ᠲᠣᠣᠷᠠᠢ ᠶᠢᠨ ᠤᠢ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠭᠡᠷᠡᠴᠢᠯᠡᠪᠡ
ᠨᠡᠶᠢᠲᠡᠯᠡᠭᠰᠡᠨ ᠴᠠᠭ᠄
2021/11/17
         ᠲᠣᠣᠷᠠᠢ ᠶᠢᠨ ᠤᠢ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠭᠡᠷᠡᠴᠢᠯᠡᠪᠡ          ᠬᠢᠵᠢᠭ ᠤᠨ ᠲᠤᠭᠤᠷᠠᠢ ᠳᠤ ᠳᠠᠭᠠᠷᠢᠭᠳᠠᠭᠰᠠᠨ ᠲᠤᠤᠷᠠᠢ ᠶᠢᠨ ᠣᠢ ᠶᠢᠨ ᠰᠥᠨᠢ ᠶᠢᠨ ᠭᠦᠨ ᠶᠠᠮᠠᠷ ᠴᠤ ᠳᠠᠭᠤ ᠱᠤᠤᠭᠢᠶᠠᠨ ᠦᠭᠡᠢ᠂ ᠭᠤᠳᠤᠮᠵᠢᠨ ᠤ ᠬᠤᠶᠠᠷ ᠲᠠᠯ᠎ᠠ ᠪᠠᠷ ᠬᠢ ᠬᠡᠳᠦᠨ ᠮᠠᠶᠢᠬᠠᠨ ᠤ ᠴᠣᠩᠬᠤ ᠪᠠᠷ ᠪᠦᠦᠷ ᠲᠦᠦᠷ ᠳ᠋ᠧᠩ ᠤᠨ ᠭᠡᠷᠡᠯ ᠪᠦᠷᠳᠦᠯᠵᠡᠨ᠎ᠡ᠃ ᠴᠠᠭᠠᠨ ᠥᠩᠭᠡ ᠶᠢᠨ ᠬᠠᠮᠠᠭᠠᠯᠠᠯᠲᠠ ᠶᠢᠨ ᠬᠤᠪᠴᠠᠰᠤ ᠲᠠᠢ ᠬᠥᠮᠦᠰ ᠤᠨ ᠬᠦᠳᠡᠯᠦᠯ ᠪᠠᠷᠢᠯ ᠨᠢ ᠵᠠᠮ ᠤᠨ ᠳ᠋ᠧᠩ ᠤᠨ ᠲᠤᠤᠷ᠎ᠠ ᠤᠯᠠᠮ ᠢᠯᠡ ᠬᠠᠷᠠᠭᠳᠠᠨ᠎ᠠ᠃ ᠵᠣᠣ ᠯᠢ ᠯᠢ ᠡᠨᠡ ᠮᠠᠶᠢᠬᠠᠨ ᠤ ᠡᠮᠦᠨᠡᠭᠦᠷ ᠢᠶᠠᠷ ᠬᠡᠳᠦ ᠤᠳᠠᠭ᠎ᠠ ᠥᠩᠭᠡᠷᠡᠨ ᠭᠠᠷᠤᠭᠰᠠᠨ ᠢᠶᠠᠨ ᠦᠪᠡᠷ ᠢᠶᠠᠨ ᠮᠡᠳᠡᠬᠦ ᠦᠭᠡᠢ᠂ ᠪᠦᠷᠦᠶ ᠪᠣᠯᠲᠠᠯ᠎ᠠ ᠬᠠᠷᠠᠴᠠ ᠨᠢ ᠶᠡᠷᠦ ᠠᠴᠠ ᠡᠨᠡ ᠮᠠᠶᠢᠬᠠᠨ ᠠᠴᠠ ᠰᠠᠯᠤᠭᠰᠠᠨ ᠦᠭᠡᠢ᠃ ᠲᠡᠷᠡ ︽ᠪᠢ ᠲᠠᠨ ᠤ ᠮᠠᠶᠢᠬᠠᠨ ᠤ ᠡᠮᠦᠨᠡᠭᠦᠷ ᠰᠠᠶ᠋ᠢᠬᠠᠨ ᠥᠩᠭᠡᠷᠡᠯ᠎ᠡ᠂ ᠲᠠᠨ ᠤ ᠲᠡᠨᠳᠡ ᠵᠣᠭᠰᠣᠵᠤ ᠪᠠᠶᠢᠬᠤ ᠶᠢ ᠣᠯᠵᠤ ᠬᠠᠷᠠᠭᠰᠠᠨ ᠶᠤᠮ︾ ᠭᠡᠰᠡᠨ ᠮᠡᠳᠡᠭᠡ ᠵᠠᠩᠭᠢ ᠪᠠᠨ ᠳᠡᠭᠦᠦ ᠵᠣᠣ ᠰᠢᠨ ᠤ ᠭᠠᠷ ᠤᠳᠠᠰᠤᠨ ᠳᠤ ᠢᠯᠡᠭᠡᠪᠡ᠃᠂ ᠵᠣᠣ ᠰᠢᠨ ᠪᠤᠯ ᠡᠵᠡᠨ᠎ᠡ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠦᠷᠭᠡᠨ ᠳᠡᠮᠵᠢᠭᠰᠡᠨ ᠦᠬᠠᠶ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠭᠠᠪᠰᠢᠭᠠᠶ ᠠᠩᠭᠢ ᠶᠢᠨ ᠴᠠᠭᠳᠠᠭ᠎ᠠ ᠪᠣᠯᠤᠨ᠎ᠠ᠃ ᠵᠣᠣ ᠯᠢ ᠯᠢ ᠪᠣᠯ ᠬᠢᠩᠭᠠᠨ ᠠᠶᠢᠮᠠᠭ ᠤᠨ ᠲᠦᠴᠢᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠷᠠᠳ ᠤᠨ ᠴᠠᠭᠳᠠᠭ᠎ᠠ ᠪᠠᠶᠢᠵᠤ᠂ ᠳᠣᠲᠣᠭᠠᠳᠤ ᠶᠢ ᠬᠠᠮᠠᠭᠠᠯᠠᠬᠤ ᠲᠢᠩᠬᠢᠮ ᠳᠤ ᠰᠢᠯᠵᠢᠭᠦᠯᠦᠨ ᠪᠣᠯᠪᠠᠰᠤᠷᠠᠭᠤᠯᠬᠤ ᠬᠤᠭᠤᠴᠠᠭᠠᠨ ᠳᠤ ᠡᠵᠡᠨ᠎ᠡ ᠬᠤᠰᠢᠭᠤᠨ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠠᠵᠢᠯ ᠳᠤ ᠣᠷᠤᠯᠴᠠᠵᠤ᠂ ᠡᠵᠡᠨ᠎ᠡ ᠬᠤᠰᠢᠭᠤᠨ ᠳᠤ ᠢᠷᠡᠭᠡᠳ 8 ᠡᠳᠦᠷ ᠪᠣᠯᠤᠭᠰᠠᠨ ᠪᠣᠯᠪᠠᠴᠤ ᠡᠭᠡᠴᠢ ᠳᠡᠭᠦᠦ ᠬᠤᠶᠠᠭᠤᠯᠠ ᠪᠠᠨ ᠬᠠᠷᠢᠨ ᠠᠭᠤᠯᠵᠠᠭ᠎ᠠ ᠦᠭᠡᠢ ᠪᠠᠶᠢᠭᠰᠠᠭᠠᠷ᠃    
     ᠡᠭᠡᠴᠢ ᠳᠡᠭᠦᠦ ᠬᠤᠶᠠᠭᠤᠯᠠ ᠪᠠᠨ ᠬᠡᠨ ᠬᠡᠨ ᠳᠤ ᠪᠠᠨ ᠬᠡᠯᠡᠯᠭᠦᠢ ᠮᠦᠷᠳᠡᠭᠡᠨ ᠡᠵᠢ ᠠᠪᠤ ᠳᠤ ᠪᠠᠨ ᠮᠡᠳᠡᠭᠦᠯᠬᠦ ᠦᠭᠡᠢ ᠪᠠᠷ ᠦᠭᠡ ᠳᠠᠭᠤᠨ ᠦᠭᠡᠢ ᠲᠤᠤᠷᠠᠢ  ᠶᠢᠨ ᠪᠠᠯᠭᠠᠰᠤᠨ ᠳᠤ ᠢᠷᠡᠵᠦ᠂ ᠬᠢᠵᠢᠭ ᠢ ᠡᠵᠡᠮᠳᠡᠬᠦ ᠪᠠᠷ ᠵᠣᠷᠢᠯᠭ᠎ᠠ ᠪᠠᠨ ᠪᠣᠯᠭᠠᠭᠰᠠᠨ ᠪᠠᠶᠢᠪᠠ᠃ ᠡᠵᠡᠨ᠎ᠡ ᠬᠤᠰᠢᠭᠤᠨ ᠳᠤ ᠳᠥᠭᠦᠬᠦ ᠳᠤ ᠵᠣᠣ ᠰᠢᠨ ᠡᠭᠡᠴᠢ ᠳᠤ ᠪᠠᠨ ᠳᠦᠷᠰᠦ ᠰᠢᠩᠭᠡᠭᠡᠯᠲᠡ ᠶᠠᠪᠤᠭᠤᠯᠤᠭᠰᠠᠨ ᠳᠤ᠂ ᠡᠭᠡᠴᠢ ᠨᠢ ᠳᠡᠭᠦᠤ ᠨᠢ ᠴᠦ ᠡᠵᠡᠨ᠎ᠡ ᠬᠤᠰᠢᠭᠤᠨ ᠳᠤ ᠬᠦᠷᠴᠦ ᠢᠷᠡᠭᠰᠡᠨ ᠭᠡᠰᠡᠨ ᠢ ᠤᠬᠠᠨ ᠮᠡᠳᠡᠪᠡ᠃ ᠠᠪᠤ ᠡᠵᠢ ᠶᠢ ᠪᠠᠨ ᠰᠠᠨᠠᠭ᠎ᠠ ᠪᠤᠲᠤᠯ ᠪᠣᠯᠬᠤ ᠠᠴᠠ ᠰᠡᠷᠭᠡᠶᠢᠯᠡᠨ᠂ ᠡᠭᠡᠴᠢ ᠳᠡᠭᠦᠦ ᠬᠤᠶᠠᠭᠤᠯᠠ ᠨᠢᠭᠡ ᠨᠢᠭᠡᠨ ᠤ ᠪᠠᠨ ᠨᠢᠭᠤᠴᠠ ᠶᠢ ᠬᠠᠮᠠᠭᠠᠯᠠᠬᠤ ᠪᠠᠷ ᠪᠣᠯᠵᠤᠪᠠ᠃     ᠡᠭᠡᠴᠢ ᠨᠢ ᠤᠬᠠᠭᠤᠯᠭ᠎ᠠ ᠶᠢᠨ ᠠᠯᠪᠠᠨ ᠳᠤ ᠪᠠᠶᠢᠬᠤ ᠠᠴᠠ᠂ ᠲᠡᠭᠦᠨ ᠤ ᠨᠠᠶᠢᠵᠠ ᠶᠢᠨ ᠲᠤᠭᠤᠷᠢᠭ ᠠᠴᠠ ᠬᠢᠵᠢᠭ ᠢ ᠡᠰᠡᠷᠭᠦᠴᠡᠬᠦ ᠡᠮᠦᠨ᠎ᠡ ᠹᠷᠣᠨᠲ ᠤᠨ ᠪᠣᠳᠠᠲᠤ ᠪᠠᠶᠢᠳᠡᠯ ᠤᠨ ᠮᠡᠳᠡᠭᠡᠯᠡᠯ ᠠᠴᠠ᠂ ᠠᠵᠢᠭᠴᠢ ᠭᠢᠷᠠᠬᠠᠶ ᠡᠬᠡ ᠨᠢ ᠬᠡᠥᠬᠡᠨ ᠤ ᠪᠠᠨ ᠬᠢᠵᠢᠭ ᠢ ᠡᠰᠡᠷᠭᠦᠴᠡᠬᠦ ᠡᠮᠦᠨ᠎ᠡ ᠹᠷᠤᠨᠲ ᠪᠠᠶᠢᠬᠤ ᠶᠢ ᠣᠯᠵᠤ ᠮᠡᠳᠡᠪᠡ᠃
     
     ᠳᠡᠭᠦᠦ ᠲᠠᠢ ᠪᠠᠨ ᠠᠩᠬ᠎ᠠ ᠤᠳᠠᠭ᠎ᠠ ᠠᠭᠤᠯᠵᠠᠭᠰᠠᠨ ᠨᠢ ᠵᠣᠣ ᠯᠢ ᠯᠢ ᠡᠵᠢ ᠶᠢᠨ ᠢᠶᠠᠨ ᠤᠲᠠᠰᠤ ᠶᠢ ᠳᠤᠰᠤᠭᠰᠠᠨ ᠤ ᠳᠠᠷᠠᠭ᠎ᠠ ᠶᠤᠮ᠃ 10 ᠳ᠋ᠤᠭᠠᠷ ᠰᠠᠷ᠎ᠠ ᠶᠢᠨ 31 ᠤ ᠥᠷᠯᠥᠭᠡ ᠡᠵᠢ ᠶᠢᠨ ᠢᠶᠠᠨ ᠤᠳᠠᠰᠤ ᠶᠢ ᠲᠣᠰᠬᠤ ᠳᠤ᠂ ᠡᠵᠢ ᠨᠢ ᠤᠬᠢᠯᠠᠵᠤ ᠡᠭᠡᠴᠢ ᠳᠡᠭᠦᠦ ᠬᠤᠶᠠᠭᠤᠯᠠ ᠶᠢᠨ ᠠᠵᠢᠯ ᠢ ᠶᠠᠮᠠᠷ ᠵᠡᠷᠭᠡ ᠪᠠᠶᠢᠬᠤ ᠶᠢ ᠠᠰᠠᠭᠤᠵᠤ᠂ ᠵᠠᠪᠠᠯ ᠥᠪᠡᠷ ᠤᠨ ᠪᠡᠶ᠎ᠡ ᠪᠡᠶ᠎ᠡ ᠪᠠᠨ ᠰᠠᠶᠢᠨ ᠬᠠᠷᠠᠭᠠᠯᠵᠠᠭᠠᠷᠠᠶ ᠭᠡᠵᠦ ᠵᠠᠬᠢᠪᠠ᠃ ᠵᠣᠣ ᠯᠢ ᠯᠢ᠂ ᠡᠵᠢ ᠶᠢᠨ ᠢᠶᠠᠨ ᠬᠡᠪ ᠤᠨ ᠪᠤᠰᠤ ᠪᠠᠶᠢᠳᠠᠯ  ᠠᠴᠠ ᠳᠠᠬᠢᠨ ᠳᠠᠬᠢᠨ ᠯᠠᠪᠯᠠᠨ ᠠᠰᠠᠭᠤᠬᠤ ᠪᠠᠷ ᠳᠠᠮᠵᠢᠨ᠂ ᠠᠪᠤ ᠶᠢᠨ ᠢᠶᠠᠨ ᠡᠮᠨᠡᠯᠭᠡ ᠳᠤ ᠰᠠᠭᠤᠭᠠᠳ ᠨᠢᠭᠡᠨᠳᠡ ᠲᠦᠷᠪᠡᠨ ᠡᠳᠦᠷ ᠪᠣᠯᠤᠭᠰᠠᠨ ᠢ ᠣᠯᠵᠤ ᠮᠡᠳᠡᠪᠡ᠃ ᠬᠤᠶᠠᠷ ᠬᠡᠥᠭᠡᠳ ᠤᠨ ᠢᠶᠠᠨ ᠬᠢᠵᠢᠭ ᠢ ᠰᠡᠷᠭᠡᠶᠢᠯᠡᠨ ᠡᠵᠡᠮᠳᠡᠬᠦ ᠡᠮᠦᠨ᠎ᠡ ᠹᠷᠤᠨᠲ ᠲᠤ ᠪᠠᠶᠢᠬᠤ ᠶᠢ ᠣᠯᠵᠤ ᠮᠡᠳᠡᠭᠰᠡᠨ ᠡᠵᠢ ᠨᠢ᠂ ᠬᠡᠥᠬᠡᠳ ᠢᠶᠠᠨ ᠰᠠᠨᠳᠤᠷᠬᠤ ᠠᠴᠠ ᠠᠶᠤᠭᠠᠳ ᠲᠡᠷᠡ ᠳᠠᠷᠤᠶ ᠳᠤᠨᠢ ᠲᠡᠳᠡᠨ ᠳᠤ ᠮᠡᠳᠡᠭᠳᠡᠭᠰᠡᠨ ᠦᠭᠡᠢ᠃ 10 ᠳ᠋ᠤᠭᠠᠷ ᠰᠠᠷ᠎ᠠ ᠶᠢᠨ 30 ᠤ ᠤᠷᠤᠢ ᠠᠪᠤ ᠶᠢᠨ ᠬᠢᠨᠢ ᠡᠪᠡᠳᠴᠢᠨ ᠨᠢ ᠭᠡᠨᠡᠳᠲᠡ ᠬᠦᠨᠳᠦᠷᠦᠭᠰᠡᠨ ᠳᠤ᠂ ᠰᠢᠶᠠᠨ ᠤ ᠡᠮᠨᠡᠯᠭᠡ ᠶᠢᠨ ᠬᠤᠷᠢᠶᠠᠨ ᠤ ᠠᠮᠢᠰᠬᠤᠯ ᠤᠨ ᠰᠠᠯᠠᠭᠠᠨ ᠤ ᠡᠮᠴᠢ ᠰᠤᠪᠢᠯᠠᠭᠴᠢᠳ ᠪᠦᠬᠦ ᠬᠦᠴᠦ ᠪᠠᠷ ᠢᠶᠠᠨ ᠴᠢᠷᠮᠠᠶᠢᠭᠰᠠᠨ ᠤ ᠤᠯᠠᠮ  ᠠᠴᠠ ᠠᠶᠤᠯ ᠠᠴᠠ ᠠᠪᠤᠷᠠᠭᠳᠠᠪᠠ᠃ ᠪᠠᠴᠢᠮᠳᠠᠨ ᠰᠠᠨᠳᠤᠷᠤᠭᠰᠠᠨ ᠵᠣᠣ ᠯᠢ ᠯᠢ ᠨᠠᠭᠠᠰᠢ ᠴᠠᠭᠠᠰᠢ ᠠᠯᠬᠤᠯᠠᠵᠤ᠂ ᠠᠪᠤ ᠶᠢᠨ ᠢᠶᠠᠨ ᠣᠳᠣᠬᠢ ᠪᠠᠶᠢᠳᠠᠯ ᠢ ᠲᠠᠰᠤᠷᠠᠯᠲᠠ ᠦᠭᠡᠶ ᠠᠰᠠᠭᠤᠵᠤ ᠪᠠᠶᠢᠯ᠎ᠠ᠃ ᠡᠵᠢ ᠨᠢ ᠬᠠᠷᠢᠨ᠄ ︽ᠲᠠ ᠨᠠᠷ ᠡᠭᠦᠷᠭᠡ ᠪᠠᠨ ᠰᠠᠶᠢᠳᠤᠷ ᠪᠡᠶᠡᠯᠡᠭᠦᠯᠦᠭᠡᠷᠡᠢ᠂ ᠡᠵᠢ ᠨᠢ ᠪᠠᠶᠢᠬᠤ ᠶᠤᠮ ᠴᠢᠨᠢ ᠬᠠᠮᠢᠭ᠎ᠠ ᠦᠭᠡᠢ︾ ᠭᠡᠵᠦ ᠬᠡᠯᠡᠪᠡ᠃  ᠡᠭᠦᠷᠭᠡ ᠬᠠᠷᠢᠭᠤᠴᠠᠯᠭ᠎ᠠ ᠠᠴᠠ ᠪᠠᠨ ᠪᠣᠯᠵᠤ᠂ ᠠᠴᠢᠯᠠᠯ ᠵᠢᠷᠤᠮ ᠢᠶᠠᠨ ᠭᠦᠢᠴᠡᠳᠬᠡᠵᠦ ᠴᠢᠳᠠᠬᠤ ᠦᠭᠡᠶ᠂ ᠡᠮᠴᠢ ᠰᠤᠪᠢᠯᠠᠭᠴᠢ ᠳᠤ ᠲᠠᠯᠠᠷᠬᠠᠯ ᠤᠨ ᠰᠡᠳᠬᠢᠯᠭᠡ ᠪᠠᠨ ᠴᠦ ᠨᠢᠭᠤᠷ ᠳᠡᠭᠡᠷ᠎ᠡ ᠨᠢ ᠢᠯᠡᠳᠬᠡᠵᠦ ᠴᠢᠳᠠᠬᠤ ᠦᠭᠡᠶ ᠠᠴᠠ᠂ ᠡᠭᠡᠴᠢ ᠳᠡᠭᠦᠦ ᠬᠤᠶᠠᠭᠤᠯᠠ ᠪᠠᠨ ᠨᠢᠭᠡ ᠬᠡᠰᠡᠭ ᠳᠦᠷᠰᠦ ᠰᠢᠩᠭᠡᠭᠡᠯᠲᠡ ᠬᠢᠵᠦ᠂ ᠲᠦᠴᠢᠦᠸᠠᠨ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠮᠴᠢ ᠰᠤᠪᠢᠯᠠᠭᠴᠢ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠭᠡᠪᠡ  ᠃ ︵ᠦᠬᠠᠢ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ  ᠳᠠᠯᠠᠩᠭᠤᠷᠪᠠ ᠮᠡᠳᠡᠭᠡᠯᠡᠪᠡ︶
ᠢᠷᠡᠯᠲᠡ᠄ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ