ᠪᠦᠬᠦᠳᠠ ᠨᠡᠶᠢᠷᠡᠮᠳᠡᠬᠤ ᠲᠤᠮᠳᠡᠳᠦ ᠠᠷᠡᠦᠠ ᠤᠯᠦᠰ ᠤᠨ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠦᠯᠢ ︵7︶
ᠨᠡᠶᠢᠲᠡᠯᠡᠭᠰᠡᠨ ᠴᠠᠭ᠄
2020/3/2
ᠪᠦᠬᠦᠳᠠ ᠨᠡᠶᠢᠷᠡᠮᠳᠡᠬᠤ ᠲᠤᠮᠳᠡᠳᠦ ᠠᠷᠡᠦᠠ ᠤᠯᠦᠰ ᠤᠨ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠦᠯᠢ ︵7︶    ︵1988 ᠤᠠ ᠤ 11 ᠰᠡᠷ᠎ᠠ ᠶᠢᠨ 8 ᠤ ᠡᠳᠦᠷ ᠲᠤᠯᠤᠳᠦᠭᠠᠷ ᠬᠤᠭᠤᠴᠡᠭᠠᠠ ᠤ ᠪᠦᠬᠦ ᠤᠯᠦᠰ ᠤᠨ ᠠᠷᠡᠦᠠ ᠤᠨ ᠲᠦᠯᠦᠭᠡᠯᠡᠭᠴᠢᠦᠠ ᠤᠨ ᠶᠡᠭᠡ ᠬᠤᠷᠡᠯ ᠤᠨ ᠪᠠᠶᠢᠡᠭᠭᠤ ᠶᠢᠨ ᠬᠤᠷᠢᠶᠠᠨ ᠤ ᠲᠦᠷᠪᠡᠳᠤᠭᠡᠷ ᠬᠤᠷᠡᠯᠳᠦᠭᠠᠠ ᠠᠴᠠ ᠪᠡᠳᠦᠯᠡᠪᠡ      ᠳᠦᠷᠪᠡᠳᠦᠭᠡᠷ ᠪᠦᠯᠦᠭ   ᠬᠠᠤᠯᠢ ᠶᠢᠨ ᠬᠠᠷᠢᠭᠤᠴᠠᠯᠭ᠎ᠠ      ᠳᠦᠴᠢᠨ ᠬᠤᠶᠠᠳᠤᠭᠠᠷ ᠵᠦᠢᠯ   ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠪᠤᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠪᠠᠶᠢᠭᠤᠯᠭ᠎ᠠ ᠬᠠᠤᠯᠢ ᠶᠤᠰᠤᠭᠠᠷ ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠭᠲᠠᠭᠠᠯ ᠢ ᠭᠠᠷᠭᠠᠭᠰᠠᠨ ᠦᠭᠡᠢ᠂ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠤᠯᠵᠤ ᠮᠡᠳᠡᠭᠰᠡᠨ ᠪᠤᠶᠤ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢᠨ ᠲᠤᠬᠠᠢ ᠢᠯᠡᠴᠢᠯᠡᠨ ᠮᠡᠳᠡᠭᠦᠯᠦᠯᠲᠡ ᠶᠢ ᠤᠯᠤᠭᠠᠳ ᠪᠠᠶᠢᠴᠠᠭᠠᠨ ᠰᠢᠢᠳᠪᠦᠷᠢᠯᠡᠬᠦ ᠦᠭᠡᠢ ᠪᠤᠶᠤ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠭᠰᠡᠨ ᠦᠭᠡᠢ᠂ ᠡᠰᠡᠭᠦᠯ᠎ᠡ ᠡᠷᠬᠡ ᠲᠤᠰᠢᠶᠠᠯ ᠢᠶᠠᠨ ᠲᠤᠷ᠎ᠠ ᠪᠠᠷ ᠬᠡᠷᠡᠭᠯᠡᠭᠰᠡᠨ ᠵᠡᠷᠭᠡ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠤᠰᠤᠭᠠᠷ ᠭᠦᠢᠴᠡᠳᠬᠡᠭᠰᠡᠨ ᠦᠭᠡᠢ ᠪᠤᠰᠤᠳ ᠦᠢᠯᠡ ᠠᠵᠢᠯᠯᠠᠭ᠎ᠠ ᠲᠠᠢ ᠪᠠᠶᠢᠪᠠᠯ᠂ ᠲᠤᠰ ᠱᠠᠲᠤᠨ ᠤ ᠠᠷᠠᠳ ᠤᠨ ᠵᠠᠰᠠᠭ ᠤᠨ ᠤᠷᠳᠤᠨ ᠪᠤᠶᠤ ᠳᠡᠭᠡᠲᠦ ᠱᠠᠲᠤᠨ ᠤ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠭᠤᠯᠵᠤ᠂ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠦᠮᠦᠨ ᠪᠤᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠤᠰᠤᠯ ᠲᠡᠮᠳᠡᠭᠯᠡᠬᠦ᠂ ᠶᠡᠭᠡ ᠤᠰᠤᠯ ᠲᠡᠮᠳᠡᠭᠯᠡᠬᠦ ᠪᠤᠶᠤ ᠳᠡᠰ ᠢ ᠨᠢ ᠪᠠᠭᠤᠷᠠᠭᠤᠯᠬᠤ ᠰᠢᠢᠳᠬᠡᠯ ᠦᠭᠭᠦᠨ᠎ᠡ︔ ᠬᠦᠨᠳᠦ ᠨᠤᠴᠢᠲᠠᠢ ᠤᠷᠰᠢᠭ ᠲᠠᠲᠠᠭᠰᠠᠨ ᠪᠠᠶᠢᠪᠠᠯ᠂ ᠲᠤᠰᠢᠶᠠᠯ ᠠᠴᠠ ᠨᠢ ᠤᠭᠴᠤᠷᠠᠭᠤᠯᠬᠤ ᠪᠤᠶᠤ ᠠᠵᠢᠯ ᠠᠴᠠ ᠨᠢ ᠬᠦᠭᠡᠭᠡᠬᠦ ᠰᠢᠢᠳᠬᠡᠯ ᠦᠭᠭᠦᠨ᠎ᠡ᠂ ᠲᠡᠭᠦᠨ ᠤ ᠭᠤᠤᠯ ᠬᠠᠷᠢᠭᠤᠴᠠᠯᠭᠠᠲᠠᠨ ᠨᠢ ᠠᠯᠳᠠᠭ᠎ᠠ ᠪᠤᠷᠤᠭᠤ ᠪᠠᠨ ᠬᠦᠯᠢᠶᠡᠵᠦ ᠲᠤᠰᠢᠶᠠᠯ ᠠᠴᠠ ᠪᠠᠨ ᠪᠠᠭᠤᠬᠤ ᠬᠡᠷᠡᠭᠲᠡᠢ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠳᠦᠴᠢᠨ ᠭᠤᠷᠪᠠᠳᠤᠭᠠᠷ ᠵᠦᠢᠯ   ᠲᠤᠰ ᠬᠠᠤᠯᠢ ᠶᠢᠨ ᠠᠷᠪᠠᠨ ᠬᠤᠶᠠᠳᠤᠭᠠᠷ ᠵᠦᠢᠯ ᠤᠨ ᠭᠤᠷᠪᠠᠳᠤᠭᠠᠷ ᠪᠠᠳᠠᠭ᠂ ᠠᠷᠪᠠᠨ ᠭᠤᠷᠪᠠᠳᠤᠭᠠᠷ ᠵᠦᠢᠯ ᠤᠨ ᠬᠤᠶᠠᠳᠤᠭᠠᠷ ᠪᠠᠳᠠᠭ ᠤᠨ ᠲᠤᠭᠲᠠᠭᠠᠯ ᠠᠴᠠ ᠵᠦᠷᠢᠴᠡᠭᠰᠡᠨ ᠪᠠᠶᠢᠪᠡᠯ᠂ ᠬᠤᠯᠪᠤᠭᠳᠠᠯ ᠪᠦᠬᠦᠢ ᠬᠠᠤᠯᠢ ᠴᠠᠭᠠᠵᠠ ᠬᠠᠤᠯᠢ ᠲᠤᠭᠲᠠᠭᠠᠯ ᠤᠨ ᠲᠤᠭᠲᠠᠭᠠᠯ ᠶᠤᠰᠤᠭᠠᠷ ᠰᠢᠢᠳᠬᠡᠨ᠎ᠡ᠃      ᠳᠦᠴᠢᠨ ᠳᠦᠷᠪᠡᠳᠦᠭᠡᠷ ᠵᠦᠢᠯ   ᠲᠤᠰ ᠬᠠᠤᠯᠢ ᠶᠢᠨ ᠠᠷᠪᠠᠨ ᠲᠠᠪᠤᠳᠤᠭᠠᠷ ᠵᠦᠢᠯ ᠤᠨ ᠭᠤᠷᠪᠠᠳᠤᠭᠠᠷ ᠪᠠᠳᠠᠭ ᠤᠨ ᠲᠤᠭᠲᠠᠭᠠᠯ ᠠᠴᠠ ᠵᠦᠷᠢᠴᠡᠵᠦ᠂ ᠬᠤᠷᠢᠶᠠᠮᠵᠢᠯᠠᠨ ᠠᠪᠤᠷᠠᠬᠤ ᠨᠡᠷ᠎ᠡ ᠪᠠᠷ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠢ ᠬᠤᠳᠠᠯᠳᠤᠭᠠᠯᠠᠬᠰᠠᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ᠂ ᠬᠠᠤᠯᠢ ᠠᠴᠠ ᠵᠦᠷᠢᠴᠡᠵᠤ ᠤᠯᠤᠭᠰᠠᠨ ᠤᠯᠵᠠ ᠠᠰᠢᠭ ᠢ ᠨᠢ ᠬᠤᠷᠢᠶᠠᠨ ᠠᠪᠬᠤ ᠪᠦᠭᠡᠳ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠤ ᠦᠷᠲᠡᠭ ᠤᠨ ᠬᠢᠨᠢ ᠬᠤᠶᠠᠷ ᠳᠠᠬᠢᠨ ᠠᠴᠠ ᠳᠡᠭᠡᠭᠰᠢ ᠠᠷᠪᠠᠨ ᠳᠠᠬᠢᠨ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠭᠦᠯᠦᠨ ᠰᠢᠢᠳᠬᠡᠵᠤ᠂ ᠬᠠᠤᠯᠢ ᠠᠴᠠ ᠵᠦᠷᠢᠴᠡᠭᠰᠡᠨ ᠬᠤᠯᠪᠤᠭᠳᠠᠯ ᠪᠦᠬᠦᠢ ᠮᠡᠳᠡᠭᠡ ᠵᠠᠩᠬᠢ ᠶᠢ ᠨᠢ ᠨᠡᠶᠢᠭᠡᠮ ᠤᠨ ᠦᠨᠡᠨᠴᠢ ᠢᠲᠡᠬᠡᠮᠵᠢ ᠶᠢᠨ ᠳᠠᠩᠰᠠ ᠡᠪᠬᠡᠮᠡᠯ ᠳᠤ ᠲᠡᠮᠳᠡᠭᠯᠡᠨ ᠤᠷᠤᠭᠤᠯᠵᠤ ᠨᠠᠶᠢᠭᠡᠮ ᠨᠡᠶᠢᠲᠡ ᠳᠤ ᠨᠡᠶᠢᠲᠡᠯᠡᠨ᠎ᠡ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠳᠦᠴᠢᠨ ᠳᠠᠪᠤᠳᠤᠭᠠᠷ ᠵᠦᠢᠯ   ᠲᠤᠰ ᠬᠠᠤᠯᠢ ᠶᠢᠨ ᠬᠤᠷᠢᠳᠤᠭᠠᠷ ᠵᠦᠢᠯ᠂ ᠬᠤᠷᠢᠨ ᠨᠢᠭᠡᠳᠦᠭᠡᠷ ᠵᠦᠢᠯ᠂ ᠬᠤᠷᠢᠨ ᠭᠤᠷᠪᠠᠳᠤᠭᠠᠷ ᠵᠦᠢᠯ ᠤᠨ ᠨᠢᠭᠡᠳᠦᠭᠡᠷ ᠪᠠᠳᠠᠭ᠂ ᠬᠤᠷᠢᠨ ᠳᠦᠷᠪᠡᠳᠦᠭᠡᠷ ᠵᠦᠢᠯ ᠤᠨ ᠨᠢᠭᠡᠳᠦᠭᠡᠷ ᠪᠠᠳᠠᠭ ᠤᠨ ᠲᠤᠭᠲᠠᠭᠠᠯ ᠠᠴᠠ ᠵᠦᠷᠢᠴᠡᠵᠦ᠂ ᠬᠤᠯᠪᠤᠭᠳᠠᠯ ᠪᠦᠬᠦᠢ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠪᠦᠰᠡ᠂ ᠠᠪᠠᠯᠠᠬᠤ ︵ᠠᠩᠨᠠᠬᠤ︶ ᠶᠢ ᠴᠠᠭᠠᠵᠠᠯᠠᠬᠤ ᠤᠷᠤᠨ᠂ ᠠᠪᠠᠯᠠᠬᠤ ︵ᠠᠩᠨᠠᠬᠤ︶ ᠶᠢ ᠴᠠᠭᠠᠵᠠᠯᠠᠬᠤ ᠬᠤᠭᠤᠴᠠᠭᠠᠨ ᠳᠤ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠢ ᠠᠩᠨᠠᠭᠰᠠᠨ᠂ ᠤᠨᠴᠠ ᠵᠦᠪᠰᠢᠶᠡᠷᠡᠯ ᠤᠨ ᠠᠩᠨᠠᠬᠤ ᠦᠨᠡᠮᠯᠡᠯ ᠢ ᠤᠯᠤᠭᠰᠠᠨ ᠦᠭᠡᠢ ᠪᠠᠷ ᠪᠠ ᠤᠨᠴᠠ ᠵᠦᠪᠰᠢᠶᠡᠷᠡᠯ ᠤᠨ ᠠᠩᠨᠠᠬᠤ ᠦᠨᠡᠮᠯᠡᠯ ᠤᠨ ᠲᠤᠭᠲᠠᠭᠠᠯ ᠢ ᠦᠯᠦ ᠵᠢᠷᠤᠮᠯᠠᠨ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠢ ᠠᠩᠨᠠᠭᠰᠠᠨ᠂ ᠠᠯᠠᠭᠰᠠᠨ᠂ ᠡᠰᠡᠭᠦᠯ᠎ᠡ ᠴᠠᠭᠠᠵᠠᠲᠠᠢ ᠪᠠᠭᠠᠵᠢ ᠪᠠ ᠠᠷᠭ᠎ᠠ ᠪᠠᠷ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠢ ᠠᠩᠨᠠᠭᠰᠠᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠂ ᠳᠠᠯᠠᠢ ᠲᠠᠩᠬᠢᠰ ᠤᠨ ᠬᠠᠤᠯᠢ ᠬᠡᠷᠡᠭᠵᠢᠭᠦᠯᠬᠦ ᠰᠠᠯᠠᠭ᠎ᠠ ᠮᠦᠴᠢᠷ ᠪᠤᠶᠤ ᠬᠤᠯᠪᠤᠭᠳᠠᠯ ᠪᠦᠬᠦᠢ ᠬᠠᠮᠠᠭᠠᠯᠠᠯᠲᠠ ᠶᠢᠨ ᠤᠷᠤᠨ ᠪᠦᠰᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠲᠤᠰᠢᠶᠠᠯ ᠬᠠᠷᠢᠭᠤᠴᠠᠯᠭ᠎ᠠ ᠶᠢᠨ ᠢᠶᠠᠨ ᠬᠤᠪᠢᠶᠠᠷᠢᠯᠠᠯ ᠶᠤᠰᠤᠭᠠᠷ ᠠᠪᠠᠯᠠᠭᠰᠠᠨ ᠤᠯᠵᠠ᠂ ᠠᠩᠨᠠᠬᠤ ᠪᠠᠭᠠᠵᠢ ᠪᠠ ᠬᠠᠤᠯᠢ ᠠᠴᠠ ᠵᠦᠷᠢᠴᠡᠵᠦ ᠤᠯᠤᠭᠰᠠᠨ ᠤᠯᠵᠠ ᠠᠰᠢᠭ ᠢ ᠨᠢ ᠬᠤᠷᠢᠶᠠᠨ ᠠᠪᠴᠤ᠂ ᠤᠨᠴᠠ ᠵᠦᠪᠰᠢᠶᠡᠷᠡᠯ ᠤᠨ ᠠᠩᠨᠠᠬᠤ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠤᠯᠭᠠᠵᠤ᠂ ᠠᠪᠠᠯᠠᠭᠰᠠᠨ ᠤᠯᠵᠠ ᠶᠢᠨ ᠦᠷᠲᠡᠭ ᠤᠨ ᠬᠢᠨᠢ ᠬᠤᠶᠠᠷ ᠲᠠᠬᠢᠨ ᠠᠴᠠ ᠳᠡᠭᠡᠭᠰᠢ ᠠᠷᠪᠠᠨ ᠳᠠᠬᠢᠨ ᠠᠴᠠ ᠳᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠭᠦᠯᠦᠨ ᠰᠢᠢᠳᠬᠡᠨ᠎ᠡ︔ ᠠᠪᠠᠯᠠᠭᠰᠠᠨ ᠤᠯᠵᠠ ᠦᠭᠡᠢ ᠪᠤᠯ᠂ ᠲᠦᠮᠡᠨ ᠲᠦᠬᠦᠷᠢᠭ ᠠᠴᠠ ᠳᠡᠭᠡᠭᠰᠢ ᠲᠠᠪᠤᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠭᠦᠯᠦᠨ ᠰᠢᠢᠳᠬᠡᠨ᠎ᠡ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠳᠦᠴᠢᠨ ᠵᠢᠷᠭᠤᠳᠤᠭᠠᠷ ᠵᠦᠢᠯ   ᠲᠤᠰ ᠬᠠᠤᠯᠢ ᠶᠢᠨ ᠬᠤᠷᠢᠳᠤᠭᠠᠷ ᠵᠦᠢᠯ᠂ ᠬᠤᠷᠢᠨ ᠬᠤᠶᠠᠳᠤᠭᠠᠷ ᠵᠦᠢᠯ᠂ ᠬᠤᠷᠢᠨ ᠭᠤᠷᠪᠠᠳᠤᠭᠠᠷ ᠵᠦᠢᠯ ᠤᠨ ᠨᠢᠭᠡᠳᠦᠭᠡᠷ ᠪᠠᠳᠠᠭ᠂ ᠬᠤᠷᠢᠨ ᠳᠦᠷᠪᠡᠳᠦᠭᠡᠷ ᠵᠦᠢᠯ ᠤᠨ ᠨᠢᠭᠡᠳᠦᠭᠡᠷ ᠪᠠᠳᠠᠭ ᠤᠨ ᠲᠤᠭᠲᠠᠭᠠᠯ ᠢ ᠵᠦᠷᠢᠴᠡᠵᠦ᠂ ᠬᠤᠯᠪᠤᠭᠳᠠᠯ ᠪᠦᠬᠦᠢ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠪᠦᠰᠡ᠂ ᠠᠪᠠᠯᠠᠬᠤ ︵ᠠᠩᠨᠠᠬᠤ︶ ᠶᠢ ᠴᠠᠭᠠᠵᠠᠯᠠᠬᠤ ᠤᠷᠤᠨ᠂ ᠠᠪᠠᠯᠠᠬᠤ ︵ᠠᠩᠨᠠᠬᠤ︶ ᠶᠢ ᠴᠠᠭᠠᠵᠠᠯᠠᠬᠤ ᠬᠤᠭᠤᠴᠠᠭᠠᠨ ᠳᠤ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠪᠤᠰᠤ ᠭᠡᠭᠡᠷ᠎ᠡ ᠶᠢᠨ ᠠᠮᠢᠲᠠᠨ ᠢ ᠠᠩᠨᠠᠭᠰᠠᠨ᠂ ᠠᠪᠠᠯᠠᠬᠤ ᠦᠨᠡᠮᠯᠡᠯ ᠤᠯᠤᠭᠰᠠᠨ ᠦᠭᠡᠢ ᠪᠠᠷ ᠪᠠ ᠠᠪᠠᠯᠠᠬᠤ ᠦᠨᠡᠮᠯᠡᠯ ᠤᠨ ᠲᠤᠭᠲᠠᠭᠠᠯ ᠢ ᠦᠯᠦ ᠵᠢᠷᠤᠮᠯᠠᠨ ᠤᠯᠤᠰ ᠤᠨ ᠭᠤᠤᠯᠳᠠᠯᠭ᠎ᠠ ᠲᠠᠢ ᠬᠠᠮᠠᠭᠠᠯᠠᠯᠳᠠ ᠶᠢᠨ ᠪᠤᠰᠤ ᠭᠡᠭᠡᠷ᠎ᠡ ᠶᠢᠨ ᠠᠮᠢᠲᠠᠨ ᠢ ᠠᠩᠨᠠᠭᠰᠠᠨ᠂ ᠡᠰᠡᠭᠦᠯ᠎ᠡ ᠴᠠᠭᠠᠵᠠᠲᠠᠢ ᠪᠠᠭᠠᠵᠢ ᠪᠠ ᠠᠷᠭ᠎ᠠ ᠪᠠᠷ ᠤᠯᠤᠰ ᠤᠨ ᠭᠤᠤᠯᠳᠠᠯᠭ᠎ᠠ ᠲᠠᠢ ᠬᠠᠮᠠᠭᠠᠯᠠᠯᠳᠠ ᠶᠢᠨ ᠪᠤᠰᠤ ᠭᠡᠭᠡᠷ᠎ᠡ ᠶᠢᠨ ᠠᠮᠢᠲᠠᠨ ᠢ ᠠᠩᠨᠠᠭᠰᠠᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠤᠷᠤᠨ ᠨᠤᠲᠤᠭ ᠤᠨ ᠠᠷᠠᠳ ᠤᠨ ᠵᠠᠰᠠᠭ ᠤᠨ ᠤᠷᠳᠤᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠬᠤᠯᠪᠤᠭᠳᠠᠯ ᠪᠦᠬᠦᠢ ᠬᠠᠮᠠᠭᠠᠯᠠᠯᠲᠠ ᠶᠢᠨ ᠤᠷᠤᠨ ᠪᠦᠰᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠲᠤᠰᠢᠶᠠᠯ ᠬᠠᠷᠢᠭᠤᠴᠠᠯᠭ᠎ᠠ ᠶᠢᠨ ᠢᠶᠠᠨ ᠬᠤᠪᠢᠶᠠᠷᠢᠯᠠᠯ ᠶᠤᠰᠤᠭᠠᠷ ᠠᠪᠠᠯᠠᠭᠰᠠᠨ ᠤᠯᠵᠠ᠂ ᠠᠩᠨᠠᠬᠤ ᠪᠠᠭᠠᠵᠢ ᠪᠠ ᠬᠠᠤᠯᠢ ᠠᠴᠠ ᠵᠦᠷᠢᠴᠡᠵᠤ ᠤᠯᠤᠭᠰᠡᠨ ᠤᠯᠵᠠ ᠠᠰᠢᠭ ᠢ ᠨᠢ ᠬᠤᠷᠢᠶᠠᠨ ᠠᠪᠴᠤ᠂ ᠠᠪᠠᠯᠠᠬᠤ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠤᠯᠭᠠᠵᠤ᠂ ᠠᠪᠠᠯᠠᠭᠰᠠᠨ ᠤᠯᠵᠠ ᠶᠢᠨ ᠦᠷᠲᠡᠭ ᠤᠨ ᠬᠢᠨᠢ ᠨᠢᠭᠡ ᠲᠠᠬᠢᠨ ᠠᠴᠠ ᠳᠡᠭᠡᠭᠰᠢ ᠳᠠᠪᠤᠨ ᠲᠠᠬᠢᠨ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠭᠦᠯᠦᠨ ᠰᠢᠢᠳᠬᠡᠨ᠎ᠡ︔ ᠠᠪᠠᠯᠠᠭᠰᠠᠨ ᠤᠯᠵᠠ ᠦᠭᠡᠢ ᠪᠤᠯ ᠬᠤᠶᠠᠷ ᠮᠢᠩᠭᠠᠨ ᠲᠦᠬᠦᠷᠢᠭ ᠠᠴᠠ ᠳᠡᠭᠡᠭᠰᠢ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠭᠦᠯᠦᠨ ᠰᠢᠢᠳᠬᠡᠨ᠎ᠡ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠲᠤᠰ ᠬᠠᠤᠯᠢ ᠶᠢᠨ ᠬᠤᠷᠢᠨ ᠭᠤᠷᠪᠠᠳᠤᠭᠠᠷ ᠵᠦᠢᠯ ᠤᠨ ᠬᠤᠶᠠᠳᠤᠭᠠᠷ ᠪᠠᠳᠠᠭ ᠤᠨ ᠲᠤᠭᠲᠠᠭᠠᠯ ᠠᠴᠠ ᠵᠦᠷᠢᠴᠡᠵᠦ᠂ ᠫᠤᠤ ᠠᠪᠴᠤ ᠶᠠᠪᠤᠬᠤ ᠦᠨᠡᠮᠯᠡᠯ ᠤᠯᠤᠭᠰᠠᠨ ᠦᠭᠡᠢ ᠪᠠᠷ ᠫᠤᠤ ᠠᠪᠴᠤ ᠭᠡᠭᠡᠷ᠎ᠡ ᠶᠢᠨ ᠠᠮᠢᠲᠠᠨ ᠢ ᠠᠩᠨᠠᠵᠤ᠂ ᠠᠮᠤᠷ ᠢ ᠬᠠᠮᠠᠭᠠᠯᠠᠬᠤ ᠬᠠᠮᠢᠶᠠᠷᠤᠯᠲᠠ ᠠᠴᠠ ᠵᠦᠷᠢᠴᠡᠭᠰᠡᠨ ᠦᠢᠯᠡ ᠠᠵᠢᠯᠯᠠᠭ᠎ᠠ ᠪᠤᠯᠵᠤ ᠪᠦᠷᠢᠯᠳᠦᠭᠰᠡᠨ ᠪᠠᠶᠢᠪᠠᠯ᠂ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠤᠰᠤᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠦᠭᠭᠦᠨ᠎ᠡ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃          ᠳᠦᠴᠢᠨ ᠲᠤᠯᠤᠳᠤᠭᠠᠷ ᠵᠦᠢᠯ   ᠲᠤᠰ ᠬᠠᠤᠯᠢ ᠶᠢᠨ ᠬᠤᠷᠢᠨ ᠲᠠᠪᠤᠳᠤᠭᠠᠷ ᠵᠦᠢᠯ ᠤᠨ ᠬᠤᠶᠠᠳᠤᠭᠠᠷ ᠪᠠᠳᠠᠭ ᠤᠨ ᠲᠤᠭᠲᠠᠭᠠᠯ ᠠᠴᠠ ᠵᠦᠷᠢᠴᠡᠵᠦ᠂ ᠬᠦᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ ᠵᠦᠪᠰᠢᠶᠡᠷᠡᠯ ᠤᠨ ᠦᠨᠡᠮᠯᠡᠯ ᠤᠯᠤᠭᠰᠠᠨ ᠦᠭᠡᠢ ᠪᠠᠷ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠪᠤᠶᠤ ᠲᠤᠰ ᠬᠠᠤᠯᠢ ᠶᠢᠨ ᠬᠤᠷᠢᠨ ᠨᠠᠢᠮᠠᠳᠤᠭᠠᠷ ᠵᠦᠢᠯ ᠤᠨ ᠬᠤᠶᠠᠳᠤᠭᠠᠷ ᠪᠠᠳᠠᠭ ᠲᠤ ᠲᠤᠭᠲᠠᠭᠠᠭᠰᠠᠨ ᠭᠡᠭᠡᠷ᠎ᠡ ᠶᠢᠨ ᠠᠮᠢᠲᠠᠨ ᠢ ᠦᠷᠡᠵᠢᠭᠦᠯᠦᠨ ᠪᠤᠶᠢᠵᠢᠭᠤᠯᠤᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠢ ᠬᠤᠷᠢᠶᠠᠨ ᠠᠪᠴᠤ᠂ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠤ ᠦᠷᠲᠡᠭ ᠤᠨ ᠬᠢᠨᠢ ᠨᠢᠭᠡ ᠲᠠᠬᠢᠨ ᠠᠴᠠ ᠳᠡᠭᠡᠭᠰᠢ ᠲᠠᠪᠤᠨ ᠲᠠᠬᠢᠨ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠭᠦᠯᠦᠨ ᠰᠢᠢᠳᠬᠡᠨ᠎ᠡ᠃      ᠳᠦᠴᠢᠨ ᠨᠠᠢᠮᠠᠳᠤᠭᠠᠷ ᠵᠦᠢᠯ   ᠲᠤᠰ ᠬᠠᠤᠯᠢ ᠶᠢᠨ ᠬᠤᠷᠢᠨ ᠲᠤᠯᠤᠳᠤᠭᠠᠷ ᠵᠦᠢᠯ ᠤᠨ ᠨᠢᠭᠡᠳᠦᠭᠡᠷ ᠪᠠᠳᠠᠭ ᠪᠠ ᠬᠤᠶᠠᠳᠤᠭᠠᠷ ᠪᠠᠳᠠᠭ᠂ ᠬᠤᠷᠢᠨ ᠨᠠᠢᠮᠠᠳᠤᠭᠠᠷ ᠵᠦᠢᠯ ᠤᠨ ᠨᠢᠭᠡᠳᠦᠭᠡᠷ ᠪᠠᠳᠠᠭ᠂ ᠭᠤᠴᠢᠨ ᠭᠤᠷᠪᠠᠳᠤᠭᠠᠷ ᠵᠦᠢᠯ ᠤᠨ ᠨᠢᠭᠡᠳᠦᠭᠡᠷ ᠪᠠᠳᠠᠭ ᠤᠨ ᠲᠤᠭᠲᠠᠭᠠᠯ ᠠᠴᠠ ᠵᠦᠷᠢᠴᠡᠵᠦ᠂ ᠲᠤᠰᠬᠠᠢ ᠢᠯᠡᠳᠬᠡᠮᠵᠢ ᠲᠡᠮᠳᠡᠭ ᠢ ᠵᠦᠪᠰᠢᠶᠡᠷᠡᠭᠦᠯᠦᠭᠰᠡᠨ ᠦᠭᠡᠢ᠂ ᠤᠯᠤᠭᠰᠠᠨ ᠦᠭᠡᠢ ᠪᠤᠶᠤ ᠲᠤᠭᠲᠠᠭᠠᠯ ᠶᠤᠰᠤᠭᠠᠷ ᠬᠡᠷᠡᠭᠯᠡᠭᠰᠡᠨ ᠦᠭᠡᠢ ᠪᠠᠷ᠂ ᠡᠰᠡᠭᠦᠯ᠎ᠡ ᠬᠦᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ ᠵᠦᠪᠰᠢᠶᠡᠷᠡᠯ ᠤᠨ ᠦᠨᠡᠮᠯᠡᠯ᠂ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠠᠭᠤᠯᠪᠤᠷᠢ ᠲᠡᠪᠳᠡᠷ ᠪᠤᠶᠤ ᠲᠤᠰᠬᠠᠢ ᠢᠯᠡᠳᠬᠡᠮᠵᠢ ᠳᠡᠮᠳᠡᠭ ᠪᠠᠶᠢᠬᠤ ᠦᠭᠡᠢ ᠪᠤᠶᠤ ᠳᠠᠭᠠᠯᠳᠤᠭᠤᠯᠤᠭᠰᠠᠨ ᠦᠭᠡᠢ ᠪᠠᠷ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠪᠤᠶᠤ ᠲᠤᠰ ᠬᠠᠤᠯᠢ ᠶᠢᠨ ᠬᠤᠷᠢᠨ ᠨᠠᠢᠮᠠᠳᠤᠭᠠᠷ ᠵᠦᠢᠯ ᠤᠨ ᠬᠤᠶᠠᠳᠤᠭᠠᠷ ᠪᠠᠳᠠᠭ ᠲᠤ ᠲᠤᠭᠲᠠᠭᠠᠭᠰᠠᠨ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠢ ᠪᠤᠷᠤᠯᠠᠭᠤᠯᠤᠬᠰᠠᠨ᠂ ᠬᠤᠳᠠᠯᠳᠤᠨ ᠠᠪᠤᠭᠰᠠᠨ᠂ ᠠᠰᠢᠭᠯᠠᠬᠰᠠᠨ᠂ ᠵᠦᠭᠡᠭᠡᠪᠦᠷᠢᠯᠡᠭᠰᠡᠨ᠂ ᠠᠪᠴᠤ ᠶᠠᠪᠤᠬᠰᠠᠨ᠂ ᠢᠯᠡᠭᠡᠵᠦ ᠶᠠᠪᠤᠭᠤᠯᠤᠭᠰᠠᠨ ᠪᠠᠶᠢᠪᠠᠯ ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠲᠤᠰᠢᠶᠠᠯ ᠬᠠᠷᠢᠭᠤᠴᠠᠯᠭ᠎ᠠ ᠶᠢᠨ ᠢᠶᠠᠨ ᠬᠤᠪᠢᠶᠠᠷᠢᠯᠠᠯ ᠶᠤᠰᠤᠭᠠᠷ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠪᠠ ᠬᠠᠤᠯᠢ ᠠᠴᠠ ᠵᠦᠷᠢᠴᠡᠵᠦ ᠤᠯᠤᠭᠰᠠᠨ ᠤᠯᠵᠠ ᠠᠰᠢᠭ ᠢ ᠨᠢ ᠬᠤᠷᠢᠶᠠᠨ ᠠᠪᠴᠤ᠂ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠤ ᠦᠷᠲᠡᠭ ᠤᠨ ᠬᠢᠨᠢ ᠬᠤᠶᠠᠷ ᠳᠠᠬᠢᠨ ᠠᠴᠠ ᠳᠡᠭᠡᠭᠰᠢ ᠠᠷᠪᠠᠨ ᠳᠠᠬᠢᠨ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠭᠦᠯᠦᠨ ᠰᠢᠢᠳᠬᠡᠨ᠎ᠡ︔ ᠦᠢᠯᠡ ᠪᠠᠶᠢᠳᠠᠯ ᠨᠢ ᠬᠦᠨᠳᠦ ᠨᠤᠴᠢᠲᠠᠢ ᠪᠠᠶᠢᠪᠠᠯ᠂ ᠬᠦᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ ᠵᠦᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠤᠯᠭᠠᠵᠤ᠂ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠢ ᠨᠢ ᠬᠦᠴᠦᠨ ᠦᠭᠡᠢ ᠪᠤᠯᠭᠠᠨ᠂ ᠲᠤᠰᠬᠠᠢ ᠢᠯᠡᠳᠬᠡᠮᠵᠢ ᠳᠡᠮᠳᠡᠭ ᠢ ᠨᠢ ᠬᠤᠷᠢᠶᠠᠵᠤ ᠠᠪᠤᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠲᠤᠰ ᠬᠠᠤᠯᠢ ᠶᠢᠨ ᠬᠤᠷᠢᠨ ᠲᠤᠯᠤᠳᠤᠭᠠᠷ ᠵᠦᠢᠯ ᠤᠨ ᠳᠦᠷᠪᠡᠳᠦᠭᠡᠷ ᠪᠠᠳᠠᠭ᠂ ᠭᠤᠴᠢᠨ ᠭᠤᠷᠪᠠᠳᠤᠭᠠᠷ ᠵᠦᠢᠯ ᠤᠨ ᠬᠤᠶᠠᠳᠤᠭᠠᠷ ᠪᠠᠳᠠᠭ ᠤᠨ ᠲᠤᠭᠲᠠᠭᠠᠯ ᠠᠴᠠ ᠵᠦᠷᠢᠴᠡᠵᠦ᠂ ᠬᠠᠤᠯᠢ ᠶᠤᠰᠤᠨ ᠤ ᠢᠷᠡᠯᠲᠡ ᠶᠢᠨ ᠭᠡᠷᠡᠴᠢ ᠪᠠᠶᠢᠬᠤ ᠦᠭᠡᠢ ᠪᠠᠷ ᠤᠯᠤᠰ ᠤᠨ ᠭᠤᠤᠯᠳᠠᠯᠭ᠎ᠠ ᠲᠠᠢ ᠬᠠᠮᠠᠭᠠᠯᠠᠯᠳᠠ ᠶᠢᠨ ᠪᠤᠰᠤ ᠭᠡᠭᠡᠷ᠎ᠡ ᠶᠢᠨ ᠠᠮᠢᠲᠠᠨ ᠢ ᠪᠤᠷᠤᠯᠠᠭᠤᠯᠤᠭᠰᠠᠨ᠂ ᠠᠰᠢᠭᠯᠬᠠᠰᠠᠨ᠂ ᠵᠦᠭᠡᠭᠡᠪᠦᠷᠢᠯᠡᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠤᠷᠤᠨ ᠨᠤᠲᠤᠭ ᠤᠨ ᠠᠷᠠᠳ ᠤᠨ ᠵᠠᠰᠠᠭ ᠤᠨ ᠤᠷᠳᠤᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠵᠠᠬ᠎ᠠ ᠳᠡᠯᠭᠡᠭᠦᠷ ᠤᠨ ᠬᠢᠨᠡᠯᠳᠡ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠲᠤᠰᠢᠶᠠᠯ ᠬᠠᠷᠢᠭᠤᠴᠠᠯᠭ᠎ᠠ ᠶᠢᠨ ᠢᠶᠠᠨ ᠬᠤᠪᠢᠶᠠᠷᠢᠯᠠᠯ ᠶᠤᠰᠤᠭᠠᠷ ᠭᠡᠭᠡᠷ᠎ᠡ ᠶᠢᠨ ᠠᠮᠢᠲᠠᠨ ᠢ ᠨᠢ ᠬᠤᠷᠢᠶᠠᠨ ᠠᠪᠴᠤ᠂ ᠭᠡᠭᠡᠷ᠎ᠡ ᠶᠢᠨ ᠠᠮᠢᠲᠠᠨ ᠤ ᠦᠷᠲᠡᠭ ᠤᠨ ᠬᠢᠨᠢ ᠨᠢᠭᠡ ᠲᠠᠬᠢᠨ ᠠᠴᠠ ᠳᠡᠭᠡᠭᠰᠢ ᠲᠠᠪᠤᠨ ᠲᠠᠬᠢᠨ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠭᠦᠯᠦᠨ ᠰᠢᠢᠳᠬᠡᠨ᠎ᠡ᠃      ᠲᠤᠰ ᠬᠠᠤᠯᠢ ᠶᠢᠨ ᠬᠤᠷᠢᠨ ᠲᠤᠯᠤᠳᠤᠭᠠᠷ ᠵᠦᠢᠯ ᠤᠨ ᠲᠠᠪᠤᠳᠤᠭᠠᠷ ᠪᠠᠳᠠᠭ᠂ ᠭᠤᠴᠢᠨ ᠭᠤᠷᠪᠠᠳᠤᠭᠠᠷ ᠵᠦᠢᠯ ᠤᠨ ᠲᠤᠭᠲᠠᠭᠠᠯ ᠠᠴᠠ ᠵᠦᠷᠢᠴᠡᠵᠦ᠂ ᠬᠤᠯᠪᠤᠭᠳᠠᠯ ᠪᠦᠬᠦᠢ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠢ ᠪᠤᠷᠤᠯᠠᠭᠤᠯᠵᠤ᠂ ᠵᠦᠭᠡᠭᠡᠪᠦᠷᠢᠯᠡᠵᠤ᠂ ᠠᠪᠴᠤ ᠶᠠᠪᠤᠵᠤ᠂ ᠢᠯᠡᠭᠡᠨ ᠶᠠᠪᠤᠭᠤᠯᠬᠤ ᠳᠠᠭᠠᠨ ᠬᠢᠵᠢᠭ ᠤᠨ ᠪᠠᠶᠢᠴᠠᠭᠠᠯᠲᠠ ᠶᠢᠨ ᠭᠡᠷᠡᠴᠢ ᠪᠠᠶᠢᠬᠤ ᠦᠭᠡᠢ ᠪᠤᠶᠤ ᠳᠠᠭᠠᠯᠳᠤᠭᠤᠯᠤᠭᠰᠠᠨ ᠦᠭᠡᠢ ᠪᠠᠶᠢᠪᠠᠯ᠂ ︽ᠪᠦᠭᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠬᠡᠶᠢᠯᠡᠬᠦ ᠬᠠᠤᠯᠢ︾ ᠶᠢᠨ ᠲᠤᠭᠲᠠᠭᠠᠯ ᠶᠤᠰᠤᠭᠠᠷ ᠰᠢᠢᠳᠬᠡᠨ᠎ᠡ᠃      ᠳᠦᠴᠢ ᠶᠢᠰᠦᠳᠦᠭᠡᠷ ᠵᠦᠢᠯ   ᠲᠤᠰ ᠬᠠᠤᠯᠢ ᠶᠢᠨ ᠭᠤᠴᠢᠳᠤᠭᠠᠷ ᠵᠦᠢᠯ ᠤᠨ ᠲᠤᠭᠲᠠᠭᠠᠯ ᠠᠴᠠ ᠵᠦᠷᠢᠴᠡᠵᠦ᠂ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠪᠤᠶᠤ ᠬᠠᠤᠯᠢ ᠶᠤᠰᠤᠨ ᠤ ᠢᠷᠡᠯᠲᠡ ᠶᠢᠨ ᠭᠡᠷᠡᠴᠢ ᠦᠭᠡᠢ ᠤᠯᠤᠰ ᠤᠨ ᠭᠤᠤᠯᠳᠠᠯᠭ᠎ᠠ ᠲᠠᠢ ᠬᠠᠮᠠᠭᠠᠯᠠᠯᠳᠠ ᠶᠢᠨ ᠪᠤᠰᠤ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠢᠶᠠᠷ ᠬᠢᠭᠰᠡᠨ ᠢᠲᠡᠬᠡᠨ ᠤ ᠵᠦᠢᠯ ᠢ ᠦᠢᠯᠡᠳᠪᠦᠷᠢᠯᠡᠭᠰᠡᠨ᠂ ᠡᠵᠡᠩᠨᠡᠭᠰᠡᠨ᠂ ᠡᠰᠡᠭᠦᠯ᠎ᠡ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠢ ᠢᠲᠡᠬᠦ ᠶᠢᠨ ᠲᠦᠯᠦᠭᠡ ᠬᠠᠤᠯᠢ ᠪᠤᠰᠤ ᠪᠠᠷ ᠬᠤᠳᠠᠯᠳᠤᠨ ᠠᠪᠤᠭᠰᠠᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠡᠭᠡᠷ᠎ᠠ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠵᠠᠬ᠎ᠠ ᠳᠡᠯᠭᠡᠭᠦᠷ ᠤᠨ ᠬᠢᠨᠡᠯᠳᠡ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠲᠤᠰᠢᠶᠠᠯ ᠬᠠᠷᠢᠭᠤᠴᠠᠯᠭ᠎ᠠ ᠶᠢᠨ ᠢᠶᠠᠨ ᠬᠤᠪᠢᠶᠠᠷᠢᠯᠠᠯ ᠶᠤᠰᠤᠭᠠᠷ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠵᠤ᠂ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠪᠤᠯᠤᠨ ᠬᠠᠤᠯᠢ ᠠᠴᠠ ᠵᠦᠷᠢᠴᠡᠵᠦ ᠤᠯᠤᠭᠰᠠᠨ ᠤᠯᠵᠠ ᠠᠰᠢᠭ ᠢ ᠨᠢ ᠬᠤᠷᠢᠶᠠᠨ ᠠᠪᠴᠤ᠂ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠤ ᠦᠷᠲᠡᠭ ᠤᠨ ᠬᠢᠨᠢ ᠬᠤᠶᠠᠷ ᠳᠠᠬᠢᠨ ᠠᠴᠠ ᠳᠡᠭᠡᠭᠰᠢ ᠠᠷᠪᠠᠨ ᠳᠠᠬᠢᠨ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠭᠦᠯᠦᠨ ᠰᠢᠢᠳᠬᠡᠨ᠎ᠡ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃       ᠲᠠᠪᠢᠳᠦᠭᠠᠷ ᠵᠦᠢᠯ   ᠲᠤᠰ ᠬᠠᠤᠯᠢ ᠶᠢᠨ ᠭᠤᠴᠢᠨ ᠨᠢᠭᠡᠳᠦᠭᠡᠷ ᠵᠦᠢᠯ ᠤᠨ ᠲᠤᠭᠲᠠᠭᠠᠯ ᠠᠴᠠ ᠵᠦᠷᠢᠴᠡᠵᠦ᠂ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠪᠤᠶᠤ ᠴᠠᠭᠠᠵᠠᠲᠠᠢ ᠠᠩᠨᠠᠬᠤ ᠪᠠᠭᠠᠵᠢ ᠶᠢ ᠪᠤᠷᠤᠯᠠᠭᠤᠯᠬᠤ᠂ ᠬᠤᠳᠠᠯᠳᠤᠨ ᠠᠪᠬᠤ᠂ ᠠᠰᠢᠭᠯᠠᠬᠤ ᠳᠤ ᠵᠠᠷ ᠨᠡᠶᠢᠲᠡᠯᠡᠵᠤ ᠦᠭᠭᠦᠭᠰᠡᠨ ᠪᠠᠶᠢᠪᠠᠯ᠂ ︽ᠪᠦᠭᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠠᠷ ᠤᠨ ᠬᠠᠤᠯᠢ︾ ᠶᠢᠨ ᠲᠤᠭᠲᠠᠭᠠᠯ ᠶᠤᠰᠤᠭᠠᠷ ᠰᠢᠢᠳᠬᠡᠨ᠎ᠡ᠃       ᠲᠠᠪᠢᠨ ᠨᠢᠭᠡᠳᠦᠭᠡᠷ ᠵᠦᠢᠯ   ᠲᠤᠰ ᠬᠠᠤᠯᠢ ᠶᠢᠨ ᠭᠤᠴᠢᠨ ᠬᠤᠶᠠᠳᠤᠭᠠᠷ ᠵᠦᠢᠯ ᠤᠨ ᠲᠤᠭᠲᠠᠭᠠᠯ ᠠᠴᠠ ᠵᠦᠷᠢᠴᠡᠵᠦ᠂ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠪᠤᠶᠤ ᠴᠠᠭᠠᠵᠠᠲᠠᠢ ᠠᠩᠨᠠᠬᠤ ᠪᠠᠭᠠᠵᠢ ᠶᠢ ᠪᠤᠷᠤᠯᠠᠭᠤᠯᠬᠤ᠂ ᠬᠤᠳᠠᠯᠳᠤᠨ ᠠᠪᠬᠤ᠂ ᠠᠰᠢᠭᠯᠠᠬᠤ ᠳᠤ ᠠᠷᠠᠯᠵᠢᠶᠠᠨ ᠤ ᠦᠢᠯᠡᠴᠢᠯᠡᠭᠡ ᠬᠠᠨᠭ᠍ᠭᠠᠭᠰᠠᠨ ᠪᠠᠶᠢᠪᠠᠯ᠂ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠵᠠᠬ᠎ᠠ ᠳᠡᠯᠭᠡᠭᠦᠷ ᠤᠨ ᠬᠢᠨᠡᠯᠳᠡ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠵᠤ᠂ ᠬᠤᠭᠤᠴᠠᠭ᠎ᠠ ᠲᠤᠭᠲᠠᠭᠠᠨ ᠵᠠᠯᠠᠷᠠᠭᠤᠯᠤᠭᠤᠯᠵᠦ᠂ ᠬᠠᠤᠯᠢ ᠠᠴᠠ ᠵᠦᠷᠢᠴᠡᠵᠤ ᠤᠯᠤᠭᠰᠠᠨ ᠤᠯᠵᠠ ᠠᠰᠢᠭ ᠢ ᠨᠢ ᠬᠤᠷᠢᠶᠠᠨ ᠠᠪᠴᠤ᠂ ᠬᠠᠤᠯᠢ ᠠᠴᠠ ᠵᠦᠷᠢᠴᠡᠵᠤ ᠤᠯᠤᠭᠰᠠᠨ ᠤᠯᠵᠠ ᠠᠰᠢᠭ ᠤᠨ ᠬᠢᠨᠢ ᠬᠤᠶᠠᠷ ᠳᠠᠬᠢᠨ ᠠᠴᠠ ᠳᠡᠭᠡᠭᠰᠢ ᠲᠠᠪᠤᠨ ᠲᠠᠬᠢᠨ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠭᠦᠯᠦᠨ ᠰᠢᠢᠳᠬᠡᠨ᠎ᠡ︔ ᠬᠠᠤᠯᠢ ᠠᠴᠠ ᠵᠦᠷᠢᠴᠡᠵᠤ ᠤᠯᠤᠭᠰᠠᠨ ᠤᠯᠵᠠ ᠠᠰᠢᠭ ᠦᠭᠡᠢ ᠪᠤᠯ᠂ ᠲᠦᠮᠡᠨ ᠲᠦᠬᠦᠷᠢᠭ ᠠᠴᠠ ᠳᠡᠭᠡᠭᠰᠢ ᠲᠠᠪᠤᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠰᠢᠢᠳᠬᠡᠨ᠎ᠡ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠲᠠᠪᠢᠨ ᠬᠤᠶᠠᠳᠦᠭᠠᠷ ᠵᠦᠢᠯ   ᠲᠤᠰ ᠬᠠᠤᠯᠢ ᠶᠢᠨ ᠭᠤᠴᠢᠨ ᠲᠠᠪᠤᠳᠤᠭᠠᠷ ᠵᠦᠢᠯ ᠤᠨ ᠲᠤᠭᠲᠠᠭᠠᠯ ᠠᠴᠠ ᠵᠦᠷᠢᠴᠡᠵᠦ᠂ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠢ ᠭᠠᠳᠠᠭᠠᠲᠤ ᠠᠴᠠ ᠤᠷᠤᠭᠤᠯᠤᠭᠰᠠᠨ ᠪᠠ ᠭᠠᠳᠠᠭᠠᠲᠤ ᠳᠤ ᠭᠠᠷᠭᠠᠭᠰᠠᠨ ᠪᠠᠶᠢᠪᠠᠯ᠂ ᠪᠤᠭᠤᠮᠲᠠ᠂ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠂ ᠳᠠᠯᠠᠢ ᠲᠠᠩᠬᠢᠰ ᠤᠨ ᠬᠠᠤᠯᠢ ᠬᠡᠷᠡᠭᠵᠢᠭᠦᠯᠬᠦ ᠰᠠᠯᠠᠭ᠎ᠠ ᠮᠦᠴᠢᠷ ᠠᠴᠠ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠪᠠ ᠤᠯᠤᠰ ᠤᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠰᠢᠢᠳᠬᠡᠨ᠎ᠡ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠲᠠᠪᠢᠨ ᠭᠤᠷᠪᠠᠳᠦᠭᠠᠷ ᠵᠦᠢᠯ   ᠲᠤᠰ ᠬᠠᠤᠯᠢ ᠶᠢᠨ ᠭᠤᠴᠢᠨ ᠲᠤᠯᠤᠳᠤᠭᠠᠷ ᠵᠦᠢᠯ ᠤᠨ ᠨᠢᠭᠡᠳᠦᠭᠡᠷ ᠪᠠᠳᠠᠭ ᠤᠨ ᠲᠤᠭᠲᠠᠭᠠᠯ ᠠᠴᠠ ᠵᠦᠷᠢᠴᠡᠵᠦ᠂ ᠬᠢᠯᠢ ᠶᠢᠨ ᠭᠠᠳᠠᠨ᠎ᠠ ᠠᠴᠠ ᠭᠡᠭᠡᠷ᠎ᠡ ᠶᠢᠨ ᠠᠮᠢᠲᠠᠨ ᠤ ᠳᠦᠷᠰᠦ ᠶᠢ ᠤᠷᠤᠭᠤᠯᠤᠭᠰᠠᠨ ᠪᠠᠶᠢᠪᠠᠯ᠂ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠤᠷᠤᠭᠤᠯᠤᠭᠰᠠᠨ ᠭᠡᠭᠡᠷ᠎ᠡ ᠶᠢᠨ ᠠᠮᠢᠲᠠᠨ ᠢ ᠨᠢ ᠬᠤᠷᠢᠶᠠᠨ ᠠᠪᠴᠤ᠂ ᠲᠠᠪᠤᠨ ᠲᠦᠮᠡᠨ ᠲᠦᠬᠦᠷᠢᠭ ᠠᠴᠠ ᠳᠡᠭᠡᠭᠰᠢ ᠬᠤᠷᠢᠨ ᠲᠠᠪᠤᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠭᠦᠯᠦᠨ ᠰᠢᠢᠳᠬᠡᠨ᠎ᠡ︔ ᠬᠢᠯᠢ ᠪᠠᠷ ᠤᠷᠤᠭᠤᠯᠬᠤ ᠬᠢᠵᠢᠭ ᠤᠨ ᠪᠠᠶᠢᠴᠠᠭᠠᠯᠲᠠ ᠶᠢ ᠬᠠᠤᠯᠢ ᠶᠤᠰᠤᠭᠠᠷ ᠬᠡᠷᠡᠭᠵᠢᠭᠦᠯᠦᠭᠰᠡᠨ ᠦᠭᠡᠢ ᠪᠤᠯ᠂ ︽ᠪᠦᠭᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠬᠢᠯᠢ ᠪᠠᠷ ᠤᠷᠤᠭᠤᠯᠵᠤ ᠭᠠᠷᠭᠠᠬᠤ ᠠᠮᠢᠲᠠᠨ ᠤᠷᠭᠤᠮᠠᠯ ᠤᠨ ᠬᠢᠵᠢᠭ ᠢ ᠪᠠᠶᠢᠴᠠᠭᠠᠬᠤ ᠬᠠᠤᠯᠢ︾ ᠶᠢᠨ ᠲᠤᠭᠲᠠᠭᠠᠯ ᠶᠤᠰᠤᠭᠠᠷ ᠰᠢᠢᠳᠬᠡᠨ᠎ᠡ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃       ᠲᠠᠪᠢᠨ ᠳᠦᠷᠪᠡᠳᠦᠭᠡᠷ ᠵᠦᠢᠯ   ᠲᠤᠰ ᠬᠠᠤᠯᠢ ᠶᠢᠨ ᠭᠤᠴᠢᠨ ᠲᠤᠯᠤᠳᠤᠭᠠᠷ ᠵᠦᠢᠯ ᠤᠨ ᠬᠤᠶᠠᠳᠤᠭᠠᠷ ᠪᠠᠳᠠᠭ ᠤᠨ ᠲᠤᠭᠲᠠᠭᠠᠯ ᠠᠴᠠ ᠵᠦᠷᠢᠴᠡᠵᠦ᠂ ᠬᠢᠯᠢ ᠶᠢᠨ ᠭᠠᠳᠠᠨ᠎ᠠ ᠠᠴᠠ ᠤᠷᠤᠭᠤᠯᠤᠭᠰᠠᠨ ᠭᠡᠭᠡᠷ᠎ᠡ ᠶᠢᠨ ᠠᠮᠢᠲᠠᠨ ᠢ ᠭᠡᠭᠡᠷ᠎ᠡ ᠶᠢᠨ ᠤᠷᠴᠢᠨ ᠳᠤ ᠲᠠᠯᠪᠢᠵᠤ ᠶᠠᠪᠤᠭᠤᠯᠤᠭᠰᠠᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠨ ᠬᠤᠭᠤᠴᠠᠭ᠎ᠠ ᠲᠤᠭᠲᠠᠭᠠᠨ ᠪᠠᠷᠢᠭᠤᠯᠤᠨ ᠠᠪᠴᠢᠷᠠᠭᠤᠯᠵᠤ᠂ ᠲᠦᠮᠡᠨ ᠲᠦᠬᠦᠷᠢᠭ ᠠᠴᠠ ᠳᠡᠭᠡᠭᠰᠢ ᠲᠠᠪᠤᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠰᠢᠢᠳᠬᠡᠨ᠎ᠠ︔ ᠬᠤᠭᠤᠴᠠᠭ᠎ᠠ ᠬᠡᠲᠦᠷᠡᠲᠡᠯ᠎ᠡ ᠪᠠᠷᠢᠵᠤ ᠠᠪᠴᠢᠷᠠᠭᠰᠠᠨ ᠦᠭᠡᠢ ᠪᠠᠶᠢᠪᠠᠯ᠂ ᠬᠤᠯᠪᠤᠭᠳᠠᠯ ᠪᠦᠬᠦᠢ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠤᠷᠤᠯᠠᠨ ᠪᠠᠷᠢᠵᠤ ᠠᠪᠴᠢᠷᠠᠬᠤ ᠪᠤᠶᠤ ᠨᠦᠯᠦᠭᠡ ᠶᠢ ᠪᠠᠭᠠᠰᠬᠠᠬᠤ ᠠᠷᠭ᠎ᠠ ᠬᠡᠮᠵᠢᠶ᠎ᠡ ᠠᠪᠴᠤ᠂ ᠬᠡᠷᠡᠭᠰᠡᠬᠦ ᠵᠠᠷᠤᠳᠠᠯ ᠢ ᠨᠢ ᠬᠤᠭᠤᠴᠠᠭ᠎ᠠ ᠲᠤᠭᠲᠠᠭᠠᠨ ᠪᠠᠷᠢᠵᠤ ᠠᠪᠴᠢᠷᠠᠭᠤᠯᠬᠤ ᠪᠠᠷ ᠵᠠᠷᠯᠢᠭᠳᠠᠭᠳᠠᠭᠴᠢ ᠡᠭᠦᠷᠭᠡᠯᠡᠨ᠎ᠡ᠃     ᠲᠠᠪᠢᠨ ᠲᠠᠪᠤᠳᠤᠭᠠᠷ ᠵᠦᠢᠯ   ᠲᠤᠰ ᠬᠠᠤᠯᠢ ᠶᠢᠨ ᠭᠤᠴᠢ ᠶᠢᠰᠦᠳᠦᠭᠡᠷ ᠵᠦᠢᠯ ᠤᠨ ᠨᠢᠭᠡᠳᠦᠭᠡᠷ ᠪᠠᠳᠠᠭ ᠤᠨ ᠲᠤᠭᠲᠠᠭᠠᠯ ᠠᠴᠠ ᠵᠦᠷᠢᠴᠡᠵᠦ᠂ ᠬᠤᠯᠪᠤᠭᠳᠠᠯ ᠪᠦᠬᠦᠢ ᠭᠡᠷᠡᠴᠢ ᠦᠨᠡᠮᠯᠡᠯ᠂ ᠲᠤᠰᠬᠠᠢ ᠢᠯᠡᠳᠬᠡᠮᠵᠢ ᠲᠡᠮᠳᠡᠭ ᠪᠤᠶᠤ ᠬᠤᠯᠪᠤᠭᠳᠠᠯ ᠪᠦᠬᠦᠢ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠢ ᠬᠠᠭᠤᠷᠮᠠᠭᠯᠠᠨ ᠵᠤᠬᠢᠶᠠᠭᠰᠠᠨ᠂ ᠬᠤᠪᠢᠷᠠᠭᠤᠯᠤᠨ ᠵᠤᠬᠢᠶᠠᠭᠰᠠᠨ᠂ ᠬᠤᠳᠠᠯᠳᠤᠭᠠᠯᠠᠭᠰᠠᠨ᠂ ᠰᠢᠯᠵᠢᠭᠦᠯᠦᠭᠰᠡᠨ᠂ ᠲᠦᠷᠢᠶᠡᠰᠦᠯᠡᠭᠦᠯᠦᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠬᠠᠤᠯᠢ ᠠᠴᠠ ᠵᠦᠷᠢᠴᠡᠭᠰᠡᠨ ᠭᠡᠷᠡᠴᠢ ᠦᠨᠡᠮᠯᠡᠯ᠂ ᠲᠤᠰᠬᠠᠢ ᠢᠯᠡᠳᠬᠡᠮᠵᠢ ᠲᠡᠮᠳᠡᠭ᠂ ᠬᠤᠯᠪᠤᠭᠳᠠᠯ ᠪᠦᠬᠦᠢ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠪᠤᠯᠤᠨ ᠬᠠᠤᠯᠢ ᠠᠴᠠ ᠵᠦᠷᠢᠴᠡᠵᠤ ᠤᠯᠤᠭᠰᠠᠨ ᠤᠯᠵᠠ ᠠᠰᠢᠭ ᠢ ᠨᠢ ᠬᠤᠷᠢᠶᠠᠨ ᠠᠪᠴᠤ᠂ ᠲᠠᠪᠤᠨ ᠲᠦᠮᠡᠨ ᠲᠦᠬᠦᠷᠢᠭ ᠠᠴᠠ ᠳᠡᠭᠡᠭᠰᠢ ᠬᠤᠷᠢᠨ ᠲᠠᠪᠤᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠭᠦᠯᠦᠨ ᠰᠢᠢᠳᠬᠡᠨ᠎ᠡ︔ ᠠᠮᠤᠷ ᠢ ᠬᠠᠮᠠᠭᠠᠯᠠᠬᠤ ᠬᠠᠮᠢᠶᠠᠷᠤᠯᠲᠠ ᠠᠴᠠ ᠵᠦᠷᠢᠴᠡᠭᠰᠡᠨ ᠦᠢᠯᠡ ᠠᠵᠢᠯᠯᠠᠭ᠎ᠠ ᠪᠤᠯᠵᠤ ᠪᠦᠷᠢᠯᠳᠦᠭᠰᠡᠨ ᠪᠠᠶᠢᠪᠠᠯ᠂ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠠᠴᠠ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠦᠭᠭᠦᠨ᠎ᠡ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃       ᠲᠠᠪᠢᠨ ᠵᠢᠷᠭᠤᠳᠤᠭᠠᠷ ᠵᠦᠢᠯ   ᠲᠤᠰ ᠬᠠᠤᠯᠢ ᠶᠢᠨ ᠲᠤᠭᠲᠠᠭᠠᠯ ᠶᠤᠰᠤᠭᠠᠷ ᠬᠤᠷᠢᠶᠠᠨ ᠠᠪᠤᠭᠰᠠᠨ ᠪᠤᠳᠠᠲᠤ ᠶᠠᠭᠤᠮ᠎ᠠ ᠶᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠲᠡᠭᠦᠨ ᠤ ᠡᠷᠬᠡ ᠤᠯᠭᠤᠭᠰᠠᠨ ᠨᠢᠭᠡᠴᠢ ᠠᠴᠠ ᠲᠤᠭᠲᠠᠭᠠᠯ ᠶᠤᠰᠤᠭᠠᠷ ᠰᠢᠢᠳᠪᠦᠷᠢᠯᠡᠨ᠎ᠡ᠃      ᠲᠠᠪᠢᠨ ᠲᠤᠯᠤᠳᠤᠭᠠᠷ ᠵᠦᠢᠯ   ᠲᠤᠰ ᠬᠠᠤᠯᠢ ᠳᠤ ᠲᠤᠭᠲᠠᠭᠠᠭᠰᠠᠨ ᠠᠪᠠ ᠶᠢᠨ ᠤᠯᠵᠠ ᠶᠢᠨ ᠦᠷᠲᠡᠭ᠂ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠤ ᠦᠷᠲᠡᠭ ᠢ ᠦᠨᠡᠯᠡᠨ ᠵᠢᠱᠢᠬᠦ ᠪᠠᠷᠢᠮᠵᠢᠶ᠎ᠠ ᠪᠠ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠲᠠᠭᠠᠨ᠎ᠠ᠃        ᠲᠠᠪᠤᠳᠤᠭᠠᠷ ᠪᠦᠯᠦᠭ   ᠳᠠᠭᠠᠯᠳᠤᠭᠤᠯᠤᠭᠰᠠᠨ ᠳᠦᠷᠢᠮ      ᠲᠠᠪᠢᠨ ᠨᠠᠢᠮᠠᠳᠤᠭᠠᠷ ᠵᠦᠢᠯ   ᠲᠤᠰ ᠬᠠᠤᠯᠢ ᠶᠢ 2017 ᠤᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 
ᠢᠷᠡᠯᠲᠡ᠄ ᠳᠤᠮᠳᠠᠳᠤ ᠤᠯᠤᠰ ᠤᠨ ᠦᠨᠳᠦᠰᠦᠲᠡᠨ ᠤ ᠬᠡᠯᠡᠨ ᠤ ᠣᠷᠴᠢᠭᠤᠯᠭ᠎ᠠ ᠶᠢᠨ ᠲᠣᠪᠴᠢᠶ᠎ᠠ