ᠳᠣᠲᠣᠭᠠᠳᠤ ᠶᠢ ᠬᠠᠮᠠᠭᠠᠯᠠᠬᠤ ᠶᠠᠮᠤᠨ ︽ᠤᠷᠠᠬᠠᠳᠤ ᠵᠢᠭᠡᠯᠡᠯᠭᠡ︾ ᠶᠢᠨ ᠶᠠᠯᠠᠲᠤ ᠠᠵᠢᠯᠯᠠᠭ᠎ᠠ ᠳᠤ | ᠴᠣᠬᠢᠯᠲᠠ ᠥᠭᠭᠦᠭᠰᠡᠨ 6 ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠪᠡ | | | ᠪᠥᠬᠦ ᠤᠯᠤᠰ ᠲᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠥᠷᠨᠢᠭᠦᠯᠦᠭᠰᠡᠨ ᠠᠴᠠ ᠨᠠᠭᠠᠰᠢ᠂ ᠳᠣᠲᠣᠭᠠᠳᠤ ᠶᠢ ᠬᠠᠮᠠᠭᠠᠯᠠᠬᠤ | ᠶᠠᠮᠤᠨ ᠠᠴᠠ ᠬᠠᠤᠯᠢ ᠶᠣᠰᠣᠭᠠᠷ ︽ᠤᠷᠠᠬᠠᠳᠤ ᠵᠢᠭᠡᠯᠡᠯᠭᠡ︾ ᠶᠢᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠶ ᠪᠥᠬᠦ ᠤᠯᠤᠰ ᠤᠨ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠳᠤ ᠪᠠᠶᠢᠷᠢᠯᠠᠭᠤᠯᠪᠠ᠃ ᠡᠯ᠎ᠡ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠡᠨᠡ ᠵᠢᠯ ᠠᠴᠠ ᠨᠠᠰᠢ ᠨᠡᠶᠢᠲᠡ 260 ᠭᠠᠷᠤᠶ | ᠶᠠᠯᠠᠲᠤ ᠪᠦᠯᠬᠦᠮ ᠢ ᠰᠦᠢᠷᠡᠭᠦᠯᠵᠦ᠂ ᠶᠠᠯ᠎ᠠ ᠬᠢᠭᠰᠡᠨ ᠰᠡᠵᠢᠭᠳᠡᠨ ᠢ 1270 ᠭᠠᠷᠤᠶ ᠪᠠᠷᠢᠪᠴᠢᠯᠠᠪᠠ᠃ ᠳᠣᠲᠣᠭᠠᠳᠤ ᠶᠢ ᠬᠠᠮᠠᠭᠠᠯᠠᠬᠤ ᠶᠠᠮᠤᠨ ᠲᠦᠷᠦᠭᠦᠬᠡᠨ ︽ | ᠤᠷᠠᠬᠠᠳᠤ ᠵᠢᠭᠡᠯᠡᠯᠭᠡ︾ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠭᠦᠭᠰᠡᠨ 6 ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠪᠡ᠃ | ︽11 ᠰᠠᠷ᠎ᠠ ᠶᠢᠨ 5︾ ᠤ ᠰᠦᠯᠵᠢᠶᠡᠨ ᠲᠡᠭᠡᠷᠡᠬᠢ ︽ᠤᠷᠠᠬᠠᠳᠤ ᠵᠢᠭᠡᠯᠡᠯᠭᠡ︾ ᠶᠢᠨ ᠣᠨᠴᠠ ᠶᠡᠭᠡ ᠶᠠᠯᠠᠲᠤ ᠬᠡᠷᠡᠭ᠃ | ᠵᠧᠵᠢᠶᠠᠩ ᠮᠤᠵᠢ ᠶᠢᠨ ᠱᠣᠤᠰᠢᠩ ᠤᠨ ︽ᠰᠦᠯᠵᠢᠶᠡᠨ ᠲᠡᠭᠡᠷᠡᠬᠢ ᠰᠠᠮ ᠬᠤᠷᠣᠬᠠᠶ︾ ︽ᠤᠷᠠᠬᠠᠳᠤ ᠵᠢᠭᠡᠯᠡᠯᠭᠡ︾ ᠶᠢᠨ ᠶᠠᠯᠠᠲᠤ ᠬᠡᠷᠡᠭ᠃ | ᠾᠧᠨᠠᠨ ᠤ ᠫᠢᠩ ᠳ᠋ᠢᠩ ᠱᠠᠨ ᠤ ︽3 ᠰᠠᠷ᠎ᠠ ᠶᠢᠨ 25︾ ᠤ ︽ᠤᠷᠠᠬᠠᠳᠤ ᠵᠢᠭᠡᠯᠡᠯᠭᠡ︾ ᠶᠢᠨ ᠶᠠᠯᠠᠲᠤ ᠬᠡᠷᠡᠭ᠃ | ᠭᠤᠸᠠᠩᠳᠦ᠋ᠩ ᠮᠤᠵᠢ ᠶᠢᠨ ᠮᠧᠶ ᠵᠧᠤ ᠶᠢᠨ ︽6 ᠰᠠᠷ᠎ᠠ ᠶᠢᠨ 10︾ ᠤ ︽ᠤᠷᠠᠬᠠᠳᠤ ᠵᠢᠭᠡᠯᠡᠯᠭᠡ︾ ᠶᠢᠨ ᠶᠠᠯᠠᠲᠤ ᠬᠡᠷᠡᠭ᠃ | ᠴᠦᠩᠴᠢᠩ ᠤᠨ ᠱᠢ ᠵᠦ ᠶᠢᠨ ᠲᠦᠵᠢᠶᠠ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠤ ︽ᠶᠦᠨ ᠱᠠᠨ ᠵᠢᠭᠡᠯᠡᠯᠭᠡ︾ ︽ᠤᠷᠠᠬᠠᠳᠤ ᠵᠢᠭᠡᠯᠡᠯᠭᠡ︾ | ᠶᠢᠨ ᠶᠠᠯᠠᠲᠤ ᠬᠡᠷᠡᠭ᠃ | ᠵᠢᠶᠠᠩᠰᠦ ᠶᠢᠨ ᠲᠠᠶᠢᠵᠸᠤ ᠶᠢᠨ ︽6 ᠰᠠᠷ᠎ᠠ ᠶᠢᠨ 17︾ ᠤ ᠬᠠᠤᠯᠢ ᠪᠤᠰᠤ ᠪᠠᠷ ᠨᠡᠬᠡᠮᠵᠢᠯᠡᠨ ᠠᠪᠤᠭᠰᠠᠨ ᠬᠡᠷᠡᠭ ᠪᠤᠯᠤᠨ᠎ᠠ᠃ |