨᠠᠨ ᠤᠯᠭᠤᠭᠰᠠᠨ ᠫᠤᠤ ᠠᠪᠴᠤ ᠶᠠᠪᠤᠬᠤ ᠦᠨᠡᠮᠯᠡᠯ ᠢ ᠬᠠᠤᠯᠢ ᠶᠤᠰᠤᠭᠠᠷ | ᠤᠯᠤᠭᠰᠠᠨ ᠪᠠᠶᠢᠬᠤ ᠭᠡᠷᠡᠭᠲᠠᠢ᠃ | ᠬᠤᠷᠢᠠ ᠳᠦᠷᠪᠡᠳᠦᠭᠡᠷ ᠵᠦᠢᠯ ᠬᠤᠤᠷᠳᠤ ᠡᠮ᠂ ᠳᠡᠯᠪᠡᠷᠡᠬᠦ ᠪᠤᠳᠡᠰ᠂ ᠴᠠᠬᠢᠯᠭᠠᠨ ᠨᠢᠷᠭᠡᠭᠦᠷ ᠪᠤᠶᠤ ᠡᠯᠧᠺᠳ᠋ᠷᠤᠨ ᠦᠭᠡᠰᠢ ᠶᠢᠨ ᠲᠤᠨᠤᠭᠯᠠᠯ ᠵᠢᠴᠢ | ᠲᠡᠭᠦᠵᠢᠩ ᠤᠷᠠᠬ᠎ᠠ᠂ ᠠᠩ ᠤᠨ ᠬᠠᠪᠴᠢᠭᠤᠷ᠂ ᠭᠠᠵᠠᠷ ᠫᠤᠤ᠂ ᠤᠭᠰᠠᠷᠠᠭ᠎ᠠ ᠫᠤᠤ ᠵᠡᠷᠭᠡ ᠪᠠᠭᠠᠵᠢ ᠪᠠᠷ ᠠᠩᠨᠠᠬᠤ ᠶᠢ ᠴᠠᠭᠠᠵᠠᠯᠠᠨ᠎ᠠ᠂ ᠰᠦᠨᠢ ᠶᠢᠨ ᠬᠡᠷᠡᠯᠲᠦᠭᠦᠯᠭᠡ ᠪᠠᠷ | ᠠᠪᠠᠯᠠᠬᠤ᠂ ᠰᠦᠨᠦᠭᠡᠯᠲᠡ ᠶᠢᠨ ᠴᠢᠨᠠᠷᠲᠠᠢ ᠬᠤᠮᠣᠷᠭᠠᠯᠠᠨ ᠠᠪᠠᠯᠠᠬᠤ᠂ ᠡᠭᠦᠷ ᠢ ᠨᠢ ᠡᠪᠳᠡᠵᠤ ᠰᠦᠢᠳᠬᠡᠬᠦ᠂ ᠭᠠᠯ ᠢᠶᠠᠷ ᠳᠠᠭᠠᠷᠢᠬᠤ᠂ ᠤᠳᠤᠬᠤ᠂ ᠲᠤᠤᠷ ᠢᠶᠠᠷ | ᠠᠩᠨᠠᠬᠤ ᠵᠡᠷᠭᠡ ᠠᠷᠭ᠎ᠠ ᠪᠠᠷ ᠠᠩᠨᠠᠬᠤ ᠶᠢ ᠴᠠᠭᠠᠵᠠᠯᠠᠨ᠎ᠠ᠂ ᠭᠡᠪᠡᠴᠦ ᠰᠢᠨᠵᠢᠯᠡᠬᠦ ᠤᠬᠠᠭᠠᠨ ᠤ ᠰᠤᠳᠤᠯᠭᠠᠨ ᠳᠤ ᠲᠤᠤᠷ ᠢᠶᠠᠷ ᠠᠩᠨᠠᠬᠤ᠂ ᠡᠯᠧᠺᠳ᠋ᠷᠤᠨ ᠢᠶᠠᠷ | ᠦᠭᠡᠰᠢᠯᠡᠬᠦ ᠶᠢ ᠦᠨᠡᠭᠡᠷ ᠬᠡᠷᠡᠭᠰᠡᠬᠦ ᠴᠢᠬᠤᠯᠠᠲᠠᠢ ᠪᠠᠶᠢᠬᠤ ᠨᠢ ᠡᠭᠦᠨ ᠳᠤ ᠪᠠᠭᠲᠠᠬᠤ ᠦᠭᠡᠢ᠃ | ᠡᠮᠦᠨᠡᠬᠢ ᠪᠠᠳᠠᠭ ᠲᠤ ᠲᠤᠭᠲᠠᠭᠠᠭᠰᠠᠨ ᠠᠴᠠ ᠭᠠᠳᠠᠨᠠᠬᠢ ᠴᠠᠭᠠᠵᠠᠲᠠᠢ ᠠᠩᠨᠠᠬᠤ ᠪᠠᠭᠠᠵᠢ ᠪᠠ ᠠᠷᠭ᠎ᠠ ᠶᠢ ᠰᠢᠶᠠᠨ ᠤ ᠱᠠᠲᠤᠨ ᠠᠴᠠ ᠳᠡᠭᠡᠭᠰᠢᠬᠢ ᠤᠷᠤᠨ | ᠨᠤᠲᠤᠭ ᠤᠨ ᠠᠷᠠᠳ ᠤᠨ ᠵᠠᠰᠠᠭ ᠤᠨ ᠤᠷᠳᠤᠨ ᠠᠴᠠ ᠲᠤᠭᠲᠠᠭᠠᠵᠤ ᠨᠡᠶᠢᠲᠡᠯᠡᠨ᠎ᠡ᠃ | ᠬᠤᠷᠢᠨ ᠲᠠᠪᠤᠳᠤᠭᠠᠷ ᠵᠦᠢᠯ ᠤᠯᠤᠰ ᠠᠴᠠ ᠬᠤᠯᠪᠤᠭᠳᠠᠯ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠲᠦᠷᠰᠦ ᠶᠢ | ᠬᠠᠮᠠᠭᠠᠯᠠᠬᠤ ᠵᠤᠷᠢᠯᠭ᠎ᠠ ᠪᠠᠷ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠢ ᠬᠦᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ ᠶᠢ | ᠳᠡᠮᠵᠢᠨ᠎ᠡ᠃ | ᠡᠮᠦᠨᠡᠬᠢ ᠪᠠᠳᠠᠭ ᠲᠤ ᠲᠤᠭᠲᠠᠭᠠᠭᠰᠠᠨ ᠠᠴᠠ ᠭᠠᠳᠠᠨᠠᠬᠢ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠢ ᠬᠦᠮᠦᠨ ᠤ ᠬᠦᠴᠦ ᠪᠠᠷ | ᠦᠷᠡᠵᠢᠭᠦᠯᠦᠨ ᠪᠤᠶᠢᠵᠢᠭᠤᠯᠬᠤ ᠳᠤ ᠵᠦᠪᠰᠢᠶᠡᠷᠡᠯ ᠤᠨ ᠳᠦᠷᠢᠮ ᠢ ᠬᠡᠷᠡᠭᠵᠢᠭᠦᠯᠦᠨ᠎ᠡ᠃ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠢ | ᠬᠦᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ ᠳᠤ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ | ᠤᠷᠳᠤᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠵᠤ᠂ ᠬᠦᠮᠦᠨ ᠤ ᠬᠦᠴᠦ ᠪᠠᠷ ᠦᠷᠡᠵᠢᠭᠦᠯᠦᠨ | ᠪᠤᠶᠢᠵᠢᠭᠤᠯᠬᠤ ᠵᠦᠪᠰᠢᠶᠡᠷᠡᠯ ᠤᠨ ᠦᠨᠡᠮᠯᠡᠯ ᠤᠯᠬᠤ ᠬᠡᠷᠡᠭᠲᠡᠢ᠂ ᠭᠡᠪᠡᠴᠦ ᠲᠦᠷᠦ ᠶᠢᠨ ᠶᠠᠪᠤᠳᠠᠯ ᠤᠨ ᠬᠤᠷᠢᠶ᠎ᠠ ᠵᠦᠪᠰᠢᠶᠡᠷᠡᠬᠦ ᠪᠠᠶᠢᠭᠤᠯᠭ᠎ᠠ ᠶᠢᠨ ᠲᠤᠬᠠᠢ ᠠᠰᠳᠠᠭᠠᠨ | ᠲᠤᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ᠃ | ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠢ ᠬᠦᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ ᠳᠤ ᠬᠦᠮᠦᠨ ᠤ ᠬᠦᠴᠦ ᠪᠠᠷ | ᠦᠷᠡᠵᠢᠭᠦᠯᠦᠨ ᠪᠤᠶᠢᠵᠢᠭᠤᠯᠤᠭᠰᠠᠨ ᠳᠠᠷᠠᠭ᠎ᠠ ᠦᠶ᠎ᠡ ᠶᠢᠨ ᠲᠦᠷᠰᠦ ᠶᠢᠨ ᠡᠭᠦᠰᠦᠯ ᠢ ᠬᠡᠷᠡᠭᠯᠡᠨ᠂ ᠳᠦᠷᠰᠦ ᠶᠢᠨ ᠤᠳᠤᠮ ᠴᠠᠳᠢᠭ᠂ ᠲᠡᠵᠢᠭᠡᠨ ᠦᠷᠡᠵᠢᠭᠦᠯᠬᠦ ᠳᠠᠩᠰᠨ | ᠡᠪᠬᠡᠮᠡᠯ ᠪᠠ ᠪᠤᠲᠠᠭᠠᠯᠢ ᠪᠡᠶ᠎ᠡ ᠶᠢᠨ ᠳ᠋ᠠᠶᠢᠲ᠋ᠠ ᠶᠢ ᠪᠠᠶᠢᠭᠤᠯᠬᠤ ᠬᠡᠷᠡᠭᠲᠡᠢ᠃ ᠲᠦᠷᠰᠦ ᠶᠢ ᠬᠠᠮᠠᠭᠠᠯᠠᠬᠤ ᠵᠤᠷᠢᠯᠭ᠎ᠠ ᠠᠴᠠ ᠪᠤᠯᠵᠤ ᠭᠡᠭᠡᠷ᠎ᠡ ᠶᠢᠨ ᠲᠦᠷᠰᠦ ᠶᠢᠨ ᠡᠭᠦᠰᠦᠯ ᠢ | ᠦᠨᠡᠭᠡᠷ ᠬᠡᠷᠡᠭᠯᠡᠬᠦ ᠴᠢᠬᠤᠯᠠᠲᠠᠢ ᠪᠠᠶᠢᠪᠠᠯ᠂ ᠲᠤᠰ ᠬᠠᠤᠯᠢ ᠶᠢᠨ ᠬᠤᠷᠢᠨ ᠨᠢᠭᠡᠳᠦᠭᠡᠷ ᠵᠦᠢᠯ ᠪᠠ ᠬᠤᠷᠢᠨ ᠭᠤᠷᠪᠠᠳᠤᠭᠠᠷ ᠵᠦᠢᠯ ᠤᠨ ᠲᠤᠭᠲᠠᠭᠠᠯ ᠢ ᠲᠤᠬᠢᠷᠠᠭᠤᠯᠤᠨ | ᠬᠡᠷᠡᠭᠯᠡᠨ᠎ᠡ᠃ | ᠲᠤᠰ ᠬᠠᠤᠯᠢ ᠳᠤ ᠬᠡᠯᠡᠵᠦ ᠪᠠᠶᠢᠭ᠎ᠠ ᠬᠦᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠤᠭᠰᠠᠨ ᠳᠠᠷᠠᠭ᠎ᠠ ᠦᠶ᠎ᠡ ᠭᠡᠳᠡᠭ ᠨᠢ ᠬᠦᠮᠦᠨ ᠤ ᠬᠦᠴᠦ ᠪᠠᠷ | ᠬᠢᠵᠠᠭᠠᠷᠯᠠᠬᠤ ᠨᠦᠬᠦᠴᠡᠯ ᠲᠤᠤᠷ᠎ᠠ ᠦᠷᠡᠵᠢᠭᠦᠯᠵᠦ ᠭᠠᠷᠭᠠᠭᠰᠠᠨ ᠳᠠᠷᠠᠭ᠎ᠠ ᠦᠶ᠎ᠡ ᠶᠢᠨ ᠪᠤᠳᠠᠭᠠᠯᠢ ᠪᠡᠶ᠎ᠡ ᠶᠢ ᠵᠢᠭᠠᠵᠦ ᠪᠠᠶᠢᠬᠤ ᠪᠦᠭᠡᠳ ᠲᠡᠭᠦᠨ ᠤ ᠡᠬᠡ ᠪᠡᠶ᠎ᠡ ᠨᠢ ᠴᠤ | ᠬᠦᠮᠦᠨ ᠤ ᠬᠦᠴᠦ ᠪᠠᠷ ᠬᠢᠵᠠᠭᠠᠷᠯᠠᠬᠤ ᠨᠦᠬᠦᠴᠡᠯ ᠲᠤᠤᠷ᠎ᠠ ᠲᠦᠷᠦᠭᠰᠡᠨ ᠢ ᠵᠢᠭᠠᠵᠦ ᠪᠠᠶᠢᠳᠠᠭ᠃ | ᠬᠤᠷᠢᠨ ᠵᠢᠷᠭᠤᠳᠤᠭᠠᠷ ᠵᠦᠢᠯ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠢ ᠬᠦᠮᠦᠨ ᠤ ᠬᠦᠴᠦ ᠪᠠᠷ ᠦᠷᠡᠵᠢᠭᠦᠯᠦᠨ | ᠪᠤᠶᠢᠵᠢᠭᠤᠯᠬᠤ ᠶᠢ ᠳᠦᠷᠰᠦ ᠶᠢᠨ ᠬᠠᠮᠠᠭᠠᠯᠠᠯᠲᠠ ᠵᠢᠴᠢ ᠰᠢᠨᠵᠢᠯᠡᠬᠦ ᠤᠬᠠᠭᠠᠨ ᠤ ᠰᠤᠳᠤᠯᠭᠠᠨ ᠳᠤ ᠠᠰᠢᠭᠲᠠᠢ ᠪᠠᠶᠢᠯᠭᠠᠬᠤ ᠬᠡᠷᠡᠭᠲᠡᠢ᠂ ᠭᠡᠭᠡᠷ᠎ᠡ ᠶᠢᠨ ᠳᠦᠷᠰᠦ ᠶᠢᠨ | ᠰᠦᠷᠦᠭ ᠤᠨ ᠡᠬᠢ ᠪᠠᠶᠠᠯᠢᠭ ᠢ ᠡᠪᠳᠡᠵᠦ ᠪᠤᠯᠬᠤ ᠦᠭᠡᠢ ᠪᠦᠭᠡᠳ ᠭᠡᠭᠡᠷ᠎ᠡ ᠶᠢᠨ ᠠᠮᠢᠲᠠᠨ ᠤ ᠳᠠᠳᠬᠠᠯ ᠶᠤᠰᠤᠭᠠᠷ ᠲᠡᠭᠦᠨ ᠤ ᠴᠢᠬᠤᠯᠠ ᠪᠦᠬᠦᠢ ᠠᠵᠢᠯᠯᠠᠭ᠎ᠠ ᠶᠢᠨ | ᠤᠷᠤᠨ ᠵᠠᠢ ᠪᠠ ᠦᠷᠡᠵᠢᠨ ᠠᠮᠢᠳᠤᠷᠠᠬᠤ᠂ ᠠᠷᠢᠭᠤᠨ ᠴᠡᠪᠡᠷ ᠡᠷᠡᠭᠦᠯ ᠮᠡᠨᠲᠦ ᠶᠢᠨ ᠨᠦᠬᠦᠴᠡᠯ ᠲᠠᠢ ᠪᠠᠶᠢᠬᠤ ᠶᠢ ᠦᠨᠡᠨ ᠬᠦ ᠪᠠᠲᠤᠯᠠᠵᠤ᠂ ᠦᠷᠡᠵᠢᠭᠦᠯᠦᠨ | ᠪᠤᠶᠢᠵᠢᠭᠤᠯᠬᠤ ᠵᠤᠷᠢᠯᠭ᠎ᠠ᠂ ᠲᠦᠷᠦᠯ ᠵᠦᠢᠯ᠂ ᠬᠦᠭᠵᠢᠯᠲᠡ ᠶᠢᠨ ᠬᠡᠪᠴᠢᠶ᠎ᠡ ᠲᠠᠢ ᠪᠠᠨ ᠵᠤᠬᠢᠴᠠᠯᠳᠤᠭᠰᠠᠨ ᠲᠠᠯᠠᠪᠤᠷ᠂ ᠲᠦᠬᠦᠭᠡᠷᠦᠮᠵᠢ᠂ ᠮᠡᠷᠭᠡᠵᠢᠯ ᠢ ᠪᠦᠷᠢᠳᠦᠭᠦᠯᠵᠦ᠂ | ᠬᠤᠯᠪᠤᠭᠳᠠᠯ ᠪᠦᠬᠦᠢ ᠮᠡᠷᠭᠡᠵᠢᠯ ᠤᠨ ᠪᠠᠷᠢᠮᠵᠢᠶ᠎ᠠ ᠪᠤᠯᠤᠨ ᠬᠢᠵᠢᠭ ᠢ ᠰᠡᠷᠬᠡᠶᠢᠯᠡᠬᠦ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠢ᠂ ᠭᠡᠭᠡᠷ᠎ᠡ ᠶᠢᠨ ᠠᠮᠢᠲᠠᠨ ᠳᠤ ᠬᠠᠯᠠ | ᠦᠵᠡᠭᠦᠯᠵᠦ ᠪᠤᠯᠬᠤ ᠦᠭᠡᠢ᠃ | ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠬᠡᠷᠡᠭᠴᠡᠭᠡ ᠶᠢ ᠦᠨᠳᠦᠰᠦᠯᠡᠵᠤ᠂ ᠤᠯᠤᠰ ᠤᠨ ᠭᠤᠤᠯᠳᠠᠯᠭ᠎ᠠ ᠲᠠᠢ | ᠬᠠᠮᠠᠭᠠᠯᠠᠬᠤ ᠭᠡᠭᠡᠷ᠎ᠡ ᠶᠢᠨ ᠠᠮᠢᠲᠠᠨ ᠢ ᠭᠡᠭᠡᠷ᠎ᠡ ᠶᠢᠨ ᠤᠷᠴᠢᠨ ᠳᠤ ᠲᠠᠯᠪᠢᠵᠦ ᠶᠠᠪᠤᠭᠤᠯᠬᠤ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠵᠤ ᠪᠤᠯᠤᠨ᠎ᠠ᠃ | ᠬᠤᠷᠢᠨ ᠳᠤᠯᠤᠳᠤᠭᠠᠷ ᠵᠦᠢᠯ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠢ ᠪᠤᠷᠤᠯᠠᠭᠤᠯᠬᠤ᠂ | ᠬᠤᠳᠠᠯᠳᠤᠨ ᠠᠪᠬᠤ᠂ ᠠᠰᠢᠭᠯᠠᠬᠤ ᠶᠢ ᠴᠠᠭᠠᠵᠠᠯᠠᠨ᠎ᠠ᠃ | ᠰᠢᠨᠵᠢᠯᠡᠬᠦ ᠤᠬᠠᠭᠠᠨ ᠤ ᠬᠢᠬᠦ᠂ ᠬᠦᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ᠂ ᠤᠯᠠᠨ ᠨᠡᠶᠢᠲᠡ ᠳᠤ ᠲᠡᠯᠭᠡᠨ ᠦᠵᠡᠭᠦᠯᠬᠦ᠂ ᠲᠡᠦᠬᠡ ᠶᠢᠨ | ᠳᠤᠷᠠᠰᠬᠠᠯᠲᠤ ᠵᠦᠢᠯᠡᠰ ᠢ ᠬᠠᠮᠠᠭᠠᠯᠠᠬᠤ ᠪᠤᠶᠤ ᠪᠤᠰᠤᠳ ᠤᠨᠴᠠᠭᠠᠢ ᠪᠠᠶᠢᠳᠠᠯ ᠠᠴᠠ ᠪᠤᠯᠤᠭᠠᠳ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ | ᠵᠢᠴᠢ ᠲᠡᠭᠦᠨ ᠤ ᠦᠢᠯᠡᠳᠬᠦᠨ ᠢ ᠪᠤᠷᠤᠯᠠᠭᠤᠯᠬᠤ᠂ ᠬᠤᠳᠠᠯᠳᠤᠨ ᠠᠪᠬᠤ᠂ ᠠᠰᠢᠭᠯᠠᠬᠤ ᠴᠢᠬᠤᠯᠠᠲᠠᠢ ᠪᠠᠶᠢᠪᠠᠯ᠂ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ | ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢᠶᠠᠷ | ᠵᠦᠪᠰᠢᠶᠡᠷᠡᠭᠦᠯᠬᠦ ᠪᠦᠭᠡᠳ ᠲᠤᠭᠲᠠᠭᠠᠯ ᠶᠤᠰᠤᠭᠠᠷ ᠲᠤᠰᠬᠠᠢ ᠢᠯᠡᠳᠬᠡᠮᠵᠢ ᠲᠡᠮᠳᠡᠭ ᠢ ᠤᠯᠬᠤ ᠪᠠ ᠬᠡᠷᠡᠭᠯᠡᠵᠤ᠂ ᠨᠡᠬᠡᠮᠵᠢᠯᠡᠵᠦ ᠪᠤᠯᠬᠤ ᠶᠢ ᠨᠢ ᠪᠠᠲᠤᠯᠠᠬᠤ ᠬᠡᠷᠡᠭᠲᠡᠢ᠂ | ᠭᠡᠪᠡᠴᠦ ᠲᠦᠷᠦ ᠶᠢᠨ ᠶᠠᠪᠤᠳᠠᠯ ᠤᠨ ᠬᠤᠷᠢᠶ᠎ᠠ ᠵᠦᠪᠰᠢᠶᠡᠷᠡᠭᠦ ᠪᠠᠶᠢᠭᠤᠯᠭ᠎ᠠ ᠶᠢᠨ ᠲᠤᠬᠠᠢ ᠠᠰᠳᠠᠭᠠᠨ ᠲᠤᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ᠃ | ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠤ ᠲᠤᠰᠬᠠᠢ ᠢᠯᠡᠳᠬᠡᠮᠵᠢ ᠲᠡᠮᠳᠡᠭ ᠢ ᠬᠡᠷᠡᠭᠵᠢᠭᠦᠯᠬᠦ | ᠬᠡᠪᠴᠢᠶ᠎ᠡ ᠪᠠ ᠬᠠᠮᠢᠶᠠᠷᠤᠯᠲᠠ ᠶᠢᠨ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠠᠴᠠ ᠳᠤᠭᠳᠠᠭᠠᠨ᠎ᠠ᠃ | ᠤᠯᠤᠰ ᠤᠨ ᠭᠤᠤᠯᠳᠠᠯᠭ᠎ᠠ ᠲᠠᠢ ᠬᠠᠮᠠᠭᠠᠯᠠᠯᠳᠠ ᠶᠢᠨ ᠪᠤᠰᠤ ᠭᠡᠭᠡᠷ᠎ᠡ ᠶᠢᠨ ᠠᠮᠢᠲᠠᠨ ᠢ ᠪᠤᠷᠤᠯᠠᠭᠤᠯᠬᠤ ᠪᠠ ᠠᠰᠢᠭᠯᠠᠬᠤ ᠳᠤ ᠠᠪᠠᠯᠠᠬᠤ᠂ ᠭᠠᠳᠠᠭᠠᠲᠤ ᠠᠴᠠ | ᠤᠷᠤᠭᠤᠯᠬᠤ ᠪᠠ ᠭᠠᠳᠠᠭᠠᠲᠤ ᠳᠤ ᠭᠠᠷᠭᠠᠬᠤ ᠵᠡᠷᠭᠡ ᠬᠠᠤᠯᠢ ᠶᠤᠰᠤᠨ ᠤ ᠢᠷᠡᠯᠲᠡ ᠶᠢᠨ ᠭᠡᠷᠡᠴᠢ ᠶᠢ ᠬᠠᠨᠭ᠍ᠭᠠᠬᠤ ᠬᠡᠷᠡᠭᠲᠡᠢ᠃ | ᠲᠤᠰ ᠵᠦᠢᠯ ᠤᠨ ᠬᠤᠶᠠᠳᠤᠭᠠᠷ ᠪᠠᠳᠠᠭ᠂ ᠳᠦᠷᠪᠡᠳᠦᠭᠡᠷ ᠪᠠᠳᠠᠭ ᠲᠤ ᠲᠤᠭᠲᠠᠭᠠᠭᠰᠠᠨ ᠭᠡᠭᠡᠷ᠎ᠡ ᠶᠢᠨ ᠠᠮᠢᠲᠠᠨ ᠢ ᠪᠤᠷᠤᠯᠠᠭᠤᠯᠬᠤ ᠳᠤ᠂ ᠪᠠᠰᠠ ᠬᠢᠵᠢᠭ ᠤᠨ | ᠪᠠᠶᠢᠴᠠᠭᠠᠯᠲᠠ ᠶᠢᠨ ᠭᠡᠷᠡᠴᠢ ᠶᠢ ᠬᠠᠤᠯᠢ ᠶᠤᠰᠤᠭᠠᠷ ᠳᠠᠭᠠᠯᠳᠤᠭᠤᠯᠬᠤ ᠬᠡᠷᠡᠭᠲᠡᠢ᠃ |