ᠳᠣᠯᠣᠨ ᠨᠠᠭᠤᠷ ᠤᠨ ᠲᠣᠳᠤᠭᠠᠳᠣ ᠶᠢ ᠬᠠᠮᠠᠭᠠᠯᠠᠬᠤ ᠲᠤᠪᠴᠢᠶᠠᠨ ᠤ ᠵᠠᠮ ᠬᠠᠷᠢᠯᠴᠠᠭᠠᠨ ᠤ ᠴᠠᠭᠳᠠᠭ᠎ᠠ ᠪᠤᠰᠤᠳ ᠤᠨ ᠬᠦᠴᠢᠷ ᠵᠣᠪᠠᠯᠠᠩ ᠢ ᠨᠢ ᠰᠢᠢᠳᠪᠦᠷᠢᠯᠡᠵᠦ ᠥᠭᠭᠦᠭᠰᠡᠨ ᠬᠡᠮᠡᠷᠯᠢᠭ ᠲᠤᠭ ᠢ ᠲᠣᠰᠪᠠ
ᠨᠡᠶᠢᠲᠡᠯᠡᠭᠰᠡᠨ ᠴᠠᠭ᠄
2021/12/10
          ᠳᠣᠯᠣᠨ ᠨᠠᠭᠤᠷ ᠤᠨ ᠲᠣᠳᠤᠭᠠᠳᠣ ᠶᠢ ᠬᠠᠮᠠᠭᠠᠯᠠᠬᠤ ᠲᠤᠪᠴᠢᠶᠠᠨ ᠤ ᠵᠠᠮ ᠬᠠᠷᠢᠯᠴᠠᠭᠠᠨ ᠤ ᠴᠠᠭᠳᠠᠭ᠎ᠠ           ᠪᠤᠰᠤᠳ ᠤᠨ ᠬᠦᠴᠢᠷ ᠵᠣᠪᠠᠯᠠᠩ ᠢ ᠨᠢ ᠰᠢᠢᠳᠪᠦᠷᠢᠯᠡᠵᠦ ᠥᠭᠭᠦᠭᠰᠡᠨ ᠬᠡᠮᠡᠷᠯᠢᠭ ᠲᠤᠭ ᠢ ᠲᠣᠰᠪᠠ          ᠣᠶᠢᠷ᠎ᠠ ᠳᠤ᠂ ᠲᠤᠯᠤᠨ ᠨᠠᠭᠤᠷ ᠰᠢᠶᠠᠨ ᠤ ᠰᠢᠨ ᠪᠥᠸᠧ ᠮᠠᠰᠢᠨ ᠲᠡᠷᠭᠡ ᠵᠠᠳᠠᠯᠬᠤ ᠬᠢᠵᠠᠭᠠᠷᠲᠤ ᠺᠣᠮᠫᠠᠨᠢ ᠵᠢᠴᠢ ᠬᠠᠷᠢᠶ᠎ᠠ ᠣᠷᠣᠨ ᠤ ᠲᠦᠷᠢᠶᠡᠰᠦᠨ ᠮᠠᠰᠢᠨ ᠲᠡᠷᠭᠡᠨ ᠤ ᠲᠥᠯᠥᠭᠡᠯᠡᠭᠴᠢ ︽ᠦᠢᠯᠡᠴᠢᠯᠡᠭᠡᠨ ᠤ ᠲᠤᠰᠬᠠᠶ ᠮᠡᠷᠭᠡᠵᠢᠯ ᠨᠢ ᠲᠦᠷᠭᠡᠨ᠂ ᠦᠨᠡᠨ ᠰᠡᠳᠬᠢᠯ ᠠᠴᠠ ᠪᠠᠨ ᠠᠷᠠᠳ ᠤᠨ ᠲᠥᠯᠥᠭᠡ ᠵᠢᠳᠬᠦᠳᠡᠭ︾ ᠬᠡᠮᠡᠷᠯᠢᠭ ᠲᠤᠭ ᠢ ᠲᠤᠯᠤᠨ ᠨᠠᠭᠤᠷ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠲᠤ ᠬᠦᠷᠭᠡᠵᠦ᠂ ᠠᠷᠠᠳ ᠤᠨ ᠴᠠᠭᠳᠠᠭ᠎ᠠ ᠶᠢᠨ ᠲᠦᠷᠭᠡᠨ᠂ ᠥᠨᠳᠥᠷ ᠪᠦᠲᠦᠮᠵᠢᠲᠡᠶ᠂ ᠳᠣᠲᠣᠨᠣ ᠦᠢᠯᠡᠴᠢᠯᠡᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃    
1.jpg
    ᠡᠨᠡ ᠵᠢᠯ ᠤᠨ 8 ᠳ᠋ᠤᠭᠠᠷ ᠰᠠᠷ᠎ᠠ ᠳᠤ᠂ ᠲᠤᠯᠤᠨ ᠨᠠᠭᠤᠷ ᠰᠢᠶᠠᠨ ᠤ ᠰᠢᠨ ᠪᠥᠸᠧ ᠮᠠᠰᠢᠨ ᠲᠡᠷᠭᠡ ᠵᠠᠳᠠᠯᠬᠤ ᠬᠢᠵᠠᠭᠠᠷᠲᠤ ᠺᠣᠮᠫᠠᠨᠢ ᠬᠡᠷᠡᠭᠴᠡᠭᠡ ᠠᠴᠠ ᠭᠠᠷᠭᠠᠬᠤ ᠤᠨ ᠵᠢᠯ ᠳᠤ ᠬᠦᠷᠦᠭᠰᠡᠨ ᠬᠡᠰᠡᠭ ᠲᠦᠷᠢᠶᠡᠰᠦᠨ ᠮᠠᠰᠢᠨ ᠲᠡᠷᠭᠡ ᠶᠢ ᠬᠦᠯᠢᠶᠡᠨ ᠠᠪᠴᠤ ᠬᠡᠷᠡᠭᠯᠡᠭᠡᠨ ᠠᠴᠠ ᠭᠠᠷᠭᠠᠵᠤ ᠵᠠᠳᠠᠯᠬᠤ ᠶᠢᠨ ᠬᠠᠮᠲᠤ ᠰᠢᠨ᠎ᠡ ᠲᠡᠷᠭᠡ ᠰᠣᠯᠢᠬᠤ ᠴᠢᠬᠤᠯᠠᠲᠠᠶ ᠪᠣᠯᠪᠠ᠃ ᠭᠡᠪᠡᠴᠦ ᠬᠡᠷᠡᠭᠯᠡᠭᠡᠨ ᠠᠴᠠ ᠭᠠᠷᠭᠠᠵᠤ ᠵᠠᠳᠠᠯᠬᠤ ᠶᠠᠪᠤᠴᠠ ᠳᠤ᠂ ᠪᠠᠶᠢᠴᠠᠭᠠᠨ ᠰᠢᠯᠭᠠᠭᠴᠢ ᠶᠢᠨ ᠬᠢᠷᠢ ᠬᠡᠮ ᠲᠠᠢ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠲᠤᠬᠠᠶ ᠶᠢᠨ ᠲᠠᠯᠠᠪᠤᠷ ᠲᠤ ᠬᠢᠨᠠᠯᠲᠠ ᠲᠠᠯᠪᠢᠪᠠᠯ ᠰᠠᠶ᠋ᠢ ᠵᠠᠳᠠᠯᠵᠤ ᠰᠠᠯᠭᠠᠬᠤ ᠠᠵᠢᠯ ᠢ ᠪᠡᠶᠡᠯᠡᠭᠦᠯᠵᠦ ᠴᠢᠳᠠᠨ᠎ᠠ᠃ ᠬᠠᠷᠢᠶ᠎ᠠ ᠣᠷᠣᠨ ᠤ ᠠᠵᠤ ᠠᠬᠤᠶᠢᠯᠠᠯ ᠤᠨ ᠪᠠᠴᠢᠮ ᠪᠠᠶᠢᠳᠠᠯ ᠢ ᠰᠢᠢᠳᠪᠦᠷᠢᠯᠡᠵᠦ᠂ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠶᠠᠪᠤᠳᠠᠯ ᠰᠢᠢᠳᠪᠦᠷᠢᠯᠡᠬᠦ ᠥᠪᠡᠷ ᠤᠨ ᠥᠷᠲᠡᠭ ᠢ ᠪᠠᠭᠠᠰᠬᠠᠬᠤ ᠶᠢᠨ ᠲᠥᠯᠥᠭᠡ᠂ ᠳᠣᠯᠣᠨ ᠨᠠᠭᠤᠷ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠢᠯᠢ ᠶᠢᠨ ᠭᠤᠤᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠳᠤ ᠲᠤᠬᠠᠢ ᠶᠢᠨ ᠪᠠᠶᠢᠳᠠᠯ ᠢ ᠢᠳᠡᠪᠬᠢᠲᠡᠶ ᠪᠠᠷ ᠲᠤᠰᠬᠠᠭᠰᠠᠨ ᠪᠥᠭᠡᠳ ᠲᠤᠰᠬᠠᠶᠢᠯᠠᠨ ᠠᠷᠠᠳ ᠤᠨ ᠴᠠᠭᠳᠠᠭ᠎ᠠ ᠲᠣᠬᠢᠷᠠᠭᠤᠯᠵᠤ ᠪᠠᠶᠢᠴᠠᠭᠠᠨ ᠰᠢᠯᠭᠠᠭᠴᠢ ᠶᠢᠨ ᠬᠢᠷᠢ ᠬᠡᠮ ᠢ ᠰᠢᠯᠭᠠᠭᠤᠯᠤᠨ᠂ ᠵᠠᠳᠠᠯᠬᠤ ᠺᠣᠮᠫᠠᠨᠢ ᠵᠢᠴᠢ ᠮᠠᠰᠢ ᠣᠯᠠᠨ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠬᠡᠷᠡᠭᠯᠡᠭᠡᠨ ᠠᠴᠠ ᠭᠠᠷᠭᠠᠵᠤ ᠵᠠᠳᠠᠯᠬᠤ ᠪᠠ ᠰᠢᠨ᠎ᠡ ᠲᠡᠷᠭᠡ ᠰᠣᠯᠢᠬᠤ ᠠᠵᠢᠯ ᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠳᠤ ᠲᠥᠬᠦᠮ ᠦᠵᠡᠭᠦᠯᠪᠡ᠃     ᠭᠠᠯ ᠤᠯᠠᠭᠠᠨ ᠬᠡᠮᠡᠷᠯᠢᠭ ᠲᠤᠭ ᠲᠤ ᠣᠯᠠᠨ ᠲᠦᠮᠡᠨ ᠳᠣᠯᠣᠨᠨᠠᠭᠤᠷ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠡᠩᠨᠡᠭᠡ ᠶᠢ ᠨᠤᠲᠠᠯᠠᠵᠤ ᠪᠠᠶᠢᠬᠤ ᠶᠢᠨ ᠬᠠᠮᠲᠤ ᠪᠠᠰᠠ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠢᠭᠡᠪᠦᠷᠢ ᠶᠢ ᠨᠠᠩ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠᠷ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠣᠯᠠᠨ ᠲᠦᠮᠡᠨ ᠳᠤ ᠦᠢᠯᠡᠴᠢᠯᠡᠬᠦ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ ᠳᠤ ᠪᠠᠨ ᠣᠷᠣᠯᠴᠠᠬᠤ ᠶᠢ ᠦᠨᠡᠨ ᠬᠦ ᠵᠤᠷᠢᠭᠵᠢᠭᠤᠯᠪᠠ᠃ ︵ᠲᠤᠯᠤᠨ ᠨᠠᠭᠤᠷ ᠰᠢᠶᠠᠨ ᠤ ᠲᠣᠳᠤᠭᠠᠳᠣ ᠶᠢ ᠬᠠᠮᠠᠭᠠᠯᠠᠬᠤ ᠲᠤᠪᠴᠢᠶ᠎ᠠ ᠮᠡᠳᠡᠭᠡᠯᠡᠪᠡ︶
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠲᠣᠪᠴᠢᠶ᠎ᠠ