ᠤᠷᠠᠳ ᠤᠨ ᠡᠮᠦᠨᠡᠲᠦ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠠᠷᠢᠬᠢ ᠤᠤᠭᠤᠭᠠᠳ ᠬᠦᠮᠦᠨ ᠢ ᠵᠤᠳᠤᠭᠰᠠᠨ ᠨᠢᠭᠡ ᠡᠷᠡᠭᠳᠡᠢ ᠶᠢ ᠠᠷᠪᠠᠨ ᠡᠳᠦᠷ ᠤᠨ ᠵᠠᠰᠠᠭ ᠵᠠᠬᠢᠷᠭᠠᠨ ᠤ ᠲᠦᠷ ᠬᠤᠷᠢᠯᠲᠠ ᠪᠠ 500 ᠲᠦᠭᠦᠷᠢᠭ ᠤᠨ ᠵᠤᠭᠤᠰ ᠢᠶᠠᠷ ᠲᠤᠷᠭᠠᠪᠠ
ᠨᠡᠶᠢᠲᠡᠯᠡᠭᠰᠡᠨ ᠴᠠᠭ᠄
2021/2/22
      ᠡᠨᠡ ᠵᠢᠯ ᠤᠨ 2 ᠳ᠋ᠤᠭᠠᠷ ᠰᠠᠷ᠎ᠠ ᠶᠢᠨ 5 ᠤ ᠡᠳᠦᠷ᠂ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠲᠤᠭᠤᠷᠢᠨ ᠪᠠᠶᠢᠴᠠᠭᠠᠬᠤ ᠤᠨᠴᠠ ᠲᠦᠷᠦᠯ ᠤᠨ ᠴᠠᠭᠳᠠᠭ᠎ᠠ ᠶᠢᠨ ᠶᠡᠭᠡ ᠠᠩᠬᠢ ᠨᠢᠭᠡᠨ ᠡᠷᠡᠭᠲᠡᠢ ᠨᠢᠭᠡ ᠬᠦᠮᠦᠨ ᠢ ᠵᠤᠳᠤᠵᠤ ᠪᠠᠶᠢᠭ᠎ᠠ ᠲᠦᠭᠰᠢᠭᠦᠷᠢ ᠮᠡᠳᠡᠭᠦᠯᠦᠯᠲᠡ ᠶᠢ ᠬᠦᠯᠢᠶᠡᠨ ᠠᠪᠴᠦ᠂ ᠵᠢᠵᠢᠭᠦᠷᠯᠡᠵᠦ ᠪᠠᠶᠢᠭ᠎ᠠ ᠴᠠᠭᠳᠠᠭ᠎ᠠ ᠳᠠᠷᠤᠢ ᠲᠦᠷᠭᠡᠨ ᠲᠤᠬᠠᠢ ᠶᠢᠨ ᠲᠠᠯᠠᠪᠤᠷ ᠲᠤ ᠬᠦᠷᠴᠦ᠂ ᠬᠤᠤᠷᠯᠠᠭᠳᠠᠭᠴᠢ ᠪᠠᠢ ᠤᠪᠤᠭᠲᠠᠨ ᠢ ᠡᠮᠨᠠᠯᠭᠡ ᠳᠤ ᠣᠴᠢᠭᠤᠯᠵᠤ ᠪᠠᠶᠢᠴᠠᠭᠠᠯᠲᠠ ᠬᠢᠯᠭᠡᠵᠦ᠂ ᠬᠦᠮᠦᠨ ᠢ ᠵᠤᠳᠤᠭᠰᠠᠨ ᠵᠤᠤ ᠤᠪᠤᠭᠳᠠᠨ ᠢ ᠲᠤᠭᠤᠷᠢᠨ ᠪᠠᠶᠢᠴᠠᠭᠠᠬᠤ ᠤᠨᠴᠠ ᠲᠦᠷᠦᠯ ᠤᠨ ᠴᠠᠭᠳᠠᠭ᠎ᠠ ᠶᠢᠨ ᠶᠡᠭᠡ ᠠᠩᠬᠢ ᠶᠢᠨ ᠬᠡᠷᠡᠭ ᠰᠢᠢᠳᠪᠦᠷᠢᠯᠡᠬᠦ ᠲᠦᠪ ᠲᠤ ᠠᠪᠠᠴᠢᠨ ᠠᠰᠠᠭᠤᠨ ᠯᠠᠪᠯᠠᠵᠤ ᠰᠢᠢᠳᠪᠦᠷᠢᠯᠡᠪᠡ᠃      ᠪᠠᠶᠢᠴᠠᠭᠠᠯᠲᠠ ᠳᠤ᠂ 2 ᠳ᠋ᠤᠭᠠᠷ ᠰᠠᠷ᠎ᠠ ᠶᠢᠨ 4 ᠤ ᠤᠷᠤᠢ ᠪᠠᠢ ᠤᠪᠤᠭᠳᠠᠨ ᠨᠠᠶᠢᠵᠠ ᠲᠠᠢ ᠪᠠᠨ ᠠᠷᠢᠬᠢ ᠤᠤᠭᠤᠵᠤ ᠪᠠᠶᠢᠲᠠᠯ᠎ᠠ᠂ ᠵᠤᠤ ᠤᠪᠤᠭᠳᠠᠨ ᠦᠪᠡᠷ ᠤᠨ ᠰᠢᠷᠡᠭᠡ ᠶᠢᠨ ᠨᠠᠶᠢᠵᠠ ᠶᠢ ᠲᠠᠨᠢᠬᠤ ᠪᠤᠯᠬᠤᠷ ᠬᠠᠮᠲᠤ ᠪᠠᠨ ᠰᠠᠭᠤᠵᠤ ᠠᠷᠢᠬᠢ ᠤᠤᠭᠤᠵᠤ᠂ ᠠᠷᠢᠬᠢ ᠤᠤᠭᠤᠬᠤ ᠳᠤᠮᠳᠠ᠂ ᠪᠠᠢ ᠤᠪᠤᠭᠳᠠᠨ ᠵᠤᠤ ᠤᠪᠤᠭᠳᠠᠨ ᠲᠠᠢ ᠦᠭᠡ ᠪᠤᠯᠢᠶᠠᠯᠳᠤᠵᠤ᠂ ᠪᠠᠢ ᠤᠪᠤᠭᠳᠠᠨ ᠳᠠᠩᠰᠠ ᠪᠤᠳᠤᠬᠤ ᠦᠶᠡᠰ᠂ ᠵᠤᠤ ᠤᠪᠤᠭᠳᠠᠨ ᠵᠣᠳᠤᠪᠠ᠃ ᠤᠷᠠᠳ ᠤᠨ ᠡᠮᠦᠨᠡᠲᠦ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠪᠤᠰᠤᠳ ᠢ ᠵᠤᠳᠤᠭᠰᠠᠨ ᠪᠠᠷ ᠬᠠᠤᠯᠢ ᠶᠢ ᠵᠦᠷᠢᠴᠡᠭᠰᠡᠨ ᠵᠤᠤ ᠤᠪᠤᠭᠳᠠᠨ ᠢ ᠠᠷᠪᠠᠨ ᠡᠳᠦᠷ ᠤᠨ ᠵᠠᠰᠠᠭ ᠵᠠᠬᠢᠷᠭᠠᠨ ᠤ ᠲᠦᠷ ᠬᠤᠷᠢᠯᠲᠠ ᠪᠠ 500 ᠲᠦᠭᠦᠷᠢᠭ ᠤᠨ ᠵᠤᠭᠤᠰ ᠢᠶᠠᠷ ᠲᠤᠷᠭᠠᠪᠠ᠃ ︵ᠤᠷᠠᠳ ᠤᠨ ᠡᠮᠦᠨᠡᠳᠦ ᠬᠤᠰᠢᠭᠤᠨ ᠤ ᠲᠣᠳᠤᠭᠠᠳᠤ ᠶᠢ ᠬᠠᠮᠠᠭᠠᠯᠠᠬᠤ ᠲᠤᠪᠴᠢᠶ᠎ᠠ ᠮᠡᠳᠡᠭᠡᠯᠡᠪᠡ︶
ᠢᠷᠡᠯᠲᠡ᠄ ᠪᠠᠶᠠᠨᠨᠠᠭᠤᠷ ᠬᠤᠲᠠ ᠶᠢᠨ ᠳᠤᠳᠤᠭᠠᠳᠤ ᠶᠢ ᠬᠠᠮᠠᠭᠠᠯᠠᠬᠤ ᠲᠤᠪᠴᠢᠶ᠎ᠠ