ᠪᠡᠯᠭᠦᠳᠡᠢ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠯᠢᠦ ᠶᠠ ᠵᠢᠶᠦ᠋ᠨ ᠤ ᠵᠢᠷ ᠤᠨ ᠨᠢᠭᠡᠨ ᠡᠳᠦᠷ ᠢ ᠲᠡᠮᠳᠡᠭᠯᠡᠪᠡ
ᠨᠡᠶᠢᠲᠡᠯᠡᠭᠰᠡᠨ ᠴᠠᠭ᠄
2021/3/10
         ᠪᠡᠯᠭᠦᠳᠡᠢ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ          ᠯᠢᠦ ᠶᠠ ᠵᠢᠶᠦ᠋ᠨ ᠤ ᠵᠢᠷ ᠤᠨ ᠨᠢᠭᠡᠨ ᠡᠳᠦᠷ ᠢ ᠲᠡᠮᠳᠡᠭᠯᠡᠪᠡ                                                                          ︽ᠴᠠᠭᠳᠠᠭ᠎ᠠ ᠶᠢᠨ ᠬᠤᠪᠴᠠᠰᠤ ᠶᠢ ᠡᠮᠦᠰᠦᠭᠰᠡᠨ ᠪᠤᠯ ᠮᠦᠷᠦᠨ ᠳᠡᠭᠡᠷᠡᠬᠢ ᠠᠷᠢᠭᠤᠨ ᠲᠠᠷᠬᠠᠨ ᠡᠭᠦᠷᠭᠡ ᠬᠠᠷᠢᠭᠤᠴᠠᠯᠭ᠎ᠠ ᠪᠠᠨ ᠵᠠᠪᠠᠯ ᠰᠠᠶᠢᠲᠤᠷ ᠡᠭᠦᠷᠭᠡᠯᠡᠬᠦ ᠬᠡᠷᠡᠭᠲᠡᠢ︾ ᠬᠡᠵᠦ ᠠᠪᠠᠭ᠎ᠠ ᠬᠤᠰᠢᠭᠤᠨ ᠤ ᠪᠡᠯᠭᠦᠳᠡᠢ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠯᠢᠦ ᠶᠠ ᠵᠢᠶᠦ᠋ᠨ ᠤ ᠰᠤᠷᠪᠤᠯᠵᠢᠯᠠᠭᠴᠢ ᠳᠤ ᠬᠡᠯᠡᠭᠰᠡᠨ ᠦᠭᠡ᠃ 1 ᠳ᠋ᠦ᠋ᠭᠡᠷ ᠰᠠᠷ᠎ᠠ ᠶᠢᠨ 10 ᠤ ᠡᠳᠦᠷ ᠪᠣᠯ ᠠᠩᠬᠠᠳᠠᠭᠴᠢ ︽ᠳᠣᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠤᠨ ᠡᠳᠦᠷ︾ ᠪᠣᠯᠣᠨ᠎ᠠ᠂ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠤᠨ ᠡᠳᠦᠷ ᠬᠦᠷᠴᠦ ᠢᠷᠡᠬᠦ ᠳᠠᠰᠢᠷᠠᠮ ᠢᠶᠠᠷ᠂ ᠰᠤᠷᠪᠤᠯᠵᠢᠯᠠᠭᠴᠢ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠯᠢᠦ ᠶᠠ ᠵᠢᠶᠦ᠋ᠨ ᠤ ᠵᠢᠷ ᠤᠨ ᠨᠢᠭᠡᠨ ᠡᠳᠦᠷ ᠢ ᠰᠤᠷᠪᠤᠯᠵᠢᠯᠠᠨ ᠲᠡᠮᠳᠡᠭᠯᠡᠭᠰᠡᠨ ᠪᠠᠶᠢᠨ᠎ᠠ᠃      ᠨᠢᠭᠡ ᠭᠠᠷ ᠲᠤ ᠪᠠᠨ ᠪᠤᠳᠠᠭ᠎ᠠ ᠳᠡᠭᠦᠵᠢᠯᠡᠵᠦ᠂ ᠨᠥᠭᠦᠭᠡ ᠭᠠᠷ ᠲᠤ ᠪᠠᠨ ᠢᠳᠡᠭᠡᠨ ᠤ ᠲᠣᠰᠣ ᠠᠳᠬᠤᠨ ᠨᠡᠶᠢᠭᠡᠮ ᠲᠣᠭᠤᠷᠢᠭ ᠤᠨ ᠬᠦᠴᠢᠷᠳᠡᠯ ᠲᠠᠢ ᠰᠠᠭᠤᠭᠠᠯᠢ ᠠᠷᠠᠳ ᠢ ᠪᠣᠯᠭᠤᠭᠠᠨ ᠲᠣᠬᠤᠨᠢᠭᠤᠯᠬᠤ ᠪᠠᠷ ᠶᠠᠪᠤᠵᠤ ᠪᠠᠶᠢᠭᠰᠠᠨ ᠯᠢᠦ ᠶᠠ ᠵᠢᠶᠦ᠋ᠨ ᠲᠠᠢ ᠰᠤᠷᠪᠤᠯᠵᠢᠯᠠᠭᠴᠢ ᠠᠩᠬ᠎ᠠ ᠤᠳᠠᠭ᠎ᠠ ᠡᠶᠢᠨ ᠬᠦ ᠠᠭᠤᠯᠵᠠᠵᠤ ᠪᠢᠯᠡ᠃      ︽ᠴᠢᠰᠤᠨ ᠳᠠᠷᠣᠯᠲᠠ ᠪᠠᠭᠤᠷᠠᠭᠤᠯᠬᠤ ᠡᠮ ᠢᠶᠠᠨ ᠤᠤᠭᠤᠭᠰᠠᠨ ᠦᠦ︖ ᠬᠡᠤᠬᠡᠳ ᠤᠳ ᠴᠢᠨᠢ ᠬᠠᠷᠢᠵᠤ ᠢᠷᠡᠭᠰᠡᠨ ᠦᠦ︖ ᠪᠡᠶ᠎ᠡ ᠶᠢᠨ ᠴᠢᠨᠢ ᠪᠠᠶᠢᠳᠠᠯ ᠭᠠᠶᠢᠭᠤᠢ ᠪᠢᠵᠠ︖︾ ᠭᠡᠬᠦ ᠮᠡᠲᠦ ᠪᠠᠷ ᠯᠢᠦ ᠶᠠ ᠵᠢᠶᠦ᠋ᠨ ᠨᠢᠭᠡᠨ ᠬᠠᠭᠤᠴᠢᠨ ᠨᠠᠶᠢᠵᠠ ᠪᠠᠨ ᠬᠠᠯᠠᠮᠵᠢᠯᠠᠵᠤ ᠪᠠᠶᠢᠭ᠎ᠠ ᠰᠢᠭ ᠢᠶᠠᠷ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠠᠩ ᠸᠧᠨ ᠤ ᠠᠮᠢᠳᠤᠷᠠᠯ ᠤᠨ ᠪᠠᠶᠢᠳᠠᠯ ᠢ ᠠᠰᠠᠭᠤᠵᠤ ᠪᠠᠶᠢᠯ᠎ᠠ᠃ ᠡᠷᠦᠬᠡ ᠳᠤ ᠭᠦᠨᠵᠡᠭᠡᠶᠢᠷᠡᠵᠦ ᠠᠮᠤᠷ ᠲᠦᠪᠰᠢᠨ ᠤ ᠰᠡᠷᠭᠡᠶᠢᠯᠡᠯᠲᠡ ᠶᠢᠨ ᠮᠡᠳᠡᠯᠭᠡ ᠶᠢᠨ ᠤᠬᠠᠭᠤᠯᠭ᠎ᠠ ᠬᠢᠬᠦ᠂ ᠪᠣᠳᠠᠲᠠᠶ ᠬᠥᠮᠦᠨ ᠠᠮᠠ ᠶᠢᠨ ᠬᠠᠮᠢᠶᠠᠷᠤᠯᠲᠠ᠂ ᠬᠥᠷᠰᠢ ᠰᠠᠭᠠᠬᠠᠯᠲᠠ ᠶᠢᠨ ᠵᠠᠭᠤᠷᠠᠯᠳᠤᠭᠠᠨ ᠢ ᠡᠶᠡᠳᠡᠭᠦᠯᠬᠦ᠂ ᠭᠠᠯ ᠤᠨᠲᠠᠷᠠᠭᠠᠬᠤ ᠪᠠᠶᠢᠴᠠᠭᠠᠯᠲᠠ ᠵᠡᠷᠭᠡ ᠶᠢ ᠥᠷᠨᠢᠭᠦᠯᠬᠦ ᠨᠢ ᠴᠥᠮ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠶᠢᠨ ᠡᠳᠦᠷ ᠲᠤᠲᠤᠮ ᠤᠨ ᠠᠵᠢᠯ ᠪᠣᠯᠤᠨ᠎ᠠ᠂ ᠡᠭᠦᠨ ᠠᠴᠠ ᠭᠠᠳᠠᠨ᠎ᠠ᠂ ᠵᠢᠯ ᠪᠦᠷᠢ ᠵᠣᠷᠰᠢᠯ ᠶᠣᠰᠣ ᠪᠠᠷ ᠥᠨᠦᠴᠢᠨ ᠪᠡᠯᠪᠡᠰᠦᠨ ᠭᠠᠭᠴᠠ ᠪᠡᠶ᠎ᠡ ᠨᠠᠰᠤᠲᠠᠨ ᠪᠣᠯᠤᠨ ᠬᠦᠴᠢᠷᠳᠡᠯᠲᠡᠶ ᠬᠥᠮᠦᠰ ᠢ ᠲᠣᠬᠤᠨᠢᠭᠤᠯᠬᠤ ᠨᠢ ᠮᠥᠨ ᠴᠤ ᠲᠡᠭᠦᠨ ᠤ ᠠᠵᠢᠯ ᠤᠨ ᠨᠢᠭᠡ ᠬᠡᠰᠡᠭ ᠶᠤᠮ᠃ ᠬᠡᠳᠦᠶᠢᠪᠡᠷ ᠡᠳᠡᠭᠡᠷ ᠠᠵᠢᠯ ᠨᠢ ᠬᠠᠷᠠᠬᠤ ᠳᠤ ᠡᠭᠡᠯ ᠶᠡᠷᠦᠮᠳᠡᠭ ᠴᠤ᠂ ᠬᠠᠷᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠰᠡᠳᠬᠢᠯ ᠢ ᠳᠤᠯᠠᠭᠠᠴᠠᠭᠤᠯᠵᠤ ᠴᠡᠷᠢᠭ ᠠᠷᠠᠳ ᠤᠨ ᠵᠢᠭᠠᠰᠤ ᠤᠰᠤᠨ ᠤ ᠬᠠᠷᠢᠴᠠᠭ᠎ᠠ ᠶᠢ ᠬᠡᠳᠦᠶᠢᠨ ᠪᠣᠳᠠᠳᠠᠢ ᠦᠢᠯᠡᠳᠦᠯᠭᠡ ᠪᠠᠷ ᠭᠡᠷᠡᠴᠢᠯᠡᠭᠰᠡᠨ ᠪᠠᠶᠢᠯ᠎ᠠ      ᠠᠪᠠᠭ᠎ᠠ ᠬᠤᠰᠢᠭᠤᠨ ᠤ ᠬᠠᠮᠪᠤ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠯᠢ ᠶᠢᠩ ᠬᠤᠸᠠ ᠰᠤᠷᠪᠤᠯᠵᠢᠯᠠᠭ᠎ᠠ ᠬᠦᠯᠢᠶᠡᠬᠦ ᠳᠤ ᠪᠠᠨ᠄      — ︽ᠮᠢᠨᠤ ᠨᠦᠬᠦᠷ ᠤᠨ ᠲᠠᠷᠢᠬᠢᠨ ᠳᠤ ᠨᠢ ᠴᠢᠰᠤ ᠬᠠᠷᠪᠤᠵᠤ᠂ ᠬᠦᠯ ᠭᠠᠷ ᠨᠢ ᠬᠥᠳᠡᠯᠬᠦ ᠳᠤ ᠲᠦᠬᠦᠮ ᠦᠬᠡᠢ᠂ ᠬᠦᠷᠳᠦᠲᠦ ᠰᠠᠨᠳᠠᠯᠢ ᠳᠤ ᠰᠠᠭᠤᠳᠠᠭ ᠶᠤᠮ᠂ ᠲᠡᠳᠡ ᠦᠷᠬᠦᠯᠵᠢ ᠪᠢᠳᠠᠨ ᠢ ᠡᠷᠬᠢᠵᠦ ᠦᠵᠡᠬᠦ ᠪᠠᠷ ᠢᠷᠡᠳᠡᠭ᠂ ᠪᠢᠳᠡ ᠦᠨᠡᠬᠡᠷ ᠶᠡᠭᠡ ᠲᠤᠭᠳᠤᠯᠵᠤ ᠪᠠᠶᠢᠨ᠎ᠠ︾ ᠭᠡᠵᠡᠢ᠃      ᠯᠢᠦ ᠶᠠ ᠵᠢᠶᠦ᠋ᠨ ᠪᠣᠯ 2000 ᠣᠨ ᠳᠤ ᠴᠡᠷᠢᠭ ᠠᠴᠠ ᠪᠠᠨ ᠬᠠᠯᠠᠭᠳᠠᠵᠦ 2003 ᠣᠨ ᠳᠤ ᠮᠠᠨ ᠤ ᠬᠤᠰᠢᠭᠤᠨ ᠤ ᠳᠤᠲᠤᠭᠠᠳᠦ ᠶᠢ ᠬᠠᠮᠠᠭᠠᠯᠠᠬᠤ ᠲᠤᠪᠴᠢᠶᠠᠨ ᠳᠤ ᠡᠯᠰᠡᠭᠳᠡᠵᠦ᠂ ᠨᠡᠶᠢᠬᠡᠮ ᠲᠤᠭᠤᠷᠢᠭ ᠤᠨ ᠡᠭᠡᠯ ᠵᠢᠷ ᠤᠨ ᠠᠷᠠᠳ ᠤᠨ ᠴᠠᠭᠳᠠᠭ᠎ᠠ ᠪᠤᠯᠵᠠᠢ᠃ 18 ᠵᠢᠯ ᠤᠨ ᠴᠠᠭᠳᠠᠭ᠎ᠠ ᠶᠢᠨ ᠠᠮᠢᠳᠤᠷᠠᠯ ᠳᠤ ᠪᠠᠨ ᠲᠡᠷᠡ ᠴᠡᠷᠢᠭ ᠠᠴᠠ ᠬᠠᠯᠠᠭᠳᠠᠭᠰᠠᠳ ᠤᠨ ᠡᠷᠡᠰ ᠰᠢᠭᠤᠷᠬᠠᠢ᠂ ᠬᠤᠷᠴᠠ ᠰᠡᠷᠭᠡᠭ ᠵᠠᠩ ᠴᠢᠨᠠᠷ ᠢᠶᠠᠷ ᠢᠶᠠᠨ ᠨᠡᠶᠢᠭᠡᠮ ᠲᠣᠭᠤᠷᠢᠭ ᠤᠨ ᠠᠵᠢᠯ ᠳᠤ ᠪᠠᠨ ᠭᠢᠯᠠᠷᠠᠭᠤᠯᠵᠤ ᠂ ᠰᠢᠯᠢᠳᠡᠭ ᠬᠠᠪᠰᠤᠷᠤᠭᠴᠢ ᠴᠠᠭᠳᠠᠭ᠎ᠠ᠂ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠬᠠᠮᠤᠭ ᠠᠴᠠ ᠪᠠᠭ᠋ᠠᠷᠬᠠᠯᠲᠠᠢ ᠴᠡᠷᠢᠭ ᠠᠴᠠ ᠬᠠᠯᠠᠭᠳᠠᠭᠰᠠᠳ ᠤᠨ ᠢᠷᠡᠭᠤ ᠠᠯᠳᠠᠷ ᠢ ᠣᠯᠠᠨᠲᠠ ᠬᠦᠷᠲᠡᠭᠰᠡᠨ ᠪᠠᠶᠢᠨ᠎ᠠ᠃      ᠠᠪᠠᠭ᠎ᠠ ᠬᠤᠰᠢᠭᠤᠨ ᠤ ᠪᠡᠯᠭᠦᠳᠡᠢ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠬᠳᠠᠭ᠎ᠠ ᠯᠢᠦ ᠶᠠ ᠵᠢᠶᠦ᠋ᠨ ᠰᠤᠷᠪᠤᠯᠵᠢᠯᠠᠭ᠎ᠠ ᠬᠦᠯᠢᠶᠡᠬᠦ ᠳᠤ ᠪᠠᠨ᠄      — ︽ᠮᠠᠨ ᠤ ᠡᠳᠦᠷ ᠪᠦᠷᠢ ᠶᠢᠨ ᠠᠵᠢᠯ ᠦᠨᠡᠨᠳᠡᠭᠡᠨ ᠮᠠᠰᠢ ᠬᠢᠯᠪᠠᠷ᠂ ᠵᠢᠵᠢᠬᠦᠷ ᠤᠨ ᠪᠡᠯᠡᠳᠭᠡᠯ ᠬᠢᠬᠦ᠂ ᠨᠡᠶᠢᠭᠡᠮ ᠲᠣᠭᠤᠷᠢᠭ ᠲᠤ ᠣᠴᠢᠬᠤ᠂ ᠡᠷᠦᠬᠡ ᠳᠤ ᠬᠦᠷᠴᠦ ᠪᠠᠶᠢᠴᠠᠭᠠᠯᠲᠠ ᠬᠢᠬᠦ ᠵᠡᠷᠭᠡ᠂ ᠭᠡᠪᠡᠴᠤ ᠪᠢ ᠡᠨᠡ ᠠᠵᠢᠯ ᠳᠤ ᠪᠠᠨ ᠳᠤᠷᠠᠲᠠᠢ᠂ ᠤᠴᠢᠷ ᠨᠢ ᠰᠤᠷᠭᠠᠭᠤᠯᠢ ᠪᠠᠨ ᠲᠡᠭᠦᠰᠦᠮᠡᠭᠴᠡ ᠴᠡᠷᠢᠭ ᠲᠤ ᠤᠷᠤᠵᠤ᠂ ᠲᠣᠮᠢᠯᠠᠭᠰᠠᠨ ᠰᠠᠯᠪᠤᠷᠢ ᠳᠤ ᠰᠢᠯᠭᠠᠨ ᠣᠷᠣᠨ ᠡᠨᠡ ᠬᠦ ᠴᠠᠭᠳᠠᠭ᠎ᠠ ᠶᠢᠨ ᠬᠤᠪᠴᠠᠰᠤ ᠪᠠᠨ ᠡᠮᠦᠰᠦᠭᠰᠡᠨ ᠶᠤᠮ᠂ ᠬᠡᠳᠦᠶᠢᠪᠡᠷ ᠨᠡᠶᠢᠭᠡᠮ ᠲᠣᠭᠤᠷᠢᠭ ᠤᠨ ᠴᠠᠭᠳᠠᠭᠠᠨ ᠤ ᠠᠵᠢᠯ ᠠᠷᠰᠠᠷ ᠤᠴᠢᠷ ᠣᠯᠠᠨ᠂ ᠣᠯᠠᠨ ᠶᠠᠩᠵᠤ ᠶᠢᠨ ᠬᠦᠮᠦᠨ ᠲᠠᠢ ᠬᠠᠷᠢᠯᠴᠠᠳᠠᠭ ᠴᠤ ᠪᠢ ᠶᠡᠷᠦ ᠠᠴᠠ ᠡᠨᠡ ᠬᠦ ᠠᠵᠢᠯ ᠢᠶᠠᠨ ᠬᠠᠶᠠᠬᠤ ᠶᠢ ᠪᠣᠳᠤᠭ᠎ᠠ ᠦᠭᠡᠢ᠂ ᠤᠴᠢᠷ ᠨᠢ ᠡᠨᠡ ᠬᠦ ᠴᠠᠭᠳᠠᠭ᠎ᠠ ᠶᠢᠨ ᠬᠤᠪᠴᠠᠰᠤᠨ ᠳᠤ ᠪᠠᠨ ᠤᠰᠤᠯᠳᠠᠵᠦ ᠪᠣᠯᠬᠤ ᠦᠭᠡᠢ ᠭᠡᠰᠡᠨ ᠢᠲᠡᠭᠡᠯ ᠪᠢᠰᠢᠷᠡᠯ ᠬᠡᠵᠢᠶᠡᠳᠡ ᠨᠠᠮ᠎ᠠ ᠶᠢ ᠳᠠᠭᠠᠭᠤᠯᠤᠨ ᠤᠷᠤᠭᠰᠢᠯᠠᠳᠠᠭ ᠶᠤᠮ᠃ ᠡᠳᠦᠷ ᠪᠣᠯᠭᠠᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠣᠯᠠᠨ ᠲᠥᠮᠡᠨ ᠤ ᠪᠠᠶᠢᠳᠠᠯ ᠢ ᠣᠶᠢᠯᠠᠭᠠᠬᠤ ᠠᠴᠠ ᠭᠠᠳᠠᠨ᠎ᠠ᠂ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠶᠡᠷᠦᠩᠬᠡᠶ ᠱᠦᠵᠢ ᠲᠠᠢ ᠬᠠᠷᠢᠯᠴᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠡᠯ᠎ᠡ ᠵᠦᠢᠯ ᠤᠨ ᠪᠠᠶᠢᠳᠠᠯ ᠢ ᠣᠶᠢᠯᠠᠭᠠᠵᠤ᠂ ᠵᠥᠷᠢᠴᠡᠯ ᠵᠠᠭᠤᠷᠠᠯᠳᠤᠭᠠᠨ ᠢ ᠬᠠᠪᠰᠤᠷᠤᠨ ᠰᠢᠢᠳᠪᠦᠷᠢᠯᠡᠬᠦ ᠪᠣᠯ ᠪᠠᠰᠠ ᠴᠤ ᠮᠢᠨᠦ ᠡᠳᠦᠷ ᠪᠦᠷᠢ ᠶᠢᠨ ᠠᠵᠢᠯ ᠤᠨ ᠠᠭᠤᠯᠭ᠎ᠠ ᠪᠣᠯᠤᠨ᠎ᠠ᠃ ︽ᠦᠨᠡᠨ ᠳᠤ ᠪᠠᠨ ᠮᠠᠨ ᠤ ᠠᠵᠢᠯ ᠪᠣᠯ ᠳᠠᠷᠤᠢ ᠨᠠᠰᠤᠲᠠᠶᠢᠴᠤᠳ ᠢᠶᠠᠨ ᠬᠠᠯᠠᠮᠵᠢᠯᠠᠨ᠂ ᠠᠷᠠᠳ ᠲᠥᠮᠡᠨ ᠳᠤ ᠪᠠᠨ ᠦᠢᠯᠡᠴᠢᠯᠡᠬᠦ ᠠᠵᠢᠯ ᠪᠣᠯᠣᠨ᠎ᠠ᠂ ᠶᠠᠮᠠᠷᠪᠠ ᠪᠠᠴᠢᠮ ᠶᠠᠪᠤᠳᠠᠯ᠂ ᠬᠦᠴᠢᠷ ᠶᠠᠪᠤᠳᠠᠯ᠂ ᠪᠠᠭ᠎ᠠ ᠰᠠᠭ᠎ᠠ ᠶᠠᠪᠤᠳᠠᠯ ᠴᠤ ᠳᠤ ᠭᠡᠰᠡᠨ᠂ ᠪᠢᠳᠡᠨ ᠢ ᠬᠡᠷᠡᠭᠰᠡᠬᠦ ᠳᠤ ᠯᠡ ᠪᠣᠯ᠂ ᠪᠢᠳᠡ ᠵᠠᠪᠠᠯ ᠳᠠᠷᠤᠢ ᠲᠦᠷᠭᠡᠨ ᠣᠴᠢᠬᠤ ᠬᠡᠷᠡᠭᠲᠡᠢ︾ ᠭᠡᠵᠦ ᠨᠢᠭᠡᠨ ᠴᠡᠷᠢᠭ ᠬᠦᠮᠦᠨ ᠤ ᠪᠠᠲᠤ ᠴᠢᠩᠭ᠎ᠠ ᠣᠪᠣᠷ ᠢᠶᠠᠷ ᠰᠢᠭᠤᠷᠬᠠᠢ ᠶᠠᠷᠢᠵᠤ ᠪᠠᠶᠢᠯ᠎ᠠ᠃     ᠠᠪᠠᠭ᠎ᠠ ᠬᠤᠰᠢᠭᠤᠨ ᠤ ᠪᠡᠯᠭᠦᠳᠡᠢ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠬᠳᠠᠭ᠎ᠠ ᠯᠢᠦ ᠶᠠ ᠵᠢᠶᠦ᠋ᠨ᠄     — ︽ᠮᠢᠨᠤ ᠴᠡᠭᠡᠵᠢᠯᠡᠵᠦ ᠪᠠᠶᠢᠬᠤ ᠪᠠᠷ᠂ 2017 ᠣᠨ ᠤ 12 ᠳ᠋ᠤᠭᠠᠷ ᠰᠠᠷ᠎ᠠ ᠶᠢᠨ ᠨᠢᠭᠡ ᠡᠳᠦᠷ᠂ ᠴᠢᠶᠣᠤ ᠠᠪᠠᠭ᠋ᠠᠢ ᠵᠣᠭᠤᠰᠤᠨ ᠪᠣᠭᠴᠣ ᠪᠠᠨ ᠭᠡᠭᠡᠭᠡᠳ  ᠳᠣᠲᠤᠷ᠎ᠠ ᠨᠢ ᠲᠡᠭᠦᠨ ᠤ ᠨᠠᠰᠤᠵᠢᠯ ᠤᠨ ᠳᠠᠭᠠᠳᠬᠠᠯ ᠢᠶᠠᠨ ᠲᠤᠰᠢᠶᠠᠬᠤ ᠪᠠᠷ ᠪᠡᠯᠡᠳᠭᠡᠭᠰᠡᠨ ᠨᠠᠢᠮᠠᠨ ᠮᠢᠩᠭ᠎ᠠ ᠭᠠᠷᠤᠶ ᠲᠦᠭᠦᠷᠢᠭ ᠤᠨ ᠪᠡᠯᠡᠨ ᠵᠣᠭᠤᠰ ᠪᠠᠶᠢᠭᠰᠠᠨ ᠶᠤᠮ᠂  ᠲᠡᠷᠡ ᠮᠠᠰᠢ ᠶᠡᠭᠡ ᠰᠠᠨᠳᠤᠷᠴᠤ᠂ ᠬᠠᠮᠤᠭ ᠲᠦᠷᠦᠭᠦᠨ ᠳᠤ ᠨᠠᠮ᠎ᠠ ᠶᠢ ᠡᠷᠢᠵᠦ ᠢᠷᠡᠭᠰᠡᠨ᠂ ᠪᠢ ᠸᠢᠴᠠᠲ ᠢᠶᠠᠷ ᠬᠤᠯᠪᠣᠭ᠎ᠠ ᠠᠪᠴᠤ᠂ ᠬᠢᠨᠠᠨ ᠡᠵᠡᠮᠳᠡᠭᠦᠷ ᠢ ᠪᠠᠶᠢᠴᠠᠭᠠᠬᠤ ᠵᠡᠷᠭᠡ ᠠᠷᠭ᠎ᠠ ᠪᠠᠷᠢᠯ ᠢᠶᠠᠷ ᠲᠡᠭᠦᠨ ᠳᠤ ᠵᠣᠭᠤᠰᠣᠨ ᠪᠤᠭᠴᠤ ᠶᠢ ᠨᠢ ᠤᠯᠵᠤ ᠦᠭᠭᠦᠭᠰᠡᠨ ᠶᠤᠮ᠂ ᠬᠤᠵᠢᠮ ᠨᠢ ᠲᠡᠷᠡ ᠡᠮᠡᠭᠲᠡᠢ ᠪᠠᠶᠢᠭᠤᠯᠭ᠎ᠠ ᠳᠤ ᠲᠠᠯᠠᠷᠬᠠᠬᠤ ᠵᠠᠬᠢᠳᠠᠯ ᠬᠦᠷᠭᠡᠵᠦ ᠣᠴᠢᠬᠤ ᠳᠤ᠂ ᠲᠡᠭᠦᠨ ᠤ ᠪᠠᠶᠠᠷᠯᠠᠭᠰᠠᠨ ᠴᠢᠷᠠᠢ ᠶᠢ ᠦᠵᠡᠭᠡᠳ ᠪᠢ ᠴᠤ ᠮᠠᠰᠢ ᠳᠣᠭᠳᠤᠯᠤᠭᠰᠠᠨ︾ ᠬᠡᠮᠡᠨ ᠶᠠᠷᠢᠵᠦ ᠪᠠᠶᠢᠯ᠎ᠠ᠃     ᠡᠳᠡᠭᠡᠷ ᠪᠤᠯ ᠵᠥᠪᠬᠡᠨ ᠯᠢᠦ ᠶᠠ ᠵᠢᠶᠦ᠋ᠨ ᠤ ᠣᠯᠠᠨ ᠵᠢᠯ ᠤᠨ ᠲᠤᠷᠰᠢ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠶᠢᠨ ᠠᠵᠢᠯ ᠢ ᠡᠭᠦᠷᠭᠡᠯᠡᠬᠦ ᠶᠠᠪᠤᠴᠠ  ᠳᠠᠬᠢ ᠡᠭᠡᠯ ᠵᠢᠷ ᠤᠨ ᠤᠴᠢᠷ ᠶᠠᠪᠤᠳᠠᠯ ᠤᠳ ᠪᠣᠯᠣᠨ᠎ᠠ᠂ ᠭᠡᠪᠡᠴᠤ ᠶᠠᠭ ᠡᠳᠡᠭᠡᠷ ᠪᠠᠭ᠎ᠠ ᠰᠠᠭ᠎ᠠ ᠬᠡᠷᠡᠭ ᠶᠠᠪᠤᠳᠠᠯ ᠨᠢ ᠲᠣᠭᠠᠯᠠᠰᠢ ᠦᠭᠡᠢ ᠣᠯᠠᠨ ᠭᠡᠷ ᠵᠠᠭᠤᠷ᠎ᠠ ᠶᠢᠨ ᠤᠴᠢᠷ ᠶᠠᠪᠤᠳᠠᠯ ᠢ ᠲᠡᠮᠳᠡᠭᠯᠡᠵᠦ᠂ ᠠᠮᠢᠳᠤᠷᠠᠯ ᠤᠨ ᠭᠱᠠᠨ ᠪᠦᠷᠢ ᠶᠢ ᠲᠡᠮᠳᠡᠭᠯᠡᠨ᠂ ᠴᠡᠷᠢᠭ ᠪᠠ ᠠᠷᠠᠳ ᠤᠨ ᠨᠥᠬᠦᠷᠰᠡᠭ ᠬᠠᠷᠢᠴᠠᠭ᠎ᠠ ᠶᠢ ᠤᠯᠠᠮ ᠵᠤᠵᠠᠭᠠᠷᠠᠭᠤᠯᠤᠭᠰᠠᠨ ᠪᠠᠶᠢᠨ᠎ᠠ᠃ ᠶᠠᠭ ᠯᠢᠦ ᠶᠠ ᠵᠢᠶᠦ᠋ᠨ ᠲᠠᠢ ᠠᠳᠠᠯᠢ ᠪᠠᠷ ᠲᠥᠭ ᠲᠥᠮᠡᠨ ᠠᠷᠠᠳ ᠤᠨ ᠴᠠᠭᠳᠠᠭ᠎ᠠ ᠨᠢ ᠠᠷᠠᠳ ᠣᠯᠠᠨ ᠤ ᠪᠠᠨ ᠲᠥᠯᠦᠭᠡ ᠭᠤᠶᠠᠴᠢ ᠦᠭᠡᠢ ᠰᠡᠳᠬᠢᠯ ᠢᠶᠠᠷ ᠦᠢᠯᠡᠴᠢᠯᠡᠵᠦ᠂ ᠠᠷᠠᠳ ᠲᠥᠮᠡᠨ ᠤ ᠪᠠᠨ ᠡᠩᠬᠡ ᠲᠠᠶᠢᠪᠤᠩ ᠤᠨ ᠲᠥᠯᠥᠭᠡ ᠰᠢᠷᠭᠠᠭᠤ ᠠᠵᠢᠯᠯᠠᠵᠤ᠂ ᠠᠷᠠᠳ ᠤᠨ ᠴᠠᠭᠳᠠᠭ᠎ᠠ ᠶᠢᠨ ᠦᠢᠯᠡᠰ ᠢᠶᠠᠨ ᠳᠡᠭᠡᠳᠦᠯᠡᠬᠦ ᠴᠢᠩ ᠦᠨᠡᠨᠴᠢ ᠰᠢᠳᠤᠷᠭᠤ ᠰᠡᠳᠬᠢᠯ ᠢ ᠢᠯᠡᠷᠡᠭᠦᠯᠵᠦ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠠᠮᠢᠳᠤᠷᠠᠯ ᠤᠨ ᠭᠡᠷᠡᠯ ᠭᠢᠯᠪᠠᠭ᠎ᠠ ᠶᠢ ᠰᠠᠴᠤᠷᠠᠭᠤᠯᠵᠤ᠂ ᠪᠣᠳᠠᠲᠠᠢ ᠠᠵᠢᠯᠯᠠᠭ᠎ᠠ ᠪᠠᠷ ᠢᠶᠠᠨ ᠠᠷᠠᠳ ᠤᠨ ᠴᠠᠭᠳᠠᠭ᠎ᠠ ᠶᠢᠨ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ ᠪᠠᠶᠢᠭ᠎ᠠ ᠪᠢᠯᠡ᠃ ︵ᠠᠪᠠᠭ᠎ᠠ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ ᠮᠥᠩᠬᠡᠨᠠᠰᠤᠨ ᠮᠡᠳᠡᠭᠡᠯᠡᠪᠡ︶                      
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ