ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠣᠭᠲᠠᠭᠠᠯ ᠠᠴᠠ ᠵᠥᠷᠢᠴᠡᠨ ᠠᠷᠢᠬᠢ ᠤᠤᠭᠤᠬᠤ ᠶᠢ ᠴᠢᠩᠭ᠎ᠠ ᠴᠠᠭᠠᠵᠠᠯᠠᠬᠤ ᠲᠣᠭᠲᠠᠭᠠᠯ
ᠨᠡᠶᠢᠲᠡᠯᠡᠭᠰᠡᠨ ᠴᠠᠭ᠄
2020/6/10
         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ            ᠶᠢᠨ ᠲᠣᠭᠲᠠᠭᠠᠯ ᠠᠴᠠ ᠵᠥᠷᠢᠴᠡᠨ ᠠᠷᠢᠬᠢ ᠤᠤᠭᠤᠬᠤ ᠶᠢ ᠴᠢᠩᠭ᠎ᠠ ᠴᠠᠭᠠᠵᠠᠯᠠᠬᠤ ᠲᠣᠭᠲᠠᠭᠠᠯ                ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠨ ᠴᠠᠭᠳᠠᠭ᠎ᠠ᠂ ᠠᠵᠢᠯ ᠦᠢᠯᠡᠰ ᠤᠨ ᠣᠷᠣᠨ ᠲᠤᠭ᠎ᠠ ᠶᠢᠨ ᠠᠵᠢᠯᠲᠠᠨ᠂ ᠠᠵᠢᠯᠲᠠᠨ ᠠᠵᠢᠯᠴᠢᠨ᠂ ᠴᠠᠭᠳᠠᠭᠠᠨ ᠤ ᠶᠠᠪᠤᠳᠠᠯ ᠤᠨ ᠬᠠᠪᠰᠤᠷᠤᠭᠴᠢ ᠠᠵᠢᠯᠲᠠᠨ ᠳᠣᠤᠷᠠᠬᠢ ᠮᠡᠲᠦ ᠠᠷᠢᠬᠢ ᠤᠤᠭᠤᠬᠤ ᠶᠢ ᠴᠠᠭᠠᠵᠠᠯᠠᠬᠤ ᠵᠠᠷᠯᠢᠭ ᠢ ᠴᠢᠩᠭ᠎ᠠ ᠵᠢᠷᠤᠮᠯᠠᠬᠤ ᠬᠡᠷᠡᠭᠲᠡᠶ᠃      1. ᠠᠵᠢᠯ ᠤᠨ ᠡᠳᠦᠷ ᠠᠷᠢᠬᠢ ᠤᠤᠭᠤᠬᠤ ᠶᠢ ᠴᠢᠩᠭ᠎ᠠ ᠴᠠᠭᠠᠵᠠᠯᠠᠨ᠎ᠠ︔      2. ᠵᠢᠰᠢᠶ᠎ᠡ᠂ ᠵᠢᠵᠢᠭᠦᠷᠯᠡᠬᠦ᠂ ᠠᠵᠢᠯ ᠳᠤ ᠪᠡᠯᠡᠳᠬᠡᠬᠦ᠂ ᠠᠵᠢᠯ ᠢᠶᠠᠷ ᠭᠠᠳᠠᠭᠰᠢ ᠭᠠᠷᠬᠤ ᠵᠢᠴᠢ ᠴᠢᠬᠤᠯᠠ ᠶᠡᠭᠡ ᠠᠮᠤᠷ ᠢ ᠬᠠᠮᠠᠭᠠᠯᠠᠬᠤ ᠬᠤᠭᠤᠴᠠᠭᠠᠨ ᠳᠤ ᠠᠷᠢᠬᠢ ᠤᠤᠭᠤᠬᠤ ᠶᠢ ᠴᠢᠩᠭ᠎ᠠ ᠴᠠᠭᠠᠵᠠᠯᠠᠨ᠎ᠠ︔      3. ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ᠂ ᠬᠤᠷᠠᠯ ᠳᠤ ᠣᠷᠣᠯᠴᠠᠬᠤ᠂ ᠰᠤᠷᠤᠯᠴᠠᠯᠭ᠎ᠠ ᠪᠣᠯᠪᠠᠰᠤᠷᠠᠭᠤᠯᠤᠯ ᠬᠢᠬᠦ᠂ ᠪᠠᠶᠢᠴᠠᠭᠠᠵᠤ ᠬᠢᠨᠠᠨ ᠵᠢᠯᠣᠭᠤᠳᠬᠤ᠂ ᠪᠠᠶᠢᠴᠠᠭᠠᠨ ᠰᠤᠳᠤᠯᠤᠯᠲᠠ ᠬᠢᠬᠦ᠂ ᠵᠢᠭᠠᠪᠤᠷᠢ ᠠᠪᠴᠤ ᠮᠡᠳᠡᠭᠦᠯᠬᠦ᠂ ᠡᠷᠬᠢᠨ ᠦᠵᠡᠵᠦ ᠲᠣᠬᠤᠨᠢᠭᠤᠯᠬᠤ ᠵᠡᠷᠭᠡ ᠠᠯᠪᠠᠨ ᠶᠠᠪᠤᠳᠠᠯ ᠤᠨ ᠠᠵᠢᠯᠯᠠᠭ᠎ᠠ ᠶᠢᠨ ᠬᠤᠭᠤᠴᠠᠭᠠᠨ ᠳᠤ ᠠᠷᠢᠬᠢ ᠤᠤᠭᠤᠬᠤ ᠶᠢ ᠴᠢᠩᠭ᠎ᠠ ᠴᠠᠭᠠᠵᠠᠯᠠᠨ᠎ᠠ︔      4. ᠺᠠᠳ᠋ᠷ ᠢ ᠳᠡᠪᠰᠢᠭᠦᠯᠬᠦ᠂ ᠰᠢᠯᠵᠢᠭᠦᠯᠬᠦ᠂ ᠨᠠᠰᠤᠨ ᠤ ᠠᠮᠠᠷᠠᠯᠲᠠ ᠠᠪᠬᠤ᠂ ᠬᠥᠬᠢᠭᠦᠯᠦᠨ ᠱᠠᠩᠨᠠᠬᠤ᠂ ᠪᠠᠶᠠᠷ ᠤᠨ ᠶᠣᠰᠣᠯᠠᠯ ᠭᠠᠪᠢᠶ᠎ᠠ ᠲᠡᠮᠳᠡᠭᠯᠡᠬᠦ ᠵᠡᠷᠭᠡ ᠪᠠᠷ ᠰᠢᠯᠲᠠᠭ ᠪᠣᠯᠭᠠᠨ ᠣᠯᠠᠭᠤᠯᠠ ᠨᠡᠶᠢᠯᠡᠵᠦ ᠠᠷᠢᠬᠢ ᠤᠤᠭᠤᠬᠤ ᠶᠢ ᠴᠢᠩᠭ᠎ᠠ ᠴᠠᠭᠠᠵᠠᠯᠠᠨ᠎ᠠ︔      5. ᠠᠰᠢᠭ ᠲᠤᠰᠠ ᠤᠯᠬᠤ ᠪᠠᠷ ᠵᠣᠷᠢᠯᠭ᠎ᠠ ᠪᠣᠯᠭᠠᠭᠰᠠᠨ᠂ ᠡᠷᠬᠡ ᠲᠤᠰᠢᠶᠠᠯ ᠢᠶᠠᠨ ᠲᠥᠪ ᠭᠤᠤᠯᠴᠢ ᠪᠠᠷ ᠭᠦᠢᠴᠡᠳᠭᠡᠬᠦ ᠶᠢ ᠨᠥᠯᠥᠭᠡᠯᠡᠵᠦ ᠮᠡᠳᠡᠬᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠳᠦᠷᠢ ᠲᠥᠷᠬᠦ ᠶᠢ ᠬᠤᠬᠢᠷᠠᠭᠤᠯᠬᠤ ᠵᠡᠷᠭᠡ ᠲᠣᠭᠲᠠᠭᠠᠯ ᠠᠴᠠ ᠵᠥᠷᠢᠴᠡᠨ ᠳᠠᠶᠢᠯᠠᠯᠭ᠎ᠠ ᠬᠢᠵᠦ ᠠᠷᠢᠬᠢ ᠤᠤᠭᠤᠬᠤ ᠶᠢ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠬᠤ ᠶᠢ ᠴᠢᠩᠭ᠎ᠠ ᠴᠠᠭᠠᠵᠠᠯᠠᠨ᠎ᠠ︔      6. ᠠᠵᠢᠯᠯᠠᠬᠤ ᠲᠠᠯᠠᠪᠤᠷ᠂ ᠨᠢᠭᠡᠴᠡ ᠶᠢᠨ ᠪᠠᠶᠢᠷᠢ ᠪᠠ ᠳᠣᠲᠣᠭᠠᠳᠤ ᠶᠢᠨ ᠬᠤᠭᠤᠯᠠᠨ ᠭᠡᠷ ᠵᠡᠷᠭᠡ ᠴᠠᠭᠳᠠᠭᠠᠨ ᠬᠤᠸᠠᠷᠠᠨ ᠳᠣᠲᠣᠷ᠎ᠠ᠂ ᠵᠢᠴᠢ ᠠᠯᠪᠠᠨ ᠬᠤᠪᠴᠠᠰᠤ ᠪᠠᠷ ᠣᠯᠠᠨ ᠨᠡᠶᠢᠲᠡ ᠶᠢᠨ ᠲᠠᠯᠠᠪᠤᠷ ᠲᠤ ᠠᠷᠢᠬᠢ ᠤᠤᠭᠤᠬᠤ ᠶᠢ ᠴᠢᠩᠭ᠎ᠠ ᠴᠠᠭᠠᠵᠠᠯᠠᠨ᠎ᠠ᠃      7. ᠶᠠᠮᠠᠷᠪᠠ ᠴᠠᠭ᠂ ᠶᠠᠮᠠᠷᠪᠠ ᠲᠠᠯᠠᠪᠤᠷ ᠲᠤ ᠠᠷᠢᠬᠢᠨ ᠳᠤ ᠰᠢᠨᠤᠬᠤ ᠶᠢ ᠴᠢᠩᠭ᠎ᠠ ᠴᠠᠭᠠᠵᠠᠯᠠᠨ᠎ᠠ᠃
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ