ᠰᠢᠣᠳᠠᠨ ᠵᠦᠢᠯ / ᠴᠠᠬᠢᠯᠭᠠᠨ ᠮᠡᠳᠡᠭᠡ ᠶᠢ ᠪᠠᠷᠢᠴᠠᠭᠠᠨ ᠳᠤ ᠦᠯᠡᠳᠡᠭᠡᠬᠦ / ᠪᠠᠷᠢᠴᠠᠭᠠᠨ ᠳᠤ ᠦᠯᠡᠳᠡᠭᠡᠬᠦ ᠶᠢ ᠬᠦᠴᠦᠨ ᠦᠭᠡᠢ ᠪᠣᠯᠭᠠᠬᠤ ᠮᠡᠳᠡᠭᠳᠡᠯ ᠤᠨ ᠪᠢᠴᠢᠭ
ᠨᠡᠶᠢᠲᠡᠯᠡᠭᠰᠡᠨ ᠴᠠᠭ᠄
2020/8/4
         ᠰᠢᠣᠳᠠᠨ ᠵᠦᠢᠯ / ᠴᠠᠬᠢᠯᠭᠠᠨ ᠮᠡᠳᠡᠭᠡ ᠶᠢ ᠪᠠᠷᠢᠴᠠᠭᠠᠨ ᠳᠤ ᠦᠯᠡᠳᠡᠭᠡᠬᠦ / ᠪᠠᠷᠢᠴᠠᠭᠠᠨ ᠳᠤ          ᠦᠯᠡᠳᠡᠭᠡᠬᠦ ᠶᠢ ᠬᠦᠴᠦᠨ ᠦᠭᠡᠢ ᠪᠣᠯᠭᠠᠬᠤ ᠮᠡᠳᠡᠭᠳᠡᠯ ᠤᠨ ᠪᠢᠴᠢᠭ      ᠬᠠᠤᠯᠢ ᠴᠠᠭᠠᠵᠠ ᠶᠢᠨ ᠪᠢᠴᠢᠭ ᠬᠠᠷ᠎ᠠ ᠪᠣᠯ ᠬᠠᠤᠯᠢ ᠴᠠᠭᠠᠵᠠ ᠶᠢᠨ ᠬᠠᠷᠢᠴᠠᠭᠠᠨ ᠤ ᠭᠤᠣᠯ ᠴᠣᠭᠴᠠ ᠨᠢ ᠬᠠᠤᠯᠢ ᠳᠤ ᠲᠣᠭᠲᠠᠭᠠᠭᠰᠠᠨ ᠳᠡᠰ ᠳᠠᠷᠠᠭᠠᠯᠠᠯ ᠶᠣᠰᠣᠭᠠᠷ᠂ ᠵᠠᠷᠭᠤᠯᠳᠤᠬᠤ ᠪᠠ ᠵᠠᠷᠭᠤᠯᠳᠤᠬᠤ ᠲᠠᠢ ᠬᠤᠯᠪᠣᠭ᠎ᠠ ᠲᠠᠢ ᠦᠯᠦ ᠵᠠᠷᠭᠤᠯᠳᠤᠬᠤ ᠠᠵᠢᠯᠯᠠᠭ᠎ᠠ ᠶᠢᠨ ᠳᠤᠮᠳᠠ᠂ ᠬᠠᠤᠯᠢ ᠴᠠᠭᠠᠵᠠ᠂ ᠬᠠᠤᠯᠢ ᠲᠣᠭᠲᠠᠭᠠᠯ ᠶᠣᠰᠣᠭᠠᠷ ᠵᠣᠬᠢᠶᠠᠭᠰᠠᠨ ᠬᠠᠤᠯᠢ ᠴᠠᠭᠠᠵᠠ ᠶᠢᠨ ᠬᠦᠴᠦᠨ ᠪᠤᠶᠤ ᠬᠠᠤᠯᠢ ᠴᠠᠭᠠᠵᠠ ᠶᠢᠨ ᠠᠴᠢ ᠬᠤᠯᠪᠣᠭᠳᠠᠯ ᠪᠦᠬᠦᠢ ᠪᠢᠴᠢᠭ ᠬᠠᠷ᠎ᠠ ᠶᠢ ᠬᠡᠯᠡᠨ᠎ᠡ᠃      ᠬᠠᠤᠯᠢ ᠴᠠᠭᠠᠵᠠ ᠶᠢᠨ ᠪᠢᠴᠢᠭ ᠬᠠᠷ᠎ᠠ ᠭᠡᠬᠦ ᠡᠨᠡ ᠬᠦ ᠤᠬᠠᠭᠳᠠᠬᠤᠨ ᠨᠢ ᠳᠡᠯᠭᠡᠷᠡᠩᠭᠦᠢ ᠤᠳᠬ᠎ᠠ ᠪᠠ  ᠢᠪᠴᠤᠤ  ᠤᠳᠬ᠎ᠠ  ᠶᠢᠨ ᠢᠯᠭᠠᠭ᠎ᠠ ᠲᠠᠢ ᠪᠠᠶᠢᠳᠠᠭ᠃ ᠳᠡᠯᠭᠡᠷᠡᠩᠭᠦᠶ ᠤᠳᠬ᠎ᠠ ᠶᠢᠨ ᠬᠠᠤᠯᠢ ᠴᠠᠭᠠᠵᠠ ᠶᠢᠨ ᠪᠢᠴᠢᠭ ᠬᠠᠷ᠎ᠠ ᠭᠡᠳᠡᠭ ᠨᠢ ᠬᠠᠤᠯᠢ ᠴᠠᠭᠠᠵᠠ ᠶᠢᠨ ᠲᠠᠯ᠎ᠠ ᠪᠠᠷ ᠬᠦᠴᠦᠨ ᠲᠠᠢ ᠠᠯᠢᠪᠠ ᠪᠢᠴᠢᠭ ᠮᠠᠲ᠋ᠧᠷᠢᠶᠠᠯ᠂ ᠪᠢᠴᠢᠭ ᠬᠠᠷ᠎ᠠ  ᠶᠢ  ᠶᠡᠷᠦᠩᠬᠡᠶᠢᠯᠡᠨ  ᠵᠢᠭᠠᠵᠤ᠂ ᠤᠯᠤᠰ  ᠠᠴᠠ  ᠲᠣᠭᠲᠠᠭᠠᠭᠰᠠᠨ  ᠪᠠ  ᠮᠡᠳᠡᠷᠡᠨ  ᠵᠥᠪᠰᠢᠶᠡᠷᠡᠭᠰᠡᠨ  ᠬᠠᠤᠯᠢ  ᠴᠠᠭᠠᠵᠠ᠂ ᠬᠠᠤᠯᠢ ᠲᠣᠭᠲᠠᠭᠠᠯ ᠪᠠ ᠬᠠᠤᠯᠢ ᠴᠠᠭᠠᠵᠠ ᠶᠢ ᠬᠡᠷᠡᠭᠵᠢᠭᠦᠯᠬᠦ ᠬᠠᠤᠯᠢ ᠴᠠᠭᠠᠵᠠ ᠶᠢᠨ ᠬᠦᠴᠦᠨ ᠪᠦᠬᠦᠢ ᠪᠢᠴᠢᠭ ᠮᠠᠲ᠋ᠧᠷᠢᠶᠠᠯ᠂ ᠪᠢᠴᠢᠭ ᠬᠠᠷ᠎ᠠ ᠶᠢ ᠪᠠᠭᠲᠠᠭᠠᠨ᠎ᠠ᠃ ᠢᠪᠴᠤᠤ ᠤᠳᠬ᠎ᠠ ᠶᠢᠨ ᠬᠠᠤᠯᠢ ᠴᠠᠭᠠᠵᠠ ᠶᠢᠨ ᠪᠢᠴᠢᠭ ᠬᠠᠷ᠎ᠠ ᠭᠡᠳᠡᠭ ᠨᠢ ᠵᠦᠪᠬᠡᠨ ᠵᠠᠷᠭᠤ ᠶᠢᠨ ᠠᠵᠢᠯᠯᠠᠭ᠎ᠠ ᠶᠢᠨ ᠳᠤᠮᠳᠠ ᠪᠠ ᠵᠠᠷᠭᠤ ᠶᠢᠨ ᠠᠵᠢᠯᠯᠠᠭ᠎ᠠ ᠲᠠᠢ ᠬᠤᠯᠪᠣᠭ᠎ᠠ ᠲᠠᠢ ᠵᠠᠷᠭᠤ ᠶᠢᠨ ᠪᠤᠰᠤ ᠠᠵᠢᠯᠯᠠᠭ᠎ᠠ ᠶᠢᠨ ᠳᠤᠮᠳᠠ ᠵᠣᠬᠢᠶᠠᠭᠰᠠᠨ ᠬᠠᠣᠯᠢ ᠴᠠᠭᠠᠵᠠ ᠶᠢᠨ ᠬᠦᠴᠦᠨ ᠪᠤᠶᠤ ᠬᠠᠤᠯᠢ ᠴᠠᠭᠠᠵᠠ ᠶᠢᠨ ᠠᠴᠢ ᠬᠤᠯᠪᠣᠭᠳᠠᠯ ᠲᠠᠢ ᠪᠢᠴᠢᠭ ᠬᠠᠷ᠎ᠠ ᠶᠢ ᠵᠢᠭᠠᠳᠠᠭ ᠃ ᠢᠪᠴᠤᠤ ᠤᠳᠬ᠎ᠠ ᠶᠢᠨ ᠬᠠᠤᠯᠢ ᠴᠠᠭᠠᠵᠠ ᠶᠢᠨ ᠪᠢᠴᠢᠭ ᠬᠠᠷ᠎ᠠ ᠶᠢᠨ ᠤᠬᠠᠭᠳᠠᠬᠤᠨ  ᠳᠤ ᠪᠠᠰᠠ ᠬᠠᠤᠯᠢ ᠴᠠᠭᠠᠵᠠ ᠶᠢᠨ ᠪᠢᠴᠢᠭ ᠬᠠᠷ᠎ᠠ᠂ ᠵᠠᠷᠭᠤ ᠶᠢᠨ ᠪᠢᠴᠢᠭ ᠬᠠᠷ᠎ᠠ ᠶᠢᠨ ᠢᠯᠭᠠᠭ᠎ᠠ ᠪᠠᠶᠢᠳᠠᠭ᠃ ᠬᠠᠤᠯᠢ ᠴᠠᠭᠠᠵᠠ ᠶᠢᠨ ᠪᠢᠴᠢᠭ ᠬᠠᠷ᠎ᠠ ᠭᠡᠳᠡᠭ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︵ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠪᠠᠭᠲᠠᠨ᠎ᠠ︶᠂ ᠪᠠᠶᠢᠴᠠᠭᠠᠬᠤ  ᠪᠠᠶᠢᠭᠤᠯᠭ᠎ᠠ᠂  ᠰᠢᠭᠦᠨ  ᠲᠠᠰᠤᠯᠬᠤ  ᠪᠠᠶᠢᠭᠤᠯᠭ᠎ᠠ᠂ ᠬᠥᠳᠡᠯᠮᠦᠷᠢ ᠪᠠᠷ ᠥᠭᠡᠷᠡᠴᠢᠯᠡᠬᠦ ᠶᠢ ᠬᠠᠮᠢᠶᠠᠷᠬᠤ ᠪᠠᠶᠢᠭᠤᠯᠭ᠎ᠠ ᠶᠢᠨ ᠵᠠᠷᠭᠤ ᠶᠢᠨ ᠠᠵᠢᠯᠯᠠᠭ᠎ᠠ ᠶᠢᠨ ᠳᠤᠮᠳᠠ ᠡᠷᠬᠡ ᠲᠤᠰᠢᠶᠠᠯ ᠤᠨ ᠶᠣᠰᠣᠭᠠᠷ ᠬᠡᠷᠡᠭᠯᠡᠳᠡᠭ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠵᠢᠭᠠᠵᠤ ᠪᠣᠢ᠃ ᠵᠠᠷᠭᠤ ᠶᠢᠨ ᠪᠢᠴᠢᠭ ᠬᠠᠷ᠎ᠠ ᠭᠡᠳᠡᠭ ᠨᠢ ᠳᠡᠭᠡᠷ᠎ᠡ ᠳᠤᠷᠠᠳᠤᠭᠰᠠᠨ ᠪᠠᠶᠢᠭᠤᠯᠭ᠎ᠠ ᠪᠠ ᠲᠤᠬᠠᠶ ᠶᠢᠨ ᠬᠥᠮᠦᠨ᠂ ᠵᠠᠷᠭᠤ ᠶᠢᠨ ᠣᠷᠣᠯᠠᠭᠴᠢ ᠶᠢᠨ ᠵᠠᠷᠭᠤ ᠶᠢᠨ ᠠᠵᠢᠯᠯᠠᠭ᠎ᠠ ᠶᠢᠨ ᠳᠤᠮᠳᠠ ᠬᠠᠤᠯᠢ ᠶᠣᠰᠣᠭᠠᠷ ᠬᠡᠷᠡᠭᠯᠡᠳᠡᠭ ᠪᠢᠴᠢᠭ ᠬᠠᠷ᠎ᠠ ᠶᠢ ᠵᠢᠭᠠᠵᠤ ᠪᠣᠢ᠃      ᠬᠠᠤᠯᠢ ᠴᠠᠭᠠᠵᠠ ᠶᠢᠨ ᠪᠢᠴᠢᠭ ᠬᠠᠷ᠎ᠠ ᠪᠣᠯ ᠬᠠᠤᠯᠢ ᠴᠠᠭᠠᠵᠠ ᠶᠢᠨ ᠠᠵᠢᠯᠯᠠᠭ᠎ᠠ ᠶᠢᠨ ᠲᠤᠰᠬᠠᠶ ᠮᠡᠷᠭᠡᠵᠢᠯ ᠤᠨ ᠪᠢᠴᠢᠭ ᠬᠠᠷ᠎ᠠ ᠮᠥᠨ᠃ ᠵᠥᠪᠬᠡᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠬᠡᠷᠡᠭᠵᠢᠭᠦᠯᠪᠡᠯ ᠰᠠᠶ᠋ᠢ ᠣᠶᠢᠯᠠᠭᠠᠭᠳᠠᠬᠤᠨ ᠤ ᠲᠠᠯ᠎ᠠ ᠶᠢᠨ ᠦᠢᠯᠡᠳᠦᠯ ᠨᠢ ᠪᠣᠳᠠᠲᠤ ᠠᠴᠢ ᠬᠤᠯᠪᠣᠭᠳᠠᠯ ᠲᠠᠢ ᠪᠣᠯᠵᠣ᠂  ᠬᠠᠤᠯᠢ ᠶᠢᠨ ᠪᠣᠳᠠᠲᠤ ᠦᠷ᠎ᠡ ᠪᠦᠲᠦᠮᠵᠢ᠂ ᠲᠤᠰ ᠪᠡᠶ᠎ᠡ ᠶᠢᠨ ᠦᠨᠡᠨ ᠪᠣᠳᠠᠲᠠᠢ ᠣᠷᠣᠰᠢᠬᠤᠢ ᠶᠢ ᠢᠯᠡᠷᠡᠭᠦᠯᠦᠨ᠎ᠡ᠃ ᠬᠠᠤᠯᠢ ᠴᠠᠭᠠᠵᠠ ᠶᠢᠨ ᠪᠢᠴᠢᠭ ᠬᠠᠷ᠎ᠠ ᠪᠣᠯ ᠶᠠᠭ ᠡᠶᠢᠮᠦᠷᠬᠦ ᠦᠨᠡᠨ ᠪᠣᠳᠠᠲᠠᠶ ᠣᠷᠣᠰᠢᠬᠤ ᠶᠢ ᠢᠯᠡᠳᠬᠡᠬᠦ ᠳᠣᠲᠠᠭᠳᠠᠵᠣ ᠪᠣᠯᠤᠰᠢ ᠦᠭᠡᠢ ᠴᠢᠬᠤᠯᠠ ᠪᠠᠭᠠᠵᠢ ᠪᠠ ᠠᠴᠢᠶᠠᠯᠠᠭᠴᠢ ᠮᠥᠨ᠃      ᠡᠳ᠋ ᠬᠦᠷᠦᠩᠭᠡ ᠶᠢ ᠬᠠᠮᠵᠢᠵᠣ ᠪᠠᠶᠢᠴᠠᠭᠠᠨ ᠯᠠᠪᠯᠠᠬᠤ  ᠮᠡᠳᠡᠭᠳᠡᠯ  ᠤᠨ  ᠪᠢᠴᠢᠭ  ᠢ  ᠳᠠᠷᠤᠮᠠᠯᠯᠠᠵᠤ ᠬᠡᠷᠡᠭᠯᠡᠬᠦ ᠭᠡᠪᠡᠯ᠂ ᠠᠷᠣ ᠳᠠᠬᠢ ᠪᠠᠭᠤᠯᠭᠠᠬᠤ ᠬᠡᠯᠬᠢᠶᠡᠰᠦ ᠶᠢ ᠳᠠᠷᠣᠭᠠᠷᠠᠢ︕      ᠪᠠᠭᠤᠯᠭᠠᠨ ᠳᠠᠷᠣᠮᠠᠯᠯᠠᠬᠤ ᠬᠡᠯᠬᠢᠶᠡᠰᠦ
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ