ᠳᠣᠲᠣᠭᠠᠳᠤ ᠶᠢ ᠬᠠᠮᠠᠭᠠᠯᠠᠬᠤ ᠲᠢᠩᠬᠢᠮ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ | 1 — 7 ᠳ᠋ᠤᠭᠠᠷ ᠰᠠᠷ᠎ᠠ ᠶᠢᠨ ᠪᠥᠬᠦ ᠣᠷᠣᠨ ᠤ ᠴᠠᠬᠢᠯᠭᠠᠨ ᠬᠤᠯᠪᠣᠭ᠎ᠠ ᠰᠦᠯᠵᠢᠶᠡᠨ ᠤ | ᠮᠡᠬᠡᠯᠡᠯ ᠳᠤ ᠴᠣᠬᠢᠯᠲᠠ ᠥᠭᠭᠦᠭᠰᠡᠨ ᠦᠷ᠎ᠡ ᠪᠦᠲᠦᠭᠡᠯ ᠢ ᠨᠡᠶᠢᠲᠡᠯᠡᠪᠡ | | | 8 ᠰᠠᠷ᠎ᠠ ᠶᠢᠨ 19 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠰᠣᠨᠢᠨ ᠮᠡᠳᠡᠭᠡ ᠨᠡᠶᠢᠲᠡᠯᠡᠬᠦ | ᠬᠤᠷᠠᠯ ᠬᠤᠷᠠᠯᠳᠤᠭᠤᠯᠵᠤ᠂ 1 ᠳ᠋ᠦᠭᠡᠷ ᠰᠠᠷ᠎ᠠ ᠠᠴᠠ 7 ᠳ᠋ᠤᠭᠠᠷ ᠰᠠᠷ᠎ᠠ ᠪᠣᠯᠲᠠᠯᠠᠬᠢ ᠪᠦᠬᠦ ᠣᠷᠣᠨ ᠤ ᠴᠠᠬᠢᠯᠭᠠᠨ ᠬᠤᠯᠪᠣᠭ᠎ᠠ ᠰᠦᠯᠵᠢᠶ᠎ᠡ ᠶᠢᠨ ᠰᠢᠨ᠎ᠡ ᠬᠡᠯᠪᠡᠷᠢ ᠶᠢᠨ | ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠭᠰᠠᠨ ᠬᠠᠮᠢᠶ᠎ᠠ ᠪᠦᠬᠦᠢ ᠪᠠᠶᠢᠳᠠᠯ ᠵᠢᠴᠢ ᠠᠵᠢᠯ ᠤᠨ ᠠᠷᠭ᠎ᠠ ᠬᠡᠮᠵᠢᠶ᠎ᠡ ᠶᠢ ᠲᠠᠨᠢᠯᠴᠠᠭᠤᠯᠵᠤ᠂ | ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠡᠷᠡᠭᠦᠤ ᠶᠢᠨ ᠬᠡᠷᠡᠭ ᠤᠨ ᠲᠤᠷᠰᠢᠨ ᠪᠠᠶᠢᠴᠠᠭᠠᠯᠲᠠ ᠶᠢᠨ ᠶᠡᠷᠦᠩᠬᠡᠶ ᠠᠩᠭᠢ ᠶᠢᠨ ᠳᠡᠳ᠋ ᠳᠠᠷᠤᠭ᠎ᠠ ᠯᠢᠶᠠᠩ ᡁᠢ ᠵᠥᠩ᠂ | ᠡᠷᠡᠭᠦᠤ ᠶᠢᠨ ᠬᠡᠷᠡᠭ ᠤᠨ ᠲᠤᠷᠰᠢᠨ ᠪᠠᠶᠢᠴᠠᠭᠠᠯᠲᠠ ᠶᠢᠨ ᠶᠡᠷᠦᠩᠬᠡᠶ ᠠᠩᠭᠢ ᠶᠢᠨ ᠶᠠᠯᠠᠲᠤ ᠬᠡᠷᠡᠭ ᠢ ᠲᠤᠷᠰᠢᠨ ᠪᠠᠶᠢᠴᠠᠭᠠᠬᠤ ᠰᠢᠨ᠎ᠡ ᠬᠡᠯᠪᠡᠷᠢ ᠶᠢᠨ ᠰᠠᠯᠪᠤᠷᠢ | ᠠᠩᠭᠢ ᠶᠢᠨ ᠳᠥᠷᠪᠡᠳᠦᠭᠡᠷ ᠳᠡᠰ ᠤᠨ ᠡᠷᠬᠢᠯᠡᠭᠴᠢ ᠯᠢ ᠾᠧ᠂ ᠡᠷᠡᠭᠦᠤ ᠶᠢᠨ ᠬᠡᠷᠡᠭ ᠤᠨ ᠲᠤᠷᠰᠢᠨ ᠪᠠᠶᠢᠴᠠᠭᠠᠯᠲᠠ ᠶᠢᠨ ᠶᠡᠷᠦᠩᠬᠡᠶ ᠠᠩᠭᠢ ᠶᠢᠨ ᠶᠠᠯᠠᠲᠤ ᠬᠡᠷᠡᠭ ᠢ | ᠲᠤᠷᠰᠢᠨ ᠪᠠᠶᠢᠴᠠᠭᠠᠬᠤ ᠰᠢᠨ᠎ᠡ ᠬᠡᠯᠪᠡᠷᠢ ᠶᠢᠨ ᠰᠠᠯᠪᠤᠷᠢ ᠠᠩᠭᠢ ᠶᠢᠨ ᠲᠠᠩᠨᠠᠭᠴᠢ ᠳᠠᠷᠤᠭ᠎ᠠ ᠰᠢᠤᠢ ᠰᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ | ᠪᠥᠭᠡᠳ ᠣᠷᠣᠨ ᠳᠤ ᠰᠠᠭᠤᠭ᠎ᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠥᠬᠡᠬᠤᠲᠠ ᠶᠢᠨ ᠡᠯ᠎ᠡ ᠭᠤᠤᠯ ᠵᠠᠭᠤᠴᠢᠯᠠᠭᠤᠷ ᠤᠨ ᠰᠤᠷᠪᠤᠯᠵᠢᠯᠠᠭᠴᠢ ᠶᠢᠨ | ᠠᠰᠠᠭᠤᠯᠲᠠ ᠶᠢ ᠬᠠᠷᠢᠭᠤᠯᠪᠠ᠃ | | | | | ᠰᠣᠨᠢᠨ ᠮᠡᠳᠡᠭᠡ ᠨᠡᠶᠢᠲᠡᠯᠡᠬᠦ ᠬᠤᠷᠠᠯ ᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠤᠯᠤᠰ ᠲᠥᠷᠥ ᠶᠢᠨ ᠬᠡᠯᠲᠡᠰ ᠤᠨ | ᠰᠣᠨᠢᠨ ᠮᠡᠳᠡᠭᠡ ᠤᠬᠠᠭᠤᠯᠬᠤ ᠭᠠᠵᠠᠷ ᠤᠨ ᠳᠡᠳ᠋ ᠳᠠᠷᠤᠭ᠎ᠠ ᠢᠦᠶ ᠰᠢᠶᠤᠤ ᠼᠦᠨ ᠡᠷᠭᠢᠯᠡᠪᠡ᠃ | 1 ᠳ᠋ᠦᠭᠡᠷ ᠰᠠᠷ᠎ᠠ ᠠᠴᠠ 7 ᠳ᠋ᠤᠭᠠᠷ ᠰᠠᠷ᠎ᠠ ᠪᠣᠯᠲᠠᠯ᠎ᠠ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠴᠠᠬᠢᠯᠭᠠᠨ ᠬᠤᠯᠪᠣᠭ᠎ᠠ | ᠰᠦᠯᠵᠢᠶᠡᠨ ᠤ ᠮᠡᠬᠡᠯᠡᠯ ᠳᠤ ᠴᠣᠬᠢᠯᠲᠠ ᠥᠭᠭᠦᠭᠰᠡᠨ ᠦᠷ᠎ᠡ ᠪᠦᠲᠦᠮᠵᠢ | ᠡᠨᠡ ᠵᠢᠯ ᠤᠨ 1 — 7 ᠰᠠᠷ᠎ᠠ ᠳᠤ᠂ ᠪᠥᠬᠦ ᠣᠷᠣᠨ ᠳᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠢ ᠨᠡᠶᠢᠲᠡ 2585 ᠢᠯᠡᠷᠡᠭᠦᠯᠵᠦ᠂ | ᠠᠳᠠᠯᠢ ᠬᠤᠭᠤᠴᠠᠭᠠᠨ ᠤ ᠬᠢ ᠠᠴᠠ 63.3% ᠪᠠᠷ ᠳᠡᠭᠡᠭᠰᠢᠯᠡᠵᠡᠶ︔ ᠶᠠᠯ᠎ᠠ ᠬᠢᠭᠰᠡᠨ ᠰᠡᠵᠢᠭᠯᠡᠯᠲᠡᠶ 3197 ᠬᠥᠮᠦᠨ ᠢ ᠪᠠᠷᠢᠪᠴᠢᠯᠠᠵᠤ᠂ ᠠᠳᠠᠯᠢ | ᠬᠤᠭᠤᠴᠠᠭᠠᠨ ᠤ ᠬᠢ ᠠᠴᠠ 193.3% ᠪᠠᠷ ᠨᠡᠮᠡᠭᠳᠡᠪᠡ︔ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ 35.4 ᠳ᠋ᠦᠩᠰᠢᠭᠤᠷ ᠲᠥᠭᠦᠷᠢᠭ ᠲᠤ ᠬᠦᠷᠴᠦ | ᠂ ᠠᠳᠠᠯᠢ ᠬᠤᠭᠤᠴᠠᠭᠠᠨ ᠤ ᠬᠢ ᠴᠠ 669.5% ᠪᠠᠷ ᠨᠡᠮᠡᠭᠳᠡᠪᠡ᠃ | | 1. ᠬᠢᠵᠢᠭ ᠤᠨ ᠪᠠᠶᠢᠳᠠᠯ ᠤᠨ ᠮᠡᠬᠡᠯᠡᠯ ᠳᠤ ᠬᠤᠯᠪᠣᠭᠳᠠᠭᠰᠠᠨ ᠶᠠᠯᠠᠲᠤ ᠠᠵᠢᠯᠯᠠᠭ᠎ᠠ ᠳᠤ ᠬᠦᠨᠳᠦ ᠪᠥᠭᠡᠳ ᠲᠦᠷᠭᠡᠨ ᠴᠣᠬᠢᠯᠲᠠ ᠥᠭᠭᠦᠨ᠎ᠡ | ᠤᠯᠤᠰ ᠳᠠᠶᠠᠭᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠢᠵᠢᠭ ᠤᠨ ᠪᠠᠶᠢᠳᠠᠯ ᠢ ᠡᠰᠡᠷᠭᠦᠴᠡᠵᠦ ᠪᠠᠶᠢᠭ᠎ᠠ ᠵᠠᠩᠭᠢᠯᠠᠭ᠎ᠠ ᠶᠢᠨ ᠦᠶ᠎ᠡ ᠳᠤ᠂ | ᠴᠥᠭᠡᠨ ᠲᠣᠭᠠᠨ ᠤ ᠬᠠᠤᠯᠢ ᠪᠤᠰᠤ ᠡᠲᠡᠭᠡᠳ ᠬᠢᠵᠢᠭ ᠤᠨ ᠪᠠᠶᠢᠳᠠᠯ ᠤᠨ ᠨᠡᠷ᠎ᠡ ᠶᠢ ᠠᠰᠢᠭᠯᠠᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ | ᠠᠵᠢᠯᠯᠠᠭ᠎ᠠ ᠬᠢᠵᠦ᠂ ᠰᠢᠨᠵᠢ ᠴᠢᠨᠠᠷ ᠨᠢ ᠲᠦᠢᠯ ᠤᠨ ᠮᠠᠭᠤ ᠪᠠᠶᠢᠳᠠᠭ᠃ ᠪᠥᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ | ᠲᠣᠰ ᠭᠠᠵᠠᠷ ᠣᠷᠣᠨ ᠤ ᠪᠠᠨ ᠬᠢᠵᠢᠭ ᠲᠤ ᠬᠤᠯᠪᠣᠭᠳᠠᠭᠰᠠᠨ ᠮᠡᠬᠡᠯᠡᠯ ᠤᠨ ᠬᠡᠷᠡᠭ ᠢ ᠡᠮᠬᠢᠯᠡᠨ ᠳᠢᠭᠯᠡᠬᠦ ᠶᠢ ᠴᠢᠩᠭᠠᠳᠬᠠᠭᠰᠠᠨ ᠰᠠᠭᠤᠷᠢᠨ ᠳᠡᠭᠡᠷ᠎ᠡ᠂ ᠲᠤᠷᠰᠢᠨ | ᠪᠠᠶᠢᠴᠠᠭᠠᠬᠤ ᠠᠷᠭ᠎ᠠ ᠪᠠᠷᠢᠯ ᠢᠶᠠᠨ ᠲᠠᠰᠤᠷᠠᠯᠲᠠ ᠥᠬᠡᠶ ᠪᠠᠶᠠᠯᠢᠭᠵᠢᠭᠤᠯᠵᠤ᠂ ᠬᠡᠷᠡᠭ ᠤᠨ ᠰᠦᠪᠡᠭᠴᠢ ᠶᠢᠨ ᠡᠵᠡᠩᠨᠡᠯᠲᠡ ᠰᠢᠪᠲᠤᠯᠤᠯᠲᠠ ᠶᠢᠨ ᠡᠷᠴᠢᠮ ᠢᠶᠠᠨ | ᠴᠢᠩᠭᠠᠷᠠᠭᠤᠯᠤᠨ᠂ ᠪᠥᠬᠦ ᠣᠷᠣᠨ ᠤ ᠬᠡᠪᠴᠢᠶᠡᠨ ᠳᠤ ᠬᠢᠵᠢᠭ ᠲᠤ ᠬᠤᠯᠪᠣᠭᠳᠠᠭᠰᠠᠨ ᠮᠡᠬᠡᠯᠡᠯ᠂ ᠴᠠᠬᠢᠯᠭᠠᠨ ᠬᠤᠯᠪᠣᠭ᠎ᠠ ᠰᠦᠯᠵᠢᠶ᠎ᠡ ᠶᠢᠨ ᠮᠡᠬᠡᠯᠡᠯ ᠳᠤ ᠴᠢᠩᠭ᠎ᠠ | ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠷᠠᠳ ᠣᠯᠠᠨ ᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠪᠠ᠃ | ᠪᠥᠬᠦ ᠣᠷᠣᠨ ᠳᠤ ᠬᠢᠵᠢᠭ ᠲᠤ ᠬᠤᠯᠪᠣᠭᠳᠠᠭᠰᠠᠨ ᠮᠡᠬᠡᠯᠡᠯ ᠤᠨ ᠬᠡᠷᠡᠭ ᠢ ᠨᠡᠶᠢᠲᠡ 276 ᠢᠯᠡᠷᠡᠭᠦᠯᠵᠦ᠂ 120 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠪᠠ᠃ | | 2. ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠲᠣᠪᠤᠶᠢᠮ᠎ᠠ ᠶᠠᠯᠠᠲᠤ ᠠᠵᠢᠯᠯᠠᠭ᠎ᠠ ᠳᠤ ᠲᠥᠪᠯᠡᠷᠡᠭᠦᠯᠦᠨ ᠴᠣᠬᠢᠯᠲᠠ ᠥᠭᠭᠦᠨ᠎ᠡ | ᠪᠦᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠠᠯᠢ ᠲᠦᠷᠦᠯ ᠤᠨ ᠶᠠᠯᠠᠲᠤ ᠠᠵᠢᠯᠯᠠᠭ᠎ᠠ ᠲᠤᠪᠤᠶᠢᠮ᠎ᠠ ᠪᠠᠶᠢᠪᠠᠯ᠂ | ᠲᠡᠷᠡ ᠲᠦᠷᠦᠯ ᠤᠨ ᠶᠠᠯᠠᠲᠤ ᠠᠵᠢᠯᠯᠠᠭ᠎ᠠ ᠳᠤ ᠬᠦᠴᠦᠲᠡᠢ ᠴᠣᠬᠢᠯᠲᠠ ᠪᠠᠷᠢᠮᠲᠠᠯᠠᠨ᠎ᠠ᠃ ᠵᠢᠭᠡᠯᠡᠯᠭᠡ ᠶᠢᠨ ᠮᠥᠩᠭᠦ᠂ ᠳᠠᠩᠰᠠ ᠬᠢᠯᠭᠡᠬᠦ᠂ ᠭᠠᠭ᠋ᠠᠢ ᠲᠡᠵᠢᠭᠡᠬᠦ ᠮᠡᠬᠡᠯᠡᠯ᠂ | ᠦᠢᠯᠡᠴᠢᠯᠡᠭᠴᠢ ᠪᠠᠷ ᠣᠪᠯᠠᠬᠤ ᠵᠡᠷᠭᠡ 4 ᠲᠥᠷᠥᠯ ᠤᠨ ᠰᠦᠯᠵᠢᠶᠡᠨ ᠤ ᠮᠡᠬᠡᠯᠡᠯ ᠤᠨ ᠬᠡᠷᠡᠭ ᠲᠤ ᠴᠢᠭᠯᠡᠭᠦᠯᠦᠨ᠂ ᠤᠯᠠᠨ ᠲᠦᠮᠡᠨ ᠳᠤ ᠯᠤᠲᠤ ᠶᠡᠭᠡ ᠬᠤᠬᠢᠷᠠᠯ | ᠤᠴᠠᠷᠠᠭᠤᠯᠤᠭᠰᠠᠨ ᠲᠤᠪᠤᠶᠢᠮ᠎ᠠ ᠪᠠᠶᠢᠳᠠᠯ ᠳᠤ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ︽ᠡᠭᠦᠯᠡᠨ ᠰᠡᠯᠡᠮ᠎ᠡ 2021︾ | ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠥᠨᠳᠥᠷ ᠳᠠᠷᠤᠯᠲᠠᠲᠤ ᠴᠢᠩᠭ᠎ᠠ ᠴᠣᠬᠢᠯᠲᠠ ᠥᠭᠬᠦ ᠪᠠᠶᠢᠳᠠᠯ ᠢ ᠦᠷᠭᠦᠯᠵᠢᠯᠡᠨ ᠪᠠᠲᠤᠯᠠᠵᠤ᠂ ᠴᠠᠬᠢᠯᠭᠠᠨ ᠬᠤᠯᠪᠣᠭ᠎ᠠ | ᠰᠦᠯᠵᠢᠶ᠎ᠡ ᠪᠠᠷ ᠮᠡᠬᠡᠯᠡᠬᠦ ᠶᠠᠯᠠᠲᠤ ᠠᠵᠢᠯᠯᠠᠭ᠎ᠠ ᠶᠢ ᠴᠢᠩᠭ᠎ᠠ ᠰᠡᠷᠭᠡᠶᠢᠯᠡᠵᠦ᠂ ᠲᠦᠷᠪᠡᠨ ᠶᠡᠭᠡ ᠲᠦᠷᠦᠯ ᠤᠨ ᠤᠯᠠᠨ ᠡᠭᠦᠰᠳᠡᠭ ᠬᠡᠷᠡᠭ ᠢ ᠲᠥᠪᠯᠡᠷᠡᠭᠦᠯᠦᠨ ᠰᠤᠳᠤᠯᠤᠨ | ᠮᠠᠭᠠᠳᠯᠠᠵᠤ᠂ ᠪᠦᠬᠦ ᠬᠡᠯᠬᠢᠶ᠎ᠡ ᠪᠠᠷ ᠪᠦᠯᠦᠭᠯᠡᠨ ᠴᠣᠬᠢᠯᠲᠠ ᠥᠭᠴᠦ᠂ ᠭᠦᠨᠵᠡᠭᠡᠢ ᠲᠤᠭᠤᠰᠢᠲᠠᠢ ᠴᠣᠬᠢᠯᠲᠠ ᠥᠭᠬᠦ ᠶᠢ ᠪᠠᠲᠤᠯᠠᠵᠤ ᠂ ᠬᠦᠴᠦᠲᠡᠢ ᠰᠦᠷᠳᠡᠭᠦᠯᠦᠯ | ᠢ ᠪᠤᠢ ᠪᠣᠯᠭᠠᠵᠤ᠂ ᠶᠠᠯᠠᠲᠤ ᠡᠲᠡᠭᠡᠳ ᠤᠨ ᠭᠠᠯᠵᠠᠭᠤ ᠠᠭᠠᠰᠢᠯᠠᠵᠤ ᠪᠠᠶᠢᠭ᠎ᠠ ᠣᠮᠤᠭ ᠰᠦᠷ ᠢ ᠡᠷᠡᠰ ᠳᠠᠷᠤᠪᠠ᠃ ᠣᠲᠣ ᠪᠣᠯᠲᠠᠯ᠎ᠠ᠂ ᠪᠥᠬᠦ ᠣᠷᠣᠨ ᠳᠤ ᠬᠡᠷᠡᠭ ᠲᠤ | ᠬᠤᠯᠪᠣᠭᠳᠠᠭᠰᠠᠨ ᠵᠣᠭᠤᠰ ᠤᠨ ᠲᠤᠭ᠎ᠠ ᠨᠢ 50 ᠲᠦᠮᠡᠨ ᠲᠥᠭᠦᠷᠢᠭ ᠠᠴᠠ ᠳᠡᠭᠡᠭᠰᠢᠬᠢ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠢ ᠨᠡᠶᠢᠲᠡ | 122᠂ 100 ᠲᠦᠮᠡᠨ ᠲᠥᠭᠦᠷᠢᠭ ᠠᠴᠠ ᠳᠡᠭᠡᠭᠰᠢᠬᠢ ᠬᠡᠷᠡᠭ ᠢ 31 ᠢᠯᠡᠷᠡᠭᠦᠯᠵᠡᠶ᠃ | | 3. ᠳᠡᠭᠡᠳᠦ ᠳᠤᠤᠷᠠᠳᠤ ᠤᠷᠤᠰᠬᠠᠯ ᠤᠨ ᠬᠠᠷ᠎ᠠ ᠪᠣᠷᠣ ᠠᠵᠤ ᠦᠢᠯᠡᠰ ᠲᠤ ᠬᠤᠯᠪᠣᠭᠳᠠᠭᠰᠠᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ | ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠦᠳᠲᠡᠷ ᠲᠦᠷᠭᠡᠨ ᠬᠥᠭᠵᠢᠯᠲᠡ ᠳᠤ᠂ ᠮᠤᠨᠳᠠᠭ ᠶᠡᠭᠡ ᠬᠠᠷ᠎ᠠ ᠪᠣᠷᠣ ᠠᠵᠤ ᠦᠢᠯᠡᠰ ᠪᠣᠯ ᠬᠥᠰᠢᠭᠡ ᠶᠢᠨ | ᠠᠷᠤ ᠳᠠᠬᠢ ᠴᠢᠬᠤᠯᠠ ᠲᠦᠯᠬᠢᠭᠴᠢ ᠪᠠ ᠡᠬᠢ ᠰᠤᠷᠪᠤᠯᠵᠢ ᠮᠥᠨ᠂ ᠵᠠᠷᠢᠮ ᠨᠢ ᠶᠠᠯᠠᠲᠤ ᠡᠲᠡᠭᠡᠳ ᠲᠤ ᠶᠠᠯ᠎ᠠ ᠬᠢᠬᠦ ᠠᠷᠭ᠎ᠠ ᠪᠠᠷᠢᠯ ᠢ ᠤᠯᠠᠮᠵᠢᠯᠠᠨ ᠲᠠᠷᠬᠠᠭᠠᠵᠤ᠂ | ᠵᠠᠷᠢᠮ ᠨᠢ ᠬᠡᠷᠡᠭ ᠦᠢᠯᠡᠳᠬᠦ ᠪᠠᠭᠠᠵᠢ ᠪᠤᠯᠵᠤ᠂ ᠵᠠᠷᠢᠮ ᠨᠢ ᠲᠠᠩᠰᠠ ᠰᠢᠯᠵᠢᠭᠦᠯᠦᠨ ᠵᠣᠭᠤᠰ ᠤᠬᠢᠶᠠᠬᠤ ᠳᠤ ᠬᠡᠷᠡᠭᠯᠡᠭᠳᠡᠵᠦ᠂ ᠵᠠᠷᠢᠮ ᠨᠢ ᠶᠠᠯᠠᠲᠤ ᠡᠲᠡᠭᠡᠳ ᠲᠤ | ᠮᠡᠷᠭᠡᠵᠢᠯ ᠤᠨ ᠲᠤᠯᠭᠠᠭᠤᠷᠢᠯᠠᠯ ᠬᠠᠩᠭᠠᠵᠤ ᠪᠠᠶᠢᠨ᠎ᠠ᠃ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠬᠠᠷ᠎ᠠ ᠪᠣᠷᠣ ᠠᠵᠤ ᠦᠢᠯᠡᠰ ᠲᠤ | ᠬᠤᠯᠪᠣᠭᠳᠠᠭᠰᠠᠨ ᠶᠠᠯᠠᠲᠤ ᠠᠵᠢᠯᠯᠠᠭ᠎ᠠ ᠳᠤ ︽ᠥᠴᠦᠬᠡᠨ ᠴᠦ ᠢᠯᠳᠠᠷ ᠬᠠᠶᠠᠬᠤ ᠦᠭᠡᠶ︾ ᠪᠠᠶᠢᠬᠤ ᠶᠢ ᠪᠠᠷᠢᠮᠲᠠᠯᠠᠵᠤ᠂ ᠮᠡᠬᠡᠯᠡᠬᠦ ᠠᠵᠢᠯᠯᠠᠭ᠎ᠠ ᠳᠤ | ᠬᠤᠯᠪᠣᠭᠳᠠᠭᠰᠠᠨ ᠬᠠᠷ᠎ᠠ ᠪᠣᠷᠣ ᠠᠵᠤ ᠦᠢᠯᠡᠰ ᠤᠨ ᠰᠦᠪᠡᠭᠴᠢ ᠶᠢ ᠲᠥᠪᠯᠡᠷᠡᠭᠦᠯᠦᠨ ᠰᠤᠳᠤᠯᠤᠨ ᠮᠠᠭᠠᠳᠯᠠᠵᠤ᠂ ᠬᠥᠰᠢᠭᠡ ᠶᠢᠨ ᠠᠷᠤ ᠢ ᠭᠦᠨ ᠮᠠᠯᠲᠠᠵᠤ ᠴᠣᠬᠢᠯᠲᠠ | ᠥᠭᠬᠦ᠂ ᠶᠠᠯᠠᠲᠤ ᠬᠡᠷᠡᠭ ᠤᠨ ᠭᠢᠨᠵᠢ ᠶᠢ ᠲᠡᠰᠦᠯᠵᠦ᠂ ᠬᠢᠨᠠᠨ ᠬᠠᠮᠢᠶᠠᠷᠤᠯᠲᠠ ᠶᠢᠨ ᠠᠯᠳᠠᠰᠢ ᠭᠠᠷᠬᠤ ᠶᠢ ᠬᠤᠷᠢᠭᠯᠠᠵᠤ᠂ ᠰᠠᠭᠤᠷᠢ ᠡᠵᠡᠩᠨᠡᠯᠲᠡ ᠶᠢᠨ | ᠬᠤᠳᠠᠯᠳᠤᠭᠠᠴᠢᠨ᠂ ᠪᠠᠩᠬᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠮᠵᠢᠯᠴᠠᠨ ᠨᠡᠪᠲᠡᠷᠡᠯᠴᠡᠬᠦ ᠪᠠᠨ ᠴᠢᠩᠭᠠᠳᠬᠠᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ | ᠮᠡᠬᠡᠯᠡᠯ ᠳᠤ ᠬᠤᠯᠪᠣᠭᠳᠠᠭᠰᠠᠨ ᠶᠠᠯᠠᠲᠤ ᠠᠵᠢᠯᠯᠠᠭ᠎ᠠ ᠶᠢ ᠡᠬᠢ ᠡᠭᠦᠰᠦᠯ ᠠᠴᠠ ᠨᠢ ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠵᠦ᠂ ︽ᠺᠠᠷᠲ ᠲᠠᠰᠤᠯᠬᠤ︾ | ᠲᠤᠰᠬᠠᠢ ᠠᠵᠢᠯᠯᠠᠭ᠎ᠠ ᠶᠢ ᠬᠦᠴᠦᠲᠡᠢ ᠠᠬᠢᠭᠤᠯᠵᠤ᠂ ᠪᠦᠬᠦ ᠠᠵᠢᠯ ᠲᠦᠷᠦᠯ᠂ ᠪᠦᠬᠦ ᠬᠦᠷᠢᠶᠡᠨ ᠤ ᠠᠰᠠᠭᠤᠳᠠᠯ ᠲᠦᠭᠰᠢᠭᠦᠷᠢ ᠶᠢ ᠶᠡᠬᠡᠪᠡᠷ ᠵᠢᠭᠰᠠᠭᠠᠨ | ᠪᠠᠶᠢᠴᠠᠭᠠᠬᠤ ᠶᠢ ᠥᠷᠨᠢᠭᠦᠯᠵᠦ᠂ ᠠᠵᠢᠯ ᠲᠦᠷᠦᠯ ᠤᠨ ᠠᠯᠳᠠᠰᠢ ᠭᠠᠷᠬᠤ ᠶᠢ ᠬᠤᠷᠢᠭᠯᠠᠵᠤ᠂ ︽ᠬᠤᠶᠠᠷ ᠺᠠᠷᠲ︾ ᠢ ᠬᠠᠤᠯᠢ ᠪᠤᠰᠤ ᠪᠠᠷ ᠬᠤᠳᠠᠯᠳᠤᠭᠠᠯᠠᠭᠰᠠᠨ | ᠬᠠᠤᠯᠢ ᠠᠴᠠ ᠵᠥᠷᠢᠴᠡᠭᠰᠡᠨ ᠶᠠᠯᠠᠲᠤ ᠡᠲᠡᠭᠡᠳ ᠢ ᠪᠠᠶᠢᠩᠭᠤᠵᠢᠭᠤᠯᠤᠨ ᠵᠠᠯᠬᠠᠭᠠᠨ ᠴᠡᠭᠡᠷᠯᠡᠭᠦᠯᠵᠦ᠂ ᠬᠦᠴᠦᠲᠡᠢ ᠰᠦᠷᠳᠡᠭᠦᠯᠦᠯ ᠢ ᠪᠤᠢ ᠪᠣᠯᠭᠠᠨ᠎ᠠ᠃ ᠣᠲᠣ ᠪᠣᠯᠲᠠᠯ᠎ᠠ᠂ | ᠨᠡᠶᠢᠲᠡ 19 ᠵᠣᠭᠤᠰ ᠤᠬᠢᠶᠠᠬᠤ ᠪᠦᠯᠬᠦᠮ ᠢ ᠤᠰᠠᠳᠬᠠᠵᠤ᠂ 24 ᠵᠣᠭᠤᠰ ᠤᠬᠢᠶᠠᠬᠤ ᠡᠭᠦᠷ ᠢ ᠠᠷᠢᠯᠭᠠᠵᠤ᠂ 132 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ | ᠂ 217 ᠬᠥᠮᠦᠨ ᠢ ᠵᠠᠯᠬᠠᠭᠠᠨ ᠴᠡᠭᠡᠷᠯᠡᠭᠦᠯᠵᠡᠶ᠃ | | 4. ᠠᠷᠠᠳ ᠤᠯᠠᠨ ᠤ ᠮᠡᠬᠡᠯᠡᠭᠳᠡᠬᠦ ᠬᠤᠬᠢᠷᠠᠯ ᠠᠮᠰᠠᠬᠤ ᠶᠢ ᠪᠦᠬᠦ ᠲᠠᠯ᠎ᠠ ᠪᠠᠷ ᠭᠦᠨᠵᠡᠭᠡᠢ ᠬᠤᠷᠢᠭᠯᠠᠵᠤ ᠪᠠᠶᠢᠨ᠎ᠠ | ᠪᠦᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠢᠮᠠᠭᠲᠠ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠷᠠᠳ | ᠲᠦᠮᠡᠨ ᠤ ᠠᠰᠢᠭ ᠲᠤᠰᠠ ᠶᠢᠨ ᠲᠥᠯᠥᠭᠡ ᠲᠡᠮᠡᠴᠡᠵᠦ᠂ ᠠᠷᠭ᠎ᠠ ᠪᠦᠬᠦᠨ ᠢ ᠰᠦᠪᠡᠭᠴᠢᠯᠡᠨ ᠬᠡᠷᠡᠭ ᠭᠠᠷᠬᠤ ᠶᠢ ᠪᠠᠭᠠᠰᠬᠠᠵᠤ᠂ ᠬᠠᠮᠤᠭ ᠤᠨ ᠶᠡᠭᠡ ᠬᠡᠮᠵᠢᠶ᠎ᠡ ᠪᠠᠷ | ᠤᠯᠠᠨ ᠲᠦᠮᠡᠨ ᠢ ᠬᠤᠬᠢᠷᠠᠯ ᠠᠴᠠ ᠵᠠᠶᠢᠯᠠᠭᠤᠯᠪᠠ᠃ ᠶᠠᠯ᠎ᠠ ᠬᠢᠬᠦ ᠠᠷᠭ᠎ᠠ ᠪᠠᠷᠢᠯ ᠤᠨ ᠲᠠᠰᠤᠷᠠᠯᠲᠠ ᠦᠭᠡᠶ ᠬᠤᠪᠢᠷᠠᠵᠤ ᠪᠠᠶᠢᠭ᠎ᠠ ᠪᠠᠶᠢᠳᠠᠯ ᠳᠤ ᠴᠢᠭᠯᠡᠭᠦᠯᠦᠨ᠂ | ᠴᠣᠬᠢᠯᠲᠠ ᠥᠭᠴᠦ ᠰᠡᠷᠭᠡᠶᠢᠯᠡᠬᠦ ᠠᠷᠭ᠎ᠠ ᠪᠣᠳᠣᠯᠭ᠎ᠠ ᠳᠤ ᠴᠠᠭ ᠲᠤᠬᠠᠶ ᠳᠤ ᠨᠢ ᠲᠣᠬᠢᠷᠠᠭᠤᠯᠤᠯᠲᠠ ᠬᠢᠵᠦ᠂ ︽ᠬᠠᠮᠲᠤᠷᠠᠭᠰᠠᠨ ᠲᠦᠷᠢᠮ + ᠮᠡᠬᠡᠯᠡᠯ ᠢ ᠡᠰᠡᠷᠭᠦᠴᠡᠬᠦ | ᠲᠤᠰᠬᠠᠶ ᠠᠩᠭᠢ︾ ᠪᠠᠷ ᠬᠤᠯᠪᠣᠭᠠᠯᠠᠨ ᠬᠥᠳᠡᠯᠦᠯᠴᠡᠵᠦ᠂ ︽ᠴᠠᠭᠳᠠᠭᠠᠨ ᠤ ᠲᠥᠷᠥᠯ + ᠰᠠᠯᠠᠭ᠎ᠠ ᠮᠥᠴᠢᠷ︾ ᠢ ᠬᠤᠶᠠᠷ ᠡᠭᠡᠯᠵᠢ ᠪᠠᠷ ᠬᠥᠳᠡᠯᠭᠡᠨ᠂ ᠲᠦᠷᠭᠡᠨ | ᠪᠠᠶᠢᠴᠠᠭᠠᠨ ᠯᠠᠪᠯᠠᠬᠤ᠂ ᠥᠭᠬᠦ ᠶᠢ ᠵᠣᠭᠰᠣᠭᠠᠬᠤ᠂ ᠥᠯᠥ ᠬᠥᠳᠡᠯᠭᠡᠯᠭᠡᠬᠦ ᠠᠵᠢᠯ ᠢ ᠦᠷᠭᠦᠯᠵᠢᠯᠡᠨ ᠥᠷᠨᠢᠭᠦᠯᠦᠭᠰᠡᠨ ᠰᠠᠭᠤᠷᠢᠨ ᠳᠡᠭᠡᠷ᠎ᠡ᠂ ᠰᠡᠷᠡᠮᠵᠢᠯᠡᠭᠦᠯᠦᠨ | ᠬᠤᠷᠢᠭᠯᠠᠬᠤ ᠲᠣᠭᠲᠠᠴᠠ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ ᠲᠠᠰ ᠳᠡᠪᠰᠢᠭᠦᠯᠵᠦ᠂ ᠬᠠᠮᠤᠭ ᠤᠨ ᠶᠡᠭᠡ ᠬᠡᠮᠵᠢᠶ᠎ᠡ ᠪᠠᠷ ᠮᠡᠬᠡᠯᠡᠯ ᠳᠤ ᠬᠤᠯᠪᠣᠭᠳᠠᠭᠰᠠᠨ | ᠳ᠋ᠢᠶᠠᠩᠬᠤᠸᠠ ᠶᠢ ᠤᠲᠠᠰᠤᠳᠠᠵᠤ ᠳᠡᠶᠢᠯᠬᠦ ᠥᠬᠡᠶ᠂ ᠬᠤᠤᠷ ᠬᠥᠨᠥᠭᠡᠯ ᠲᠠᠢ ᠮᠡᠳᠡᠭᠡ ᠵᠠᠩᠭᠢ ᠶᠢ ᠲᠠᠷᠬᠠᠭᠠᠵᠤ ᠳᠡᠶᠢᠯᠬᠦ ᠥᠬᠡᠶ᠂ ᠮᠡᠬᠡᠯᠡᠯ ᠳᠤ ᠬᠤᠯᠪᠣᠭᠳᠠᠭᠰᠠᠨ | ᠰᠦᠯᠵᠢᠶᠡᠨ ᠤ ᠨᠡᠷ᠎ᠡ ᠪᠠ ᠰᠦᠯᠵᠢᠶᠡᠨ ᠤ ᠬᠠᠶ᠋ᠢᠭ ᠢ ᠮᠠᠨ ᠤ ᠣᠷᠣᠨ ᠳᠤ ᠨᠡᠶᠢᠲᠡᠯᠡᠵᠦ ᠳᠡᠶᠢᠯᠬᠦ ᠥᠬᠡᠶ ᠪᠣᠯᠭᠠᠨ᠎ᠠ᠃ ᠣᠲᠣ ᠪᠣᠯᠲᠠᠯ᠎ᠠ᠂ ᠤᠷᠢᠳᠴᠢᠯᠠᠨ | ᠰᠡᠷᠡᠮᠵᠢᠯᠡᠭᠦᠯᠬᠦ ᠰᠦᠪᠡᠭᠴᠢ ᠶᠢ ᠨᠡᠶᠢᠲᠡ 40.4 ᠲᠦᠮᠡᠨ ᠵᠤᠷᠪᠤᠰ ᠬᠦᠷᠭᠡᠵᠦ᠂ 96110 ᠮᠡᠬᠡᠯᠡᠯ ᠢ ᠡᠰᠡᠷᠭᠦᠴᠡᠬᠦ ᠤᠷᠢᠳᠴᠢᠯᠠᠨ ᠰᠡᠷᠡᠮᠵᠢᠯᠡᠭᠦᠯᠬᠦ ᠲᠤᠰᠬᠠᠶ | ᠨᠣᠮᠧᠷ ᠢ ᠠᠰᠢᠭᠯᠠᠨ᠂ ᠰᠦᠯᠵᠢᠶᠡᠨ ᠳᠡᠭᠡᠷ᠎ᠡ ᠤᠷᠢᠳᠴᠢᠯᠠᠨ ᠰᠡᠷᠡᠮᠵᠢᠯᠡᠭᠦᠯᠬᠦ ᠪᠠ ᠰᠦᠯᠵᠢᠶᠡᠨ ᠭᠠᠳᠠᠨ᠎ᠠ ᠢᠳᠬᠠᠨ ᠬᠤᠷᠢᠭᠯᠠᠬᠤ ᠶᠢ ᠤᠶᠠᠯᠳᠤᠭᠤᠯᠵᠤ᠂ ᠡᠳᠦᠷ | ᠪᠦᠷᠢ ᠳᠤᠮᠳᠠᠴᠢ ᠪᠠᠷ 3000 ᠭᠠᠷᠤᠶ ᠵᠤᠷᠪᠤᠰ ᠤᠷᠢᠳᠴᠢᠯᠠᠨ ᠰᠡᠷᠡᠮᠵᠢᠯᠡᠭᠦᠯᠬᠦ ᠲᠤᠭ᠎ᠠ ᠪᠠᠷᠢᠮᠲᠠ ᠶᠢ ᠬᠦᠷᠭᠡᠵᠦ ᠪᠠᠶᠢᠨ᠎ᠠ᠃ ᠮᠡᠬᠡᠯᠡᠭᠳᠡᠨ ᠬᠡᠷᠡᠭ | ᠮᠡᠳᠡᠭᠦᠯᠦᠭᠰᠡᠳ ᠤᠨ ᠬᠡᠷᠡᠭ ᠲᠤ ᠬᠤᠯᠪᠣᠭᠳᠠᠭᠰᠠᠨ ᠲᠠᠩᠰᠠᠨ ᠡᠷᠤᠭᠡ ᠶᠢ ᠲᠡᠷᠡ ᠳᠠᠷᠤᠶ ᠳᠤ ᠨᠢ ᠪᠠᠴᠢᠮ ᠵᠣᠭᠰᠣᠭᠠᠵᠤ᠂ ᠤᠯᠠᠨ ᠲᠦᠮᠡᠨ ᠤ ᠠᠵᠤ ᠠᠬᠤᠶ ᠶᠢᠨ | ᠬᠤᠬᠢᠷᠠᠯ ᠠᠴᠠ 35.4 ᠳ᠋ᠦᠩᠰᠢᠭᠤᠷ ᠲᠥᠭᠦᠷᠢᠭ ᠵᠠᠶᠢᠯᠠᠭᠤᠯᠪᠠ᠃ | | | | | ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠬᠢᠵᠢᠭ ᠤᠨ ᠬᠢᠵᠢᠭ ᠤᠨ ᠮᠡᠬᠡᠯᠡᠯ ᠤᠨ ᠶᠠᠯᠠᠲᠤ | ᠠᠵᠢᠯᠯᠠᠭ᠎ᠠ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ᠂ ᠮᠡᠬᠡᠯᠡᠯ ᠤᠨ ᠳᠡᠭᠡᠳᠦ ᠳᠣᠤᠷᠠᠳᠤ ᠤᠷᠤᠰᠬᠠᠯ ᠳᠤ ᠬᠤᠯᠪᠣᠭᠳᠠᠭᠰᠠᠨ ᠬᠠᠷ᠎ᠠ | ᠦᠨᠡᠰᠦᠨ ᠭᠠᠷᠤᠯᠲᠠ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠭᠦᠭᠰᠡᠨ ᠪᠠ ᠠᠷᠠᠳ ᠣᠯᠠᠨ ᠤ ᠮᠡᠬᠡᠯᠡᠯ ᠢ ᠬᠤᠷᠢᠭᠯᠠᠵᠤ ᠬᠤᠬᠢᠷᠠᠯ ᠢ ᠳᠠᠷᠤᠭᠰᠠᠨ ᠦᠷ᠎ᠡ | ᠪᠦᠲᠦᠮᠵᠢ ᠶᠢ ᠨᠡᠶᠢᠲᠡᠯᠡᠪᠡ᠃ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠡᠷᠡᠭᠦᠤ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠷᠦᠩᠬᠡᠶ ᠠᠩᠭᠢ ᠴᠠᠬᠢᠯᠭᠠᠨ ᠬᠤᠯᠪᠣᠭᠠᠨ ᠤ ᠰᠦᠯᠵᠢᠶᠡᠨ ᠤ | ᠮᠡᠬᠡᠯᠡᠯ ᠤᠨ ᠬᠡᠷᠡᠭ ᠤᠨ ᠶᠠᠯᠠᠲᠤ ᠠᠵᠢᠯᠯᠠᠭ᠎ᠠ ᠶᠢᠨ ᠪᠠᠶᠢᠳᠠᠯ ᠣᠨᠴᠠᠯᠢᠭ᠂ ᠴᠠᠬᠢᠯᠭᠠᠨ ᠬᠤᠯᠪᠣᠭᠠᠨ ᠤ ᠰᠦᠯᠵᠢᠶᠡᠨ ᠤ ᠮᠡᠬᠡᠯᠡᠯ ᠢ ᠬᠡᠷᠬᠢᠨ ᠰᠡᠷᠭᠡᠶᠢᠯᠡᠬᠦ ᠵᠢᠴᠢ | ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠭᠤᠤᠯ ᠠᠷᠭ᠎ᠠ ᠬᠢᠳᠡᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠶ᠃ |