2019 ᠤᠨ ᠤ ᠦᠪᠤᠷ ᠮᠤᠩᠭᠤᠯ ᠤᠨ ᠬᠤᠤᠷᠳᠤ ᠡᠳ᠋ ᠲᠠᠢ | ᠬᠤᠯᠪᠤᠭᠳᠠᠭᠰᠠᠨ ᠠᠷᠪᠠᠨ ᠨᠡᠶᠢᠲᠡᠯᠢᠭ ᠬᠡᠷᠡᠭ ᠤᠨ ᠵᠢᠱᠢᠶ᠎ᠡ | | | ᠦᠪᠡᠷᠲᠡᠭᠡᠨ ᠵᠠᠰᠠᠬᠤ ᠣᠷᠣᠨ ᠤ ᠳᠣᠲᠣᠭᠠᠳᠣ ᠶᠢ ᠬᠠᠮᠠᠭᠠᠯᠠᠬᠤ ᠲᠢᠩᠬᠢᠮ 2019 ᠤᠨ ᠤ ᠦᠪᠤᠷ ᠮᠤᠩᠭᠤᠯ ᠤᠨ ᠬᠤᠤᠷᠳᠤ ᠡᠳ᠋ ᠲᠠᠢ ᠬᠤᠯᠪᠤᠭᠳᠠᠭᠰᠠᠨ | ᠠᠷᠪᠠᠨ ᠨᠡᠶᠢᠳᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠪᠡ᠃ | ᠨᠢᠭᠡ᠂ ᠬᠦᠬᠡᠬᠤᠲᠡ ᠶᠢᠨ ᠢᠤᠢ ᠴᠢᠤᠸᠠᠨ ᠲᠤᠭᠤᠷᠢᠭ ᠤᠨ ᠳᠣᠲᠣᠭᠠᠳᠣ ᠶᠢ ᠬᠠᠮᠠᠭᠠᠯᠠᠬᠤ ᠬᠤᠪᠢᠶᠠᠷᠢ ᠲᠤᠪᠴᠢᠶ᠎ᠠ ᠶᠢᠨ ᠳᠠᠩᠨᠡᠨ ᠢᠯᠡᠷᠡᠭᠦᠯᠦᠭᠰᠡᠨ ᠬᠡᠷᠡᠭ | ᠬᠦᠬᠡᠬᠤᠲᠡ ᠶᠢᠨ ᠳᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠢᠤᠢ ᠴᠢᠤᠸᠠᠨ ᠳᠤᠭᠤᠷᠢᠭ ᠤᠨ ᠬᠤᠪᠢᠶᠠᠷᠢ ᠲᠤᠪᠴᠢᠶ᠎ᠠ ᠶᠢᠨ ᠬᠤᠤᠷ ᠴᠠᠭᠠᠵᠠᠯᠠᠬᠤ ᠶᠡᠭᠡ | ᠠᠩᠭᠢ ᠳᠤᠳᠤᠭᠠᠳᠤ ᠶᠢ ᠬᠠᠮᠠᠭᠠᠯᠠᠬᠤ ᠶᠠᠮᠤᠨ ᠤ ᠬᠤᠤᠷ ᠴᠠᠭᠠᠵᠠᠯᠠᠬᠤ ᠲᠤᠪᠴᠢᠶ᠎ᠠ ᠶᠢᠨ ᠨᠢᠭᠡᠳᠤᠯᠳᠡᠢ ᠵᠤᠬᠢᠴᠠᠭᠤᠯᠭ᠎ᠠ ᠵᠢᠯᠤᠭᠤᠳᠤᠯᠭ᠎ᠠ ᠳᠤᠤᠷ᠎ᠠ᠂ ᠭᠤᠸᠠᠩᠳᠦ᠋ᠩ᠂ | ᠵᠢᠶᠠᠩᠰᠢ᠂ ᠵᠢᠶᠠᠩᠰᠤ᠂ ᠶᠦᠨᠨᠠᠨ ᠤ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠢ ᠬᠠᠮᠵᠢᠯᠴᠠᠨ ᠯᠢ ᠤᠪᠤᠭᠳᠤ ᠪᠠᠷ ᠲᠣᠯᠣᠭᠠᠶᠢᠯᠠᠭᠤᠯᠣᠭᠰᠠᠨ ᠬᠤᠤᠷ ᠰᠠᠷᠢᠭᠠᠯᠠᠬᠤ | ᠡᠪᠰᠡᠯ ᠪᠦᠯᠦᠭ ᠢ ᠰᠦᠢᠷᠡᠭᠤᠯᠪᠠ᠃ ᠲᠣᠰ ᠬᠡᠷᠡᠭ ᠤᠨ 18 ᠶᠠᠯ᠎ᠠ ᠶᠢᠨ ᠰᠡᠵᠢᠭᠲᠡᠨ ᠢ ᠪᠠᠷᠢᠪᠴᠢᠯᠠᠵᠤ᠂ 2 ᠳᠦᠮᠡᠨ ᠦᠷᠢᠯ ᠰᠢᠨ᠎ᠡ ᠬᠡᠯᠪᠡᠷᠢ ᠶᠢᠨ ᠬᠤᠤᠷᠳᠤ | ᠡᠳ᠋ ᠤᠨ ᠬᠤᠮᠵᠢᠶ᠎ᠠ ᠡᠮ ᠢ ᠤᠯᠵᠠᠯᠠᠵᠤ᠂ ᠡᠯ᠎ᠡ ᠵᠦᠢᠯ ᠤᠨ ᠬᠤᠤᠷᠳᠤ ᠡᠳ᠋ ᠤᠨ ᠬᠤᠮᠵᠢᠶ᠎ᠠ ᠡᠮ ᠢ 1200 ᠭᠠᠷᠤᠢ ᠦᠷᠢᠯ ᠬᠤᠷᠢᠶᠠᠮᠵᠢᠯᠠᠵᠦ᠂ ᠬᠡᠷᠡᠭ ᠲᠤ | ᠬᠤᠯᠪᠤᠭᠳᠠᠭᠰᠠᠨ 86600 ᠲᠦᠭᠦᠷᠢᠭ ᠪᠡᠯᠡᠨ ᠵᠣᠭᠤᠰ ᠢ ᠬᠤᠷᠢᠶᠠᠮᠵᠢᠯᠠᠵᠣ᠂ ᠬᠡᠷᠡᠭ ᠲᠤ ᠬᠤᠯᠪᠤᠭᠳᠠᠭᠰᠠᠨ ᠪᠠᠩᠭᠢ ᠶᠢᠨ ᠺᠠᠷᠲ ᠤᠨ ᠪᠠᠯᠠ ᠮᠦᠩᠬᠦ ᠶᠢ 50 | ᠭᠠᠷᠤᠢ ᠲᠦᠮᠡᠨ ᠲᠦᠭᠦᠷᠢᠭ ᠴᠡᠪᠳᠡᠭᠯᠡᠵᠦ᠂ ᠨᠢᠭᠡ ᠤᠷᠤᠨ ᠰᠠᠭᠤᠴᠠ᠂ 4 ᠬᠡᠷᠡᠭ ᠤᠶᠢᠯᠡᠳᠤᠭ᠍ᠰᠡᠨ ᠲᠡᠷᠭᠡ ᠪᠠ ᠶᠡᠭᠡ ᠬᠡᠮᠵᠢᠶᠡᠨ ᠤ ᠬᠡᠷᠡᠭ ᠦᠢᠯᠡᠳᠬᠦ ᠪᠠᠭᠠᠵᠢ ᠶᠢ | ᠪᠠᠶᠢᠴᠠᠭᠠᠨ ᠪᠢᠳᠡᠭᠦᠮᠵᠢᠯᠡᠵᠦ ᠪᠠᠷᠢᠴᠠᠭᠠᠨ ᠳᠤ ᠦᠯᠡᠳᠡᠭᠡᠵᠡᠢ᠃ | ᠬᠤᠶᠠᠷ᠂ ᠤᠯᠠᠭᠠᠨᠴᠠᠪ ᠬᠤᠲᠡ ᠶᠢᠨ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠤ ᠳᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠲᠡᠩᠨᠡᠨ | ᠢᠯᠡᠷᠡᠭᠦᠯᠦᠭᠰᠡᠨ ᠬᠡᠷᠡᠭ | ᠤᠯᠠᠭᠠᠨᠴᠠᠪ ᠬᠤᠲᠡ ᠶᠢᠨ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠤᠤᠷ ᠴᠠᠭᠠᠵᠠᠯᠠᠬᠤ ᠰᠠᠯᠠᠭ᠎ᠠ ᠮᠦᠴᠢᠷ 1 ᠬᠤᠤᠷ ᠲᠠᠲᠠᠭᠴᠢ ᠪᠠ 0.18 ᠭᠷᠡᠮ | ᠬᠤᠤᠷᠳᠤ ᠡᠳ᠋ ᠠᠴᠠ ᠭᠠᠷ ᠤᠷᠤᠵᠤ᠂ ᠬᠢᠯᠢ ᠶᠢᠨ ᠭᠠᠳᠠᠨᠠᠬᠢ ︽ᠠᠯᠳᠠᠨ ᠭᠤᠷᠪᠠᠯᠵᠢᠨ ᠤᠷᠤᠨ︾ ᠠᠴᠠ ᠶᠦᠨᠨᠠᠨ ᠳᠤ ᠬᠦᠷᠴᠦ ᠤᠨᠴᠠ ᠶᠡᠭᠡ ᠤᠯᠤᠰ | ᠠᠯᠤᠰᠯᠠᠭᠰᠠᠨ ᠬᠤᠤᠷ ᠰᠠᠷᠢᠭᠠᠯᠠᠬᠤ ᠵᠠᠮ ᠢ ᠪᠠᠶᠢᠴᠠᠭᠠᠨ ᠳᠤᠳᠤᠯᠠᠪᠠ᠃ ᠴᠠᠭᠳᠠᠭ᠎ᠠ ᠨᠠᠷ ᠲᠤᠰ ᠬᠡᠷᠡᠭ ᠢ ᠠᠮᠵᠢᠯᠲᠠ ᠲᠠᠢ ᠢᠯᠡᠷᠡᠭᠦᠯᠵᠦ᠂ ᠬᠡᠷᠡᠭ ᠲᠤ | ᠬᠤᠯᠪᠤᠭᠳᠠᠭᠰᠠᠨ 23 ᠬᠦᠮᠦᠨ ᠢ ᠪᠠᠷᠢᠪᠴᠢᠯᠠᠵᠦ᠂ 1344.93 ᠭᠷᠡᠮ ᠾᠧᠷᠦᠶ᠋ᠢᠨ ᠬᠤᠷᠢᠶᠠᠮᠵᠢᠯᠠᠵᠦ᠂ ᠬᠡᠷᠡᠭ ᠲᠤ ᠬᠤᠯᠪᠤᠭᠳᠠᠭᠰᠠᠨ 120 ᠭᠠᠷᠤᠢ ᠳᠦᠮᠡᠨ | ᠳᠦᠭᠦᠷᠢᠭ ᠵᠤᠭᠤᠰ ᠪᠠ 2 ᠮᠠᠰᠢᠨ ᠲᠡᠷᠭᠡ ᠶᠢ ᠪᠠᠷᠢᠴᠠᠭᠠᠨ ᠳᠤ ᠦᠯᠡᠳᠡᠭᠡᠵᠡᠢ᠃ | ᠭᠤᠷᠪᠠ᠂ ᠤᠯᠠᠭᠠᠬᠠᠨᠳᠠ ᠬᠤᠳᠠ ᠶᠢᠨ ᠨᠢᠩᠴᠸᠡᠭ ᠰᠢᠶᠠᠨ ᠤ ᠳᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠲᠠᠩᠨᠡᠨ ᠢᠯᠡᠷᠡᠭᠦᠯᠦᠭᠰᠡᠨ ᠬᠡᠷᠡᠭ | 2019 ᠤᠨ ᠤ 2 ᠰᠠᠷ᠎ᠠ ᠳᠤ᠂ ᠨᠢᠩᠴᠸᠡᠭ ᠰᠢᠶᠠᠨ ᠤ ᠳᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠬᠤᠤᠷ ᠴᠠᠭᠠᠵᠠᠯᠠᠬᠤ ᠶᠡᠭᠡ ᠠᠩᠭᠢ ᠵᠸᠡᠭ | ᠤᠪᠤᠭᠳᠤ ᠶᠢᠨ ᠤᠨᠴᠠ ᠶᠡᠭᠡ ᠬᠤᠤᠷ ᠰᠠᠷᠢᠭᠠᠯᠠᠬᠤ ᠳᠤᠤᠷ ᠤᠨ ᠰᠦᠪᠡᠭᠴᠢ ᠶᠢ ᠤᠯᠵᠤ᠂ ᠡᠪᠡᠰᠡᠯ ᠪᠦᠯᠦᠭ ᠤᠨ ᠳᠦᠷᠦᠭᠦᠦ ᠨᠢ ᠾᠧᠪᠸᠢ ᠶᠢᠨ ᠯᠠᠩᠹᠡᠩ | ᠬᠤᠲᠡ ᠳᠤ ᠰᠠᠭᠤᠨ ᠪᠦᠬᠦ ᠤᠯᠤᠰ ᠲᠤ ᠨᠢᠳᠦ ᠬᠠᠶᠠᠵᠦ᠂ ᠬᠠᠭᠤᠷᠮᠠᠭ ᠪᠡᠶ᠎ᠡ ᠶᠢᠨ ᠭᠠᠷᠤᠯ ᠢᠶᠠᠷ ᠭᠠᠷ ᠳᠤᠤᠷᠠᠬᠢ ᠬᠦᠮᠦᠰ ᠢᠶᠠᠨ ᠵᠢᠯᠤᠭᠤᠳᠤᠨ ᠤᠯᠠᠨ ᠮᠤᠵᠢ ᠳᠤ | ᠳᠡᠯᠡᠰᠳᠤ ᠬᠤᠤᠷ ᠰᠠᠷᠢᠭᠠᠯᠠᠨ ᠵᠦᠭᠡᠭᠡᠪᠤᠷᠢᠯᠡᠵᠤ ᠪᠠᠶᠢᠬᠤ ᠶᠢ ᠪᠠᠶᠢᠴᠠᠭᠠᠨ ᠳᠤᠳᠤᠯᠠᠪᠠ᠃ 5 ᠰᠠᠷ᠎ᠠ ᠶᠢᠨ 1 ᠠᠴᠠ ᠡᠬᠢᠯᠡᠨ ᠴᠠᠭᠳᠠᠭ᠎ᠠ ᠨᠠᠷ ᠬᠡᠷᠡᠭ ᠲᠤ | ᠬᠤᠯᠪᠣᠭᠳᠠᠭᠰᠠᠨ 15 ᠶᠠᠯ᠎ᠠ ᠶᠢᠨ ᠰᠡᠵᠢᠭᠲᠡᠨ ᠢ ᠪᠦᠭᠦᠨ ᠢ ᠪᠠᠷᠢᠪᠴᠢᠯᠠᠵᠤ᠂ 3.7 ᠺᠢᠯᠣᠭ᠍ᠷᠠᠮ ᠳᠠᠯᠠᠰᠳᠤ ᠬᠤᠤᠷ ᠬᠤᠷᠢᠶᠠᠮᠵᠢᠯᠠᠵᠠᠢ᠃ | ᠳᠦᠷᠪᠠ᠂ ᠪᠤᠭᠤᠳᠤ ᠬᠤᠲᠡ ᠶᠢᠨ ᠬᠦᠨᠳᠡᠯᠡᠨ ᠳᠤᠭᠤᠷᠢᠭ ᠤᠨ ᠳᠤᠳᠤᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ ᠶᠢᠨ ᠲᠠᠩᠨᠡᠨ ᠢᠯᠡᠷᠡᠭᠦᠯᠦᠭᠰᠡᠨ ᠬᠡᠷᠡᠭ | ᠪᠤᠭᠤᠳᠤ ᠬᠤᠳᠠ ᠶᠢᠨ ᠬᠦᠨᠳᠡᠯᠡᠨ ᠳᠤᠭᠤᠷᠢᠭ ᠤᠨ ᠳᠤᠳᠤᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ ᠶᠢᠨ ᠴᠠᠭᠳᠠᠭ᠎ᠠ ᠨᠠᠷ ᠦᠪᠤᠷ ᠮᠤᠩᠭᠤᠯ᠂ ᠾᠧᠪᠸᠢ | ᠬᠤᠶᠠᠷ ᠮᠤᠵᠢ ᠤᠷᠤᠨ ᠢ ᠠᠯᠤᠰᠯᠠᠭᠰᠠᠨ ᠬᠤᠤᠷ ᠰᠠᠷᠢᠭᠠᠯᠠᠨ ᠦᠢᠯᠡᠳᠬᠦ ᠳᠤᠤᠷ ᠤᠨ ᠰᠦᠪᠡᠭᠴᠢ ᠶᠢ ᠪᠠᠶᠢᠴᠠᠭᠠᠨ ᠡᠵᠡᠮᠰᠢᠵᠦ᠂ 2019 ᠤᠨ ᠤ 8 ᠰᠠᠷ᠎ᠠ ᠶᠢᠨ | 17 ᠤ ᠤᠷᠤᠢ ᠪᠠᠷᠢᠪᠴᠢᠯᠠᠬᠤ ᠠᠵᠢᠯᠯᠠᠭ᠎ᠠ ᠠᠪᠴᠤ᠂ ᠬᠤᠤᠷ ᠲᠠᠢ ᠬᠤᠯᠪᠤᠭᠳᠠᠭᠰᠠᠨ 16 ᠬᠦᠮᠦᠨ ᠢ ᠪᠠᠷᠢᠪᠴᠢᠯᠠᠵᠦ᠂ 113.86 ᠭᠷᠡᠮ ᠲᠠᠯᠠᠰᠳᠤ ᠬᠤᠤᠷ᠂ | 270 ᠭᠷᠡᠮ ᠰᠢᠩᠭᠡᠨ ᠪᠠᠶᠠᠳᠤ ᠳᠠᠯᠠᠰᠳᠤ ᠬᠤᠤᠷ ᠪᠠ ᠶᠡᠭᠡ ᠬᠡᠮᠵᠢᠶᠠᠨ ᠤ ᠬᠤᠤᠷ ᠦᠢᠯᠡᠳᠬᠦ ᠪᠠᠭᠠᠵᠢ ᠶᠢ ᠬᠤᠷᠢᠶᠠᠮᠵᠢᠯᠠᠵᠠᠢ᠃ | ᠲᠠᠪᠤ᠂ ᠤᠷᠳᠤᠰ ᠬᠤᠳᠠ ᠶᠢᠨ ᠵᠡᠭᠦᠨᠭᠠᠷ ᠬᠤᠰᠢᠭᠤᠨ ᠤ ᠳᠤᠳᠤᠭᠠᠳᠤ ᠶᠢ ᠬᠠᠮᠠᠭᠠᠯᠠᠬᠤ ᠳᠤᠪᠴᠢᠶ᠎ᠠ ᠶᠢᠨ ᠢᠯᠡᠷᠡᠭᠦᠯᠦᠭᠰᠡᠨ ᠬᠡᠷᠡᠭ | 2018 ᠤᠨ ᠤ 11 ᠰᠠᠷ᠎ᠠ ᠳᠤ᠂ ᠤᠷᠳᠤᠰ ᠬᠤᠳᠠ ᠶᠢᠨ ᠵᠡᠭᠦᠨᠭᠠᠷ ᠬᠤᠰᠢᠭᠤᠨ ᠤ ᠳᠤᠳᠤᠭᠠᠳᠤ ᠶᠢ ᠬᠠᠮᠠᠭᠠᠯᠠᠬᠤ ᠳᠤᠪᠴᠢᠶ᠎ᠠ ᠱᠠᠨ ᠰᠢ᠂ ᠱᠠᠨᠰᠢ ᠦᠪᠤᠷ | ᠮᠤᠩᠭᠤᠯ ᠭᠤᠷᠪᠠᠨ ᠮᠤᠵᠢ ᠤᠷᠤᠨ ᠢ ᠠᠯᠤᠰᠯᠠᠭᠰᠠᠨ ᠬᠤᠤᠷ ᠰᠠᠷᠢᠭᠠᠯᠠᠬᠤ ᠳᠤᠤᠷ ᠢ ᠪᠠᠶᠢᠴᠠᠭᠠᠨ ᠳᠤᠳᠤᠯᠠᠵᠤ᠂ ᠳᠤᠰᠬᠠᠢ ᠬᠡᠷᠡᠭ ᠤᠨ ᠳᠤᠭᠤᠶᠢᠯᠠᠩ ᠪᠠᠶᠢᠭᠤᠯᠤᠨ | ᠭᠡᠳᠤᠨ ᠰᠠᠷ᠎ᠠ ᠳᠠᠩᠨᠡᠨ ᠪᠠᠶᠢᠴᠠᠭᠠᠬᠤ ᠪᠠᠷ ᠳᠡᠮᠵᠢᠨ᠂ ᠲᠤᠰ ᠶᠠᠯᠠᠳᠤ ᠡᠪᠰᠡᠯ ᠪᠦᠯᠦᠭ ᠢ ᠰᠦᠢᠷᠡᠭᠦᠯᠵᠦ᠂ ᠳᠠᠯᠠᠰᠳᠤ ᠬᠤᠤᠷ ᠺᠣᠹᠧᠶ᠋ᠢᠨ ᠢ ᠵᠦᠭᠡᠭᠡᠪᠦᠷᠢᠯᠡᠨ | ᠦᠢᠯᠡᠳᠴᠦ ᠰᠠᠷᠢᠭᠠᠯᠠᠨ ᠬᠤᠳᠠᠯᠳᠤᠳᠠᠭ ᠴᠢᠬᠤᠯᠠ ᠵᠠᠮ ᠢ ᠳᠠᠰᠤᠯᠵᠦ᠂ 17 ᠬᠡᠷᠡᠭ ᠲᠤ ᠬᠤᠯᠪᠤᠭᠳᠠᠭᠰᠠᠨ ᠬᠦᠮᠦᠨ ᠢ ᠪᠠᠷᠢᠪᠴᠢᠯᠠᠵᠦ᠂ 2300 ᠭᠠᠷᠤᠢ ᠭᠷᠡᠮ | ᠺᠣᠹᠧᠶ᠋ᠢᠨ᠂ 30 ᠭᠠᠷᠤᠢ ᠭᠷᠡᠮ ᠬᠠᠷ᠎ᠠ ᠲᠡᠮᠡᠬᠢ ᠶᠢᠨ ᠨᠠᠭᠠᠯᠲᠠ᠂ 6 ᠬᠡᠷᠡᠭ ᠲᠤ ᠬᠤᠯᠪᠤᠭᠳᠠᠭᠰᠠᠨ ᠲᠡᠷᠭᠡ᠂ 29 ᠳᠦᠮᠠ ᠭᠠᠷᠤᠢ ᠲᠦᠭᠦᠷᠢᠭ ᠬᠡᠷᠡᠭ ᠲᠤ | ᠬᠤᠯᠪᠤᠭᠳᠠᠭᠰᠠᠨ ᠵᠤᠭᠤᠰ ᠢ ᠬᠤᠷᠢᠶᠠᠮᠵᠢᠯᠠᠵᠠᠢ᠃ | ᠵᠢᠷᠭᠤᠭ᠎ᠠ᠂ ᠪᠠᠶᠠᠨᠨᠠᠭᠤᠷ ᠬᠤᠲᠡ ᠶᠢᠨ ᠳᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠲᠠᠩᠨᠡᠨ ᠢᠯᠡᠷᠡᠭᠦᠯᠦᠭᠰᠡᠨ ᠬᠡᠷᠡᠭ | ᠪᠠᠶᠠᠨᠨᠠᠭᠤᠷ ᠬᠤᠲᠡ ᠶᠢᠨ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠭᠤᠷᠪᠠᠨ ᠰᠠᠷ᠎ᠠ ᠰᠢᠬᠠᠮ ᠨᠠᠷᠢᠨ ᠨᠢᠭᠲᠠ ᠲᠠᠩᠨᠡᠨ ᠪᠠᠶᠢᠴᠠᠭᠠᠬᠤ ᠪᠠᠷ ᠳᠡᠮᠵᠢᠨ᠂ | ᠦᠪᠤᠷ ᠮᠤᠩᠭᠤᠯ᠂ ᠱᠠᠨ ᠰᠢ ᠱᠠᠨᠰᠢ᠂ ᠭᠤᠷᠪᠠᠨ ᠮᠤᠵᠢ ᠤᠷᠤᠨ ᠲᠠᠢ ᠬᠤᠯᠪᠤᠭᠳᠠᠭᠰᠠᠨ ᠨᠢᠭᠡᠨ ᠤᠨᠴᠨ ᠶᠡᠭᠡ ᠬᠠᠤᠯᠢ ᠪᠤᠰᠤ ᠪᠠᠷ ᠤᠯᠤᠰ ᠠᠴᠠ ᠵᠡᠬᠢᠷᠤᠨ | ᠬᠠᠮᠢᠶᠠᠷᠴᠤ ᠪᠠᠶᠢᠭ᠎ᠠ ᠬᠤᠶᠠᠳᠤᠭᠠᠷ ᠲᠦᠷᠤᠯ ᠤᠨ ᠤᠶᠤᠨ ᠰᠠᠨᠠᠭ᠎ᠠ ᠮᠢᠨᠴᠤᠷᠡᠭᠦᠯᠬᠦ ᠡᠮ ᠤᠨ ᠵᠦᠢᠯᠡᠰ ᠪᠤᠯᠬᠤ ᠺᠣᠹᠧᠶ᠋ᠢᠨ ᠢ ᠦᠢᠯᠡᠳᠪᠦᠷᠢᠯᠡᠨ ᠪᠤᠯᠪᠰᠤᠷᠠᠭᠤᠯᠵᠦ | ᠰᠠᠷᠢᠭᠠᠯᠠᠨ ᠬᠤᠳᠠᠯᠳᠤᠵᠤ ᠪᠠᠶᠢᠭᠰᠠᠨ ᠬᠡᠷᠡᠭ ᠢ ᠢᠯᠡᠷᠡᠭᠦᠯᠵᠦ᠂ ᠬᠡᠷᠡᠭ ᠲᠤ ᠬᠤᠯᠪᠤᠭᠳᠠᠭᠰᠠᠨ 51 ᠬᠦᠮᠦᠨ ᠢ ᠪᠠᠷᠢᠪᠴᠢᠯᠠᠵᠦ᠂ 2.8 ᠲᠣᠨ ᠺᠤᠹᠧᠶ᠋ᠢᠨ | ᠬᠤᠷᠢᠶᠠᠮᠵᠢᠯᠠᠵᠦ᠂ 1 ᠬᠡᠶᠢᠳᠤ ᠫᠤᠤ ᠪᠠᠶᠢᠴᠠᠭᠠᠨ ᠤᠯᠵᠠᠯᠠᠵᠤ᠂ 3 ᠦᠢᠯᠡᠳᠪᠦᠷᠢᠯᠡᠨ ᠪᠣᠯᠪᠠᠰᠣᠷᠠᠭᠤᠯᠬᠤ ᠡᠭᠦᠷ ᠢ ᠰᠦᠢᠷᠡᠭᠦᠯᠦᠨ᠂ ᠡᠳᠤᠢ ᠲᠠᠳᠤᠢ ᠬᠤᠤᠷ | ᠦᠢᠯᠡᠳᠪᠦᠷᠢᠯᠡᠬᠦ ᠪᠠᠭᠠᠵᠢ ᠶᠢ ᠬᠤᠷᠢᠶᠠᠮᠵᠢᠯᠠᠪᠠ᠃ | ᠳᠤᠯᠤᠭ᠎ᠠ᠂ ᠦᠬᠠᠢ ᠬᠤᠲᠡ ᠶᠢᠨ ᠳᠤᠳᠤᠭᠠᠳᠤ ᠶᠢ ᠬᠠᠮᠠᠭᠠᠯᠠᠬᠤ ᠳᠤᠪᠴᠢᠶ᠎ᠠ ᠶᠢᠨ ᠬᠠᠶᠢᠨᠠᠨ ᠳᠤᠭᠤᠷᠢᠭ ᠤᠨ ᠬᠤᠪᠢᠶᠠᠷᠢ ᠳᠤᠪᠴᠢᠶ᠎ᠠ ᠶᠢᠨ ᠢᠯᠡᠷᠡᠭᠦᠯᠦᠭᠰᠡᠨ | ᠬᠡᠷᠡᠭ | ᠦᠬᠠᠢ ᠬᠤᠲᠡ ᠶᠢᠨ ᠳᠤᠳᠤᠭᠠᠳᠤ ᠶᠢ ᠬᠠᠮᠠᠭᠠᠯᠠᠬᠤ ᠳᠤᠪᠴᠢᠶ᠎ᠠ ᠶᠢᠨ ᠬᠠᠶᠢᠨᠠᠨ ᠳᠤᠭᠤᠷᠢᠭ ᠤᠨ ᠬᠤᠪᠢᠶᠠᠷᠢ ᠳᠤᠪᠴᠢᠶ᠎ᠠ ᠶᠢᠨ ᠬᠤᠤᠷ ᠴᠠᠭᠠᠵᠠᠯᠠᠬᠤ ᠶᠡᠭᠡ | ᠠᠩᠭᠢ ᠴᠧᠩᠳᠦ᠋ ᠬᠤᠲᠡ᠂ ᠱᠢ ᠵᠢᠶ᠋ᠨ ᠵᠤᠸᠠᠩ ᠬᠤᠲᠡ᠂ ᠰᠦᠢ ᠬᠤᠸ᠋ᠨ ᠬᠤᠲᠡ᠂ ᠹᠦᠵᠸᠦ ᠬᠤᠲᠡ᠂ ᠦᠬᠠᠢ ᠬᠤᠲᠡ ᠵᠡᠷᠭᠡ ᠳᠠᠪᠤᠨ ᠮᠤᠵᠢ ᠤᠷᠤᠨ ᠤ ᠲᠠᠪᠤᠨ | ᠬᠤᠲᠡ ᠶᠢ ᠪᠦᠷᠭᠦᠭᠰᠡᠨ ᠲᠠᠪᠤᠨ ᠳᠡᠰ ᠳᠠᠪᠬᠤᠷᠭ᠎ᠠ ᠶᠢᠨ ᠬᠤᠤᠷ ᠰᠠᠷᠢᠭᠠᠯᠠᠬᠤ ᠳᠤᠤᠷ ᠤᠨ ᠰᠦᠪᠡᠭᠴᠢ ᠶᠢ ᠤᠯᠵᠤ ᠮᠡᠳᠡᠵᠡᠢ᠃ ᠳᠤᠰᠬᠠᠢ ᠬᠡᠷᠡᠭ ᠤᠨ | ᠳᠤᠭᠤᠶᠢᠯᠠᠩ ᠤᠨ ᠴᠠᠭᠳᠠᠭ᠎ᠠ ᠨᠠᠷ ᠬᠡᠷᠡᠭ ᠲᠤ ᠬᠤᠯᠪᠤᠭᠳᠠᠭᠰᠠᠨ 13 ᠬᠦᠮᠦᠨ ᠢ ᠪᠠᠷᠢᠪᠴᠢᠯᠠᠵᠤ᠂ 1228.4 ᠭᠷᠡᠮ ᠳᠠᠯᠠᠰᠳᠤ ᠬᠤᠤᠷ᠂ 92 ᠲᠦᠮᠠ ᠭᠠᠷᠤᠢ | ᠲᠦᠭᠦᠷᠢᠭ ᠬᠡᠷᠡᠭ ᠲᠤ ᠬᠤᠯᠪᠤᠭᠳᠠᠭᠰᠠᠨ ᠵᠤᠭᠤᠰ ᠢ ᠬᠤᠷᠢᠶᠠᠮᠵᠢᠯᠠᠵᠤ᠂ ᠬᠡᠷᠡᠭ ᠲᠤ ᠬᠤᠯᠪᠤᠭᠳᠠᠭᠰᠠᠨ 1 ᠮᠠᠰᠢᠨ ᠲᠡᠷᠭᠡ ᠶᠢ ᠬᠤᠷᠢᠶᠠᠮᠵᠢᠯᠠᠵᠤ ᠪᠠᠷᠢᠴᠠᠭᠠᠨ ᠳᠤ | ᠦᠯᠡᠳᠡᠭᠡᠵᠡᠢ᠃ | ᠨᠠᠢᠮᠠ᠂ ᠬᠦᠯᠦᠨ ᠪᠦᠢᠷ ᠬᠤᠲᠡ ᠶᠢᠨ ᠵᠠᠯᠠᠨ ᠠᠶᠢᠯ ᠬᠤᠲᠡ ᠶᠢᠨ ᠳᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠢᠯᠡᠷᠡᠭᠦᠯᠦᠭᠰᠡᠨ ᠬᠡᠷᠡᠭ | ᠵᠠᠯᠠᠨ ᠠᠶᠢᠯ ᠬᠤᠲᠡ ᠶᠢᠨ ᠳᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠬᠤᠤᠷ ᠴᠠᠭᠠᠵᠠᠯᠠᠬᠤ ᠶᠡᠭᠡ ᠠᠩᠭᠢ ᠬᠤᠨᠠᠨ ᠮᠤᠵᠢ ᠶᠢᠨ ᠬᠤᠸᠠᠢ ᠬᠤᠸ᠋ᠨ | ᠬᠤᠲᠡ ᠶᠢᠨ ᠬᠤᠤᠷ ᠴᠠᠭᠠᠵᠠᠯᠠᠬᠤ ᠰᠠᠯᠪᠤᠷᠢ ᠠᠩᠭᠢ ᠲᠠᠢ ᠬᠠᠮᠳᠤᠷᠠᠨ 10 ᠰᠠᠷ᠎ᠠ ᠶᠢᠨ ᠬᠤᠭᠤᠴᠠᠭ᠎ᠠ ᠶᠢ ᠬᠡᠷᠡᠭᠰᠡᠨ 4 ᠲᠦᠮᠠ ᠭᠠᠷᠤᠢ ᠺᠢᠯᠤᠮᠧᠳ᠋ᠷ ᠠᠶᠠᠯᠠᠨ ᠨᠢᠭᠡᠨ | ᠬᠤᠤᠷᠳᠤ ᠡᠳ᠋ ᠤᠨ ᠬᠡᠷᠡᠭ ᠢ ᠢᠯᠡᠷᠡᠭᠦᠯᠵᠦ᠂ 28 ᠶᠠᠯ᠎ᠠ ᠶᠢᠨ ᠰᠡᠵᠢᠭᠲᠡᠨ ᠢ ᠪᠠᠷᠢᠪᠴᠢᠯᠠᠵᠣ᠂ 28.414 ᠺᠢᠯᠣᠭ᠍ᠷᠠᠮ ᠬᠤᠣᠷᠲᠣ ᠡᠳ᠋ ᠬᠤᠷᠢᠶᠠᠮᠵᠢᠯᠠᠵᠤ᠂ 2 ᠬᠤᠤᠷ | ᠦᠢᠯᠡᠳᠬᠦ ᠡᠭᠦᠷ ᠢ ᠰᠦᠢᠷᠡᠭᠦᠯᠵᠦ᠂ 1 ᠬᠤᠤᠷ ᠦᠢᠯᠡᠳᠬᠦ ᠮᠠᠲ᠋ᠧᠷᠢᠶᠠᠯ ᠢ ᠬᠠᠳᠠᠭᠠᠯᠠᠳᠠᠭ ᠬᠦᠮᠦᠷᠭᠡ ᠶᠢ ᠪᠠᠶᠢᠴᠠᠭᠠᠨ ᠢᠯᠡᠷᠡᠭᠦᠯᠵᠦ᠂ 1.5 ᠲᠤᠨ ᠬᠤᠤᠷ | ᠦᠢᠯᠡᠳᠬᠦ ᠲᠦᠭᠦᠭᠡᠢ ᠮᠠᠲ᠋ᠧᠷᠢᠶᠠᠯ ᠢ ᠪᠠᠶᠢᠴᠠᠭᠠᠨ ᠤᠯᠵᠠᠯᠠᠵᠠᠢ᠃ | ᠶᠢᠰᠦ᠂ ᠬᠦᠬᠡᠬᠤᠲᠡ ᠶᠢᠨ ᠲᠡᠮᠦᠷ ᠵᠠᠮ ᠤᠨ ᠳᠤᠳᠤᠭᠠᠳᠤ ᠶᠢ ᠬᠠᠮᠠᠭᠠᠯᠠᠬᠤ ᠲᠤᠪᠴᠢᠶ᠎ᠠ ᠪᠠ ᠪᠤᠭᠤᠳᠤ ᠶᠢᠨ ᠳᠡᠮᠤᠷ ᠵᠠᠮ ᠤᠨ ᠳᠤᠳᠤᠭᠠᠳᠤ ᠶᠢ ᠬᠠᠮᠠᠭᠠᠯᠠᠬᠤ | ᠭᠠᠵᠠᠷ ᠤᠨ ᠢᠯᠡᠷᠡᠭᠦᠯᠦᠭᠰᠡᠨ ᠬᠡᠷᠡᠭ | ᠪᠤᠭᠤᠲᠤ ᠶᠢᠨ ᠲᠡᠮᠦᠷ ᠵᠠᠮ ᠤᠨ ᠳᠤᠳᠤᠭᠠᠳᠤ ᠶᠢ ᠬᠠᠮᠠᠭᠠᠯᠠᠬᠤ ᠭᠠᠵᠠᠷ ᠰᠧᠴᠤᠸᠠᠨ ᠤ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠢ ᠬᠠᠮᠵᠢᠯᠴᠠᠨ ᠨᠢᠭᠡᠨ | ᠬᠤᠤᠷᠳᠤ ᠡᠳ᠋ ᠤᠨ ᠬᠡᠷᠡᠭ ᠢ ᠢᠯᠡᠷᠡᠭᠦᠯᠵᠦ᠂ ᠬᠤᠤᠷ ᠲᠠᠢ ᠬᠤᠯᠪᠤᠭᠳᠠᠭᠰᠠᠨ 18 ᠶᠠᠯ᠎ᠠ ᠶᠢᠨ ᠰᠡᠵᠢᠭᠲᠡᠨ ᠢ ᠪᠠᠷᠢᠪᠴᠢᠯᠠᠵᠤ᠂ 15.86 ᠺᠢᠯᠦᠭᠷᠡᠮ ᠾᠧᠷᠤᠶ᠋ᠢᠨ | ᠬᠤᠷᠢᠶᠠᠮᠵᠢᠯᠠᠪᠠ᠃ | ᠠᠷᠪᠠ᠂ ᠬᠦᠯᠦᠨ ᠪᠦᠢᠷ ᠬᠤᠲᠡ ᠶᠢᠨ ᠡᠷᠭᠦᠨ᠎ᠡ ᠬᠤᠲᠡ ᠶᠢᠨ ᠳᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠢᠯᠡᠷᠡᠭᠦᠯᠦᠭᠰᠡᠨ ᠬᠡᠷᠡᠭ | 2019 ᠤᠨ ᠤ 3 ᠰᠠᠷ᠎ᠠ ᠳᠤ᠂ ᠡᠷᠭᠦᠨ᠎ᠡ ᠬᠤᠲᠡ ᠶᠢᠨ ᠳᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠬᠤᠤᠷ ᠴᠠᠭᠠᠵᠠᠯᠠᠬᠤ ᠶᠡᠭᠡ ᠠᠩᠭᠢ ᠰᠧᠴᠤᠸᠠᠨ | ᠮᠤᠵᠢ ᠶᠢᠨ ᠴᠧᠩᠳᠦ᠋ ᠬᠤᠲᠡ ᠲᠠᠢ ᠬᠤᠯᠪᠤᠭ᠎ᠠ ᠲᠠᠢ ᠤᠨᠴᠠ ᠶᠡᠭᠡ ᠮᠤᠵᠢ ᠠᠯᠤᠰᠯᠠᠭᠰᠠᠨ ᠬᠤᠤᠷ ᠰᠠᠷᠢᠭᠠᠯᠠᠨ ᠵᠦᠭᠡᠭᠡᠪᠦᠷᠢᠯᠡᠬᠦ ᠳᠤᠤᠷ ᠤᠨ ᠰᠦᠪᠡᠭᠴᠢ ᠶᠢ ᠤᠯᠵᠤ᠂ | ᠴᠧᠩᠳᠦ᠋ ᠬᠤᠲᠡ ᠳᠤ ᠬᠦᠷᠴᠦ ᠳᠠᠩᠨᠡᠨ ᠪᠠᠶᠢᠴᠠᠭᠠᠬᠤ ᠠᠵᠢᠯ ᠦᠷᠨᠢᠭᠦᠯᠵᠦ᠂ ᠡᠪᠰᠡᠯ ᠪᠦᠯᠦᠭ ᠪᠦᠷᠢᠯᠳᠦᠭᠦᠨ 28 ᠬᠦᠮᠦᠨ ᠢ ᠨᠢᠭᠡᠯᠨ ᠳᠡᠭᠡᠷ᠎ᠡ ᠪᠠᠷᠢᠪᠴᠢᠯᠡᠵᠦ᠂ | ᠳᠠᠯᠠᠰᠳᠤ ᠬᠤᠤᠷ ᠵᠡᠷᠭᠡ ᠡᠯ᠎ᠡ ᠵᠦᠢᠯ ᠤᠨ ᠬᠤᠤᠷᠳᠤ ᠡᠳ᠋ ᠢ ᠨᠡᠶᠢᠲᠡ 2176. 64 ᠭᠷᠡᠮ ᠬᠤᠷᠢᠶᠠᠮᠵᠢᠯᠠᠵᠤ᠂ ᠬᠡᠷᠡᠭ ᠲᠤ ᠬᠤᠯᠪᠤᠭᠳᠠᠭᠰᠠᠨ 13.9 ᠲᠦᠮᠡᠨ | ᠲᠦᠭᠦᠷᠢᠭ ᠵᠤᠭᠤᠰ᠂ 1 ᠮᠠᠰᠢᠨ ᠲᠡᠷᠭᠡ ᠶᠢ ᠪᠠᠷᠢᠴᠠᠭᠠᠨ ᠳᠤ ᠦᠯᠡᠳᠡᠭᠡᠵᠡᠢ᠃ |