ᠦᠪᠡᠷᠲᠡᠭᠡᠨ ᠵᠠᠰᠠᠬᠤ ᠤᠷᠤᠨ ᠤ ᠳᠤᠳᠤᠭᠠᠳᠤ ᠶᠢ ᠬᠠᠮᠠᠭᠠᠯᠠᠬᠤ ᠲᠢᠩᠬᠢᠮ | 2020 ᠤᠨ ᠤ ᠦᠪᠡᠷᠲᠡᠭᠡᠨ ᠵᠠᠰᠠᠬᠤ ᠤᠷᠤᠨ ᠤ ᠫᠤᠤ ᠳᠡᠯᠪᠡᠷᠡᠬᠦ ᠡᠳ᠋ ᠲᠤ | ᠬᠤᠯᠪᠤᠭᠳᠠᠭᠰᠠᠨ ᠲᠠᠪᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠪᠡ ︵ᠨᠢᠭᠡ︶ | | | ᠡᠨᠡ ᠵᠢᠯ᠂ ᠪᠦᠬᠦ ᠤᠷᠤᠨ ᠤ ᠫᠤᠤ ᠳᠡᠯᠪᠡᠷᠡᠬᠦ ᠡᠳ᠋ ᠲᠤ ᠬᠤᠯᠪᠤᠭᠳᠠᠭᠰᠠᠨ ᠬᠡᠷᠡᠭ ᠵᠢᠴᠢ ᠬᠦᠨᠳᠦ ᠶᠡᠭᠡ ᠫᠤᠤ ᠳᠡᠯᠪᠡᠷᠡᠬᠦ ᠡᠳ᠋ ᠤᠨ ᠬᠠᠷᠬᠢᠰ ᠬᠡᠷᠡᠭ ᠡᠭᠦᠰᠬᠦ | ᠨᠤᠷᠮ᠎ᠠ ᠢᠯᠡᠳᠲᠡ ᠳᠤᠷᠤᠭᠰᠢᠯᠠᠵᠤ᠂ ᠬᠠᠤᠯᠢ ᠪᠤᠰᠤ ᠪᠠᠷ ᠫᠤᠤ ᠪᠠᠷ ᠠᠪᠠ ᠬᠢᠬᠦ᠂ ᠳᠡᠯᠪᠡᠷᠡᠬᠦ ᠡᠳ᠋ ᠪᠤᠳᠠᠰ ᠢ ᠬᠠᠤᠯᠢ ᠪᠤᠰᠤ ᠪᠠᠷ ᠠᠷᠠᠯᠵᠢᠶᠠᠬᠤ ᠬᠡᠷᠡᠭ ᠵᠢᠭᠠᠬᠠᠨ | ᠨᠡᠮᠡᠭᠳᠡᠪᠡ᠃ 2020 ᠤᠨ ᠤ ᠨᠡᠶᠢᠲᠡᠯᠢᠭ ᠬᠡᠷᠡᠭ ᠤᠨ ᠵᠢᠱᠢᠶ᠎ᠡ ᠭᠤᠤᠯᠳᠠᠭᠤ ᠳᠤᠤᠷᠠᠬᠢ ᠮᠡᠲᠦ᠄ | | | | | ᠯᠢ ᠤᠪᠤᠭᠳᠠᠨ ᠵᠡᠷᠭᠡ ᠬᠦᠮᠦᠰ ᠳᠡᠯᠪᠡᠷᠡᠬᠦ ᠡᠳ᠋ ᠢ ᠬᠠᠤᠯᠢ | ᠪᠤᠰᠤ ᠪᠠᠷ ᠦᠢᠯᠡᠳᠴᠦ ᠫᠠᠨᠽᠠᠯᠠᠵᠤ ᠬᠠᠳᠠᠭᠠᠯᠠᠭᠰᠠᠨ ᠬᠡᠷᠡᠭ | | | ᠪᠤᠭᠤᠲᠦ ᠬᠤᠲᠠ ᠶᠢᠨ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠨᠢᠭᠡᠨ ᠠᠭᠤᠷᠬᠠᠢ ᠶᠢᠨ ᠲᠤᠭᠤᠷᠢᠭ ᠲᠤ ᠭᠡᠨᠡᠳᠲᠡ ᠶᠢᠨ ᠪᠠᠶᠢᠴᠠᠭᠠᠯᠳᠠ ᠶᠢᠨ ᠳᠤᠮᠳᠠ | 1173 ᠳᠠᠮᠵᠢᠭᠤᠯᠤᠭᠴᠢ ᠳᠡᠯᠪᠡᠷᠡᠬᠦ ᠲᠡᠰᠦᠷᠡᠭᠦᠯᠥᠭᠴᠢ ᠶᠢ ᠪᠠᠶᠢᠴᠠᠭᠠᠨ ᠬᠤᠷᠢᠶᠠᠨ ᠠᠪᠴᠦ᠂ ᠲᠡᠷᠡ ᠳᠠᠷᠤᠢ ᠬᠤᠯᠪᠤᠭᠳᠠᠯ ᠪᠦᠬᠦᠢ ᠬᠦᠮᠦᠰ ᠵᠢᠴᠢ | ᠲᠡᠰᠦᠷᠡᠭᠦᠯᠦᠭᠴᠢ ᠶᠢᠨ ᠳᠠᠮᠵᠢᠭᠳᠠᠵᠤ ᠪᠠᠶᠢᠭ᠎ᠠ ᠴᠡᠭ ᠲᠤ ᠭᠡᠷᠡᠴᠢ ᠠᠪᠬᠤ ᠪᠠᠶᠢᠴᠠᠭᠠᠯᠲᠠ ᠶᠢᠨ ᠠᠵᠢᠯ ᠦᠷᠨᠢᠭᠦᠯᠪᠡ᠃ ᠪᠠᠶᠢᠴᠠᠭᠠᠯᠲᠠ ᠳᠤ᠂ ᠶᠠᠯ᠎ᠠ ᠬᠢᠭᠡᠰᠡᠨ | ᠰᠡᠵᠢᠭᠲᠡᠨ ᠯᠢ ᠤᠪᠤᠭᠲᠠᠨ 2012 ᠤᠨ ᠠᠴᠠ ᠤᠳᠤ ᠪᠤᠯᠲᠠᠯ᠎ᠠ ᠪᠤᠰᠤᠳ ᠲᠠᠢ ᠬᠤᠷᠰᠢᠵᠤ ᠬᠠᠤᠯᠢ ᠪᠤᠰᠤ ᠪᠠᠷ 470 ᠭᠠᠷᠤᠢ ᠲᠤᠨ ᠳᠡᠯᠪᠡᠷᠡᠬᠦ ᠡᠳ᠋ | ᠦᠢᠯᠡᠳᠬᠦ ᠶᠢᠨ ᠬᠠᠮᠲᠦ ᠨᠢᠭᠡᠨ ᠳᠡᠯᠪᠡᠴᠢᠬᠦ ᠺᠤᠮᠫᠠᠨᠢ ᠪᠠᠷ ᠳᠠᠮᠵᠢᠨ 1300 ᠭᠠᠷᠤᠢ ᠳᠠᠮᠵᠢᠭᠤᠯᠤᠭᠴᠢ ᠳᠡᠯᠪᠡᠷᠡᠬᠦ ᠲᠡᠰᠦᠷᠡᠭᠦᠯᠦᠭᠴᠢ᠂ 1900 ᠭᠠᠷᠤᠢ ᠴᠠᠬᠢᠯᠭᠠᠨ | ᠲᠡᠰᠦᠷᠡᠭᠦᠯᠦᠭᠴᠢ᠂ 45 ᠲᠤᠨ ᠴᠢᠢᠳᠡᠮᠡᠭ ᠳᠡᠯᠪᠡᠷᠡᠬᠦ ᠡᠳ᠋ ᠪᠠ ᠠᠮᠮᠤᠨᠢ ᠶᠢᠨ ᠲᠤᠰᠤᠨ ᠳᠡᠯᠪᠡᠷᠡᠬᠦ ᠡᠳ᠋ ᠢ ᠳᠤᠭᠳᠠᠭᠠᠯ ᠠᠴᠠ ᠵᠦᠷᠢᠴᠡᠨ ᠠᠪᠴᠤ᠂ ᠪᠦᠬᠦᠨ ᠢ | ᠠᠭᠤᠷᠬᠠᠢ ᠶᠢᠨ ᠤᠷᠤᠨ ᠳᠤ ᠨᠡᠭᠡᠭᠡᠯᠲᠡ ᠳᠡᠯᠪᠡᠴᠢᠵᠦ ᠬᠠᠤᠯᠢ ᠪᠤᠰᠤ ᠠᠰᠢᠭ ᠤᠯᠬᠤ ᠳᠤ ᠬᠡᠷᠡᠭᠯᠡᠪᠡ᠃ ᠲᠤᠬᠠᠢ ᠶᠢᠨ ᠭᠠᠵᠠᠷ ᠤᠨ ᠳᠤᠳᠤᠭᠠᠳᠤ ᠶᠢ ᠬᠠᠮᠠᠭᠠᠯᠠᠬᠤ | ᠪᠠᠶᠢᠭᠤᠯᠭ᠎ᠠ 21 ᠶᠠᠯ᠎ᠠ ᠬᠢᠭᠰᠡᠨ ᠰᠡᠵᠢᠭᠲᠡᠨ ᠢ ᠪᠠᠷᠢᠪᠴᠢᠯᠠᠵᠦ᠂ ᠬᠠᠤᠯᠢ ᠪᠤᠰᠤ ᠪᠠᠷ ᠳᠡᠯᠪᠡᠷᠡᠬᠦ ᠡᠳ᠋ ᠪᠤᠳᠡᠰ ᠦᠢᠯᠡᠳᠴᠦ ᠫᠠᠨᠽᠠᠯᠠᠵᠤ ᠬᠠᠳᠠᠭᠠᠯᠠᠭᠰᠠᠨ ᠶᠠᠯ᠎ᠠ ᠳᠤ | ᠬᠤᠯᠪᠤᠭᠳᠠᠭᠰᠠᠨ ᠢᠶᠠᠷ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠬᠤ ᠶᠢᠨ ᠬᠠᠮᠲᠦ ᠬᠠᠤᠯᠢ ᠪᠤᠰᠤ ᠠᠵᠢᠯᠯᠠᠭ᠎ᠠ ᠳᠤ ᠤᠷᠤᠯᠴᠠᠭᠰᠠᠨ ᠳᠡᠯᠪᠡᠴᠢᠬᠦ | ᠺᠤᠮᠫᠠᠨᠢ ᠶᠢᠨ ᠡᠵᠡᠩᠨᠡᠯᠲᠡ ᠶᠢᠨ ᠴᠢᠨᠡᠷᠲᠡᠢ ᠳᠡᠯᠪᠡᠴᠢᠬᠦ ᠠᠵᠢᠯ ᠤᠨ ᠨᠢᠭᠡᠴᠡ ᠶᠢᠨ ᠵᠦᠪᠰᠢᠶᠡᠷᠡᠯ ᠤᠨ ᠦᠨᠡᠮᠯᠡᠯ ᠢ ᠬᠦᠴᠦᠨ ᠦᠭᠡᠢ ᠪᠤᠯᠭᠠᠪᠠ᠃ | |