ᠶᠠᠮᠠᠷ ᠪᠠᠶᠢᠳᠠᠯ ᠳᠣᠤᠷ᠎ᠠ 110 ᠢ ᠬᠡᠷᠡᠭᠯᠡᠬᠦ ᠪᠣᠶ᠂ ᠡᠨᠡ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠲᠣᠳᠣᠷᠬᠠᠶ ᠬᠡᠯᠡᠪᠡ︕
ᠨᠡᠶᠢᠲᠡᠯᠡᠭᠰᠡᠨ ᠴᠠᠭ᠄
2021/3/5
       ᠶᠠᠮᠠᠷ ᠪᠠᠶᠢᠳᠠᠯ ᠳᠣᠤᠷ᠎ᠠ 110 ᠢ ᠬᠡᠷᠡᠭᠯᠡᠬᠦ ᠪᠣᠶ᠂ ᠡᠨᠡ ᠤᠳᠠᠭᠠᠨ ᠤ        ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠲᠣᠳᠣᠷᠬᠠᠶ ᠬᠡᠯᠡᠪᠡ︕          1 ᠳ᠋ᠦ᠋ᠭᠡᠷ ᠰᠠᠷ᠎ᠠ ᠶᠢᠨ 13 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠥᠷᠪᠡᠳᠦᠭᠡᠷ ᠲᠠᠯᠠᠪᠤᠷ ᠤᠨ ︽ᠠᠷᠠᠳ ᠲᠦᠮᠡᠨ ᠳᠤ ᠮᠡᠳᠡᠭᠦᠯᠬᠦ︾ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠲᠣᠭᠲᠠᠭᠰᠠᠨ ᠬᠤᠭᠤᠴᠠᠭᠠᠨ ᠳᠤ ᠪᠠᠨ ᠶᠠᠪᠤᠭᠳᠠᠪᠠ᠃ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠴᠢᠮᠡᠭᠡ ᠮᠡᠳᠡᠭᠡ ᠵᠢᠯᠣᠭᠤᠳᠬᠤ ᠲᠥᠪ ᠤᠨ ᠲᠦᠭᠰᠢᠭᠦᠷᠢ ᠮᠡᠳᠡᠭᠦᠯᠦᠯᠲᠡ ᠶᠢ ᠲᠣᠰᠴᠤ ᠴᠠᠭᠳᠠᠭ᠎ᠠ ᠲᠣᠮᠢᠯᠠᠬᠤ ᠶᠢ ᠵᠢᠯᠣᠭᠤᠳᠬᠤ ᠰᠠᠯᠪᠤᠷᠢ ᠠᠩᠭᠢ ᠶᠢᠨ ᠳᠠᠷᠤᠭ᠎ᠠ ᠸᠧᠨ ᠡᠤ ᠵᠢᠤᠸᠠᠨ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠬᠢᠭᠡᠳ ᠬᠠᠮᠢᠶ᠎ᠠ ᠪᠥᠬᠦᠶ ᠨᠡᠶᠢᠭᠡᠮ ᠤᠨ ᠦᠢᠯᠡᠴᠢᠯᠡᠭᠡᠨ ᠤ ᠲᠠᠪᠴᠠᠩ ᠤᠨ ᠬᠤᠯᠪᠣᠭᠠᠯᠠᠨ ᠬᠥᠳᠡᠯᠦᠯᠴᠡᠵᠦ ᠲᠥᠷᠥᠯ ᠬᠤᠪᠢᠶᠠᠨ ᠭᠥᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠤ ᠪᠠᠶᠢᠳᠠᠯ ᠤᠨ ᠲᠤᠬᠠᠶ ᠨᠠᠷᠢᠨ ᠲᠣᠳᠣᠷᠬᠠᠶᠢᠯᠠᠯᠲᠠ ᠬᠢᠪᠠ᠃      ᠨᠢᠭᠡ᠂ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠤᠨ ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ      ︵ᠨᠢᠭᠡ︶ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠲᠦᠭᠰᠢᠭᠦᠷᠢ ᠮᠡᠳᠡᠭᠦᠯᠬᠦ ᠶᠢ ᠬᠦᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ      1. ᠡᠷᠡᠭᠦᠤ ᠶᠢᠨ ᠬᠡᠷᠡᠭ ᠤᠨ ᠲᠥᠷᠥᠯ ᠤᠨ ᠲᠦᠭᠰᠢᠭᠦᠷᠢᠲᠦ ᠪᠠᠶᠢᠳᠠᠯ︔      2. ᠠᠮᠤᠷ ᠢ ᠬᠠᠮᠠᠭᠠᠯᠠᠬᠤ ᠲᠥᠷᠥᠯ ᠤᠨ ᠲᠦᠭᠰᠢᠭᠦᠷᠢᠲᠦ ᠪᠠᠶᠢᠳᠠᠯ︔      3. ᠵᠠᠮ ᠬᠠᠷᠢᠯᠴᠠᠭᠠᠨ ᠤ ᠲᠥᠷᠥᠯ ᠤᠨ ᠲᠦᠭᠰᠢᠭᠦᠷᠢᠲᠦ ᠪᠠᠶᠢᠳᠠᠯ︔      4. ᠬᠥᠮᠦᠨ ᠤ ᠪᠡᠶ᠎ᠡ᠂ ᠡᠳ᠋ ᠬᠦᠷᠦᠩᠭᠡ ᠶᠢᠨ ᠠᠮᠤᠷ ᠲᠦᠪᠰᠢᠨ ᠪᠤᠶᠤ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠢ ᠰᠦᠷᠳᠡᠭᠦᠯᠬᠦ ᠬᠠᠮᠲᠤᠯᠢᠭ ᠤᠨ ᠴᠢᠨᠠᠷᠲᠠᠢ ᠬᠡᠷᠡᠭ︔      5. ᠠᠮᠤᠷ ᠢ ᠬᠠᠮᠠᠭᠠᠯᠠᠬᠤ ᠭᠠᠶ ᠭᠠᠮᠰᠢᠭ ᠤᠨ ᠠᠳᠡᠯ ᠤᠨ ᠲᠥᠷᠥᠯ ᠤᠨ ᠲᠦᠭᠰᠢᠭᠦᠷᠢ ᠪᠠᠶᠢᠳᠠᠯ︔      6. ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠰᠢᠢᠳᠪᠦᠷᠢᠯᠡᠬᠦ ᠴᠢᠬᠤᠯᠠᠲᠠᠢ ᠪᠤᠰᠤᠳ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠲᠠᠢ ᠬᠤᠯᠪᠣᠭᠳᠠᠬᠤ ᠲᠦᠭᠰᠢᠭᠦᠷᠢ ᠮᠡᠳᠡᠭᠡᠯᠡᠬᠦ᠃      ︵ᠬᠤᠶᠠᠷ︶ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠤᠨ ᠭᠥᠯᠢᠶᠡᠨ ᠠᠪᠴᠤ ᠰᠢᠢᠳᠪᠦᠷᠢᠯᠡᠬᠦ ᠪᠠᠴᠢᠮ ᠲᠤᠰᠠᠯᠠᠮᠵᠢ ᠭᠤᠶᠤᠴᠢᠯᠠᠬᠤ ᠬᠦᠷᠢᠶ᠎ᠡ ᠬᠡᠪᠴᠢᠶ᠎ᠡ      1. ᠤᠰᠤᠨ ᠳᠤ ᠴᠠᠴᠠᠬᠤ᠂ ᠠᠰᠠᠷ ᠠᠴᠠ ᠤᠨᠠᠬᠤ᠂ ᠪᠡᠶ᠎ᠡ ᠪᠠᠨ ᠬᠤᠣᠷᠯᠠᠬᠤ ᠵᠡᠷᠭᠡ ᠬᠥᠮᠦᠨ ᠤ ᠪᠡᠶ᠎ᠡ ᠶᠢᠨ ᠠᠮᠤᠷ ᠲᠦᠪᠰᠢᠨ ᠳᠤ ᠠᠶᠤᠯ ᠤᠴᠠᠷᠠᠭᠤᠯᠬᠤ ᠵᠢᠴᠢ ᠣᠯᠠᠨ ᠨᠡᠶᠢᠲᠡ ᠪᠤᠰᠤᠳ ᠠᠶᠤᠯ ᠲᠦᠭᠰᠢᠭᠦᠷᠢ ᠳᠤ ᠤᠴᠠᠷᠠᠵᠤ᠂ ᠲᠤᠰᠠᠯᠠᠮᠵᠢ ᠦᠭᠡᠢ ᠭᠠᠭᠴᠠᠭᠠᠷᠳᠠᠭᠰᠠᠨ ᠪᠠᠶᠢᠳᠠᠯ ᠳᠤ ᠣᠷᠣᠭᠠᠳ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠪᠠᠴᠢᠮ ᠠᠪᠤᠷᠠᠨ ᠲᠤᠰᠠᠯᠠᠬᠤ ᠴᠢᠬᠤᠯᠠᠲᠠᠢ ᠪᠣᠯᠤᠭᠰᠠᠨ︔      2. ᠨᠠᠰᠤᠲᠠᠶᠢᠴᠤᠳ᠂ ᠬᠡᠦᠬᠡᠳ ᠵᠢᠴᠢ ᠣᠶᠣᠨ ᠤ ᠰᠠᠭᠠᠳ ᠲᠠᠢ ᠬᠥᠮᠦᠰ᠂ ᠣᠶᠣᠨ ᠮᠡᠳᠡᠷᠡᠯ ᠤᠨ ᠰᠠᠭᠠᠳ ᠲᠠᠢ ᠡᠪᠡᠳᠴᠢᠲᠡᠨ ᠵᠡᠷᠭᠡ ᠦᠢᠯᠡ ᠠᠵᠢᠯᠯᠠᠭ᠎ᠠ ᠶᠢᠨ ᠴᠢᠳᠠᠪᠤᠷᠢ ᠲᠠᠢ᠂ ᠢᠯᠭᠠᠨ ᠲᠠᠨᠢᠬᠤ ᠴᠢᠳᠠᠪᠤᠷᠢ ᠪᠠᠷ ᠠᠨᠠᠢ ᠬᠥᠮᠦᠰ ᠤᠨ ᠲᠥᠭᠡᠷᠢᠵᠦ ᠭᠡᠭᠡᠭᠳᠡᠭᠰᠡᠨ ᠢ ᠣᠯᠵᠤ ᠮᠡᠳᠡᠭᠡᠳ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠷ ᠵᠣᠬᠢᠬᠤ ᠬᠡᠪᠴᠢᠶᠡᠨ ᠳᠣᠲᠣᠷ᠎ᠠ ᠲᠦᠷᠭᠡᠨ ᠬᠠᠪᠰᠤᠷᠤᠭᠤᠯᠤᠨ ᠡᠷᠢᠭᠦᠯᠬᠦ ᠴᠢᠬᠤᠯᠠᠲᠠᠢ ᠪᠠᠶᠢᠬᠤ︔      3. ᠤᠰᠤ᠂ ᠴᠠᠬᠢᠯᠭᠠᠨ᠂ ᠲᠣᠰᠣ᠂ ᠬᠡᠢ᠂ ᠳᠤᠯᠠᠭᠠᠯᠠᠬᠤ ᠵᠡᠷᠭᠡ ᠳᠤ ᠬᠤᠯᠪᠣᠭᠳᠠᠭᠰᠠᠨ ᠣᠯᠠᠨ ᠨᠡᠶᠢᠲᠡ ᠶᠢᠨ ᠲᠥᠬᠦᠭᠡᠷᠦᠮᠵᠢ ᠳᠤ ᠲᠦᠭᠰᠢᠭᠦᠷᠢᠲᠦ ᠪᠠᠶᠢᠳᠠᠯ ᠭᠠᠷᠴᠤ᠂ ᠣᠯᠠᠨ ᠨᠡᠶᠢᠲᠡ ᠶᠢᠨ ᠠᠮᠤᠷ ᠲᠦᠪᠰᠢᠨ᠂ ᠬᠥᠮᠦᠨ ᠤ ᠪᠡᠶ᠎ᠡ ᠪᠤᠶᠤ ᠡᠳ᠋ ᠬᠥᠷᠥᠩᠭᠡ ᠶᠢᠨ ᠠᠮᠤᠷ ᠲᠦᠪᠰᠢᠨ ᠳᠤ ᠠᠶᠤᠯ ᠬᠥᠨᠥᠭᠡᠯ ᠤᠴᠠᠷᠠᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠤᠷᠢᠳ ᠢᠶᠠᠷ ᠪᠠᠴᠢᠮ ᠰᠢᠢᠳᠪᠦᠷᠢᠯᠡᠬᠦ ᠴᠢᠬᠤᠯᠠᠲᠠᠢ ᠪᠣᠯᠤᠭᠰᠠᠨ︔      4. ᠭᠠᠵᠠᠷ ᠬᠥᠳᠡᠯᠦᠯᠲᠡ᠂ ᠦᠶᠡᠷ ᠤᠰᠤᠲᠤᠯ᠂ ᠰᠢᠪᠠᠷ ᠴᠢᠯᠠᠭᠤᠨ ᠤ ᠤᠷᠤᠰᠬᠠᠯ ᠵᠡᠷᠭᠡ ᠪᠠᠶᠢᠭᠠᠯᠢ ᠶᠢᠨ ᠭᠠᠮᠰᠢᠭ ᠤᠨ ᠠᠶᠤᠯᠲᠤ ᠪᠠᠶᠢᠳᠠᠯ ᠡᠭᠦᠰᠴᠦ᠂ ᠣᠯᠠᠨ ᠨᠡᠶᠢᠲᠡ ᠶᠢᠨ ᠠᠮᠤᠷ ᠲᠦᠪᠰᠢᠨ᠂ ᠬᠥᠮᠦᠨ ᠤ ᠪᠡᠶ᠎ᠡ ᠪᠤᠶᠤ ᠡᠳ᠋ ᠬᠥᠷᠥᠩᠭᠡ ᠶᠢᠨ ᠠᠮᠤᠷ ᠲᠦᠪᠰᠢᠨ ᠪᠠ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠢ ᠰᠦᠷᠳᠡᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠴᠢᠮ ᠰᠢᠢᠳᠪᠦᠷᠢᠯᠡᠯᠲᠡ ᠳᠤ ᠣᠷᠣᠯᠴᠠᠬᠤ ᠴᠢᠬᠤᠯᠠᠲᠠᠶ ᠪᠠᠶᠢᠬᠤ︔      5. ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠢᠳᠪᠦᠷᠢᠯᠡᠬᠦ ᠴᠢᠬᠤᠯᠠᠲᠠᠶ ᠪᠤᠰᠤᠳ ᠪᠠᠴᠢᠮ ᠲᠤᠰᠠᠯᠠᠮᠵᠢ ᠭᠤᠶᠤᠴᠢᠯᠠᠬᠤ ᠵᠤᠶᠢᠯᠡᠰ᠃      ︵ᠭᠤᠷᠪᠠ︶ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠤᠨ ᠵᠠᠭᠠᠯᠳᠤᠯᠭ᠎ᠠ ᠶᠢ ᠬᠦᠯᠢᠶᠡᠨ ᠠᠪᠬᠤ ᠬᠡᠪᠴᠢᠶ᠎ᠡ᠄ ᠳᠣᠲᠣᠭᠠᠳᠤ  ᠶᠢ  ᠬᠠᠮᠠᠭᠠᠯᠠᠬᠤ  ᠪᠠᠶᠢᠭᠤᠯᠭ᠎ᠠ  ᠵᠢᠴᠢ  ᠠᠷᠠᠳ  ᠤᠨ  ᠴᠠᠭᠳᠠᠭ᠎ᠠ  ᠶᠢᠨ ᠶᠠᠭ ᠭᠠᠷᠴᠤ ᠪᠠᠶᠢᠭ᠎ᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠴᠠᠭᠳᠠᠭ᠎ᠠ ᠶᠢᠨ ᠬᠠᠤᠯᠢ︾ ︽ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠮᠳᠠᠭᠤᠯᠤᠨ ᠪᠠᠶᠢᠴᠠᠭᠠᠬᠤ ᠳᠦᠷᠢᠮ︾ ︽ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠨ ᠴᠠᠭᠳᠠᠭ᠎ᠠ ᠶᠢᠨ ᠰᠠᠬᠢᠯᠭ᠎ᠠ ᠪᠠᠲᠤ ᠶᠢᠨ ᠳᠦᠷᠢᠮ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠠᠷᠠᠳ ᠤᠨ ᠴᠠᠭᠳᠠᠭ᠎ᠠ ᠶᠢᠨ ᠰᠠᠬᠢᠯᠭ᠎ᠠ ᠪᠠᠲᠤ ᠶᠢᠨ ᠲᠣᠭᠲᠠᠭᠠᠯ ᠠᠴᠠ ᠵᠥᠷᠢᠴᠡᠵᠦ᠂ ᠬᠠᠤᠯᠢ ᠠᠴᠠ ᠵᠥᠷᠢᠴᠡᠨ ᠡᠷᠬᠡ ᠲᠤᠰᠢᠶᠠᠯ ᠢᠶᠠᠨ ᠬᠡᠷᠡᠭᠵᠢᠭᠦᠯᠵᠦ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠶ᠂ ᠡᠯ᠎ᠡ ᠵᠦᠢᠯ ᠤᠨ ᠬᠠᠤᠯᠢ ᠬᠡᠷᠡᠭᠵᠢᠭᠦᠯᠬᠦ᠂ ᠦᠢᠯᠡᠴᠢᠯᠡᠬᠦ᠂ ᠵᠣᠬᠢᠶᠠᠨ ᠪᠠᠶᠢᠭᠤᠯᠬᠤ᠂ ᠬᠠᠮᠢᠶᠠᠷᠬᠤ ᠳᠦᠷᠢᠮ ᠢ ᠵᠢᠷᠤᠮᠯᠠᠬᠤ ᠦᠭᠡᠶ ᠪᠠ ᠡᠷᠬᠢᠯᠡᠭᠰᠡᠨ ᠠᠵᠢᠯ ᠤᠨ ᠶᠣᠰᠣ ᠮᠣᠷᠠᠯ ᠠᠴᠠ ᠵᠥᠷᠢᠴᠡᠭᠰᠡᠨ ᠦᠢᠯᠡ ᠠᠵᠢᠯᠯᠠᠭ᠎ᠠ᠃      ᠬᠤᠶᠠᠷ᠂ 12345 ᠨᠡᠶᠢᠭᠡᠮ ᠤᠨ  ᠦᠢᠯᠡᠴᠢᠯᠡᠭᠡᠨ ᠤ ᠲᠠᠪᠴᠠᠩ ᠤᠨ ᠭᠥᠯᠢᠶᠡᠨ ᠠᠪᠴᠤ   ᠰᠢᠢᠳᠪᠦᠷᠢᠯᠡᠬᠦ ᠬᠡᠪᠴᠢᠶ᠎ᠡ     12345 ᠲᠠᠪᠴᠠᠩ ᠪᠣᠯ ᠬᠤᠲᠠ ᠶᠢᠨ ᠵᠠᠰᠠᠭ ᠤᠨ ᠣᠷᠳᠣᠨ ᠤ ᠨᠡᠶᠢᠭᠡᠮ ᠤᠨ ᠲᠤᠰᠠᠯᠠᠮᠵᠢ ᠭᠤᠶᠤᠴᠢᠯᠠᠬᠤ  ᠦᠢᠯᠡᠴᠢᠯᠡᠭᠡᠨ ᠤ ᠲᠠᠪᠴᠠᠩ ᠪᠠᠶᠢᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠣᠯᠠᠨ ᠨᠡᠶᠢᠲᠡ ᠶᠢᠨ  ᠦᠢᠯᠡᠴᠢᠯᠡᠭᠡᠨ ᠤ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ᠂ ᠭᠦᠢᠴᠡᠳᠭᠡᠬᠦ ᠲᠠᠰ ᠳᠠᠷᠠᠭᠠᠯᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠵᠡᠷᠭᠡ ᠠᠰᠠᠭᠤᠳᠠᠯ ᠳᠤ ᠬᠤᠯᠪᠣᠭᠳᠠᠭᠰᠠᠨ ᠵᠥᠪᠯᠡᠯᠭᠡ ᠥᠭᠬᠦ᠂ ᠲᠤᠰᠠᠯᠠᠮᠵᠢ ᠭᠤᠶᠤᠴᠢᠯᠠᠬᠤ ᠪᠣᠯᠤᠨ᠎ᠠ︔ ᠬᠤᠲᠠ ᠶᠢᠨ ᠠᠷᠠᠳ ᠤᠨ ᠠᠮᠢᠳᠤᠷᠠᠯ᠂ ᠦᠢᠯᠡᠳᠪᠦᠷᠢᠯᠡᠯ ᠤᠨ ᠳᠤᠮᠳᠠ ᠲᠤᠯᠭᠠᠷᠠᠭᠰᠠᠨ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠪᠠ ᠣᠯᠠᠨ ᠨᠡᠶᠢᠲᠡ ᠶᠢᠨ ᠦᠢᠯᠡᠴᠢᠯᠡᠭᠡ ᠳᠤ ᠬᠠᠷᠢᠶᠠᠯᠠᠭᠳᠠᠬᠤ ᠯᠠᠪᠯᠠᠯᠭ᠎ᠠ᠂ ᠲᠤᠰᠠᠯᠠᠮᠵᠢ ᠭᠤᠶᠤᠴᠢᠯᠠᠬᠤ ᠵᠡᠷᠭᠡ ᠡᠯ᠎ᠡ ᠲᠥᠷᠥᠯ ᠤᠨ ᠴᠠᠭᠳᠠᠭᠠᠨ ᠤ ᠶᠠᠪᠤᠳᠠᠯ ᠤᠨ ᠪᠤᠰᠤ ᠯᠠᠪᠯᠠᠯᠭ᠎ᠠ᠂ ᠵᠠᠭᠠᠯᠳᠤᠯᠭ᠎ᠠ᠂ ᠲᠤᠰᠠᠯᠠᠮᠵᠢ ᠭᠤᠶᠤᠴᠢᠯᠠᠬᠤ ᠲᠥᠷᠥᠯ ᠵᠡᠷᠭᠡ ᠵᠤᠶᠢᠯᠡᠰ᠃     ᠭᠤᠷᠪᠠ᠂ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠪᠣᠯᠤᠨ 12348 ᠬᠠᠤᠯᠢ ᠴᠠᠭᠠᠵᠠ ᠶᠢᠨ ᠬᠠᠯᠠᠮᠰᠢᠯ ᠤᠲᠠᠰᠤᠨ ᠤ ᠲᠠᠪᠴᠠᠩ ᠤᠨ ᠬᠠᠮᠲᠤᠷᠠᠨ ᠬᠥᠳᠡᠯᠦᠯᠴᠡᠬᠦ ᠬᠡᠪᠴᠢᠶ᠎ᠡ     ︽12348︾ ᠪᠣᠯ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠤᠯᠭ᠎ᠠ ᠠᠴᠠ ᠪᠦᠬᠦ ᠣᠷᠣᠨ ᠤ ᠠᠷᠠᠳ ᠣᠯᠠᠨ ᠳᠤ ᠬᠠᠨᠳᠤᠭᠤᠯᠤᠭᠰᠠᠨ ᠬᠠᠤᠯᠢ ᠴᠠᠭᠠᠵᠠ ᠶᠢᠨ ᠯᠠᠪᠯᠠᠯᠭ᠎ᠠ ᠶᠢᠨ ᠦᠢᠯᠡᠴᠢᠯᠡᠭᠡᠨ ᠤ ᠲᠤᠰᠬᠠᠶ ᠳ᠋ᠢᠶᠠᠩᠬᠤᠸᠠ ᠪᠣᠯᠤᠨ᠎ᠠ᠂ 7 × 24 ᠴᠠᠭ ᠤᠨ ᠠᠵᠢᠯ ᠤᠨ ᠭᠤᠣᠯ ᠡᠭᠦᠷᠭᠡ ᠴᠢᠳᠠᠪᠤᠷᠢ ᠨᠢ ᠪᠣᠯ ᠣᠯᠠᠨ ᠲᠦᠮᠡᠨ ᠤ ᠬᠠᠤᠯᠢ ᠴᠠᠭᠠᠵᠠ ᠶᠢᠨ ᠯᠠᠪᠯᠠᠯᠭ᠎ᠠ ᠶᠢ ᠬᠦᠯᠢᠶᠡᠨ ᠠᠪᠴᠤ᠂ ᠠᠷᠠᠳ ᠤᠨ ᠬᠤᠭᠤᠷᠣᠨᠳᠣᠬᠢ ᠵᠠᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠳᠤ ᠬᠠᠮᠵᠢᠯᠴᠠᠵᠤ᠂ ᠣᠯᠠᠨ ᠲᠦᠮᠡᠨ ᠤ ᠬᠠᠤᠯᠢ ᠴᠠᠭᠠᠵᠠ ᠶᠢᠨ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠲᠤᠰᠬᠠᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠭᠤᠶᠤᠴᠢᠯᠠᠯ ᠢ ᠵᠢᠯᠣᠭᠤᠳᠬᠤ ᠪᠠ ᠬᠦᠯᠢᠶᠡᠨ ᠠᠪᠬᠤ ᠶᠠᠪᠤᠳᠠᠯ ᠪᠣᠯᠤᠨ᠎ᠠ᠃ ︽110︾ ᠲᠦᠭᠰᠢᠭᠦᠷᠢ ᠮᠡᠳᠡᠭᠡᠯᠡᠬᠦ ᠦᠢᠯᠡᠴᠢᠯᠡᠭᠡᠨ ᠤ ᠲᠠᠪᠴᠠᠩ ᠨᠢ ᠣᠷᠤᠭ  ᠬᠤᠷᠢᠮ᠂ ᠬᠡᠷ  ᠪᠦᠯᠢ᠂ ᠬᠥᠷᠰᠢ  ᠵᠡᠷᠭᠡᠯᠡᠳᠡᠭᠡ᠂ ᠭᠡᠷ᠎ᠡ᠂ ᠥᠷᠢ ᠥᠭᠴᠡᠭᠡ᠂ ᠬᠥᠳᠡᠯᠮᠦᠷᠢ  ᠶᠢᠨ  ᠪᠠᠲᠤᠯᠠᠭ᠎ᠠ᠂ ᠡᠳ᠋  ᠬᠥᠷᠥᠩᠭᠡ  ᠵᠠᠯᠭᠠᠮᠵᠢᠯᠠᠬᠤ᠂ ᠠᠷᠠᠳ ᠤᠨ ᠡᠶᠡᠳᠡᠭᠦᠯᠭᠡ ᠵᠡᠷᠭᠡ ᠵᠠᠭᠤᠷᠠᠯᠳᠤᠭᠠᠨ ᠤ ᠲᠥᠷᠥᠯ ᠤᠨ ᠴᠠᠭᠳᠠᠭᠠᠨ ᠤ ᠶᠠᠪᠤᠳᠠᠯ ᠤᠨ ᠪᠤᠰᠤ ᠲᠦᠭᠰᠢᠭᠦᠷᠢ ᠮᠡᠳᠡᠭᠡᠯᠡᠬᠦ ᠶᠢ ᠭᠤᠶᠤᠴᠢᠯᠠᠬᠤ ᠵᠢᠴᠢ ᠠᠯᠪᠠᠨ ᠭᠡᠷᠡᠴᠢᠯᠡᠭᠡ ᠬᠢᠬᠦ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ᠂ ᠠᠷᠠᠳ ᠤᠨ ᠡᠶᠡᠳᠡᠭᠦᠯᠭᠡ ᠬᠢᠬᠦ ᠵᠡᠷᠭᠡ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠲᠤᠬᠠᠶᠢᠯᠠᠭᠰᠠᠨ ᠠᠵᠢᠯ ᠳᠤ ᠬᠤᠯᠪᠣᠭᠳᠠᠭᠰᠠᠨ ᠭᠤᠶᠤᠴᠢᠯᠠᠯ ᠢ ᠭᠥᠯᠢᠶᠡᠨ ᠠᠪᠴᠤ ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ︽12348︾ ᠬᠠᠯᠠᠮᠰᠢᠯ ᠤᠲᠠᠰᠤ ᠶᠢ ᠤᠲᠠᠰᠤᠳᠠᠭᠤᠯᠤᠨ ᠠᠰᠠᠭᠤᠨ ᠯᠠᠪᠯᠠᠭᠤᠯᠵᠤ ᠰᠢᠢᠳᠪᠦᠷᠢᠯᠡᠭᠦᠯᠦᠨ᠎ᠡ᠃ ︽12348︾ ᠬᠠᠯᠠᠮᠰᠢᠯ ᠤᠲᠠᠰᠤ ᠨᠢ ᠣᠯᠠᠨ ᠲᠦᠮᠡᠨ ᠤ ᠵᠠᠭᠤᠷᠠᠯᠳᠤᠭᠠᠨ ᠢ  ᠰᠢᠢᠳᠪᠦᠷᠢᠯᠡᠵᠦ ᠲᠤᠰᠠᠯᠠᠮᠵᠢ ᠭᠤᠶᠤᠴᠢᠯᠠᠬᠤ ᠦᠶ᠎ᠡ ᠳᠤ ᠂ ᠡᠵᠡᠮᠰᠢᠵᠦ ᠪᠠᠶᠢᠭ᠎ᠠ ᠠᠷᠠᠳ ᠢᠷᠭᠡᠳ ᠤᠨ ᠪᠡᠶ᠎ᠡ ᠮᠠᠬᠠᠪᠣᠳ᠂ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠵᠤ ᠮᠡᠳᠡᠬᠦ᠂ ᠨᠡᠶᠢᠭᠡᠮ ᠤᠨ ᠣᠯᠠᠨ ᠨᠡᠶᠢᠲᠡ ᠶᠢᠨ ᠡᠮᠬᠢ ᠵᠢᠷᠤᠮ ᠢ ᠰᠠᠮᠠᠭᠤᠷᠠᠭᠤᠯᠵᠤ ᠮᠡᠳᠡᠬᠦ ᠵᠡᠷᠭᠡ ᠲᠠᠯ᠎ᠠ ᠪᠠᠷ ᠲᠤᠰᠠᠯᠠᠮᠵᠢ ᠭᠤᠶᠤᠴᠢᠯᠠᠵᠤ᠂ ᠣᠯᠠᠨ ᠲᠦᠮᠡᠨ ᠢ ᠴᠠᠭ ᠲᠤᠬᠠᠶ ᠳᠤᠨᠢ ᠬᠥᠲᠥᠯᠥᠨ ᠵᠢᠯᠣᠭᠤᠳᠴᠤ ᠪᠠᠶᠢᠭᠠᠳ ︽110︾ ᠶᠢᠨ ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠳᠤ ᠤᠲᠠᠰᠤᠳᠠᠭᠤᠯᠤᠨ ᠰᠢᠢᠳᠪᠦᠷᠢᠯᠡᠭᠦᠯᠬᠦ ᠬᠡᠷᠡᠭᠲᠡᠶ᠃      ᠳᠥᠷᠪᠡ᠂ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠪᠣᠯᠤᠨ ︽ᠥᠨᠥᠳᠦᠷ ᠤᠨ ᠲᠡᠷᠢᠭᠦᠨ ᠵᠤᠷᠪᠤᠰ︾ ᠤᠨ ᠬᠠᠮᠲᠤᠷᠠᠯᠴᠠᠭᠠᠨ ᠤ ᠨᠡᠶᠢᠲᠡ ᠶᠢᠨ ᠠᠰᠠᠷᠠᠮᠵᠢ ᠶᠢᠨ ᠬᠥᠮᠦᠨ ᠡᠷᠢᠬᠦ ᠬᠡᠪᠴᠢᠶ᠎ᠡ      ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ 60 ᠨᠠᠰᠤᠨ ᠠᠴᠠ ᠳᠡᠭᠡᠭᠰᠢᠬᠢ ᠨᠠᠰᠤᠲᠠᠨ᠂ 18 ᠨᠠᠰᠤᠨ ᠠᠴᠠ ᠳᠣᠷᠣᠭᠰᠢᠬᠢ ᠨᠠᠰᠤᠨ ᠳᠤ ᠥᠯᠥ ᠬᠦᠷᠦᠭᠰᠡᠳ ᠂ ᠣᠶᠤᠨ ᠤᠬᠠᠭᠠᠨ ᠪᠤᠶᠤ ᠣᠶᠤᠨ ᠮᠡᠳᠡᠷᠡᠯ ᠤᠨ ᠰᠠᠭᠠᠳ ᠲᠠᠢ ᠨᠠᠰᠤᠨ ᠳᠤ ᠬᠦᠷᠦᠭᠰᠡᠳ ᠲᠤ ᠨᠡᠶᠢᠴᠡᠬᠦ ᠪᠥᠭᠡᠳ ᠡᠨᠡ ᠭᠤᠷᠪᠠᠨ ᠲᠥᠷᠥᠯ ᠤᠨ ᠬᠥᠮᠦᠨ ᠤ ᠲᠥᠭᠡᠷᠢᠭᠰᠡᠨ ᠴᠠᠭ ᠨᠢ ᠴᠥᠮ ᠭᠤᠷᠪᠠᠨ ᠰᠠᠷ᠎ᠠ ᠶᠢᠨ ᠳᠣᠲᠣᠷᠠᠬᠢ ᠲᠥᠭᠡᠷᠢᠭᠰᠡᠨ ᠬᠥᠮᠦᠰ ᠢ ︽ᠥᠨᠥᠳᠦᠷ ᠤᠨ ᠲᠡᠷᠢᠭᠦᠨ ᠵᠤᠷᠪᠤᠰ︾ ᠤᠨ ᠬᠥᠮᠦᠨ ᠡᠷᠢᠬᠦ ᠠᠵᠢᠯᠲᠠᠨ ᠳᠤ ᠬᠦᠷᠭᠡᠵᠦ᠂ ᠭᠠᠵᠠᠷ ᠵᠦᠶ ᠶᠢᠨ ᠨᠠᠷᠢᠯᠢᠭ ᠣᠨᠣᠴᠠᠲᠠᠶ ᠣᠷᠣᠨ ᠪᠠᠶᠢᠷᠢ ᠶᠢᠨ ᠬᠦᠳᠡᠯᠦᠩᠭᠦᠢ ᠦᠢᠯᠡᠴᠢᠯᠡᠭᠡᠨ ᠤ ᠴᠣᠩᠬᠤ ᠶᠢᠨ ᠮᠡᠷᠭᠡᠵᠢᠯ ᠳᠤ ᠪᠠᠨ ᠲᠦᠰᠢᠭᠯᠡᠨ᠂ ᠲᠥᠭᠡᠷᠢᠭᠰᠡᠨ ᠨᠠᠰᠤᠲᠠᠨ᠂ ᠬᠡᠤᠬᠡᠳ ᠵᠢᠴᠢ ᠣᠶᠤᠨ ᠤᠬᠠᠭᠠᠨ ᠣᠶᠤᠨ ᠮᠡᠳᠡᠷᠡᠯ ᠤᠨ ᠰᠠᠭᠠᠳ ᠲᠠᠢ ᠬᠥᠮᠦᠰ ᠤᠨ ᠬᠤᠯᠪᠣᠭᠳᠠᠯ ᠪᠥᠬᠦᠶ ᠮᠡᠳᠡᠭᠡ ᠵᠠᠩᠭᠢ ᠶᠢ ᠲᠥᠭᠡᠷᠢᠭᠰᠡᠨ ᠭᠠᠵᠠᠷ ᠤᠨ ᠣᠶᠢᠷ᠎ᠠ ᠬᠠᠪᠢ ᠶᠢᠨ ᠥᠨᠥᠳᠦᠷ ᠤᠨ ᠲᠡᠷᠢᠭᠦᠨ ᠵᠤᠷᠪᠤᠰ ᠤᠨ ᠬᠡᠷᠡᠭᠯᠡᠭᠴᠢ ᠳᠤ ᠬᠦᠷᠭᠡᠬᠦ ᠪᠣᠯᠤᠨ᠎ᠠ᠃ 2020 ᠣᠨ ᠳᠤ ᠨᠡᠶᠢᠲᠡ 26 ᠬᠦᠳᠡᠯᠦᠩᠭᠦᠢ ᠦᠢᠯᠡᠴᠢᠯᠡᠭᠡᠨ ᠤ ᠴᠣᠩᠬᠤ ᠶᠢ ᠨᠡᠶᠢᠲᠡᠯᠡᠵᠦ᠂ ᠵᠥᠪᠬᠡᠨ 1 ᠬᠥᠮᠦᠨ ᠢ ᠡᠷᠢᠵᠦ ᠣᠯᠤᠭᠰᠠᠨ ᠥᠬᠡᠶ᠃     2021 ᠣᠨ ᠳᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠨᠡᠶᠢᠭᠡᠮ ᠤᠨ ᠲᠣᠭᠲᠠᠭᠤᠨ ᠤ ᠶᠡᠭᠡ ᠲᠠᠯ᠎ᠠ ᠶᠢ ᠬᠠᠮᠠᠭᠠᠯᠠᠬᠤ ᠶᠢ ᠦᠷᠭᠦᠯᠵᠢᠯᠡᠨ ᠨᠢᠭᠡᠳᠦᠯᠲᠡᠶ ᠲᠥᠯᠥᠪᠵᠢᠭᠦᠯᠵᠦ᠂ ᠣᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠴᠠᠭᠳᠠᠭᠠᠨ ᠤ ᠶᠠᠪᠤᠳᠠᠯ ᠤᠨ ᠠᠷᠠᠳ ᠤᠨ ᠰᠠᠨᠠᠭ᠎ᠠ ᠶᠢᠨ ᠲᠣᠭᠤᠷᠢᠨ ᠳᠤ ᠰᠢᠯᠵᠢᠬᠦ ᠶᠢ ᠪᠠᠷᠢᠮᠲᠠᠯᠠᠨ᠂ ᠠᠷᠠᠳ ᠣᠯᠠᠨ ᠤ ᠰᠢᠨ᠎ᠡ ᠴᠠᠭ ᠦᠶ᠎ᠡ ᠶᠢᠨ ᠰᠠᠶᠢᠨ ᠰᠠᠶᠢᠬᠠᠨ ᠠᠮᠢᠳᠤᠷᠠᠯ ᠢ ᠰᠠᠬᠢᠨ ᠬᠠᠮᠠᠭᠠᠯᠠᠬᠤ ᠪᠠᠷ ᠥᠪᠡᠷ ᠤᠨ ᠡᠭᠦᠷᠭᠡ ᠪᠠᠨ ᠪᠣᠯᠭᠠᠵᠤ᠂ ᠠᠷᠠᠳ ᠣᠯᠠᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ᠪᠠᠷ ᠡᠭᠦᠷᠢᠳᠡ ᠶᠢᠨ ᠬᠥᠭᠡᠭᠡᠴᠡᠯᠳᠦᠯ ᠢᠶᠠᠨ ᠪᠣᠯᠭᠠᠵᠤ᠂ ᠨᠡᠶᠢᠭᠡᠮ ᠤᠨ ᠬᠥᠭᠵᠢᠯᠲᠡ ᠶᠢᠨ ᠰᠢᠨ᠎ᠡ ᠪᠠᠶᠢᠳᠠᠯ ᠳᠤ ᠵᠣᠬᠢᠴᠠᠭᠤᠯᠤᠨ᠂ ᠣᠯᠠᠨ ᠲᠦᠮᠡᠨ ᠤ ᠰᠠᠨᠠᠭᠠᠰᠢᠷᠠᠵᠤ ᠪᠠᠶᠢᠭ᠎ᠠ᠂ ᠠᠶᠤᠵᠤ ᠪᠠᠶᠢᠭ᠎ᠠ᠂ ᠬᠡᠷᠡᠭᠰᠡᠵᠦ ᠪᠠᠶᠢᠭ᠎ᠠ᠂ ᠬᠦᠰᠡᠵᠦ ᠪᠠᠶᠢᠭ᠎ᠠ ᠵᠦᠢᠯ ᠳᠤ ᠠᠩᠬᠠᠷᠤᠯ ᠢᠶᠠᠨ ᠬᠠᠨᠳᠤᠭᠤᠯᠵᠤ᠂ ᠲᠣᠭᠤᠷᠢᠨ ᠴᠠᠭᠳᠠᠬᠤ᠂ ᠭᠥᠯᠢᠶᠡᠨ ᠠᠪᠴᠤ ᠰᠢᠢᠳᠪᠦᠷᠢᠯᠡᠬᠦ ᠪᠠ ᠰᠡᠷᠡᠮᠵᠢᠯᠡᠨ ᠰᠡᠷᠭᠡᠶᠢᠯᠡᠬᠦ ᠠᠴᠠ ᠭᠠᠷᠳᠠᠵᠤ᠂ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠪᠠᠭ᠎ᠠ ᠬᠡᠷᠡᠭ᠂ ᠪᠠᠭ᠎ᠠ ᠶᠠᠪᠤᠳᠠᠯ᠂ ᠪᠠᠭ᠎ᠠ ᠤᠴᠢᠷ ᠠᠴᠠ ᠭᠠᠷᠳᠠᠨ᠂ ᠣᠯᠠᠨ ᠲᠦᠮᠡᠨ ᠳᠤ ᠤᠯᠠᠮ ᠰᠠᠶᠢᠨ ᠠᠮᠢᠳᠤᠷᠠᠯ ᠤᠨ ᠣᠶᠢᠯᠠᠭᠠᠯᠲᠠ ᠶᠢ ᠴᠢᠷᠮᠠᠶᠢᠨ ᠡᠭᠦᠳᠴᠦ ᠥᠭᠭᠦᠨ᠎ᠡ᠃
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ