ᠪᠦᠬᠦᠳᠠ ᠨᠡᠶᠢᠷᠡᠮᠳᠡᠬᠤ ᠲᠤᠮᠳᠡᠳᠦ ᠠᠷᠡᠦᠠ ᠤᠯᠦᠰ ᠤᠨ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠦᠯᠢ ︵6︶
ᠨᠡᠶᠢᠲᠡᠯᠡᠭᠰᠡᠨ ᠴᠠᠭ᠄
2020/3/2
ᠪᠦᠬᠦᠳᠠ ᠨᠡᠶᠢᠷᠡᠮᠳᠡᠬᠤ ᠲᠤᠮᠳᠡᠳᠦ ᠠᠷᠡᠦᠠ ᠤᠯᠦᠰ ᠤᠨ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠦᠯᠢ ︵6︶   ︵1988 ᠤᠠ ᠤ 11 ᠰᠡᠷ᠎ᠠ ᠶᠢᠨ 8 ᠤ ᠡᠳᠦᠷ ᠲᠤᠯᠤᠳᠦᠭᠠᠷ ᠬᠤᠭᠤᠴᠡᠭᠠᠠ ᠤ ᠪᠦᠬᠦ ᠤᠯᠦᠰ ᠤᠨ ᠠᠷᠡᠦᠠ ᠤᠨ ᠲᠦᠯᠦᠭᠡᠯᠡᠭᠴᠢᠦᠠ ᠤᠨ ᠶᠡᠭᠡ ᠬᠤᠷᠡᠯ ᠤᠨ ᠪᠠᠶᠢᠡᠭᠭᠤ ᠶᠢᠨ ᠬᠤᠷᠢᠶᠠᠨ ᠤ ᠲᠦᠷᠪᠡᠳᠤᠭᠡᠷ ᠬᠤᠷᠡᠯᠳᠦᠭᠠᠠ ᠠᠴᠠ ᠪᠡᠳᠦᠯᠡᠪᠡ      ᠬᠤᠷᠢᠨ ᠨᠠᠢᠮᠠᠳᠦᠭᠠᠷ ᠵᠦᠢᠯ   ᠬᠦᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ ᠮᠡᠷᠭᠡᠵᠢᠯ ᠨᠢ ᠪᠤᠯᠪᠠᠰᠤᠷᠠᠩᠭᠤᠢ ᠲᠤᠭᠲᠠᠪᠤᠷᠢᠲᠠᠢ ᠪᠤᠯᠤᠭᠰᠠᠨ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠢ ᠰᠢᠨᠵᠢᠯᠡᠬᠦ ᠤᠬᠠᠭᠠᠨᠴᠢ ᠨᠤᠲᠠᠯᠠᠯᠲᠠ ᠬᠢᠬᠦ ᠪᠠᠷ ᠳᠠᠮᠵᠢᠨ᠂ ᠲᠦᠷᠦ ᠶᠢᠨ ᠶᠠᠪᠤᠳᠠᠯ ᠤᠨ ᠬᠤᠷᠢᠶᠠᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠲᠠᠭᠠᠭᠰᠠᠨ ᠬᠦᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠤ ᠨᠡᠷᠡᠰ ᠲᠤ ᠤᠷᠤᠭᠤᠯᠤᠨ᠎ᠠ᠃ ᠨᠡᠷᠡᠰ ᠲᠤ ᠵᠢᠭᠰᠠᠭᠠᠨ ᠤᠷᠤᠭᠤᠯᠤᠭᠰᠠᠨ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠢ ᠪᠤᠯ᠂ ᠬᠦᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ ᠵᠦᠪᠰᠢᠶᠡᠷᠡᠯ ᠤᠨ ᠦᠨᠡᠮᠯᠡᠯ ᠢᠶᠠᠨ ᠦᠵᠡᠭᠦᠯᠦᠨ ᠮᠤᠵᠢ᠂ ᠦᠪᠡᠷᠲᠡᠭᠡᠨ ᠵᠠᠰᠬᠠᠤ ᠤᠷᠤᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠬᠠᠷᠭᠤᠭᠤᠯᠤᠨ ᠰᠢᠯᠭᠠᠭᠰᠠᠨ ᠤᠨ ᠤ ᠦᠢᠯᠡᠳᠪᠦᠷᠢᠯᠡᠯ ᠤᠨ ᠲᠤᠭ᠎ᠠ ᠬᠡᠮᠵᠢᠶ᠎ᠡ ᠶᠤᠰᠤᠭᠠᠷ ᠲᠤᠰᠬᠠᠢ ᠢᠯᠡᠳᠬᠡᠮᠵᠢ ᠲᠡᠮᠳᠡᠭ ᠢ ᠰᠢᠭᠤᠳ ᠤᠯᠤᠭᠠᠳ᠂ ᠲᠤᠰᠬᠠᠢ ᠢᠯᠡᠳᠬᠡᠮᠵᠢ ᠲᠡᠮᠳᠡᠭ ᠢᠶᠠᠨ ᠦᠵᠡᠭᠦᠯᠦᠨ ᠪᠤᠷᠤᠯᠠᠭᠤᠯᠬᠤ ᠪᠠ ᠠᠰᠢᠭᠯᠠᠵᠤ ᠪᠤᠯᠤᠨ᠎ᠠ᠂ ᠨᠡᠬᠡᠮᠵᠢᠯᠡᠵᠤ ᠪᠤᠯᠬᠤ ᠶᠢ ᠨᠢ ᠪᠠᠲᠤᠯᠠᠨ᠎ᠠ᠃      ᠲᠤᠰ ᠬᠠᠤᠯᠢ ᠶᠢᠨ ᠠᠷᠪᠠᠳᠤᠭᠠᠷ ᠵᠦᠢᠯ ᠳᠤ ᠲᠤᠭᠲᠠᠭᠠᠭᠰᠠᠨ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠤ ᠨᠡᠷᠡᠰ ᠲᠤ ᠲᠤᠬᠢᠷᠠᠭᠤᠯᠤᠯᠲᠠ ᠬᠢᠬᠦ ᠳᠤ᠂ ᠬᠤᠯᠪᠤᠭᠳᠠᠯ ᠪᠦᠬᠦᠢ ᠭᠡᠭᠡᠷ᠎ᠡ ᠶᠢᠨ ᠳᠦᠷᠰᠦ ᠶᠢᠨ ᠰᠦᠷᠦᠭ ᠤᠨ ᠬᠠᠮᠠᠭᠠᠯᠠᠯᠲᠠ ᠶᠢᠨ ᠪᠠᠶᠢᠳᠠᠯ ᠢ ᠦᠨᠳᠦᠰᠦᠯᠡᠵᠤ᠂ ᠡᠮᠦᠨᠡᠬᠢ ᠪᠠᠳᠠᠭ ᠲᠤ ᠲᠤᠭᠲᠠᠭᠠᠭᠰᠠᠨ ᠬᠤᠯᠪᠤᠭᠳᠠᠯ ᠪᠦᠬᠦᠢ ᠬᠦᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ ᠮᠡᠷᠭᠡᠵᠢᠯ ᠨᠢ ᠪᠤᠯᠪᠠᠰᠤᠷᠠᠩᠭᠤᠢ ᠲᠤᠭᠲᠠᠪᠤᠷᠢᠲᠠᠢ ᠪᠤᠯᠤᠭᠰᠠᠨ ᠭᠡᠭᠡᠷ᠎ᠡ ᠶᠢᠨ ᠠᠮᠢᠲᠠᠨ ᠤ ᠬᠦᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠤᠭᠰᠠᠨ ᠳᠦᠷᠰᠦ ᠶᠢᠨ ᠰᠦᠷᠦᠭ ᠢ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠤ ᠨᠡᠷᠡᠰ ᠲᠤ ᠳᠠᠬᠢᠨ ᠤᠷᠤᠭᠤᠯᠬᠤ ᠦᠭᠡᠢ ᠪᠠᠶᠢᠵᠤ᠂ ᠬᠡᠭᠡᠷ᠎ᠡ ᠶᠢᠨ ᠳᠦᠷᠰᠦ ᠶᠢᠨ ᠰᠦᠷᠦᠭ ᠲᠠᠢ ᠠᠳᠠᠯᠢ ᠪᠤᠰᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠤ ᠪᠤᠯᠤᠨ᠎ᠠ᠂ ᠭᠡᠪᠡᠴᠦ ᠲᠤᠰ ᠬᠠᠤᠯᠢ ᠶᠢᠨ ᠬᠤᠷᠢᠨ ᠲᠠᠪᠤᠳᠤᠭᠠᠷ ᠵᠦᠢᠯ ᠤᠨ ᠬᠤᠶᠠᠳᠤᠭᠠᠷ ᠪᠠᠳᠠᠭ ᠪᠠ ᠲᠤᠰ ᠵᠦᠢᠯ ᠤᠨ ᠨᠢᠭᠡᠳᠦᠭᠡᠷ ᠪᠠᠳᠠᠭ ᠤᠨ ᠲᠤᠭᠲᠠᠭᠠᠯ ᠶᠤᠰᠤᠭᠠᠷ ᠬᠦᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ ᠵᠦᠪᠰᠢᠶᠡᠷᠡᠯ ᠤᠨ ᠦᠨᠡᠮᠯᠡᠯ ᠪᠠ ᠲᠤᠰᠬᠠᠢ ᠢᠯᠡᠳᠬᠡᠮᠵᠢ ᠲᠡᠮᠳᠡᠭ ᠤᠯᠬᠤ ᠬᠡᠷᠡᠭᠲᠡᠢ᠃      ᠬᠤᠷᠢ ᠶᠢᠰᠦᠳᠦᠭᠡᠷ ᠵᠦᠢᠯ   ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠢ ᠠᠰᠢᠭᠯᠠᠬᠤ ᠳᠠᠭᠠᠨ ᠬᠦᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠤᠭᠰᠠᠨ ᠲᠦᠷᠰᠦ ᠶᠢᠨ ᠰᠦᠷᠦᠭ ᠢᠶᠠᠷ ᠭᠤᠤᠯ ᠪᠤᠯᠭᠠᠵᠤ᠂ ᠭᠡᠭᠡᠷ᠎ᠡ ᠶᠢᠨ ᠲᠦᠷᠰᠦ ᠶᠢᠨ ᠰᠦᠷᠦᠭ ᠢ ᠬᠠᠮᠠᠭᠠᠯᠠᠬᠤ ᠳᠤ ᠠᠰᠢᠭᠲᠠᠢ ᠪᠠᠶᠢᠯᠭᠠᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢᠨ ᠱᠠᠭᠠᠷᠳᠠᠯᠭ᠎ᠠ ᠳᠤ ᠨᠡᠶᠢᠴᠡᠭᠦᠯᠵᠦ᠂ ᠨᠡᠶᠢᠭᠡᠮ ᠨᠡᠶᠢᠲᠡ ᠶᠢᠨ ᠶᠤᠰᠤ ᠮᠤᠷᠠᠯ ᠢ ᠬᠦᠨᠳᠦᠳᠬᠡᠵᠦ᠂ ᠬᠠᠤᠯᠢ ᠴᠠᠭᠠᠵᠠ ᠬᠠᠤᠯᠢ ᠲᠤᠭᠲᠠᠭᠠᠯ ᠪᠠ ᠤᠯᠤᠰ ᠤᠨ ᠬᠤᠯᠪᠤᠭᠳᠠᠯ ᠪᠦᠬᠦᠢ ᠲᠤᠭᠲᠠᠭᠠᠯ ᠢ ᠵᠢᠷᠤᠮᠯᠠᠨ ᠰᠠᠬᠢᠬᠤ ᠬᠡᠷᠡᠭᠲᠡᠢ᠃     ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠢ ᠡᠮ ᠤᠨ ᠵᠦᠢᠯᠡᠰ ᠪᠤᠯᠭᠠᠨ ᠡᠵᠡᠩᠨᠡᠬᠦ ᠪᠠ ᠠᠰᠢᠭᠯᠠᠬᠤ ᠳᠤ᠂ ᠪᠠᠰᠠ ᠡᠮ ᠤᠨ ᠵᠦᠢᠯ ᠤᠨ ᠬᠠᠮᠢᠶᠠᠷᠤᠯᠲᠠ ᠶᠢᠨ ᠬᠤᠯᠪᠤᠭᠳᠠᠯ ᠪᠦᠬᠦᠢ ᠬᠠᠤᠯᠢ ᠴᠠᠭᠠᠵᠠ ᠬᠠᠤᠯᠢ ᠲᠤᠭᠲᠠᠭᠠᠯ ᠢ ᠵᠢᠷᠤᠮᠯᠠᠨ ᠰᠠᠬᠢᠬᠤ ᠬᠡᠷᠡᠭᠲᠡᠢ᠃     ᠭᠤᠴᠢᠳᠦᠭᠠᠷ ᠵᠦᠢᠯ   ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠢᠶᠠᠷ ᠬᠢᠭᠰᠡᠨ ᠢᠲᠡᠬᠡᠨ ᠤ ᠵᠦᠢᠯ ᠪᠤᠶᠤ ᠬᠠᠤᠯᠢ ᠶᠤᠰᠤᠨ ᠤ ᠢᠷᠡᠯᠲᠡ ᠶᠢᠨ ᠭᠡᠷᠡᠴᠢ ᠦᠭᠡᠢ ᠤᠯᠤᠰ ᠤᠨ ᠭᠤᠤᠯᠳᠠᠯᠭ᠎ᠠ ᠲᠠᠢ ᠬᠠᠮᠠᠭᠠᠯᠠᠯᠳᠠ ᠶᠢᠨ ᠪᠤᠰᠤ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠢᠶᠠᠷ ᠬᠢᠭᠰᠡᠨ ᠢᠲᠡᠭᠡᠨ ᠤ ᠵᠦᠢᠯ ᠢ ᠦᠢᠯᠡᠳᠪᠦᠷᠢᠯᠡᠵᠦ᠂ ᠡᠵᠡᠩᠨᠡᠬᠦ ᠶᠢ ᠴᠠᠭᠠᠵᠠᠯᠠᠨ᠎ᠠ᠃     ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠢ ᠢᠲᠡᠬᠦ ᠶᠢᠨ ᠲᠦᠯᠦᠭᠡ ᠬᠠᠤᠯᠢ ᠪᠤᠰᠤ ᠪᠠᠷ ᠬᠤᠳᠠᠯᠳᠤᠨ ᠠᠪᠬᠤ ᠶᠢ ᠴᠠᠭᠠᠵᠠᠯᠠᠨ᠎ᠠ᠃      ᠭᠤᠴᠢᠨ ᠨᠢᠭᠡᠳᠦᠭᠡᠷ ᠵᠦᠢᠯ   ᠭᠡᠭᠡᠷ᠎ᠡ ᠶᠢᠨ ᠠᠮᠢᠲᠠᠨ ᠪᠤᠶᠤ ᠴᠠᠭᠠᠵᠠᠲᠠᠢ ᠠᠩᠨᠠᠬᠤ ᠪᠠᠭᠠᠵᠢ ᠶᠢ ᠪᠤᠷᠤᠯᠠᠭᠤᠯᠬᠤ᠂ ᠬᠤᠳᠠᠯᠳᠤᠨ ᠠᠪᠬᠤ᠂ ᠠᠰᠢᠭᠯᠠᠬᠤ ᠳᠤ ᠵᠠᠷ ᠨᠡᠶᠢᠲᠡᠯᠡᠵᠦ ᠦᠭᠭᠦ ᠶᠢ ᠴᠠᠭᠠᠵᠠᠯᠠᠨ᠎ᠠ᠃ ᠭᠡᠭᠡᠷ᠎ᠡ ᠶᠢᠨ ᠠᠮᠢᠲᠠᠨ ᠤ ᠦᠢᠯᠡᠳᠬᠦᠨ ᠢ ᠬᠠᠤᠯᠢ ᠠᠴᠠ ᠵᠦᠷᠢᠴᠡᠨ ᠪᠤᠷᠤᠯᠠᠭᠤᠯᠬᠤ᠂ ᠬᠤᠳᠠᠯᠳᠤᠨ ᠠᠪᠬᠤ᠂ ᠠᠰᠢᠭᠯᠠᠬᠤ ᠳᠤ ᠵᠠᠷ ᠨᠡᠶᠢᠲᠡᠯᠡᠵᠤ ᠦᠭᠬᠦ ᠶᠢ ᠴᠠᠭᠠᠵᠠᠯᠠᠨ᠎ᠠ᠃      ᠭᠤᠴᠢᠨ ᠬᠤᠶᠠᠳᠤᠭᠠᠷ ᠵᠦᠢᠯ   ᠰᠦᠯᠵᠢᠶᠡᠨ ᠳᠠᠬᠢ ᠠᠷᠠᠯᠵᠢᠶᠠᠨ ᠤ ᠲᠡᠪᠴᠠᠩ᠂ ᠲᠠᠸᠠᠷ ᠤᠨ ᠠᠷᠠᠯᠵᠢᠶᠠᠨ ᠤ ᠵᠠᠬ᠎ᠠ ᠲᠡᠯᠭᠡᠭᠦᠷ ᠵᠡᠷᠭᠡ ᠠᠷᠠᠯᠵᠢᠶᠠᠨ ᠤ ᠲᠠᠯᠠᠪᠤᠷ ᠲᠤ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠪᠤᠶᠤ ᠴᠠᠭᠠᠵᠠᠲᠠᠢ ᠠᠩᠨᠠᠬᠤ ᠪᠠᠭᠠᠵᠢ ᠶᠢ ᠬᠠᠤᠯᠢ ᠠᠴᠠ ᠵᠦᠷᠢᠴᠡᠨ ᠪᠤᠷᠤᠯᠠᠭᠤᠯᠬᠤ᠂ ᠬᠤᠳᠠᠯᠳᠤᠨ ᠠᠪᠬᠤ᠂ ᠠᠰᠢᠭᠯᠠᠬᠤ ᠳᠤ ᠠᠷᠠᠯᠵᠢᠶᠠᠨ ᠤ ᠦᠢᠯᠡᠴᠢᠯᠡᠭᠡ ᠬᠠᠨᠭ᠍ᠭᠠᠬᠤ ᠶᠢ ᠴᠠᠭᠠᠵᠠᠯᠠᠨ᠎ᠠ᠃     ᠭᠤᠴᠢᠨ ᠭᠤᠷᠪᠠᠳᠤᠭᠠᠷ ᠵᠦᠢᠯ   ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ᠂ ᠲᠤᠰ ᠬᠠᠤᠯᠢ ᠶᠢᠨ ᠬᠤᠷᠢᠨ ᠨᠠᠢᠮᠠᠳᠤᠭᠠᠷ ᠵᠦᠢᠯ ᠤᠨ ᠬᠤᠶᠠᠳᠤᠭᠠᠷ ᠪᠠᠳᠠᠭ ᠲᠤ ᠲᠤᠭᠲᠠᠭᠠᠭᠰᠠᠨ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠢ ᠵᠦᠭᠡᠭᠡᠪᠦᠷᠢᠯᠡᠵᠤ ᠂ ᠠᠪᠴᠤ ᠶᠠᠪᠤᠵᠤ᠂ ᠢᠯᠡᠭᠡᠨ ᠶᠠᠪᠤᠭᠤᠯᠵᠤ ᠰᠢᠶᠠᠨ ᠤ ᠬᠢᠯᠢ ᠪᠠᠷ ᠭᠠᠷᠭᠠᠬᠤ ᠳᠤ᠂ ᠲᠤᠰ ᠬᠠᠤᠯᠢ ᠶᠢᠨ ᠬᠤᠷᠢᠨ ᠨᠢᠭᠡᠳᠦᠭᠡᠷ ᠵᠦᠢᠯ᠂ ᠬᠤᠷᠢᠨ ᠲᠠᠪᠤᠳᠤᠭᠠᠷ ᠵᠦᠢᠯ᠂ ᠬᠤᠷᠢᠨ ᠲᠤᠯᠤᠳᠤᠭᠠᠷ ᠵᠦᠢᠯ ᠪᠤᠶᠤ ᠬᠤᠷᠢᠨ ᠨᠠᠢᠮᠠᠳᠤᠭᠠᠷ ᠵᠦᠢᠯ ᠳᠤ ᠲᠤᠭᠲᠠᠭᠠᠭᠰᠠᠨ ᠵᠦᠪᠰᠢᠶᠡᠷᠡᠯ ᠤᠨ ᠦᠨᠡᠮᠯᠡᠯ᠂ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠠᠭᠤᠯᠪᠤᠷᠢ ᠲᠡᠪᠲᠡᠷ ᠪᠤᠶᠤ ᠲᠤᠰᠬᠠᠢ ᠢᠯᠡᠳᠬᠡᠮᠵᠢ ᠲᠡᠮᠳᠡᠭ ᠵᠢᠴᠢ ᠬᠢᠵᠢᠭ ᠤᠨ ᠪᠠᠶᠢᠴᠠᠭᠠᠯᠲᠠ ᠶᠢᠨ ᠭᠡᠷᠡᠴᠢ ᠲᠠᠢ ᠪᠠᠶᠢᠬᠤ ᠪᠤᠶᠤ ᠡᠳᠡᠭᠡᠷ ᠢ ᠳᠠᠭᠠᠯᠳᠤᠭᠤᠯᠤᠭᠰᠠᠨ ᠪᠠᠶᠢᠬᠤ ᠬᠡᠷᠡᠭᠲᠡᠢ᠃     ᠤᠯᠤᠰ ᠤᠨ ᠭᠤᠤᠯᠳᠠᠯᠭ᠎ᠠ ᠲᠠᠢ ᠬᠠᠮᠠᠭᠠᠯᠠᠯᠳᠠ ᠶᠢᠨ ᠪᠤᠰᠤ ᠭᠡᠭᠡᠷ᠎ᠡ ᠶᠢᠨ ᠠᠮᠢᠲᠠᠨ ᠢ ᠵᠦᠭᠡᠭᠡᠪᠦᠷᠢᠯᠡᠵᠦ ᠰᠢᠶᠠᠨ ᠤ ᠬᠢᠯᠢ ᠪᠠᠷ ᠭᠠᠷᠭᠠᠬᠤ ᠳᠤ᠂ ᠠᠪᠠᠯᠠᠬᠤ᠂ ᠭᠠᠳᠠᠭᠠᠲᠤ ᠠᠴᠠ ᠤᠷᠤᠭᠤᠯᠬᠤ ᠪᠠ ᠭᠠᠳᠠᠭᠠᠲᠤ ᠳᠤ ᠭᠠᠷᠭᠠᠬᠤ ᠵᠡᠷᠭᠡ ᠬᠠᠤᠯᠢ ᠶᠤᠰᠤᠨ ᠤ ᠢᠷᠡᠯᠲᠡ ᠶᠢᠨ ᠭᠡᠷᠡᠴᠢ ᠵᠢᠴᠢ ᠬᠢᠵᠢᠭ ᠤᠨ ᠪᠠᠶᠢᠴᠠᠭᠠᠯᠲᠠ ᠶᠢᠨ ᠭᠡᠷᠡᠴᠢ ᠲᠠᠢ ᠪᠠᠶᠢᠬᠤ ᠬᠡᠷᠡᠭᠲᠡᠢ᠃      ᠭᠤᠴᠢᠨ ᠳᠦᠷᠪᠡᠳᠦᠭᠡᠷ ᠵᠦᠢᠯ   ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠰᠢᠨᠵᠢᠯᠡᠬᠦ ᠤᠬᠠᠭᠠᠨ ᠤ ᠰᠤᠳᠤᠯᠭᠠᠨ ᠬᠢᠬᠦ᠂ ᠬᠦᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ᠂ ᠤᠯᠠᠨ ᠨᠡᠶᠢᠲᠡ ᠳᠤ ᠳᠡᠯᠭᠡᠨ ᠦᠵᠡᠭᠦᠯᠬᠦ ᠵᠡᠷᠭᠡ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠢ ᠠᠰᠢᠭᠯᠠᠬᠤ ᠠᠵᠢᠯᠯᠠᠭ᠎ᠠ ᠶᠢ ᠬᠢᠨᠠᠨ ᠬᠠᠮᠢᠶᠠᠷᠬᠤ ᠬᠡᠷᠡᠭᠲᠡᠢ᠃     ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠪᠤᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤᠰᠢᠶᠠᠯ ᠬᠠᠷᠢᠭᠤᠴᠠᠯᠭ᠎ᠠ ᠶᠢᠨ ᠢᠶᠠᠨ ᠬᠤᠪᠢᠶᠠᠷᠢᠯᠠᠯ ᠶᠤᠰᠤᠭᠠᠷ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠢ ᠪᠤᠷᠤᠯᠠᠭᠤᠯᠬᠤ᠂ ᠬᠤᠳᠠᠯᠳᠤᠨ ᠠᠪᠬᠤ᠂ ᠠᠰᠢᠭᠯᠠᠬᠤ᠂ ᠵᠦᠭᠡᠭᠡᠪᠦᠷᠢᠯᠡᠬᠦ᠂ ᠢᠯᠡᠭᠡᠵᠦ ᠶᠠᠪᠤᠭᠤᠯᠬᠤ ᠵᠡᠷᠭᠡ ᠠᠵᠢᠯᠯᠠᠭ᠎ᠠ ᠶᠢ ᠬᠢᠨᠠᠨ ᠪᠠᠶᠢᠴᠠᠭᠠᠬᠤ ᠬᠡᠷᠡᠭᠲᠡᠢ᠃     ᠭᠤᠴᠢᠨ ᠲᠠᠪᠤᠳᠤᠭᠠᠷ ᠵᠦᠢᠯ   ᠪᠦᠭᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠪᠠᠶᠢᠭᠤᠯᠤᠭᠰᠠᠨ ᠪᠤᠶᠤ ᠤᠷᠤᠯᠴᠠᠭᠰᠠᠨ ᠤᠯᠠᠨ ᠤᠯᠤᠰ ᠤᠨ ᠨᠡᠶᠢᠲᠡ ᠶᠢᠨ ᠭᠡᠷ᠎ᠡ ᠳᠤ ᠠᠷᠠᠯᠵᠢᠶᠠᠯᠠᠬᠤ ᠶᠢ ᠴᠠᠭᠠᠵᠠᠯᠠᠭᠰᠠᠨ ᠪᠤᠶᠤ ᠬᠢᠵᠠᠭᠠᠷᠯᠠᠭᠰᠠᠨ ᠭᠡᠭᠡᠷ᠎ᠡ ᠶᠢᠨ ᠠᠮᠢᠲᠠᠨ ᠪᠤᠶᠤ ᠲᠡᠭᠦᠨ ᠤ ᠦᠢᠯᠡᠳᠬᠦᠨ ᠤ ᠨᠡᠷᠡᠰ ᠢ ᠤᠯᠤᠰ ᠤᠨ ᠮᠦᠬᠦᠬᠦ ᠰᠢᠬᠠᠭᠰᠠᠨ ᠳᠦᠷᠰᠦ ᠶᠢ ᠭᠠᠳᠠᠭᠠᠲᠤ ᠠᠴᠠ ᠤᠷᠤᠭᠤᠯᠬᠤ ᠪᠠ ᠭᠠᠳᠠᠭᠠᠲᠤ ᠳᠤ ᠭᠠᠷᠭᠠᠬᠤ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠲᠤᠭᠲᠠᠭᠠᠵᠤ᠂ ᠲᠤᠬᠢᠷᠠᠭᠤᠯᠤᠯᠳᠠ ᠬᠢᠬᠦ ᠶᠢᠨ ᠬᠠᠮᠲᠤ ᠨᠡᠶᠢᠲᠡᠯᠡᠨ᠎ᠡ᠃      ᠡᠮᠦᠨᠡᠬᠢ ᠪᠠᠳᠠᠭ ᠤᠨ ᠨᠡᠷᠡᠰ ᠲᠤ ᠵᠢᠭᠰᠠᠭᠠᠨ ᠤᠷᠤᠭᠤᠯᠤᠭᠰᠠᠨ ᠭᠡᠭᠡᠷ᠎ᠡ ᠶᠢᠨ ᠠᠮᠢᠲᠠᠨ ᠪᠤᠶᠤ ᠲᠡᠭᠦᠨ ᠤ ᠦᠢᠯᠡᠳᠬᠦᠨ ᠢ ᠭᠠᠳᠠᠭᠠᠲᠤ ᠠᠴᠠ ᠤᠷᠤᠭᠤᠯᠬᠤ ᠪᠠ ᠭᠠᠳᠠᠭᠠᠲᠤ ᠳᠤ ᠭᠠᠷᠭᠠᠬᠤ᠂ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠪᠤᠶᠤ ᠲᠡᠭᠦᠨ ᠤ ᠦᠢᠯᠡᠳᠬᠦᠨ ᠢ ᠭᠠᠳᠠᠭᠠᠲᠤ ᠳᠤ ᠭᠠᠷᠭᠠᠬᠤ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠲᠦᠷᠦ ᠶᠢᠨ ᠶᠠᠪᠤᠳᠠᠯ ᠤᠨ ᠬᠤᠷᠢᠶ᠎ᠠ ᠪᠠᠷ ᠵᠦᠪᠰᠢᠶᠡᠷᠡᠭᠦᠯᠬᠦ ᠶᠢᠨ ᠬᠠᠮᠲᠤ ᠤᠯᠤᠰ ᠤᠨ ᠮᠦᠬᠦᠬᠦ ᠰᠢᠬᠠᠭᠰᠠᠨ ᠲᠦᠷᠰᠦ ᠶᠢ ᠭᠠᠳᠠᠭᠠᠲᠤ ᠠᠴᠠ ᠤᠷᠤᠭᠤᠯᠬᠤ ᠪᠠ ᠭᠠᠳᠠᠭᠠᠲᠤ ᠳᠤ ᠭᠠᠷᠭᠠᠬᠤ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠢᠨᠠᠨ ᠤᠯᠭᠤᠭᠰᠡᠨ ᠭᠠᠳᠠᠭᠠᠲᠤ ᠠᠴᠠ ᠤᠷᠤᠭᠤᠯᠬᠤ ᠪᠠ ᠭᠠᠳᠠᠭᠠᠲᠤ ᠳᠤ ᠭᠠᠷᠭᠠᠬᠤ ᠶᠢ ᠵᠦᠪᠰᠢᠶᠡᠷᠡᠭᠰᠡᠨ ᠭᠡᠷᠡᠴᠢ ᠪᠢᠴᠢᠭ ᠢ ᠤᠯᠬᠤ ᠬᠡᠷᠡᠭᠲᠡᠢ᠃ ᠪᠤᠭᠤᠮᠲᠠ ᠨᠢ ᠬᠢᠯᠢ ᠪᠠᠷ ᠤᠷᠤᠭᠤᠯᠵᠤ ᠭᠠᠷᠭᠠᠬᠤ ᠬᠢᠵᠢᠭ ᠤᠨ ᠪᠠᠶᠢᠴᠠᠭᠠᠯᠲᠠ ᠶᠢ ᠬᠠᠤᠯᠢ ᠶᠤᠰᠤᠭᠠᠷ ᠬᠡᠷᠡᠭᠵᠢᠭᠦᠯᠵᠦ᠂ ᠭᠠᠳᠠᠭᠠᠲᠤ ᠠᠴᠠ ᠤᠷᠤᠭᠤᠯᠬᠤ ᠪᠠ ᠭᠠᠳᠠᠭᠠᠲᠤ ᠳᠤ ᠭᠠᠷᠭᠠᠬᠤ ᠶᠢ ᠵᠦᠪᠰᠢᠶᠡᠷᠡᠭᠰᠡᠨ ᠭᠡᠷᠡᠴᠢ ᠪᠢᠴᠢᠭ᠂ ᠬᠢᠵᠢᠭ ᠤᠨ ᠪᠠᠶᠢᠴᠠᠭᠠᠯᠲᠠ ᠶᠢᠨ ᠭᠡᠷᠡᠴᠢ ᠶᠢ ᠦᠵᠡᠵᠦ ᠪᠤᠭᠤᠮᠲᠠ ᠨᠡᠪᠲᠡᠷᠡᠬᠦ ᠭᠠᠷ ᠭᠦᠢᠴᠡᠳᠬᠡᠯ ᠢ ᠲᠤᠭᠲᠠᠭᠠᠯ ᠶᠤᠰᠤᠭᠠᠷ ᠬᠢᠨ᠎ᠡ᠃       ᠰᠢᠨᠵᠢᠯᠡᠬᠦ ᠤᠬᠠᠭᠠᠨ ᠮᠡᠷᠭᠡᠵᠢᠯ ᠤᠨ ᠨᠢᠭᠤᠴᠠ ᠶᠢ ᠬᠠᠮᠠᠭᠠᠯᠠᠬᠤ ᠳᠤ ᠬᠤᠯᠪᠤᠭᠳᠠᠬᠰᠠᠨ ᠭᠡᠭᠡᠷ᠎ᠡ ᠶᠢᠨ ᠠᠮᠢᠲᠠᠨ ᠤ ᠲᠦᠷᠰᠦ ᠶᠢ ᠭᠠᠳᠠᠭᠠᠳᠤ ᠳᠤ ᠭᠠᠷᠭᠠᠬᠤ ᠳᠠᠭᠠᠨ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠭᠦᠢᠴᠡᠳᠬᠡᠨ᠎ᠡ᠃     ᠲᠤᠰ ᠵᠦᠢᠯ ᠤᠨ ᠨᠢᠭᠡᠳᠦᠭᠡᠷ ᠪᠠᠳᠠᠭ ᠤᠨ ᠨᠡᠷᠡᠰ ᠲᠤ ᠵᠢᠭᠰᠠᠭᠠᠨ ᠤᠷᠤᠭᠤᠯᠤᠭᠰᠠᠨ ᠭᠡᠭᠡᠷ᠎ᠡ ᠶᠢᠨ ᠠᠮᠢᠲᠠᠨ ᠢ ᠲᠦᠷᠦ ᠶᠢᠨ ᠶᠠᠪᠤᠳᠠᠯ ᠤᠨ ᠬᠤᠷᠢᠶᠠᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠠᠨ ᠵᠦᠪᠰᠢᠶᠡᠷᠡᠭᠦᠯᠦᠭᠡᠳ᠂ ᠲᠤᠰ ᠬᠠᠤᠯᠢ ᠶᠢ ᠲᠤᠬᠢᠷᠠᠭᠤᠯᠤᠨ ᠬᠡᠷᠡᠭᠯᠡᠬᠦ ᠬᠡᠪᠴᠢᠶᠡᠨ ᠲᠤᠲᠤᠷ᠎ᠠ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠤ ᠶᠤᠰᠤᠭᠠᠷ ᠬᠠᠮᠢᠶᠠᠷᠴᠤ ᠪᠤᠯᠤᠨ᠎ᠠ᠃      ᠭᠤᠴᠢᠨ ᠵᠢᠷᠭᠤᠳᠦᠭᠠᠷ ᠵᠦᠢᠯ   ᠤᠯᠤᠰ ᠠᠴᠠ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠵᠢᠴᠢ ᠬᠤᠯᠪᠤᠭᠳᠠᠯ ᠪᠦᠬᠦᠢ ᠬᠠᠤᠯᠢ ᠬᠡᠷᠡᠭᠵᠢᠭᠦᠯᠬᠦ ᠠᠵᠢᠯᠯᠠᠭ᠎ᠠ ᠦᠷᠨᠢᠭᠦᠯᠬᠦ ᠤᠯᠠᠨ ᠤᠯᠤᠰ ᠤᠨ ᠬᠠᠮᠲᠤᠷᠠᠯᠴᠠᠭ᠎ᠠ ᠪᠤᠯᠤᠨ ᠰᠤᠯᠢᠯᠴᠠᠭ᠎ᠠ ᠶᠢ ᠵᠤᠬᠢᠶᠠᠨ ᠪᠠᠶᠢᠭᠤᠯᠤᠨ᠎ᠠ︔ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠢ ᠨᠢᠭᠤᠴᠠ ᠪᠠᠷ ᠠᠷᠠᠯᠵᠢᠶᠠᠯᠠᠬᠤ ᠪᠠ ᠬᠠᠤᠯᠢ ᠪᠤᠰᠤ ᠪᠠᠷ ᠠᠷᠠᠯᠵᠢᠶᠠᠯᠠᠬᠤ ᠶᠢ ᠰᠡᠷᠬᠡᠶᠢᠯᠡᠬᠦ ᠪᠠ ᠲᠡᠭᠦᠨ ᠳᠤ ᠴᠤᠬᠢᠯᠲᠠ ᠦᠭᠭᠦ ᠰᠠᠯᠠᠭ᠎ᠠ ᠮᠦᠴᠢᠷ ᠤᠨ ᠵᠤᠬᠢᠴᠠᠭᠤᠯᠬᠤ ᠲᠤᠭᠲᠠᠴᠠ ᠶᠢ ᠪᠠᠶᠢᠭᠤᠯᠵᠤ᠂ ᠨᠢᠭᠤᠴᠠ ᠪᠠᠷ ᠠᠷᠠᠯᠵᠢᠶᠠᠯᠠᠬᠤ ᠪᠠ ᠬᠠᠤᠯᠢ ᠪᠤᠰᠤ ᠪᠠᠷ ᠠᠷᠠᠯᠵᠢᠶᠠᠯᠠᠬᠤ ᠶᠢ ᠰᠡᠷᠬᠡᠶᠢᠯᠡᠬᠦ ᠪᠠ ᠲᠡᠭᠦᠨ ᠳᠤ ᠴᠤᠬᠢᠯᠲᠠ ᠦᠭᠭᠦ ᠠᠵᠢᠯᠯᠠᠭ᠎ᠠ ᠶᠢ ᠦᠷᠨᠢᠭᠦᠯᠦᠨ᠎ᠡ᠃      ᠭᠤᠴᠢᠨ ᠳᠤᠯᠤᠳᠤᠭᠠᠷ ᠵᠦᠢᠯ   ᠬᠢᠯᠢ ᠶᠢᠨ ᠭᠠᠳᠠᠨ᠎ᠠ ᠠᠴᠠ ᠭᠡᠭᠡᠷ᠎ᠡ ᠶᠢᠨ ᠠᠮᠢᠲᠠᠨ ᠤ ᠳᠦᠷᠰᠦ ᠶᠢ ᠤᠷᠤᠭᠤᠯᠬᠤ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠬᠦ ᠬᠡᠷᠡᠭᠲᠡᠢ᠃ ᠬᠢᠯᠢ ᠶᠢᠨ ᠭᠠᠳᠠᠨ᠎ᠠ ᠠᠴᠠ ᠲᠤᠰ ᠬᠠᠤᠯᠢ ᠶᠢᠨ ᠭᠤᠴᠢᠨ ᠲᠠᠪᠤᠳᠤᠭᠠᠷ ᠵᠦᠢᠯ ᠤᠨ ᠨᠢᠭᠡᠳᠦᠭᠡᠷ ᠪᠠᠳᠠᠭ ᠤᠨ ᠨᠠᠷᠠᠰ ᠲᠤ ᠵᠢᠭᠰᠠᠭᠠᠨ ᠤᠷᠤᠭᠤᠯᠤᠭᠰᠠᠨ ᠭᠡᠭᠡᠷ᠎ᠡ ᠶᠢᠨ ᠠᠮᠢᠲᠠᠨ ᠢ ᠤᠷᠤᠭᠤᠯᠬᠤ ᠳᠤ ᠪᠠᠰᠠ ᠭᠠᠳᠠᠭᠠᠲᠤ ᠠᠴᠠ ᠤᠷᠤᠭᠤᠯᠬᠤ ᠪᠠ ᠭᠠᠳᠠᠭᠠᠲᠤ ᠳᠤ ᠭᠠᠷᠭᠠᠬᠤ ᠶᠢ ᠵᠦᠪᠰᠢᠶᠡᠷᠡᠭᠰᠡᠨ ᠭᠡᠷᠡᠴᠢ ᠪᠢᠴᠢᠭ ᠢ ᠬᠠᠤᠯᠢ ᠶᠤᠰᠤᠭᠠᠷ ᠤᠯᠤᠭᠰᠠᠨ ᠪᠠᠶᠢᠬᠤ ᠬᠡᠷᠡᠭᠲᠡᠢ᠃ ᠪᠤᠭᠤᠮᠲᠠ ᠨᠢ ᠬᠢᠯᠢ ᠪᠠᠷ ᠤᠷᠤᠬᠤ ᠬᠢᠵᠢᠭ ᠤᠨ ᠪᠠᠶᠢᠴᠠᠭᠠᠯᠲᠠ ᠶᠢ ᠬᠠᠤᠯᠢ ᠶᠤᠰᠤᠭᠠᠷ ᠬᠡᠷᠡᠭᠵᠢᠭᠦᠯᠵᠦ᠂ ᠭᠠᠳᠠᠭᠠᠲᠤ ᠠᠴᠠ ᠤᠷᠤᠭᠤᠯᠬᠤ ᠶᠢ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠪᠤᠶᠤ ᠭᠠᠳᠠᠭᠠᠲᠤ ᠠᠴᠠ ᠤᠷᠤᠭᠤᠯᠬᠤ ᠪᠠ ᠭᠠᠳᠠᠭᠠᠲᠤ ᠳᠤ ᠭᠠᠷᠭᠠᠬᠤ ᠶᠢ ᠵᠦᠪᠰᠢᠶᠡᠷᠡᠭᠰᠡᠨ ᠭᠡᠷᠡᠴᠢ ᠪᠢᠴᠢᠭ ᠵᠢᠴᠢ ᠬᠢᠵᠢᠭ ᠤᠨ ᠪᠠᠶᠢᠴᠠᠭᠠᠯᠲᠠ ᠶᠢᠨ ᠭᠡᠷᠡᠴᠢ ᠶᠢ ᠦᠵᠡᠵᠦ ᠪᠤᠭᠤᠮᠲᠠ ᠨᠡᠪᠲᠡᠷᠡᠬᠦ ᠭᠠᠷ ᠭᠦᠢᠴᠡᠳᠬᠡᠯ ᠢ ᠲᠤᠭᠲᠠᠭᠠᠯ ᠶᠤᠰᠤᠭᠠᠷ ᠬᠢᠨ᠎ᠡ᠃       ᠬᠢᠯᠢ ᠶᠢᠨ ᠭᠠᠳᠠᠨ᠎ᠠ ᠠᠴᠠ ᠭᠡᠭᠡᠷ᠎ᠡ ᠶᠢᠨ ᠠᠮᠢᠲᠠᠨ ᠤ ᠳᠦᠷᠰᠦ ᠶᠢ ᠤᠷᠤᠭᠤᠯᠬᠤ ᠳᠤ ᠠᠮᠤᠷ ᠲᠦᠪᠰᠢᠨ ᠪᠦᠭᠡᠳ ᠨᠠᠶᠢᠳᠠᠪᠤᠷᠢᠲᠠᠢ ᠰᠡᠷᠬᠡᠶᠢᠯᠡᠬᠦ ᠠᠷᠭ᠎ᠠ ᠬᠡᠮᠵᠢᠶ᠎ᠡ ᠠᠪᠴᠤ᠂ ᠲᠡᠭᠦᠨ ᠤ ᠭᠡᠭᠡᠷ᠎ᠡ ᠶᠢᠨ ᠤᠷᠴᠢᠨ ᠳᠤ ᠤᠷᠤᠬᠤ ᠶᠢ ᠰᠡᠷᠬᠡᠶᠢᠯᠡᠨ᠂ ᠠᠮᠢ ᠠᠬᠤᠢ ᠶᠢᠨ ᠰᠢᠰᠲ᠋ᠧᠮ ᠳᠤ ᠬᠤᠤᠷ ᠬᠦᠨᠦᠭᠡᠯ ᠤᠴᠠᠷᠠᠭᠤᠯᠬᠤ ᠠᠴᠠ ᠵᠠᠶᠢᠯᠠᠰᠬᠢᠬᠦ ᠬᠡᠷᠡᠭᠲᠡᠢ᠃ ᠲᠡᠭᠦᠨ ᠢ ᠦᠨᠡᠭᠡᠷ ᠭᠡᠭᠡᠷ᠎ᠡ ᠭᠠᠳᠠᠭ᠎ᠠ ᠲᠠᠯᠪᠢᠵᠤ ᠶᠠᠪᠤᠭᠤᠯᠬᠤ ᠴᠢᠬᠤᠯᠠᠲᠠᠢ ᠪᠠᠶᠢᠪᠠᠯ᠂ ᠤᠯᠤᠰ ᠤᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠭᠦᠢᠴᠡᠳᠬᠡᠨ᠎ᠡ᠃       ᠭᠤᠴᠢᠨ ᠨᠠᠢᠮᠠᠳᠤᠭᠠᠷ ᠵᠦᠢᠯ   ᠶᠠᠮᠠᠷᠪᠠ ᠵᠤᠬᠢᠶᠠᠨ ᠪᠠᠶᠢᠭᠤᠯᠤᠯᠲᠠ ᠪᠤᠯᠤᠨ ᠬᠤᠪᠢ ᠬᠦᠮᠦᠨ ᠭᠡᠭᠡᠷ᠎ᠡ ᠶᠢᠨ ᠠᠮᠢᠲᠠᠨ ᠢ ᠭᠡᠭᠡᠷ᠎ᠡ ᠶᠢᠨ ᠤᠷᠴᠢᠨ ᠳᠤ ᠲᠠᠯᠪᠢᠵᠤ ᠶᠠᠪᠤᠭᠤᠯᠬᠤ ᠳᠤ᠂ ᠲᠠᠯᠪᠢᠵᠤ ᠶᠠᠪᠤᠭᠤᠯᠬᠤ ᠭᠠᠵᠠᠷ ᠤᠨ ᠭᠡᠭᠡᠷ᠎ᠡ ᠭᠠᠳᠠᠭ᠎ᠠ ᠤᠷᠤᠰᠢᠨ ᠠᠮᠢᠳᠤᠷᠠᠬᠤ ᠳᠤ ᠲᠤᠬᠢᠷᠠᠬᠤ ᠲᠤᠬᠠᠢ ᠶᠢᠨ ᠭᠠᠵᠠᠷ ᠤᠨ ᠳᠦᠷᠰᠦ ᠶᠢ ᠰᠤᠩᠭᠤᠬᠤ ᠬᠡᠷᠡᠭᠲᠡᠢ᠂ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠬᠡᠪ ᠤᠨ ᠠᠮᠢᠳᠤᠷᠠᠯ ᠦᠢᠯᠡᠳᠪᠦᠷᠢᠯᠡᠯ ᠢ ᠬᠠᠷᠰᠢᠯᠠᠵᠤ ᠪᠤᠯᠬᠤ ᠦᠭᠡᠢ ᠪᠦᠭᠡᠳ ᠠᠮᠢ ᠠᠬᠤᠢ ᠶᠢᠨ ᠰᠢᠰᠲ᠋ᠧᠮ ᠳᠤ ᠬᠤᠤᠷ ᠬᠦᠨᠦᠭᠡᠯ ᠤᠴᠠᠷᠠᠭᠤᠯᠬᠤ ᠠᠴᠠ ᠵᠠᠶᠢᠯᠠᠰᠬᠢᠬᠦ ᠬᠡᠷᠡᠭᠲᠡᠢ᠃ ᠭᠡᠭᠡᠷ᠎ᠡ ᠶᠢᠨ ᠠᠮᠢᠲᠠᠨ ᠢ ᠳᠤᠷ᠎ᠠ ᠪᠠᠷ ᠲᠠᠯᠪᠢᠵᠤ᠂ ᠪᠤᠰᠤᠳ ᠤᠨ ᠪᠡᠶ᠎ᠡ ᠮᠠᠬᠠᠪᠤᠳ᠂ ᠡᠳ᠋ ᠬᠦᠷᠦᠩᠭᠡ ᠳᠤ ᠬᠤᠬᠢᠷᠠᠯ ᠤᠴᠠᠷᠠᠭᠤᠯᠤᠭᠰᠠᠨ ᠪᠤᠶᠤ ᠠᠮᠢ ᠠᠬᠤᠢ ᠶᠢᠨ ᠰᠢᠰᠲ᠋ᠧᠮ ᠳᠤ ᠬᠤᠤᠷ ᠬᠦᠨᠦᠭᠡᠯ ᠤᠴᠠᠷᠠᠭᠤᠯᠤᠭᠰᠠᠨ ᠪᠠᠶᠢᠪᠠᠯ᠂ ᠬᠠᠤᠯᠢ ᠶᠤᠰᠤᠭᠠᠷ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠨ᠎ᠡ᠃       ᠭᠤᠴᠢ ᠶᠢᠰᠦᠳᠦᠭᠡᠷ ᠵᠦᠢᠯ   ᠤᠨᠴᠠ ᠵᠦᠪᠰᠢᠶᠡᠷᠡᠯ ᠤᠨ ᠠᠩᠨᠠᠬᠤ ᠦᠨᠡᠮᠯᠡᠯ᠂ ᠠᠪᠠᠯᠠᠬᠤ ᠦᠨᠡᠮᠯᠡᠯ᠂ ᠬᠦᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ ᠵᠦᠪᠰᠢᠶᠡᠷᠡᠯ ᠤᠨ ᠦᠨᠡᠮᠯᠡᠯ ᠵᠢᠴᠢ ᠲᠤᠰᠬᠠᠢ ᠢᠯᠡᠳᠬᠡᠮᠵᠢ ᠲᠡᠮᠳᠡᠭ᠂ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠢ ᠪᠤᠷᠤᠯᠠᠭᠤᠯᠬᠤ᠂ ᠬᠤᠳᠠᠯᠳᠤᠨ ᠠᠪᠬᠤ᠂ ᠠᠰᠢᠭᠯᠠᠬᠤ ᠶᠢ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠪᠤᠶᠤ ᠭᠠᠳᠠᠭᠠᠲᠤ ᠠᠴᠠ ᠤᠷᠤᠭᠤᠯᠬᠤ ᠪᠠ ᠭᠠᠳᠠᠭᠠᠲᠤ ᠳᠤ ᠭᠠᠷᠭᠠᠬᠤ ᠶᠢ ᠵᠦᠪᠰᠢᠶᠡᠷᠡᠭᠰᠡᠨ ᠭᠡᠷᠡᠴᠢ ᠪᠢᠴᠢᠭ᠂ ᠭᠠᠳᠠᠭᠠᠲᠤ ᠠᠴᠠ ᠤᠷᠤᠭᠤᠯᠬᠤ ᠪᠠ ᠭᠠᠳᠠᠭᠠᠳᠤ ᠳᠤ ᠭᠠᠷᠭᠠᠬᠤ ᠵᠡᠷᠭᠡ ᠶᠢ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠢ ᠬᠠᠭᠤᠷᠮᠠᠭᠯᠠᠨ ᠵᠤᠬᠢᠶᠠᠬᠤ᠂ ᠬᠤᠪᠢᠷᠠᠭᠤᠯᠤᠨ ᠵᠤᠬᠢᠶᠠᠬᠤ᠂ ᠬᠤᠳᠠᠯᠳᠤᠭᠠᠯᠠᠬᠤ᠂ ᠰᠢᠯᠵᠢᠭᠦᠯᠬᠦ᠂ ᠲᠦᠷᠢᠶᠡᠰᠦᠯᠡᠬᠦᠯᠬᠦ ᠶᠢ ᠴᠠᠭᠠᠵᠠᠯᠠᠨ᠎ᠠ᠃      ᠡᠮᠦᠨᠡᠬᠢ ᠪᠠᠳᠠᠭ ᠲᠤ ᠲᠤᠭᠲᠠᠭᠠᠭᠰᠠᠨ ᠬᠤᠯᠪᠤᠭᠳᠠᠯ ᠪᠦᠬᠦᠢ ᠵᠦᠪᠰᠢᠶᠡᠷᠡᠯ ᠤᠨ ᠭᠡᠷᠡᠴᠢ ᠪᠢᠴᠢᠭ᠂ ᠲᠤᠰᠬᠠᠢ ᠢᠯᠡᠳᠬᠡᠮᠵᠢ ᠲᠡᠮᠳᠡᠭ᠂ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠢ ᠲᠠᠷᠬᠠᠭᠠᠭᠰᠠᠨ ᠪᠠᠶᠢᠳᠠᠯ ᠢ ᠬᠠᠤᠯᠢ ᠶᠤᠰᠤᠭᠠᠷ ᠢᠯᠡ ᠪᠤᠯᠭᠠᠬᠤ ᠬᠡᠷᠡᠭᠲᠡᠢ᠃      ᠳᠦᠴᠢᠳᠦᠭᠡᠷ ᠵᠦᠢᠯ   ᠭᠠᠳᠠᠭᠠᠲᠤ ᠶᠢᠨ ᠬᠦᠮᠦᠨ ᠮᠠᠨ ᠤ ᠤᠯᠤᠰ ᠲᠤ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠢ ᠭᠡᠭᠡᠷ᠎ᠡ ᠭᠠᠳᠠᠭ᠎ᠠ ᠰᠢᠨᠵᠢᠯᠡᠨ ᠪᠠᠶᠢᠴᠠᠭᠠᠬᠤ ᠪᠤᠶᠤ ᠭᠡᠭᠡᠷ᠎ᠡ ᠭᠠᠳᠠᠭ᠎ᠠ ᠺᠢᠨᠤ᠋ ᠰᠡᠭᠦᠳᠡᠷᠯᠡᠬᠦ᠂ ᠳᠦᠷᠰᠦ ᠰᠢᠩᠭᠡᠭᠡᠬᠦ ᠳᠤ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠲᠡᠭᠦᠨ ᠤ ᠡᠷᠬᠡ ᠤᠯᠭᠤᠭᠰᠠᠨ ᠨᠢᠭᠡᠴᠢ ᠪᠠᠷ ᠵᠦᠪᠰᠢᠶᠡᠷᠡᠭᠦᠯᠬᠦ ᠬᠡᠷᠡᠭᠲᠡᠢ ᠪᠦᠭᠡᠳ ᠬᠤᠯᠪᠤᠭᠳᠠᠯ ᠪᠦᠬᠦᠢ ᠬᠠᠤᠯᠢ ᠴᠠᠭᠠᠵᠠ ᠬᠠᠤᠯᠢ ᠲᠤᠭᠲᠠᠭᠠᠯ ᠤᠨ ᠲᠤᠭᠲᠠᠭᠠᠯ ᠢ ᠵᠢᠷᠤᠮᠯᠠᠨ ᠰᠠᠬᠢᠬᠤ ᠬᠡᠷᠡᠭᠲᠡᠢ᠃      ᠳᠦᠴᠢᠨ ᠨᠢᠭᠡᠳᠦᠭᠡᠷ ᠵᠦᠢᠯ   ᠤᠷᠤᠨ ᠨᠤᠲᠤᠭ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠪᠠ ᠤᠯᠤᠰ ᠤᠨ ᠭᠤᠤᠯᠳᠠᠯᠭ᠎ᠠ ᠲᠠᠢ ᠬᠠᠮᠠᠭᠠᠯᠠᠯᠳᠠ ᠶᠢᠨ ᠪᠤᠰᠤ ᠪᠤᠰᠤᠳ ᠭᠡᠭᠡᠷ᠎ᠡ ᠶᠢᠨ ᠠᠮᠢᠲᠠᠨ ᠤ ᠬᠠᠮᠢᠶᠠᠷᠤᠯᠲᠠ ᠶᠢᠨ ᠠᠷᠭ᠎ᠠ ᠶᠢ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠶᠤ ᠲᠡᠭᠦᠨ ᠤ ᠪᠠᠶᠢᠡᠭᠭᠤ ᠶᠢᠨ ᠬᠤᠷᠢᠶ᠎ᠠ ᠠᠴᠠ ᠲᠤᠭᠲᠠᠭᠠᠨ᠎ᠠ᠃
ᠢᠷᠡᠯᠲᠡ᠄ ᠳᠤᠮᠳᠠᠳᠤ ᠤᠯᠤᠰ ᠤᠨ ᠦᠨᠳᠦᠰᠦᠲᠡᠨ ᠤ ᠬᠡᠯᠡᠨ ᠤ ᠣᠷᠴᠢᠭᠤᠯᠭ᠎ᠠ ᠶᠢᠨ ᠲᠣᠪᠴᠢᠶ᠎ᠠ