ᠠᠷᠠᠳ ᠤᠨ ᠴᠠᠭᠳᠠᠭ᠎ᠠ ᠶᠢᠨ ᠴᠠᠭᠳᠠᠭᠠᠨ ᠤ ᠲᠤᠭ ᠤᠨ | ᠬᠠᠮᠢᠶᠠᠷᠤᠯᠲᠠ ᠶᠢᠨ ᠲᠣᠭᠲᠠᠭᠠᠯ ︵ᠲᠤᠷᠰᠢᠨ ᠬᠡᠷᠡᠭᠵᠢᠭᠦᠯᠬᠦ︶ | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠰᠢᠨ᠎ᠡ ᠴᠠᠭ ᠦᠶ᠎ᠡ ᠶᠢᠨ ᠠᠷᠠᠳ ᠤᠨ ᠴᠠᠭᠳᠠᠭ᠎ᠠ ᠶᠢᠨ ᠡᠩᠨᠡᠭᠡ ᠶᠢᠨ ᠬᠤᠪᠢᠰᠬᠠᠯᠵᠢᠬᠤ ᠵᠢᠩᠬᠢᠨᠢᠴᠢᠯᠡᠬᠦ ᠲᠤᠰᠬᠠᠶᠢᠵᠢᠭᠰᠠᠨ ᠠᠵᠢᠯ | ᠮᠡᠷᠭᠡᠵᠢᠬᠦ ᠪᠠᠶᠢᠭᠤᠯᠤᠯᠲᠠ ᠶᠢ ᠠᠬᠢᠭᠤᠯᠵᠤ᠂ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠴᠠᠭᠳᠠᠭᠠᠨ ᠤ ᠲᠤᠭ ︵ᠳᠣᠷᠣᠭᠰᠢ ︽ᠴᠠᠭᠳᠠᠭᠠᠨ ᠤ ᠲᠤᠭ︾ | ᠭᠡᠵᠦ ᠲᠣᠪᠴᠢᠯᠠᠨ᠎ᠠ︶ ᠤᠨ ᠬᠠᠮᠢᠶᠠᠷᠤᠯᠲᠠ ᠶᠢ ᠵᠢᠷᠤᠮᠵᠢᠭᠤᠯᠤᠨ ᠴᠢᠩᠭᠠᠳᠬᠠᠵᠤ᠂ ᠴᠠᠭᠳᠠᠭᠠᠨ ᠤ ᠲᠤᠭ ᠤᠨ ᠨᠡᠷ᠎ᠡ ᠬᠦᠨᠳᠦ ᠶᠢ ᠬᠠᠮᠠᠭᠠᠯᠠᠨ᠂ ᠠᠷᠠᠳ ᠤᠨ | ᠴᠠᠭᠳᠠᠭ᠎ᠠ ᠶᠢᠨ ᠡᠭᠦᠷᠭᠡ ᠬᠠᠷᠢᠭᠤᠴᠠᠯᠭᠠᠲᠤ ᠰᠡᠳᠬᠢᠯᠭᠡ ᠢᠷᠠᠭᠤ ᠠᠯᠳᠠᠷᠲᠤ ᠰᠡᠳᠬᠢᠯᠭᠡ ᠶᠢ ᠴᠢᠩᠭᠠᠷᠠᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠷᠠᠳ ᠤᠨ ᠴᠠᠭᠳᠠᠭ᠎ᠠ ᠶᠢᠨ ᠬᠠᠤᠯᠢ︾ ᠶᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠴᠠᠭᠳᠠᠭᠠᠨ ᠤ ᠲᠤᠭ ᠪᠣᠯ ᠠᠷᠠᠳ ᠤᠨ ᠴᠠᠭᠳᠠᠭ᠎ᠠ ᠶᠢᠨ ᠡᠩᠨᠡᠭᠡ ᠶᠢᠨ ᠴᠢᠬᠤᠯᠠ ᠪᠡᠯᠭᠡ ᠲᠡᠮᠳᠡᠭ ᠮᠥᠨ᠂ ᠠᠷᠠᠳ ᠤᠨ ᠴᠠᠭᠳᠠᠭ᠎ᠠ ᠶᠢᠨ | ᠢᠷᠠᠭᠤ ᠠᠯᠳᠠᠷ᠂ ᠬᠠᠷᠢᠭᠤᠴᠠᠯᠭ᠎ᠠ ᠪᠠ ᠡᠭᠦᠷᠭᠡ ᠶᠢᠨ ᠪᠡᠯᠭᠡ ᠲᠡᠮᠳᠡᠭ ᠮᠥᠨ᠂ ᠠᠷᠠᠳ ᠤᠨ ᠴᠠᠭᠳᠠᠭ᠎ᠠ ᠶᠢᠨ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ | ᠦᠨᠡᠨᠴᠢ ᠰᠢᠳᠤᠷᠭᠤ ᠪᠠᠷ ᠭᠦᠢᠴᠡᠳᠭᠡᠬᠦ ᠶᠢᠨ ᠴᠢᠬᠤᠯᠠ ᠵᠢᠯᠣᠭᠤᠳᠣᠯᠭ᠎ᠠ ᠮᠥᠨ᠃ | ᠭᠤᠷᠪᠠᠳᠤᠭᠠᠷ ᠵᠦᠢᠯ ᠠᠷᠠᠳ ᠤᠨ ᠴᠠᠭᠳᠠᠭ᠎ᠠ ᠴᠠᠭᠳᠠᠭᠠᠨ ᠤ ᠲᠤᠬ ᠤᠨ ᠤᠬᠠᠮᠰᠠᠷ ᠢ ᠪᠤᠢ ᠪᠣᠯᠭᠠᠵᠤ᠂ ᠴᠠᠭᠳᠠᠭᠠᠨ ᠤ ᠲᠤᠬ ᠢ ᠬᠦᠨᠳᠦᠳᠬᠡᠨ ᠬᠠᠶᠢᠷᠠᠯᠠᠵᠤ᠂ | ᠴᠠᠭᠳᠠᠭᠠᠨ ᠤ ᠲᠤᠬ ᠤᠨ ᠨᠡᠷ᠎ᠡ ᠬᠦᠨᠳᠦ ᠶᠢ ᠬᠠᠮᠠᠭᠠᠯᠠᠬᠤ ᠬᠡᠷᠡᠭᠲᠡᠢ᠃ | ᠳᠥᠷᠪᠡᠳᠦᠭᠡᠷ ᠵᠦᠢᠯ ᠴᠠᠭᠳᠠᠭᠠᠨ ᠤ ᠲᠤᠭ ᠢ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠪᠠᠷᠢᠮᠵᠢᠶ᠎ᠠ ᠲᠣᠭᠲᠠᠭᠠᠵᠤ᠂ ᠨᠢᠭᠡᠳᠦᠯᠲᠡᠶ ᠬᠢᠨᠠᠨ ᠦᠢᠯᠡᠳᠦᠨ᠎ᠡ᠃ | ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠶᠠᠮᠤᠨ᠂ ᠤᠯᠤᠰ ᠤᠨ ᠠᠮᠤᠷ ᠲᠦᠪᠰᠢᠨ ᠤ | ᠶᠠᠮᠤᠨ᠂ ᠬᠠᠤᠯᠢ ᠴᠠᠭᠠᠵᠠ ᠶᠢᠨ ᠶᠠᠮᠤᠨ ᠬᠠᠮᠲᠤ ᠪᠠᠷ ᠴᠠᠭᠳᠠᠭᠠᠨ ᠤ ᠲᠤᠭ ᠢ ᠬᠠᠮᠢᠶᠠᠷᠬᠤ ᠠᠵᠢᠯ ᠢ ᠬᠠᠷᠢᠭᠤᠴᠠᠨ᠎ᠠ᠃ | ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠶᠠᠮᠤᠨ᠂ ᠤᠯᠤᠰ ᠤᠨ ᠠᠮᠤᠷ | ᠲᠦᠪᠰᠢᠨ ᠤ ᠶᠠᠮᠤᠨ᠂ ᠬᠠᠤᠯᠢ ᠴᠠᠭᠠᠵᠠ ᠶᠢᠨ ᠶᠠᠮᠤᠨ ᠤ ᠤᠯᠤᠰ ᠲᠥᠷᠥ ᠶᠢᠨ ᠠᠵᠢᠯ ᠤᠨ ᠰᠠᠯᠠᠭ᠎ᠠ ᠮᠥᠴᠢᠷ ᠪᠣᠯ ᠴᠠᠭᠳᠠᠭᠠᠨ ᠤ ᠲᠤᠭ ᠤᠨ ᠬᠠᠮᠢᠶᠠᠷᠤᠯᠲᠠ ᠶᠢᠨ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠮᠥᠨ᠂ ᠴᠠᠭᠳᠠᠭᠠᠨ ᠤ ᠲᠤᠭ ᠣᠯᠭᠤᠬᠤ᠂ ᠭᠤᠶᠤᠴᠢᠯᠠᠨ ᠠᠪᠬᠤ᠂ ᠬᠠᠷᠭᠤᠭᠤᠯᠤᠨ ᠣᠯᠭᠤᠬᠤ ᠪᠠ ᠤᠬᠠᠭᠤᠯᠭ᠎ᠠ | ᠬᠥᠮᠦᠵᠢᠯ ᠬᠢᠬᠦ ᠵᠡᠷᠭᠡ ᠵᠦᠢᠯᠡᠰ ᠢ ᠬᠠᠷᠢᠭᠤᠴᠠᠨ᠎ᠠ︔ ᠴᠠᠭᠳᠠᠭᠠᠨ ᠤ ᠶᠠᠪᠤᠳᠠᠯ ᠤᠨ ᠲᠣᠨᠤᠭ ᠲᠥᠬᠦᠭᠡᠷᠦᠮᠵᠢ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠴᠠᠭᠳᠠᠭᠠᠨ ᠤ | ᠲᠤᠭ ᠦᠶ᠋ᠯᠡᠳᠬᠦ᠂ ᠲᠠᠷᠬᠠᠭᠠᠬᠤ᠂ ᠬᠤᠷᠢᠶᠠᠨ ᠠᠪᠴᠤ ᠰᠢᠢᠳᠪᠦᠷᠢᠯᠡᠬᠦ ᠵᠡᠷᠭᠡ ᠵᠦᠢᠯᠡᠰ ᠢ ᠬᠠᠷᠢᠭᠤᠴᠠᠨ᠎ᠠ︔ ᠴᠠᠭᠳᠠᠭᠠᠨ ᠤ ᠶᠠᠪᠤᠳᠠᠯ ᠤᠨ ᠬᠢᠨᠠᠨ ᠪᠠᠶᠢᠴᠠᠭᠠᠬᠤ | ᠰᠠᠯᠠᠭ᠎ᠠ ᠮᠥᠴᠢᠷ ᠴᠠᠭᠳᠠᠭᠠᠨ ᠤ ᠲᠤᠭ ᠢ ᠬᠡᠷᠡᠭᠯᠡᠬᠦ᠂ ᠬᠠᠳᠠᠭᠠᠯᠠᠨ ᠬᠠᠮᠢᠶᠠᠷᠬᠤ ᠵᠡᠷᠭᠡ ᠵᠦᠢᠯᠡᠰ ᠢ ᠬᠠᠷᠢᠭᠤᠴᠠᠨ᠎ᠠ᠃ | ᠬᠤᠶᠠᠳᠤᠭᠠᠷ ᠪᠦᠯᠦᠭ ᠴᠠᠭᠳᠠᠭᠠᠨ ᠤ ᠲᠤᠬ ᠤᠨ ᠶᠠᠩᠵᠤ ᠮᠠᠶ᠋ᠢᠭ ᠪᠠ ᠬᠡᠪ ᠪᠠᠷᠢᠮᠵᠢᠶ᠎ᠠ | ᠲᠠᠪᠤᠳᠤᠭᠠᠷ ᠵᠦᠢᠯ ᠴᠠᠭᠳᠠᠭᠠᠨ ᠤ ᠲᠤᠬ ᠨᠢ ᠤᠷᠳᠦ ᠳᠥᠷᠪᠡᠯᠵᠢᠨ ᠬᠡᠯᠪᠡᠷᠢ ᠲᠠᠢ᠂ ᠴᠠᠭᠳᠠᠭᠠᠨ ᠤ ᠰᠦᠯᠳᠡ ᠶᠢ ᠵᠡᠭᠦᠨ ᠳᠡᠭᠡᠷ᠎ᠡ ᠥᠨᠴᠥᠭ ᠲᠤ ᠲᠠᠯᠪᠢᠵᠤ᠂ | ᠳᠡᠪᠢᠰᠬᠡᠷ ᠤᠢᠩᠭᠡ ᠶᠢᠨ ᠳᠡᠭᠡᠳᠦ ᠬᠡᠰᠡᠭ ᠤᠨ ᠬᠢᠨᠢ ᠭᠤᠷᠪᠠᠨ ᠤ ᠬᠤᠶᠠᠷ ᠢᠶᠠᠷ ᠤᠯᠤᠰ ᠤᠨ ᠲᠤᠬ ᠤᠨ ᠤᠯᠠᠭᠠᠨ ᠥᠩᠭᠡ᠂ ᠲᠤᠤᠷᠡᠳᠦ ᠬᠡᠰᠡᠭ ᠤᠨ ᠬᠢᠨᠢ | ᠭᠤᠷᠪᠠᠨ ᠤ ᠨᠢᠭᠡ ᠪᠠᠷ ᠴᠠᠭᠳᠠᠭ᠎ᠠ ᠶᠢᠨ ᠬᠦᠭᠡ ᠥᠩᠭᠡ ᠪᠣᠯᠭᠠᠨ᠎ᠠ᠃ | ᠵᠢᠷᠭᠤᠳᠤᠭᠠᠷ ᠵᠦᠢᠯ ᠴᠠᠭᠳᠠᠭᠠᠨ ᠤ ᠲᠤᠭ ᠤᠨ ᠨᠡᠶᠢᠳᠡᠮ ᠬᠡᠷᠡᠭᠯᠡᠬᠦ ᠪᠠᠷᠢᠮᠵᠢᠶ᠎ᠠ ᠶᠢ ᠳᠤᠤᠷᠠᠬᠢ ᠮᠡᠲᠦ ᠳᠥᠷᠪᠡᠨ ᠵᠦᠢᠯ ᠳᠤ ᠬᠤᠪᠢᠶᠠᠨ᠎ᠠ᠄ | ︵ᠨᠢᠭᠡ︶ ᠣᠷᠳᠣ ᠨᠢ 240 ᠰᠠᠨᠲ᠋ᠢᠮᠧᠲᠷ᠂ ᠥᠷᠭᠡᠨ ᠨᠢ 160 ᠰᠠᠨᠲ᠋ᠢᠮᠧᠲᠷ︔ | ︵ᠬᠤᠶᠠᠷ︶ ᠤᠷᠳᠤ ᠨᠢ 192 ᠰᠠᠨᠲ᠋ᠢᠮᠧᠲᠷ᠂ ᠥᠷᠭᠡᠨ ᠨᠢ 128 ᠰᠠᠨᠲ᠋ᠢᠮᠧᠲᠷ︔ | ︵ᠭᠤᠷᠪᠠ︶ ᠤᠷᠲᠤ ᠨᠢ 144 ᠰᠠᠨᠲ᠋ᠢᠮᠧᠲᠷ᠂ ᠥᠷᠭᠡᠨ ᠨᠢ 96 ᠰᠠᠨᠲ᠋ᠢᠮᠧᠲᠷ ︔ | ︵ᠲᠦᠷᠪᠡ︶ ᠤᠷᠳᠦ ᠨᠢ 96 ᠰᠠᠨᠲ᠋ᠢᠮᠧᠲᠷ᠂ ᠥᠷᠭᠡᠨ ᠨᠢ 64 ᠰᠠᠨᠲ᠋ᠢᠮᠧᠲᠷ᠃ | ᠴᠠᠭᠳᠠᠭᠠᠨ ᠤ ᠶᠠᠪᠤᠳᠠᠯ ᠤᠨ ᠶᠣᠰᠣᠯᠠᠯ ᠤᠨ ᠡᠭᠦᠷᠭᠡ ᠶᠢ ᠭᠦᠢᠴᠡᠳᠬᠡᠬᠦ ᠳᠤ ᠪᠠᠨ ᠡᠮᠦᠨᠡᠬᠢ ᠪᠠᠳᠠᠭ ᠤᠨ ᠬᠤᠶᠠᠳᠤᠭᠠᠷ ᠬᠡᠪ ᠪᠠᠷᠢᠮᠵᠢᠶᠠᠲᠤ ᠴᠠᠭᠳᠠᠭᠠᠨ ᠤ | ᠲᠤᠬ ᠢ ᠬᠡᠷᠡᠭᠯᠡᠨ᠎ᠡ᠃ ᠪᠤᠰᠤᠳ ᠴᠠᠭᠳᠠᠭᠠᠨ ᠤ ᠶᠠᠪᠤᠳᠠᠯ ᠤᠨ ᠠᠵᠢᠯᠯᠠᠭ᠎ᠠ ᠶᠢ ᠪᠣᠯ ᠪᠣᠳᠠᠲᠤ ᠪᠠᠶᠢᠳᠠᠯ ᠢ ᠨᠢ ᠦᠨᠳᠦᠰᠦᠯᠡᠨ ᠡᠮᠦᠨᠡᠬᠢ ᠪᠠᠳᠠᠭ ᠤᠨ ᠡᠯ᠎ᠡ ᠵᠦᠢᠯ ᠤᠨ | ᠬᠡᠪ ᠪᠠᠷᠢᠮᠵᠢᠶ᠎ᠠ ᠠᠴᠠ ᠪᠠᠶᠢᠳᠠᠯ ᠢ ᠨᠢ ᠦᠵᠡᠵᠦ ᠰᠣᠩᠭᠤᠵᠤ ᠬᠡᠷᠡᠭᠯᠡᠨ᠎ᠡ᠃ | ᠳᠣᠯᠣᠳᠤᠭᠠᠷ ᠵᠦᠢᠯ ᠴᠠᠭᠳᠠᠭᠠᠨ ᠤ ᠲᠤᠭ ᠤᠨ ᠳᠠᠭᠠᠯᠲᠠ ᠪᠣᠳᠠᠰ ᠲᠤ ᠲᠤᠭ ᠤᠨ ᠰᠢᠷᠤᠭ᠂ ᠲᠤᠭ ᠤᠨ ᠤᠭᠯᠠᠭᠤᠷ᠂ ᠪᠦᠴᠡ᠂ ᠪᠥᠮᠪᠥᠭᠡᠨ ᠲᠢᠲᠢᠮ᠂ | ᠵᠢᠳᠠᠨ ᠦᠵᠦᠭᠦᠷ᠂ ᠲᠤᠭ ᠤᠨ ᠲᠦᠷᠦᠭᠦᠦ᠂ ᠰᠠᠭᠤᠷᠢ ᠵᠡᠷᠭᠡ ᠪᠠᠭᠲᠠᠨ᠎ᠠ᠃ ᠡᠭᠦᠨ ᠳᠤ᠂ ᠲᠤᠭ ᠤᠨ ᠰᠢᠷᠤᠭ ᠨᠢ ᠮᠥᠩᠭᠦᠨ ᠴᠠᠭᠠᠨ ᠪᠤᠶᠤ ᠤᠯᠠᠭᠠᠨ ᠰᠢᠷ᠎ᠠ ᠬᠤᠶᠠᠷ | ᠥᠩᠭᠡ ᠶᠢᠨ ᠬᠤᠭᠤᠷᠣᠨᠳᠣᠬᠢ ᠡᠷᠭᠢᠭᠦᠯᠭᠡᠨ ᠬᠡ ᠲᠠᠢ᠂ ᠲᠤᠭ ᠤᠨ ᠰᠢᠷᠤᠭ ᠤᠨ ᠤᠭᠯᠠᠭᠤᠷ ᠪᠠ ᠪᠦᠰᠡ ᠨᠢ ᠴᠠᠭᠠᠨ᠂ ᠪᠥᠮᠪᠥᠭᠡᠨ ᠲᠢᠲᠢᠮ᠂ ᠵᠢᠳᠠᠨ ᠦᠵᠦᠭᠦᠷ᠂ | ᠱᠣᠷᠣᠯᠵᠢᠨ ᠪᠠ ᠰᠠᠭᠤᠷᠢ ᠨᠢ ᠮᠥᠩᠭᠦᠨ ᠴᠠᠭᠠᠨ᠂ ᠲᠤᠭ ᠤᠨ ᠲᠦᠷᠦᠭᠦᠦ ᠨᠢ ᠠᠯᠲᠠᠨ ᠰᠢᠷ᠎ᠠ ᠥᠩᠭᠡᠲᠡᠶ᠃ ᠠᠳᠠᠯᠢ ᠪᠤᠰᠤ ᠬᠡᠷᠡᠭᠯᠡᠬᠦ ᠲᠠᠯᠠᠪᠤᠷ᠂ ᠪᠠᠶᠢᠳᠠᠯ ᠢ | ᠦᠨᠳᠦᠰᠦᠯᠡᠨ᠂ ᠬᠡᠷᠡᠭᠴᠡᠭᠡ ᠶᠣᠰᠣᠭᠠᠷ ᠴᠠᠭᠳᠠᠭᠠᠨ ᠤ ᠲᠤᠭ ᠤᠨ ᠳᠠᠭᠠᠯᠲᠠ ᠪᠣᠳᠠᠰ ᠢ ᠰᠣᠩᠭᠤᠨ ᠬᠡᠷᠡᠭᠯᠡᠵᠦ ᠪᠣᠯᠤᠨ᠎ᠠ᠃ | ᠭᠤᠷᠪᠠᠳᠤᠭᠠᠷ ᠪᠦᠯᠦᠭ ᠴᠠᠭᠳᠠᠭᠠᠨ ᠤ ᠲᠤᠭ ᠢ ᠣᠯᠭᠤᠬᠤ ᠪᠠ ᠭᠤᠶᠤᠴᠢᠯᠠᠬᠤ | ᠨᠠᠢᠮᠠᠳᠤᠭᠠᠷ ᠵᠦᠢᠯ ᠴᠠᠭᠳᠠᠭᠠᠨ ᠤ ᠲᠤᠭ ᠣᠯᠭᠤᠬᠤ ᠳᠤ ᠲᠤᠭ ᠣᠯᠭᠤᠬᠤ ᠶᠣᠰᠣᠯᠠᠯ ᠢ ᠵᠣᠬᠢᠶᠠᠨ ᠪᠠᠶᠢᠭᠤᠯᠵᠤ ᠪᠣᠯᠤᠨ᠎ᠠ᠂ ᠶᠡᠷᠦ ᠳᠤ ᠪᠠᠨ ᠨᠢᠭᠡᠴᠢ ᠶᠢ | ᠰᠢᠨ᠎ᠡ ᠪᠠᠷ ᠪᠠᠶᠢᠭᠤᠯᠬᠤ ᠦᠶ᠎ᠡ ᠳᠤ ᠶᠠᠪᠤᠭᠳᠠᠭᠤᠯᠤᠨ᠎ᠠ᠃ | ᠲᠤᠭ ᠣᠯᠭᠤᠬᠤ ᠶᠣᠰᠣᠯᠠᠯ ᠢ ᠳᠣᠣᠷ᠎ᠠ ᠵᠢᠭᠰᠠᠭᠠᠭᠰᠠᠨ ᠵᠢᠷᠤᠮ ᠢᠶᠠᠷ ᠶᠠᠪᠤᠭᠤᠯᠤᠨ᠎ᠠ᠄ | ︵ᠨᠢᠭᠡ︶ ᠲᠤᠭ ᠣᠯᠭᠤᠬᠤ ᠶᠣᠰᠣᠯᠠᠯ ᠡᠬᠢᠯᠡᠭᠰᠡᠨ ᠢ ᠵᠠᠷᠯᠠᠬᠤ︔ | ︵ᠬᠤᠶᠠᠷ︶ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠬᠤ︔ | ︵ᠭᠤᠷᠪᠠ︶ ᠲᠤᠭ ᠣᠯᠭᠤᠬᠤ ᠲᠣᠭᠲᠠᠭᠠᠯ ᠢ ᠤᠩᠰᠢᠨ ᠨᠡᠶᠢᠲᠡᠯᠡᠨ᠎ᠡ︔ | ︵ᠳᠥᠷᠪᠡ︶ ᠴᠠᠭᠳᠠᠭᠠᠨ ᠤ ᠲᠤᠭ ᠣᠯᠭᠤᠨ᠎ᠠ︔ | ︵ᠲᠠᠪᠤ︶ ᠲᠤᠭ ᠣᠯᠭᠤᠭᠴᠢ ᠶᠠᠷᠢᠶ᠎ᠠ ᠲᠠᠯᠪᠢᠨ᠎ᠠ︔ | ︵ᠵᠢᠷᠭᠤᠭ᠎ᠠ︶ ᠲᠤᠭ ᠬᠥᠷᠳᠡᠭᠴᠢ ᠨᠢᠭᠡᠴᠢ ᠶᠢᠨ ᠠᠷᠠᠳ ᠤᠨ ᠴᠠᠭᠳᠠᠭ᠎ᠠ ᠬᠠᠮᠲᠤ ᠪᠠᠷ ᠲᠠᠩᠭᠠᠷᠢᠭᠯᠠᠬᠤ︔ | ︵ᠳᠣᠯᠤᠭ᠎ᠠ︶ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠴᠠᠭᠳᠠᠭᠠᠨ ᠤ ᠳᠠᠭᠤᠤ ᠶᠢ ᠬᠥᠭᠵᠢᠮᠳᠡᠨ ᠳᠠᠭᠤᠯᠠᠬᠤ︔ | ︵ᠨᠠᠢᠮᠠ︶ ᠲᠤᠭ ᠣᠯᠭᠤᠬᠤ ᠶᠣᠰᠣᠯᠠᠯ ᠳᠠᠭᠤᠰᠤᠭᠰᠠᠨ ᠢ ᠵᠠᠷᠯᠠᠬᠤ᠃ | ᠶᠢᠰᠦᠳᠦᠭᠡᠷ ᠵᠦᠢᠯ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠤᠯᠤᠰ ᠤᠨ | ᠠᠮᠤᠷ ᠢ ᠬᠠᠮᠠᠭᠠᠯᠠᠬᠤ ᠪᠠᠶᠢᠭᠤᠯᠭ᠎ᠠ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠴᠠᠭᠳᠠᠭᠠᠨ ᠤ ᠲᠤᠭ ᠢ ᠣᠯᠭᠤᠬᠤ ᠬᠡᠪᠴᠢᠶ᠎ᠡ ᠪᠠ | ᠭᠤᠶᠤᠴᠢᠯᠠᠬᠤ ᠵᠢᠷᠤᠮ ᠢ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠶᠠᠮᠤᠨ᠂ | ᠤᠯᠤᠰ ᠤᠨ ᠠᠮᠤᠷ ᠢ ᠬᠠᠮᠠᠭᠠᠯᠠᠬᠤ ᠶᠠᠮᠤᠨ᠂ ᠬᠠᠤᠯᠢ ᠴᠠᠭᠠᠵᠠ ᠶᠢᠨ ᠶᠠᠮᠤᠨ ᠥᠪᠡᠰᠦᠪᠡᠨ ᠲᠣᠭᠲᠠᠭᠠᠨ᠎ᠠ᠃ | ᠳᠥᠷᠪᠡᠳᠦᠭᠡᠷ ᠪᠦᠯᠦᠭ ᠴᠠᠭᠳᠠᠭᠠᠨ ᠤ ᠲᠤᠬ ᠢ ᠬᠡᠷᠡᠭᠯᠡᠬᠦ | ᠠᠷᠪᠠᠳᠤᠭᠠᠷ ᠵᠦᠢᠯ ᠴᠠᠭᠳᠠᠭᠠᠨ ᠤ ᠲᠤᠬ ᠢ ᠳᠣᠣᠷ᠎ᠠ ᠵᠢᠭᠰᠠᠭᠠᠭᠰᠠᠨ ᠴᠠᠭᠳᠠᠭᠠᠨ ᠤ ᠶᠠᠪᠤᠳᠠᠯ ᠤᠨ ᠠᠵᠢᠯᠯᠠᠭ᠎ᠠ ᠳᠤ ᠬᠡᠷᠡᠭᠯᠡᠵᠦ ᠪᠣᠯᠤᠨ᠎ᠠ᠄ | ︵ᠨᠢᠭᠡ︶ ᠴᠠᠭᠳᠠᠭᠠᠨ ᠤ ᠲᠤᠭ ᠣᠯᠭᠤᠬᠤ ᠨᠥᠬᠦᠴᠡᠯ ᠳᠤ ᠨᠡᠶᠢᠴᠡᠬᠦ ᠨᠢᠭᠡᠴᠢ ᠶᠢ ᠵᠣᠬᠢᠶᠠᠨ ᠪᠠᠶᠢᠭᠤᠯᠵᠤ ᠪᠠᠶᠢᠭᠤᠯᠬᠤ ᠶᠣᠰᠣᠯᠠᠯ︔ | ︵ᠬᠤᠶᠠᠷ︶ ᠠᠷᠠᠳ ᠤᠨ ᠴᠠᠭᠳᠠᠭ᠎ᠠ ᠲᠠᠩᠭᠠᠷᠢᠭᠯᠠᠬᠤ ᠠᠵᠢᠯᠯᠠᠭ᠎ᠠ ᠬᠢᠬᠦ᠂ ᠴᠠᠭᠳᠠᠭ᠎ᠠ ᠳᠤ ᠣᠷᠣᠬᠤ᠂ ᠴᠣᠯᠠ ᠣᠯᠭᠤᠬᠤ᠂ ᠱᠠᠩᠨᠠᠯ ᠣᠯᠭᠤᠬᠤ᠂ ᠨᠠᠰᠤᠨ ᠤ | ᠠᠮᠠᠷᠠᠯᠲᠠ ᠠᠪᠬᠤ ᠵᠡᠷᠭᠡ ᠠᠵᠢᠯ ᠮᠡᠷᠭᠡᠵᠢᠯ ᠤᠨ ᠢᠷᠠᠭᠤ ᠠᠯᠳᠠᠷ ᠤᠨ ᠶᠣᠰᠣᠯᠠᠯ︔ | ︵ᠭᠤᠷᠪᠠ︶ ᠴᠠᠭᠳᠠᠭᠠᠨ ᠤ ᠪᠠᠶᠠᠷ᠂ ᠴᠠᠭᠳᠠᠭ᠎ᠠ ᠶᠢᠨ ᠵᠢᠭᠰᠠᠭᠠᠯ ᠢ ᠰᠢᠯᠭᠠᠨ ᠦᠵᠡᠬᠦ᠂ ᠴᠢᠬᠤᠯᠠ ᠶᠣᠰᠣᠯᠠᠯ᠂ ᠳᠤᠷᠠᠰᠬᠠᠬᠤ ᠠᠵᠢᠯᠯᠠᠭ᠎ᠠ ᠪᠠ ᠴᠢᠬᠤᠯᠠ ᠶᠡᠭᠡ | ᠪᠠᠶᠠᠷ ᠤᠨ ᠡᠳᠦᠷ ᠤᠨ ᠴᠤᠭᠯᠠᠭᠠᠨ︔ | ︵ᠳᠥᠷᠪᠡ︶ ᠲᠣᠭᠲᠠᠭᠤᠨ ᠢ ᠬᠠᠮᠠᠭᠠᠯᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ᠂ ᠠᠶᠤᠯ ᠭᠠᠮᠰᠢᠭ ᠠᠴᠠ ᠠᠪᠤᠷᠬᠠᠤ᠂ ᠠᠮᠤᠷ ᠲᠦᠪᠰᠢᠨ ᠢ ᠬᠠᠮᠠᠭᠠᠯᠠᠬᠤ | ᠵᠡᠷᠭᠡ ᠴᠢᠬᠤᠯᠠ ᠶᠡᠭᠡ ᠴᠠᠭᠳᠠᠭᠠᠨ ᠤ ᠶᠠᠪᠤᠳᠠᠯ ᠤᠨ ᠠᠵᠢᠯᠯᠠᠭ᠎ᠠ︔ | ︵ᠲᠠᠪᠤ︶ ᠰᠣᠷᠢᠯᠲᠠ ᠬᠢᠬᠦ᠂ ᠪᠣᠳᠠᠲᠤ ᠪᠠᠶᠢᠯᠳᠤᠭᠠᠨ ᠤ ᠵᠡᠪᠰᠡᠭ ᠤᠨ ᠮᠥᠷᠦ᠋ᠢᠴᠡᠭᠡᠨ᠂ ᠴᠠᠭᠳᠠᠭᠠᠨ ᠤ ᠪᠡᠶ᠎ᠡ ᠶᠢᠨ ᠲᠠᠮᠢᠷ ᠤᠨ ᠤᠷᠤᠯᠳᠤᠭᠠᠨ᠂ ᠰᠣᠶᠣᠯ ᠤᠨ | ᠤᠬᠠᠭᠤᠯᠭ᠎ᠠ᠂ ᠴᠠᠭᠳᠠᠭᠠᠨ ᠤ ᠬᠤᠸᠠᠷᠠᠨ ᠢ ᠨᠡᠭᠡᠭᠡᠬᠦ ᠵᠡᠷᠭᠡ ᠴᠢᠬᠤᠯᠠ ᠠᠵᠢᠯᠯᠠᠭ᠎ᠠ︔ | ︵ᠵᠢᠷᠭᠤᠭ᠎ᠠ︶ ᠴᠠᠭᠳᠠᠭᠠᠨ ᠤ ᠣᠩᠭᠤᠴᠠ ᠰᠠᠯ ᠨᠢ ᠤᠰᠤᠨ ᠳᠡᠭᠡᠷ᠎ᠡ ᠴᠠᠭᠳᠠᠨ ᠲᠣᠭᠤᠷᠢᠬᠤ᠂ ᠠᠮᠤᠷ ᠢ ᠬᠠᠮᠠᠭᠠᠯᠠᠬᠤ ᠵᠡᠷᠭᠡ ᠡᠭᠦᠷᠭᠡ ᠶᠢ ᠭᠦᠢᠴᠡᠳᠬᠡᠬᠦ︔ | ︵ᠳᠣᠯᠤᠭ᠎ᠠ︶ ᠣᠯᠠᠨ ᠤᠯᠤᠰ ᠤᠨ ᠬᠤᠷᠠᠯ᠂ ᠰᠣᠯᠢᠯᠴᠠᠭ᠎ᠠ ᠪᠣᠯᠪᠠᠰᠤᠷᠠᠭᠤᠯᠤᠯ᠂ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠵᠡᠷᠭᠡ ᠣᠯᠠᠨ ᠤᠯᠤᠰ ᠤᠨ | ᠴᠠᠭᠳᠠᠭᠠᠨ ᠤ ᠶᠠᠪᠤᠳᠠᠯ ᠤᠨ ᠬᠠᠮᠲᠤᠷᠠᠯᠴᠠᠭᠠᠨ ᠤ ᠠᠵᠢᠯᠯᠠᠭ᠎ᠠ︔ | ︵ᠨᠠᠢᠮᠠ︶ ᠴᠠᠭᠳᠠᠭᠠᠨ ᠤ ᠲᠤᠭ ᠬᠡᠷᠡᠭᠯᠡᠬᠦ ᠴᠢᠬᠤᠯᠠᠲᠠᠶ ᠪᠤᠰᠤᠳ ᠴᠠᠭᠳᠠᠭᠠᠨ ᠤ ᠶᠠᠪᠤᠳᠠᠯ ᠤᠨ ᠠᠵᠢᠯᠯᠠᠭ᠎ᠠ᠃ | ᠠᠷᠪᠠᠨ ᠨᠢᠭᠡᠳᠦᠭᠡᠷ ᠵᠦᠢᠯ ᠴᠠᠭᠳᠠᠭᠠᠨ ᠤ ᠲᠤᠭ ᠢ ᠬᠡᠷᠡᠭᠯᠡᠬᠦ ᠳᠤ ᠪᠠᠨ ᠡᠷᠬᠡᠪᠰᠢ ᠲᠤᠭ ᠬᠥᠷᠲᠡᠭᠴᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠳᠤ | ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠂ ᠲᠣᠭᠲᠠᠭᠰᠠᠨ ᠬᠡᠷᠡᠭᠯᠡᠬᠦ ᠬᠡᠪᠴᠢᠶᠡᠨ ᠠᠴᠠ ᠬᠡᠲᠦᠷᠡᠭᠦᠯᠵᠦ ᠪᠣᠯᠬᠤ ᠦᠭᠡᠢ᠃ | ᠠᠷᠪᠠᠨ ᠬᠤᠶᠠᠳᠤᠭᠠᠷ ᠵᠦᠢᠯ ᠴᠠᠭᠳᠠᠭᠠᠨ ᠤ ᠲᠤᠬ ᠢ ᠤᠯᠤᠰ ᠤᠨ ᠲᠤᠬ ᠲᠠᠢ ᠬᠠᠮᠲᠤ ᠳᠤᠨᠢ ᠬᠡᠷᠡᠭᠯᠡᠬᠦ ᠳᠤ ᠪᠠᠨ ᠤᠯᠤᠰ ᠤᠨ ᠲᠤᠬ ᠢ ᠭᠤᠣᠯ ᠳᠤᠨᠢ | ᠨᠡᠯᠢᠶᠡᠳ ᠥᠨᠳᠥᠷ ᠪᠤᠶᠤ ᠲᠤᠪᠦ᠋ᠢᠬᠰᠡᠠ ᠪᠠᠶᠢᠷᠢᠨ ᠳᠤ ᠲᠠᠯᠪᠢᠬᠤ ᠬᠡᠷᠡᠭᠲᠡᠢ᠃ | ᠵᠢᠭᠰᠠᠭᠠᠯ ᠵᠢᠭᠰᠠᠨ ᠤᠯᠤᠰ ᠤᠨ ᠲᠤᠬ ᠪᠠ ᠴᠠᠭᠳᠠᠭᠠᠨ ᠤ ᠲᠤᠬ ᠢ ᠡᠷᠭᠦᠵᠦ ᠤᠷᠤᠭᠰᠢᠯᠠᠬᠤ ᠳᠤ ᠪᠠᠨ ᠤᠯᠤᠰ ᠤᠨ ᠲᠤᠬ ᠢ ᠴᠠᠭᠳᠠᠭᠠᠨ ᠤ ᠲᠤᠬ ᠠᠴᠠ | ᠡᠮᠦᠨ᠎ᠡ ᠪᠠᠶᠢᠬᠤ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠴᠠᠭᠳᠠᠭᠠᠨ ᠤ ᠲᠤᠬ ᠡᠯᠭᠦᠬᠦ ᠳᠤ ᠪᠠᠨ ᠲᠤᠬ ᠮᠠᠨᠳᠤᠭᠤᠯᠬᠤ ᠶᠣᠰᠣᠯᠠᠯ ᠶᠠᠪᠤᠭᠤᠯᠵᠤ ᠪᠣᠯᠤᠨ᠎ᠠ᠃ | ᠲᠤᠭ ᠮᠠᠨᠳᠤᠭᠤᠯᠬᠤ ᠶᠣᠰᠣᠯᠠᠯ ᠶᠠᠪᠤᠭᠤᠯᠬᠤ ᠳᠤ ᠪᠠᠨ ᠴᠠᠭᠳᠠᠭᠠᠨ ᠤ ᠳᠠᠭᠤᠤ ᠶᠢ ᠬᠥᠭᠵᠢᠮᠳᠡᠨ ᠳᠠᠭᠤᠯᠠᠬᠤ ᠬᠡᠷᠡᠭᠲᠡᠢ᠂ ᠴᠠᠭᠳᠠᠭᠠᠨ ᠤ ᠲᠤᠭ ᠢ ᠮᠠᠨᠳᠤᠭᠤᠯᠬᠤ | ᠶᠠᠪᠤᠴᠠ ᠳᠤ᠂ ᠶᠣᠰᠣᠯᠠᠯ ᠳᠤ ᠣᠷᠣᠯᠴᠠᠭᠰᠠᠨ ᠠᠷᠠᠳ ᠤᠨ ᠴᠠᠭᠳᠠᠭ᠎ᠠ ᠴᠠᠭᠳᠠᠭᠠᠨ ᠤ ᠲᠤᠭ ᠲᠤ ᠲᠥᠪ ᠵᠣᠭᠰᠣᠵᠤ ᠶᠣᠰᠣᠯᠠᠬᠤ ᠬᠡᠷᠡᠭᠲᠡᠢ᠂ ᠴᠠᠭᠳᠠᠭᠠᠨ ᠤ | ᠲᠤᠭ ᠤᠨ ᠨᠡᠷ᠎ᠡ ᠬᠦᠨᠳᠦ ᠶᠢ ᠬᠤᠬᠢᠷᠠᠭᠤᠯᠬᠤ ᠦᠢᠯᠡ ᠠᠵᠢᠯᠯᠠᠭ᠎ᠠ ᠬᠢᠵᠦ ᠪᠣᠯᠬᠤ ᠦᠭᠡᠢ᠃ | ᠠᠷᠪᠠᠨ ᠳᠥᠷᠪᠡᠳᠦᠭᠡᠷ ᠵᠦᠢᠯ ᠠᠵᠢᠯ ᠤᠨ ᠬᠡᠷᠡᠭᠴᠡᠭᠡ ᠠᠴᠠ ᠪᠣᠯᠵᠤ ᠴᠠᠭᠳᠠᠭᠠᠨ ᠤ ᠲᠤᠭ ᠤᠨ ᠵᠢᠷᠤᠭ ᠢ ᠬᠡᠷᠡᠭᠯᠡᠬᠦ ᠴᠢᠬᠤᠯᠠ ᠲᠠᠢ ᠪᠣᠯ ᠲᠤᠭ ᠬᠥᠷᠳᠡᠬᠦ | ᠨᠢᠭᠡᠴᠢ ᠶᠢᠨ ᠭᠤᠣᠯ ᠬᠠᠷᠢᠭᠤᠴᠠᠯᠭᠠᠲᠠᠨ ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠂ ᠴᠠᠭᠳᠠᠭᠠᠨ ᠤ ᠲᠤᠭ ᠤᠨ ᠵᠢᠷᠤᠭ ᠢ ᠬᠡᠷᠡᠭᠯᠡᠬᠦ ᠳᠤ ᠪᠠᠨ ᠲᠥᠪ ᠴᠢᠩᠭ᠎ᠠ᠂ | ᠲᠥᠪ ᠬᠢᠴᠢᠶᠡᠩᠭᠦᠢ ᠪᠠᠶᠢᠬᠤ ᠬᠡᠷᠡᠭᠲᠡᠢ᠂ ᠵᠠᠰᠠᠵᠤ ᠴᠢᠮᠡᠵᠦ ᠪᠣᠯᠬᠤ ᠦᠭᠡᠢ᠃ | ᠠᠷᠪᠠᠨ ᠲᠠᠪᠤᠳᠤᠭᠠᠷ ᠵᠦᠢᠯ ᠺᠢᠨᠤ᠋ ᠲᠧᠯᠸᠢᠰ ᠰᠡᠭᠦᠳᠡᠷᠯᠡᠬᠦ᠂ ᠤᠷᠠᠨ ᠰᠠᠶᠢᠬᠠᠨ ᠤ ᠲᠣᠭᠯᠠᠯᠲᠠ᠂ ᠲᠣᠮᠣ ᠬᠡᠯᠪᠡᠷᠢ ᠶᠢᠨ ᠣᠯᠠᠨ ᠲᠦᠮᠡᠨᠴᠢ ᠴᠢᠨᠠᠷᠲᠠᠶ | ᠠᠵᠢᠯᠯᠠᠭ᠎ᠠ ᠵᠡᠷᠭᠡ ᠶᠢᠨ ᠬᠡᠷᠡᠭᠴᠡᠭᠡ ᠠᠴᠠ ᠪᠣᠯᠵᠤ᠂ ᠬᠡᠷᠡᠭᠯᠡᠬᠦ ᠨᠢᠭᠡᠴᠢ ᠶᠢᠨ ᠪᠠᠶᠢᠭ᠎ᠠ ᠭᠠᠵᠠᠷ ᠪᠤᠶᠤ ᠬᠡᠷᠡᠭᠯᠡᠬᠦ ᠭᠠᠵᠠᠷ ᠤᠨ ᠬᠤᠲᠠ ᠶᠢᠨ ᠱᠠᠲᠤ ᠵᠢᠴᠢ ᠲᠡᠭᠦᠨ ᠠᠴᠠ | ᠳᠡᠭᠡᠭᠰᠢᠬᠢ ᠭᠤᠣᠯᠴᠢᠯᠠᠨ ᠬᠠᠮᠢᠶᠠᠷᠬᠤ ᠪᠠᠶᠢᠭᠤᠯᠭ᠎ᠠ ᠪᠠᠷ ᠵᠥᠪᠰᠢᠶᠡᠷᠡᠭᠦᠯᠦᠭᠡᠳ᠂ ᠴᠠᠭᠳᠠᠭ᠎ᠠ ᠶᠢᠨ ᠲᠤᠭ ᠢ ᠨᠡᠶᠢᠳᠡᠮ ᠬᠡᠷᠡᠭᠯᠡᠬᠦ ᠬᠡᠪ ᠪᠠᠷᠢᠮᠵᠢᠶ᠎ᠠ ᠪᠠᠷ ᠬᠠᠷᠢᠴᠠᠯ | ᠪᠣᠯᠭᠠᠨ ᠵᠣᠬᠢᠬᠤ ᠬᠡᠮᠵᠢᠶ᠎ᠡ ᠪᠠᠷ ᠶᠡᠬᠡᠰᠬᠡᠬᠦ ᠪᠤᠶᠤ ᠪᠠᠭᠠᠰᠬᠠᠵᠤ᠂ ᠦᠢᠯᠡᠳᠬᠦ ᠪᠠ ᠬᠡᠷᠡᠭᠯᠡᠵᠦ ᠪᠣᠯᠬᠤ ᠪᠥᠭᠡᠳ ᠬᠡᠷᠡᠭᠯᠡᠬᠦ ᠨᠢᠭᠡᠴᠢ ᠠᠴᠠ ᠡᠭᠡᠭᠦᠯᠦᠨ ᠬᠤᠷᠢᠶᠠᠵᠤ | ᠰᠢᠢᠳᠪᠦᠷᠢᠯᠡᠬᠦ ᠠᠵᠢᠯ ᠢ ᠴᠠᠭ ᠲᠤᠬᠠᠶ ᠳᠤᠨᠢ ᠰᠠᠶᠢᠲᠤᠷ ᠬᠢᠬᠦ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠴᠠᠭᠳᠠᠭᠠᠨ ᠤ ᠲᠤᠬ ᠢ ᠲᠣᠩᠭᠤᠷᠤᠭᠤᠯᠵᠤ ᠡᠯᠭᠦᠵᠦ ᠪᠣᠯᠬᠤ ᠤᠢᠭᠡᠢ᠂ ᠴᠠᠭᠳᠠᠭᠠᠨ ᠤ ᠲᠤᠬ ᠤᠨ ᠨᠡᠷ᠎ᠡ ᠬᠦᠨᠳᠦ ᠶᠢ | ᠬᠤᠬᠢᠷᠠᠭᠤᠯᠬᠤ ᠪᠤᠰᠤᠳ ᠠᠷᠭ᠎ᠠ ᠮᠠᠶ᠋ᠢᠭ ᠢᠶᠠᠷ ᠡᠯᠭᠦᠵᠦ ᠬᠡᠷᠡᠭᠯᠡᠵᠦ ᠪᠣᠯᠬᠤ ᠤᠢᠭᠡᠢ᠃ ᠴᠠᠭᠳᠠᠭᠠᠨ ᠤ ᠲᠤᠭ ᠵᠢᠴᠢ ᠵᠢᠷᠤᠭ ᠳᠦᠷᠰᠦ ᠶᠢ ᠲᠠᠸᠠᠷ ᠤᠨ ᠲᠡᠮᠳᠡᠭ᠂ | ᠬᠤᠳᠠᠯᠳᠤᠭᠠᠨ ᠤ ᠵᠠᠷ ᠪᠠ ᠬᠤᠳᠠᠯᠳᠤᠭᠠᠨ ᠤ ᠠᠵᠢᠯᠯᠠᠭ᠎ᠠ ᠳᠤ ᠬᠡᠷᠡᠭᠯᠡᠵᠦ ᠪᠣᠯᠬᠤ ᠥᠬᠡᠶ᠂ ᠬᠤᠪᠢ ᠬᠥᠮᠦᠨ ᠤ ᠣᠷᠣᠰᠢᠭᠤᠯᠭ᠎ᠠ ᠶᠢᠨ ᠠᠵᠢᠯᠯᠠᠭ᠎ᠠ ᠵᠡᠷᠭᠡ ᠵᠣᠬᠢᠰ | ᠥᠬᠡᠶ ᠪᠠᠶᠢᠳᠠᠯ ᠳᠤ ᠬᠡᠷᠡᠭᠯᠡᠵᠦ ᠪᠣᠯᠬᠤ ᠥᠬᠡᠶ᠃ | ᠠᠷᠪᠠᠨ ᠳᠣᠯᠣᠳᠤᠭᠠᠷ ᠵᠦᠢᠯ ᠲᠤᠤᠷ ᠰᠦᠯᠵᠢᠶᠡᠨ ᠳᠡᠭᠡᠷ᠎ᠡ ᠴᠠᠭᠳᠠᠭᠠᠨ ᠤ ᠲᠤᠭ ᠤᠨ ᠵᠢᠷᠤᠭ ᠳᠦᠷᠰᠦ ᠶᠢ ᠬᠡᠷᠡᠭᠯᠡᠬᠦ ᠳᠤ ᠪᠠᠨ ᠲᠤᠤᠷ ᠰᠦᠯᠵᠢᠶᠡᠨ ᠤ | ᠬᠠᠮᠢᠶᠠᠷᠤᠯᠲᠠ ᠶᠢᠨ ᠬᠠᠮᠢᠶ᠎ᠠ ᠪᠥᠬᠦᠶ ᠲᠣᠭᠲᠠᠭᠠᠯ ᠢ ᠵᠢᠷᠤᠮᠯᠠᠬᠤ ᠬᠡᠷᠡᠭᠲᠡᠶ᠂ ᠴᠠᠭᠳᠠᠭᠠᠨ ᠤ ᠲᠤᠭ ᠤᠨ ᠨᠡᠷ᠎ᠡ ᠬᠦᠨᠳᠦ ᠶᠢ ᠬᠤᠬᠢᠷᠠᠭᠤᠯᠵᠤ ᠪᠣᠯᠬᠤ ᠥᠬᠡᠶ᠃ | ᠠᠷᠪᠠᠨ ᠨᠠᠢᠮᠠᠳᠤᠭᠠᠷ ᠵᠦᠢᠯ ᠴᠠᠭᠳᠠᠭᠠᠨ ᠤ ᠲᠤᠭ ᠢ ᠰᠠᠶᠢᠲᠤᠷ ᠬᠠᠳᠠᠭᠠᠯᠠᠵᠤ᠂ ᠡᠪᠳᠡᠭᠳᠡᠬᠦ᠂ ᠭᠡᠭᠡᠭᠳᠡᠬᠦ ᠠᠴᠠ ᠰᠡᠷᠭᠡᠶᠢᠯᠡᠵᠦ᠂ ᠳᠤᠷ᠎ᠠ ᠪᠠᠷ ᠢᠶᠠᠨ ᠬᠠᠶᠠᠵᠤ | ᠪᠣᠯᠬᠤ ᠦᠭᠡᠶ᠃ ᠡᠪᠳᠡᠷᠡᠭᠰᠡᠨ᠂ ᠭᠬᠢᠷᠲᠦᠭᠰᠡᠨ᠂ ᠦᠡᠭᠭᠡ ᠨᠢ ᠪᠠᠭᠤᠷᠠᠭᠰᠠᠨ ᠴᠠᠭᠳᠠᠭᠠᠨ ᠤ ᠲᠤᠬ ᠭᠠᠷᠪᠠᠯ᠂ ᠴᠠᠭ ᠲᠤᠬᠠᠢ ᠳᠤᠨᠢ ᠰᠣᠯᠢᠬᠤ ᠬᠡᠷᠡᠭᠲᠡᠢ᠃ | ᠲᠠᠪᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠠᠷᠪᠠ ᠶᠢᠰᠦᠳᠦᠭᠡᠷ ᠵᠦᠢᠯ ᠶᠠᠮᠠᠷᠪᠠ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠵᠥᠪᠰᠢᠶᠡᠷᠡᠯ ᠤᠢᠭᠡᠢ ᠪᠠᠷ ᠴᠠᠭᠳᠠᠭᠠᠨ ᠤ ᠲᠤᠬ ᠢ ᠦᠢᠯᠡᠳᠬᠦ᠂ | ᠮᠠᠶᠢᠮᠠᠶᠢᠯᠠᠬᠤ᠂ ᠡᠵᠡᠮᠰᠢᠬᠦ᠂ ᠬᠡᠷᠡᠭᠯᠡᠵᠦ ᠪᠣᠯᠬᠤ ᠤᠢᠭᠡᠢ᠃ ᠴᠠᠭᠳᠠᠭᠠᠨ ᠤ ᠲᠤᠬ ᠢ ᠬᠠᠤᠯᠢ ᠪᠤᠰᠤ ᠪᠠᠷ ᠦᠢᠯᠡᠳᠦᠭᠰᠡᠨ᠂ ᠬᠤᠳᠠᠯᠳᠤᠭᠠᠯᠠᠭᠰᠠᠨ᠂ ᠡᠵᠡᠮᠰᠢᠭᠰᠡᠨ᠂ | ᠬᠡᠷᠡᠭᠯᠡᠭᠰᠡᠨ ᠪᠤᠶᠤ ᠤᠯᠡᠠ ᠨᠡᠶᠢᠲᠡ ᠶᠢᠨ ᠲᠠᠯᠠᠪᠤᠷ ᠲᠤ ᠵᠣᠷᠢᠭᠤᠳᠠ ᠡᠪᠳᠡᠬᠦ᠂ ᠪᠢᠯᠳᠠᠬᠤ᠂ ᠭᠬᠢᠷᠲᠦᠭᠡᠬᠦ᠂ ᠭᠢᠰᠬᠢᠯᠡᠬᠦ᠂ ᠰᠢᠲᠠᠭᠠᠬᠤ ᠵᠡᠷᠭᠡ ᠠᠷᠭ᠎ᠠ ᠮᠠᠶ᠋ᠢᠭ ᠢᠶᠠᠷ | ᠴᠠᠭᠳᠠᠭᠠᠨ ᠤ ᠲᠤᠬ ᠢ ᠭᠤᠲᠤᠭᠠᠵᠤ ᠲᠤᠷᠦᠮᠵᠢᠯᠡᠬᠰᠡᠠ ᠪᠠᠶᠢᠪᠠᠯ ᠬᠠᠤᠯᠢ ᠶᠣᠰᠣᠭᠠᠷ ᠰᠢᠳᠬᠡᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠬᠤᠷᠢᠳᠤᠭᠠᠷ ᠵᠦᠢᠯ ᠲᠤᠰ ᠲᠣᠭᠲᠠᠭᠠᠯ ᠠᠴᠠ ᠵᠥᠷᠢᠴᠡᠨ ᠴᠠᠭᠳᠠᠭᠠᠨ ᠤ ᠲᠤᠭ ᠢ ᠬᠡᠷᠡᠭᠯᠡᠭᠰᠡᠨ ᠨᠢᠭᠡᠴᠡ ᠶᠢ ᠵᠠᠷᠯᠢᠭᠳᠠᠵᠤ ᠪᠠᠶᠢᠭᠠᠳ ᠬᠤᠭᠤᠴᠠᠭ᠎ᠠ | ᠬᠢᠵᠠᠭᠠᠷᠯᠠᠨ ᠵᠠᠯᠠᠷᠠᠭᠤᠯᠬᠤ ᠶᠢᠨ ᠬᠠᠮᠲᠤ ᠨᠡᠪᠲᠡᠷᠡᠭᠦᠯᠦᠨ ᠰᠢᠭᠦᠮᠵᠢᠯᠡᠵᠦ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠥᠮᠦᠰ ᠤᠨ ᠬᠠᠷᠢᠭᠤᠴᠠᠯᠭ᠎ᠠ ᠶᠢ | ᠨᠡᠬᠡᠮᠵᠢᠯᠡᠬᠦ ᠬᠡᠷᠡᠭᠲᠡᠶ︔ ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠬᠠᠤᠯᠢ ᠶᠣᠰᠣᠭᠠᠷ ᠰᠢᠳᠬᠡᠯ ᠥᠭᠬᠦ ᠪᠤᠶᠤ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ | ᠰᠢᠢᠳᠪᠦᠷᠢᠯᠡᠬᠦ ᠬᠡᠷᠡᠭᠲᠡᠢ᠃ | ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | ᠬᠤᠷᠢᠨ ᠨᠢᠭᠡᠳᠦᠭᠡᠷ ᠵᠦᠢᠯ ᠲᠤᠰ ᠲᠣᠭᠲᠠᠭᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | |