ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠳᠤᠪᠴᠢᠶ᠎ᠠ ︽ᠭᠠᠴᠠᠭᠠᠨ ᠤ ᠠᠮᠤᠷ ᠢ ᠬᠠᠮᠠᠭᠠᠯᠠᠬᠤ ᠲᠤᠰᠠᠯᠠᠭᠴᠢ︾ ᠶᠢᠨ ᠠᠮᠦᠷ ᠢ ᠬᠠᠮᠠᠭᠠᠯᠠᠬᠤ ᠲᠣᠨᠣᠭᠯᠠᠯ ᠲᠠᠷᠬᠠᠭᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2021/12/21
          ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠳᠤᠪᠴᠢᠶ᠎ᠠ ︽ᠭᠠᠴᠠᠭᠠᠨ ᠤ ᠠᠮᠤᠷ ᠢ           ᠬᠠᠮᠠᠭᠠᠯᠠᠬᠤ ᠲᠤᠰᠠᠯᠠᠭᠴᠢ︾ ᠶᠢᠨ ᠠᠮᠦᠷ ᠢ ᠬᠠᠮᠠᠭᠠᠯᠠᠬᠤ ᠲᠣᠨᠣᠭᠯᠠᠯ ᠲᠠᠷᠬᠠᠭᠠᠬᠤ ᠶᠣᠰᠣᠯᠠᠯ ᠶᠠᠪᠤᠭᠤᠯᠪᠠ       ᠡᠨᠡ ᠵᠢᠯ 12 ᠳ᠋ᠤᠭᠠᠷ ᠰᠠᠷ᠎ᠠ ᠶᠢᠨ 3 ᠤ ᠦᠳᠡ ᠶᠢᠨ ᠡᠮᠦᠨ᠎ᠡ᠂ ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ︽ᠭᠠᠴᠠᠭᠠᠨ ᠤ ᠠᠮᠤᠷ ᠢ ᠬᠠᠮᠠᠭᠠᠯᠠᠬᠤ ᠲᠤᠰᠠᠯᠠᠭᠴᠢ︾ ᠶᠢᠨ ᠠᠮᠦᠷ ᠢ ᠬᠠᠮᠠᠭᠠᠯᠠᠬᠤ ᠲᠣᠨᠣᠭᠯᠠᠯ ᠲᠠᠷᠬᠠᠭᠠᠬᠤ ᠶᠣᠰᠣᠯᠠᠯ ᠶᠠᠪᠤᠭᠤᠯᠵᠤ᠂ ᠶᠣᠰᠣᠯᠠᠯ ᠢ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ ᠬᠠᠳᠠ ᠡᠷᠭᠢᠯᠡᠵᠦ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠶᠢᠨ ᠭᠡᠰᠢᠭᠦᠨ ᠰᠤᠳᠤ ᠲᠠᠷᠬᠠᠭᠠᠬᠤ ᠶᠣᠰᠣᠯᠠᠯ ᠳᠤ ᠣᠷᠤᠯᠴᠠᠬᠤ ᠶᠢᠨ ᠬᠠᠮᠳᠤ ᠶᠠᠷᠢᠶ᠎ᠠ ᠲᠠᠯᠪᠢᠪᠠ᠃ ᠲᠣᠪᠴᠢᠶ᠎ᠠ ᠶᠢᠨ ᠨᠠᠮ ᠤᠨ ᠬᠤᠷᠢᠶᠠᠨ ᠤ ᠬᠡᠰᠢᠭᠦᠨ᠂ ᠦᠨᠳᠦᠰᠦᠨ ᠱᠠᠲᠤᠨ ᠤ ᠲᠣᠮᠢᠯᠠᠭᠰᠠᠨ ᠰᠠᠯᠪᠤᠷᠢ ᠶᠢᠨ ᠬᠠᠷᠢᠭᠤᠴᠠᠯᠭᠠᠲᠠᠨ ᠵᠢᠴᠢ ᠡᠯ᠎ᠡ ᠭᠠᠴᠠᠭᠠᠨ ᠤ ᠠᠮᠦᠷ ᠢ ᠬᠠᠮᠠᠭᠠᠯᠠᠬᠤ ᠲᠤᠰᠠᠯᠠᠭᠴᠢ ᠲᠠᠷᠬᠠᠭᠠᠬᠤ ᠶᠣᠰᠣᠯᠠᠯ ᠳᠤ ᠣᠷᠣᠯᠴᠠᠪᠠ᠃     
微信图片_20211220152734.jpg
      ᠣᠳᠣᠬᠠᠨ ᠳᠤ᠂ ᠳᠣᠲᠣᠭᠠᠳᠤ ᠶᠢ ᠬᠠᠮᠠᠭᠠᠯᠠᠬᠤ ᠥᠭᠡᠷᠡᠴᠢᠯᠡᠯᠲᠡ ᠶᠢᠨ ᠠᠵᠢᠯ ᠤᠨ ᠲᠠᠰᠤᠷᠠᠯᠲᠠ ᠥᠬᠡᠶ ᠭᠦᠨᠵᠡᠭᠡᠶᠢᠷᠡᠬᠦ ᠪᠠ ᠬᠥᠳᠡᠭᠡ ᠲᠣᠰᠬᠤᠨ ᠢ ᠠᠮᠦᠷ ᠢ ᠬᠠᠮᠠᠭᠠᠯᠠᠬᠤ ᠠᠵᠢᠯ ᠤᠨ ᠥᠷᠭᠡᠵᠢᠬᠦ ᠶᠢ ᠳᠠᠭᠠᠯᠳᠤᠨ᠂ ᠬᠥᠳᠡᠭᠡ ᠲᠣᠰᠬᠤᠨ ᠳᠤ ᠠᠮᠦᠷ ᠢ ᠬᠠᠮᠠᠭᠠᠯᠠᠬᠤ ᠠᠵᠢᠯ ᠤᠨ ︽ᠲᠤᠤᠷᠵᠢᠭᠤᠯᠤᠭᠰᠠᠨ︾ ᠬᠠᠮᠢᠶᠠᠷᠤᠯᠲᠠ ᠪᠠ ︽ᠨᠢᠭᠡ ᠲᠣᠰᠬᠤᠨ ᠨᠢᠭᠡ ᠴᠠᠭᠳᠠᠭ᠎ᠠ︾ ᠶᠢᠨ ᠪᠠᠶᠢᠭᠤᠯᠤᠯᠲᠠ ᠶᠢ ᠬᠡᠷᠡᠭᠵᠢᠭᠦᠯᠬᠦ ᠨᠢ ᠨᠠᠩ ᠴᠢᠬᠤᠯᠠ ᠪᠣᠯᠵᠣ᠂ ᠲᠡᠭᠦᠨ ᠤ ᠴᠢᠬᠤᠯᠠ ᠠᠴᠢ ᠬᠤᠯᠪᠣᠭᠳᠠᠯ ᠪᠠ ᠴᠢᠬᠤᠯᠠ ᠦᠶᠯᠡᠳᠦᠯ ᠨᠢ ᠴᠦ ᠡᠳᠦᠷ ᠢᠷᠡᠬᠦᠶ᠎ᠡ ᠲᠣᠪᠤᠶᠢᠮ᠎ᠠ ᠪᠣᠯᠪᠠ᠃ ᠠᠮᠤᠷ ᠠᠮᠤᠭᠤᠯᠠᠩ ᠬᠥᠳᠡᠭᠡ ᠲᠣᠰᠬᠤᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠠᠶᠢᠭᠤᠯᠬᠤ ᠶᠢᠨ ᠲᠥᠯᠥᠭᠡ᠂ ᠭᠠᠴᠠᠭᠠᠨ ᠤ ᠠᠮᠦᠷ ᠢ ᠬᠠᠮᠠᠭᠠᠯᠠᠬᠤ ᠲᠤᠰᠠᠯᠠᠭᠴᠢ ᠶᠢᠨ ᠠᠵᠢᠯ ᠢ ᠴᠢᠩᠭᠠᠳᠬᠠᠬᠤ ᠲᠤᠬᠠᠶ᠂ ᠤᠯᠤᠰ ᠲᠥᠷᠥ ᠶᠢᠨ ᠭᠡᠰᠢᠭᠦᠨ ᠰᠤᠳᠤ ᠬᠡᠳᠦᠨ ᠠᠵᠢᠯ ᠤᠨ ᠱᠠᠭᠠᠷᠳᠠᠯᠭ᠎ᠠ ᠳᠤᠷᠠᠳᠪᠠ᠄ ᠨᠢᠭᠡ ᠳᠤ᠂ ︽ᠨᠢᠭᠡ ᠲᠣᠰᠬᠤᠨ ᠳᠤ ᠨᠢᠭᠡ ᠠᠮᠦᠷ ᠢ ᠬᠠᠮᠠᠭᠠᠯᠠᠬᠤ ᠲᠤᠰᠠᠯᠠᠭᠴᠢ︾ ᠶᠢᠨ ᠠᠵᠢᠯ ᠢᠶᠠᠷ ᠭᠠᠷᠳᠠᠴᠠ ᠪᠣᠯᠭᠠᠵᠤ᠂ ᠴᠠᠭᠳᠠᠭᠠᠨ ᠤ ᠬᠦᠴᠦᠨ ᠢ ᠭᠠᠴᠠᠭ᠎ᠠ᠂ ᠲᠣᠰᠬᠤᠨ ᠳᠤ ᠪᠠᠭᠤᠯᠭᠠᠬᠤ ᠶᠢ ᠠᠬᠢᠭᠤᠯᠵᠤ᠂ ᠦᠨᠳᠦᠰᠦᠨ ᠱᠠᠲᠤᠨ ᠤ ᠰᠠᠭᠤᠷᠢ ᠳᠤᠳᠠᠭᠳᠠᠯ ᠢ ᠨᠥᠬᠦᠪᠥᠷᠢᠯᠡᠵᠦ᠂ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠬᠦᠴᠢᠷ ᠠᠰᠠᠭᠤᠳᠠᠯ ᠢ ᠰᠢᠶᠳᠪᠦᠷᠢᠯᠡᠵᠦ᠂ ᠭᠠᠴᠠᠭᠠᠨ ᠤ ᠠᠮᠦᠷ ᠢ ᠬᠠᠮᠠᠭᠠᠯᠠᠬᠤ ᠲᠤᠰᠠᠯᠠᠭᠴᠢ ᠨᠢ ᠬᠥᠮᠦᠨ ᠨᠢ ᠲᠠᠨᠢᠯ᠂ ᠭᠠᠵᠠᠷ ᠨᠢ ᠪᠣᠯᠪᠠᠰᠤᠷᠠᠩᠭᠤᠶ᠂ ᠪᠠᠶᠢᠳᠠᠯ ᠨᠢ ᠪᠣᠯᠪᠠᠰᠤᠷᠠᠩᠭᠤᠶ ᠪᠠᠶᠢᠬᠤ ᠳᠠᠪᠠᠭᠤᠯᠢᠭ ᠢᠶᠠᠨ ᠦᠨᠡᠨ ᠬᠦ ᠪᠠᠳᠠᠷᠠᠭᠤᠯᠵᠤ᠂ ᠦᠨᠳᠦᠰᠦᠨ ᠱᠠᠲᠤᠨ ᠤ ᠰᠠᠭᠤᠷᠢ ᠠᠵᠢᠯ ᠤᠨ ᠬᠢᠷᠢ ᠲᠦᠪᠰᠢᠨ ᠢ ᠦᠨᠡᠨ ᠬᠦ ᠳᠡᠮᠵᠢᠵᠦ᠂ ᠰᠢᠨ᠎ᠡ ᠳᠡᠭᠲᠡᠷ ᠲᠤ ᠭᠠᠷᠭᠠᠬᠤ ᠬᠡᠷᠡᠭᠲᠡᠶ ᠃ ᠬᠤᠶᠠᠷ ᠲᠤ᠂ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠪᠣᠯᠭᠠᠨ ᠪᠠᠶᠢᠭᠤᠯᠬᠤ ᠳᠤ ᠰᠠᠭᠤᠷᠢᠯᠠᠵᠤ᠂ ᠠᠮᠤᠷ ᠠᠮᠤᠭᠤᠯᠠᠩ ᠪᠠᠷᠠᠭᠤᠨ ᠰᠥᠨᠢᠳ ᠤᠨ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ ᠤᠯᠠᠮ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠶ᠃ ︽ᠴᠠᠭᠳᠠᠭᠠᠨ ᠤ ᠬᠦᠴᠦᠨ ᠠᠮᠦᠷ ᠢ ᠬᠠᠮᠠᠭᠠᠯᠠᠬᠤ ᠶᠠᠪᠤᠳᠠᠯ ᠢ ᠳᠠᠭᠠᠵᠤ᠂ ᠠᠮᠦᠷ ᠢ ᠬᠠᠮᠠᠭᠠᠯᠠᠬᠤ ᠶᠠᠪᠤᠳᠠᠯ ᠨᠢ ᠠᠮᠦᠷ ᠢ ᠬᠠᠮᠠᠭᠠᠯᠠᠬᠤ ᠪᠠᠶᠢᠳᠠᠯ ᠢ ᠳᠠᠭᠠᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠣᠯᠤᠨ ᠨᠡᠶᠢᠭᠡᠮ ᠤᠨ ᠲᠠᠯ᠎ᠠ ᠶᠢᠨ ᠪᠡᠯᠡᠳᠭᠡᠯ ᠰᠡᠷᠭᠡᠶᠢᠯᠡᠨ ᠡᠵᠡᠮᠳᠡᠬᠦ ᠪᠠ ᠲᠦᠷᠭᠡᠨ ᠰᠢᠶᠳᠪᠦᠷᠢᠯᠡᠬᠦ ᠬᠢᠷᠢ ᠬᠡᠮᠵᠢᠶ᠎ᠡ ᠶᠢ ᠲᠠᠰᠤᠷᠠᠯᠲᠠ ᠤᠢᠭᠡᠢ ᠳᠡᠭᠡᠭᠰᠢᠯᠡᠭᠦᠯᠵᠦ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ  ᠳᠤ ᠬᠠᠮᠤᠭ ᠤᠨ ᠶᠡᠭᠡ ᠬᠡᠮᠵᠢᠶ᠎ᠡ ᠪᠠᠷ ᠰᠦᠷᠳᠡᠭᠦᠯᠬᠦ ᠦᠢᠯᠡᠳᠦᠯ ᠦᠵᠡᠭᠦᠯᠬᠦ ᠪᠠ ᠴᠢᠩᠭ᠎ᠠ ᠴᠣᠬᠢᠯᠲᠠ ᠥᠭᠬᠦ ᠬᠡᠷᠡᠭᠲᠡᠶ᠃ ᠭᠤᠷᠪᠠ ᠳᠤ᠂ ᠣᠳᠣᠬᠠᠨ ᠤ ︽ᠬᠤᠣᠰ ᠵᠠᠭᠤᠨ ᠡᠳᠦᠷ︾ ᠤᠨ ᠪᠤᠭᠤᠮᠳᠠ ᠰᠢᠪᠳᠤᠯᠬᠤ ᠠᠵᠢᠯᠯᠠᠭ᠎ᠠ ᠪᠠ ᠭᠤᠣᠯᠳᠠᠯᠭ᠎ᠠ ᠲᠠᠢ ᠠᠵᠢᠯ ᠢ ᠠᠳᠬᠤᠵᠤ᠂ ᠨᠡᠶᠢᠭᠡᠮ ᠤᠨ ᠠᠮᠤᠷ ᠲᠦᠪᠰᠢᠨ ᠤ ᠣᠷᠴᠢᠨ ᠨᠥᠬᠦᠴᠡᠯ ᠤᠨ ᠲᠣᠪᠤᠶᠢᠮ᠎ᠠ ᠠᠰᠠᠭᠤᠳᠠᠯ ᠲᠠᠢ ᠤᠶᠠᠯᠳᠤᠭᠤᠯᠤᠨ᠂ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢ ᠥᠷᠨᠢᠭᠦᠯᠵᠦ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢᠨ ᠲᠠᠯᠳᠠ ᠭᠡᠮ ᠢ ᠴᠠᠭ ᠲᠤᠬᠠᠢ ᠳᠤ ᠨᠢ ᠳᠠᠷᠠᠭᠠᠯᠠᠨ ᠪᠠᠶᠢᠴᠠᠭᠠᠵᠤ᠂ ᠨᠡᠶᠢᠭᠡᠮ ᠤᠨ ᠵᠥᠷᠢᠴᠡᠯ ᠵᠠᠭᠤᠷᠠᠯᠳᠤᠭᠠᠨ ᠢ ᠢᠳᠡᠪᠬᠢᠲᠡᠢ ᠪᠠᠷ ᠠᠷᠢᠯᠭᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠶᠠᠯᠠᠲᠤ ᠡᠲᠡᠭᠡᠳ ᠲᠤ ᠦᠵᠡᠭᠦᠯᠬᠦ ᠰᠦᠷᠳᠡᠭᠦᠯᠬᠦ ᠬᠦᠴᠦᠨ ᠢ ᠨᠡᠮᠡᠭᠳᠡᠭᠦᠯᠵᠦ᠂ ᠠᠷᠠᠳ ᠣᠯᠠᠨ ᠤ ᠠᠮᠤᠷ ᠲᠦᠪᠰᠢᠨ ᠤ ᠰᠡᠳᠬᠢᠯᠭᠡ ᠪᠠ ᠬᠠᠨᠤᠮᠵᠢᠳᠠᠢ ᠪᠠᠶᠢᠬᠤ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠡᠶᠢᠭᠡᠮ ᠤᠨ ᠠᠮᠤᠷ ᠲᠦᠪᠰᠢᠨ ᠪᠠ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠴᠢᠳᠠᠪᠤᠷᠢ ᠶᠢ ᠦᠨᠡᠨ ᠬᠦ ᠨᠡᠮᠡᠭᠳᠡᠭᠦᠯᠬᠦ ᠬᠡᠷᠡᠭᠲᠡᠢ᠃
微信图片_20211220152738.jpg
      ᠬᠤᠷᠠᠯ ᠤᠨ ᠳᠠᠷᠠᠭ᠎ᠠ᠂ ᠠᠮᠦᠷ ᠢ ᠬᠠᠮᠠᠭᠠᠯᠠᠬᠤ ᠲᠤᠰᠠᠯᠠᠭᠴᠢ ᠢᠯᠡᠷᠬᠡᠶᠢᠯᠡᠬᠦ ᠳᠤ ᠪᠠᠨ᠂ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠶᠢ ᠯᠠᠪᠲᠠᠶ ᠪᠥᠬᠦ ᠬᠦᠴᠦᠨ ᠢᠶᠠᠷ ᠢᠶᠠᠨ ᠬᠠᠮᠵᠢᠨ ᠨᠡᠶᠢᠭᠡᠮ ᠲᠣᠭᠤᠷᠢᠭ ᠤᠨ ᠠᠮᠦᠷ ᠢ ᠬᠠᠮᠠᠭᠠᠯᠠᠬᠤ ᠠᠵᠢᠯ ᠢ ᠰᠠᠶᠢᠲᠤᠷ ᠥᠷᠨᠢᠭᠦᠯᠵᠦ᠂ ᠬᠠᠷᠢᠶ᠎ᠠ ᠣᠷᠣᠨ ᠤ ᠲᠣᠭᠲᠠᠭᠤᠨ ᠪᠠᠶᠢᠳᠠᠯ ᠢ ᠬᠠᠮᠲᠤ ᠪᠠᠷ ᠬᠠᠮᠠᠭᠠᠯᠠᠵᠤ᠂ ᠠᠮᠤᠷ ᠲᠦᠪᠰᠢᠨ᠂ ᠡᠶ᠎ᠡ ᠵᠤᠬᠢᠴᠠᠩᠭᠤᠢ ᠪᠠᠷᠠᠭᠤᠨ ᠰᠦᠨᠢᠳ ᠢ ᠪᠥᠲᠥᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠦᠨ᠎ᠡ ᠭᠡᠵᠡᠶ᠃ ︵ᠰᠦᠨᠢᠳ ᠪᠠᠷᠠᠭᠤᠨ ᠬᠤᠰᠢᠭᠤᠨ ᠤ ᠳᠤᠳᠤᠭᠠᠳᠦ ᠶᠢ ᠬᠠᠮᠠᠭᠠᠯᠠᠬᠤ ᠳᠤᠪᠴᠢᠶ᠎ᠠ  ᠰᠤᠪᠤᠳᠤᠩᠬᠤᠸᠠᠷ︶
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ