ᠤᠯᠤᠰ ᠤᠨ ᠮᠡᠬᠡᠯᠡᠯ ᠢ ᠡᠰᠡᠷᠭᠦᠴᠡᠬᠦ ᠲᠥᠪ ᠤᠨ ᠰᠠᠨᠠᠭᠤᠯᠤᠮᠵᠢ᠄ | ︽ᠭᠤᠷᠪᠠᠨ ᠥᠬᠡᠶ ᠨᠢᠭᠡ ᠣᠯᠠᠨ︾ ᠵᠠᠷᠴᠢᠮ ᠢ ᠪᠠᠲᠤ ᠴᠡᠭᠡᠵᠢᠯᠡᠵᠦ | ᠬᠤᠪᠢᠨ ᠤ ᠵᠣᠭᠤᠰ ᠮᠦᠩᠬᠦ ᠪᠠᠨ ᠰᠠᠶᠢᠳᠤᠷ ᠬᠠᠮᠠᠭᠠᠯᠠᠭᠠᠷᠠᠢ | | ᠤᠢᠢᠷ᠎ᠠ ᠶᠢᠨ ᠵᠢᠯ ᠤᠳ ᠲᠤ᠂ ᠬᠠᠤᠯᠢ ᠪᠤᠰᠤ ᠡᠲᠡᠭᠡᠳ ᠡᠳᠦᠷ ᠢᠷᠡᠬᠦᠶ᠎ᠡ ᠬᠥᠭᠵᠢᠵᠦ ᠪᠠᠶᠢᠭ᠎ᠠ ᠮᠡᠳᠡᠭᠡ ᠬᠤᠯᠪᠣᠭᠠᠨ ᠤ ᠮᠡᠷᠭᠡᠵᠢᠯ ᠪᠠ ᠲᠦᠷᠭᠡᠨ ᠲᠦᠯᠦᠬᠦ | ᠮᠡᠷᠭᠡᠵᠢᠯ ᠢ ᠠᠰᠢᠭᠯᠠᠨ᠂ ᠡᠯ᠎ᠡ ᠵᠦᠢᠯ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠶᠢ ᠬᠢᠵᠦ᠂ ᠠᠷᠠᠳ ᠤᠯᠠᠨ ᠤ ᠡᠳ᠋ | ᠬᠦᠷᠦᠩᠭᠡ ᠶᠢᠨ ᠠᠮᠤᠷ ᠲᠦᠪᠰᠢᠨ ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠵᠤ ᠪᠠᠶᠢᠨ᠎ᠠ᠃ ᠣᠨᠴᠠᠭᠠᠶᠢᠯᠠᠨ ᠡᠨᠡ ᠵᠢᠯ ᠠᠴᠠ ᠨᠠᠭᠠᠰᠢ᠂ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠠᠴᠠ ᠪᠣᠯᠵᠤ᠂ ᠶᠡᠭᠡ ᠬᠡᠮᠵᠢᠶᠡᠨ ᠤ ᠭᠡᠷ ᠲᠤ ᠪᠠᠨ ᠪᠠᠶᠢᠭ᠎ᠠ ᠰᠦᠯᠵᠢᠶᠡᠨ ᠤ ᠠᠷᠠᠳ ᠵᠣᠭᠤᠰ | ᠳᠤᠲᠠᠵᠤ ᠵᠢᠭᠡᠯᠡᠯᠭᠡ ᠠᠪᠬᠤ ᠰᠠᠨᠠᠭ᠎ᠠ ᠲᠠᠢ᠂ ᠠᠵᠢᠯᠯᠠᠬᠤ ᠦᠭᠡᠢ ᠵᠠᠬᠢᠶᠠᠯᠠᠭ᠎ᠠ ᠬᠢᠵᠦ᠂ ᠮᠡᠬᠡᠯᠡᠭᠴᠢ ᠳᠤ ᠵᠠᠪᠰᠢᠶᠠᠨ ᠣᠯᠭᠤᠬᠤ᠂ ᠵᠢᠭᠡᠯᠡᠯᠭᠡ ᠶᠢᠨ ᠲᠦᠷᠦᠯ ᠤᠨ | ᠮᠡᠬᠡᠯᠡᠯ᠂ ᠲᠤᠰᠢᠶᠠᠯ ᠬᠠᠪᠰᠤᠷᠭᠠᠵᠤ ᠵᠠᠬᠢᠶᠠᠯᠠᠭ᠎ᠠ ᠬᠢᠬᠦ ᠮᠡᠬᠡᠯᠡᠯ᠂ ᠵᠣᠴᠢᠳ ᠤᠨ ᠦᠢᠯᠡᠴᠢᠯᠡᠭᠡ ᠪᠠᠷ ᠣᠪᠯᠠᠵᠤ ᠵᠣᠭᠤᠰ ᠪᠤᠴᠠᠭᠠᠬᠤ ᠲᠥᠷᠥᠯ ᠤᠨ ᠮᠡᠬᠡᠯᠡᠯ ᠤᠨ ᠬᠡᠷᠡᠭ | ᠣᠯᠠᠨ ᠭᠠᠷᠴᠤ ᠪᠠᠶᠢᠨ᠎ᠠ᠃ ᠤᠯᠤᠰ ᠤᠨ ᠮᠡᠬᠡᠯᠡᠯ ᠢ ᠡᠰᠡᠷᠭᠦᠴᠡᠬᠦ ᠲᠥᠪ ᠤᠨ ᠠᠷᠠᠳ ᠤᠨ ᠴᠠᠭᠳᠠᠭ᠎ᠠ ᠡᠭᠦᠨ ᠤ ᠲᠤᠬᠠᠶ ᠪᠢᠴᠢᠯ ᠵᠠᠷ ᠭᠠᠷᠭᠠᠵᠤ᠂ ᠡᠭᠦᠨ ᠤ ᠬᠠᠮᠲᠤ | ᠡᠳᠦᠷ ᠲᠤᠲᠤᠮ ᠤᠨ ᠠᠮᠢᠳᠤᠷᠠᠯ ᠳᠤᠮᠳᠠ ᠪᠠᠨ ︽ᠭᠤᠷᠪᠠᠨ ᠥᠬᠡᠶ ᠨᠢᠭᠡ ᠣᠯᠠᠨ︾ ︵ᠳᠠᠷᠤᠶ᠄ ᠥᠯᠥ ᠮᠡᠳᠡᠬᠦ ᠬᠤᠯᠪᠣᠭᠠᠰᠤ ᠶᠢ ᠲᠣᠪᠴᠢᠳᠠᠬᠤ ᠥᠬᠡᠶ᠂ ᠲᠠᠨᠢᠯ | ᠪᠤᠰᠤ ᠬᠥᠮᠦᠨ ᠢ ᠠᠮᠠᠷᠬᠠᠨ ᠢᠲᠡᠭᠡᠬᠦ ᠦᠭᠡᠢ᠂ ᠬᠤᠪᠢ ᠬᠥᠮᠦᠨ ᠤ ᠮᠡᠳᠡᠭᠡ ᠵᠠᠩᠭᠢ ᠶᠢ ᠵᠠᠳᠠᠷᠠᠭᠤᠯᠬᠤ ᠦᠭᠡᠢ᠂ ᠳᠠᠩᠰᠠ ᠰᠢᠯᠵᠢᠭᠦᠯᠬᠦ ᠭᠤᠪᠢᠭᠤᠯᠭ᠎ᠠ ᠶᠢ ᠣᠯᠠᠨ | ᠬᠠᠷᠭᠤᠭᠤᠯᠤᠨ᠎ᠠ︶ ᠵᠠᠷᠴᠢᠮ ᠢ ᠪᠠᠲᠤ ᠴᠡᠭᠡᠵᠢᠯᠡᠬᠦ ᠬᠡᠷᠡᠭᠲᠡᠶ᠃ ᠴᠠᠭᠳᠠᠭ᠎ᠠ ᠲᠠᠢ ᠬᠠᠮᠲᠤ ᠮᠥᠩᠬᠦ ᠵᠤᠭᠤᠰ ᠢᠶᠠᠨ ᠰᠠᠶᠢᠳᠤᠷ ᠬᠠᠮᠠᠭᠠᠯᠠᠰᠤᠭᠠᠢ᠃ | ᠵᠢᠭᠡᠯᠡᠯᠭᠡ ᠶᠢᠨ ᠲᠥᠷᠥᠯ ᠤᠨ ᠮᠡᠬᠡᠯᠡᠯ | ᠡᠩ ᠲᠡᠷᠢᠭᠦᠨ ᠳᠤ᠂ ᠶᠠᠯᠠᠲᠤ ᠡᠲᠡᠭᠡᠳ ᠬᠤᠬᠢᠷᠠᠯ ᠠᠮᠰᠠᠭᠴᠢ ᠶᠢᠨ QQ᠂ ᠸᠢᠴᠠᠲ ᠨᠡᠮᠡᠬᠦ ᠪᠠᠷ ᠳᠠᠮᠵᠢᠭᠤᠯᠤᠨ᠂ ᠬᠤᠬᠢᠷᠠᠯ ᠠᠮᠰᠠᠭᠴᠢ ᠶᠢ ᠵᠢᠭᠠᠨ | ᠵᠢᠯᠣᠭᠤᠳᠴᠤ ᠪᠠᠶᠢᠭᠠᠳ ᠬᠤᠪᠢᠶᠠᠨ ᠲᠠᠷᠬᠠᠭᠠᠬᠤ ᠲᠠᠪᠴᠠᠩ ᠠᠴᠠ ᠬᠤᠳᠠᠯ ᠬᠠᠭᠤᠷᠮᠠᠭ ᠵᠢᠭᠡᠯᠡᠯᠭᠡ ᠶᠢᠨ APP ᠶᠢ ᠪᠠᠭᠤᠯᠭᠠᠬᠤ︔ ᠬᠤᠶᠠᠳᠤᠭᠠᠷ ᠠᠯᠬᠤᠮ ᠳᠤ᠂ | ᠵᠢᠩᠬᠢᠨᠢ ᠵᠢᠭᠡᠯᠡᠯᠭᠡ ᠶᠢᠨ ᠲᠠᠪᠴᠠᠩ ᠤᠨ ᠴᠤᠪᠤᠷᠠᠯ ᠢ ᠬᠠᠭᠤᠷᠮᠠᠭᠯᠠᠨ ᠬᠡᠷᠡᠭᠯᠡᠵᠦ᠂ ᠬᠤᠬᠢᠷᠠᠯ ᠠᠮᠰᠠᠭᠴᠢ ᠶᠢ ᠬᠥᠲᠥᠯᠥᠨ ᠵᠢᠯᠣᠭᠤᠳᠴᠤ ᠪᠠᠶᠢᠭᠠᠳ ᠬᠤᠳᠠᠯ | ᠬᠠᠭᠤᠷᠮᠠᠭ APP ᠶᠢᠨ ᠳᠣᠲᠣᠷ᠎ᠠ ︽ᠵᠢᠭᠡᠯᠡᠯᠭᠡ ᠭᠤᠶᠤᠴᠢᠯᠠᠬᠤ︾ ᠠᠵᠢᠯᠯᠠᠭ᠎ᠠ ᠶᠢ ᠪᠡᠶᠡᠯᠡᠭᠦᠯᠵᠦ᠂ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ᠂ ᠭᠠᠷ | ᠤᠲᠠᠰᠤᠨ ᠤ ᠨᠣᠮᠧᠷ᠂ ᠵᠢᠭᠡᠯᠡᠯᠭᠡ ᠶᠢᠨ ᠵᠣᠭᠤᠰ ᠤᠨ ᠲᠤᠭ᠎ᠠ᠂ ᠵᠣᠭᠤᠰ ᠪᠤᠴᠠᠭᠠᠬᠤ ᠠᠷᠭ᠎ᠠ ᠮᠠᠶ᠋ᠢᠭ ᠪᠠ ᠴᠠᠭ ᠤᠨ ᠬᠢᠵᠠᠭᠠᠷ ᠵᠡᠷᠭᠡ ᠮᠡᠳᠡᠭᠡ ᠵᠠᠩᠭᠢ ᠶᠢ | ᠲᠠᠭᠯᠠᠭᠤᠯᠬᠤ︔ ᠭᠤᠷᠪᠠᠳᠤᠭᠠᠷ ᠠᠯᠬᠤᠮ ᠳᠤ᠂ ᠬᠤᠬᠢᠷᠠᠯ ᠠᠮᠰᠠᠭᠴᠢ ᠳᠤ ᠵᠢᠭᠡᠯᠡᠯᠭᠡ ᠶᠢᠨ ᠭᠤᠶᠤᠴᠢᠯᠠᠯ ᠨᠢ ᠨᠢᠭᠡᠨᠲᠡ ᠵᠥᠪᠰᠢᠶᠡᠷᠡᠭᠳᠡᠭᠰᠡᠨ ᠢ ᠲᠣᠳᠣᠷᠬᠠᠶ | ᠮᠡᠳᠡᠭᠳᠡᠵᠦ᠂ ᠲᠤᠬᠠᠶ ᠶᠢᠨ ᠡᠳᠦᠷ ᠲᠤᠨᠢ ᠵᠣᠭᠤᠰ ᠪᠠᠭᠤᠯᠭᠠᠵᠤ ᠪᠣᠯᠬᠤ ᠪᠥᠭᠡᠳ APP ᠶᠢ ᠠᠰᠢᠭᠯᠠᠨ ᠵᠢᠭᠡᠯᠡᠯᠭᠡ ᠶᠢᠨ ᠬᠢᠨᠠᠨ ᠵᠥᠪᠰᠢᠶᠡᠷᠡᠭᠡᠳ ᠨᠢᠭᠡᠨᠲᠡ | ᠵᠥᠪᠰᠢᠶᠡᠷᠡᠭᠰᠡᠨ ᠣᠭᠲᠣᠯᠤᠭᠠᠰᠤ ᠵᠢᠷᠤᠭ ᠢ ᠠᠶᠠᠨᠳᠠᠭᠠᠨ ᠪᠣᠶ ᠪᠣᠯᠭᠠᠵᠤ᠂ ᠬᠤᠬᠢᠷᠠᠯ ᠠᠮᠰᠠᠭᠴᠢ ᠶᠢ ᠦᠨᠡᠮᠰᠢᠭᠦᠯᠬᠦ︔ ᠳᠥᠷᠪᠡᠳᠦᠭᠡᠷ ᠠᠯᠬᠤᠮ ᠳᠤ᠂ ᠮᠦᠩᠬᠦᠨ ᠤ | ᠭᠦᠢᠯᠭᠡᠭᠡ ᠬᠦᠷᠦᠯᠴᠡᠬᠦ ᠦᠭᠡᠶ᠂ ᠪᠠᠲᠤᠯᠠᠭ᠎ᠠ ᠶᠢᠨ ᠮᠥᠩᠭᠦ ᠬᠦᠷᠦᠯᠴᠡᠬᠦ ᠦᠭᠡᠶ ᠵᠡᠷᠭᠡ ᠵᠢᠭᠡᠯᠡᠯᠭᠡ ᠲᠠᠯᠪᠢᠬᠤ ᠶᠢᠨ ᠠᠷᠭ᠎ᠠ ᠦᠭᠡᠶ ᠰᠢᠯᠲᠠᠭᠠᠨ ᠢ ᠵᠣᠬᠢᠶᠠᠵᠤ᠂ | ᠬᠤᠬᠢᠷᠠᠯ ᠠᠮᠰᠠᠭᠴᠢ ᠶᠢ ᠵᠣᠭᠤᠰ ᠢᠶᠠᠨ ᠲᠤᠰᠢᠶᠠᠯᠭᠠᠨ᠎ᠠ᠃ ᠵᠢᠭᠡᠯᠡᠯᠭᠡ ᠶᠢᠨ ᠪᠠᠯᠠ ᠮᠥᠩᠭᠦ ᠶᠢ ᠠᠯᠢ ᠲᠦᠷᠭᠡᠨ ᠢᠶᠠᠷ ᠤᠯᠬᠤ ᠶᠢᠨ ᠲᠥᠯᠥᠭᠡ᠂ ᠬᠤᠬᠢᠷᠠᠯ ᠠᠮᠰᠠᠭᠴᠢ | ᠶᠡᠷᠦᠨᠢ ᠮᠡᠬᠡᠯᠡᠭᠴᠢ ᠶᠢᠨ ᠱᠠᠭᠠᠷᠳᠠᠯᠭ᠎ᠠ ᠶᠣᠰᠣᠭᠠᠷ ᠲᠠᠩᠰᠠ ᠰᠢᠯᠵᠢᠭᠦᠯᠵᠦ᠂ ᠡᠴᠦᠰ ᠲᠡᠭᠡᠨ ᠮᠡᠬᠡᠯᠡᠭᠳᠡᠳᠡᠭ᠃ | ᠮᠡᠬᠡᠯᠡᠯ ᠢ ᠰᠡᠷᠭᠡᠶᠢᠯᠡᠬᠦ ᠰᠠᠨᠠᠭᠤᠯᠤᠮᠵᠢ᠄ ᠵᠣᠭᠤᠰ ᠵᠢᠭᠡᠯᠡᠭᠦᠯᠬᠦ ᠠᠴᠠ ᠡᠮᠦᠨ᠎ᠡ ᠪᠠᠲᠤᠯᠠᠭ᠎ᠠ ᠶᠢᠨ ᠮᠥᠩᠭᠦ᠂ ᠭᠠᠷ ᠭᠦᠢᠴᠡᠳᠭᠡᠯ ᠤᠨ ᠰᠦᠢᠳᠭᠡᠯ ᠲᠤᠰᠢᠶᠠᠬᠤ ᠶᠢ | ᠱᠠᠭᠠᠷᠳᠠᠭᠰᠠᠨ ᠪᠦᠬᠦᠨ ᠴᠥᠮ ᠵᠢᠭᠡᠯᠡᠯᠭᠡ ᠶᠢᠨ ᠮᠡᠬᠡᠯᠡᠯ ᠪᠠᠶᠢᠵᠤ᠂ ᠮᠡᠬᠡᠯᠡᠭᠳᠡᠬᠦ ᠠᠴᠠ ᠬᠢᠴᠢᠶᠡᠨ᠎ᠡ︔ ᠬᠡᠷᠪᠡ ᠵᠢᠭᠡᠯᠡᠯᠭᠡ ᠠᠪᠬᠤ ᠴᠢᠬᠤᠯᠠ ᠲᠠᠢ ᠪᠣᠯ ᠪᠠᠩᠬᠢ ᠪᠤᠶᠤ | ᠵᠢᠩᠬᠢᠨᠢ ᠵᠢᠭᠡᠯᠡᠯᠭᠡ ᠶᠢᠨ ᠪᠠᠶᠢᠭᠤᠯᠤᠮᠵᠢ ᠳᠤ ᠬᠦᠷᠴᠦ ᠭᠦᠢᠴᠡᠳᠭᠡᠬᠦ ᠬᠡᠷᠡᠭᠲᠡᠶ᠂ ︽ᠪᠠᠷᠢᠴᠠᠭ᠎ᠠ ᠥᠬᠡᠶ︾᠂ ︽ᠪᠠᠳᠤᠯᠠᠭᠴᠢ ᠥᠬᠡᠶ︾᠂ ︽ᠲᠣᠰ ᠡᠳᠦᠷ ᠲᠤ ᠪᠠᠨ | ᠵᠢᠭᠡᠯᠡᠯᠭᠡ ᠲᠠᠯᠪᠢᠬᠤ︾ ᠵᠡᠷᠭᠡ ᠵᠢᠭᠡᠯᠡᠯᠭᠡ ᠶᠢᠨ ᠵᠠᠷ ᠮᠡᠳᠡᠭᠡ ᠶᠢ ᠢᠲᠡᠭᠡᠵᠦ ᠪᠣᠯᠬᠤ ᠥᠬᠡᠶ︔ ᠲᠠᠨᠢᠯ ᠪᠤᠰᠤ ᠰᠦᠯᠵᠢᠶᠡᠨ ᠤ ᠬᠠᠶ᠋ᠢᠭ ᠢ ᠳᠤᠷ᠎ᠠ ᠪᠠᠷ ᠢᠶᠠᠨ | ᠲᠣᠪᠴᠢᠳᠠᠵᠤ ᠪᠣᠯᠬᠤ ᠥᠬᠡᠶ᠂ ᠬᠤᠪᠢ ᠬᠥᠮᠦᠨ ᠤ ᠮᠡᠳᠡᠭᠡ ᠵᠠᠩᠭᠢ ᠪᠠᠨ ᠳᠤᠷ᠎ᠠ ᠪᠠᠷ ᠢᠶᠠᠨ ᠲᠤᠰᠢᠶᠠᠵᠤ ᠪᠣᠯᠬᠤ ᠥᠬᠡᠶ︔ ᠠᠯᠪᠠᠨ ᠰᠦᠯᠵᠢᠶ᠎ᠡ ᠪᠤᠶᠤ ᠵᠢᠩᠬᠢᠨᠢ | ᠲᠠᠪᠴᠠᠩ ᠠᠴᠠ ᠵᠢᠭᠡᠯᠡᠯᠭᠡ ᠶᠢᠨ APP ᠵᠥᠭᠡᠯᠡᠨ ᠲᠣᠨᠤᠭ ᠪᠠᠭᠤᠯᠭᠠᠭᠠᠷᠠᠶ︔ 95 ᠳ᠋ᠤᠭᠠᠷ ᠪᠠ 1069 ᠣᠬᠤᠷ ᠮᠡᠳᠡᠭᠡ ᠶᠢ ᠳᠡᠭᠡᠳᠦ ᠬᠡᠮᠵᠢᠶ᠎ᠡ ᠪᠠᠷ ᠰᠡᠷᠡᠮᠵᠢᠯᠡᠬᠦ | ᠬᠡᠷᠡᠭᠲᠡᠶ᠂ ᠯᠠᠪᠲᠠᠶ ᠵᠢᠩᠬᠢᠨᠢ ᠺᠣᠮᠫᠠᠨᠢ ᠶᠢᠨ ᠤᠲᠠᠰᠤ ᠪᠤᠶᠤ ᠶᠠᠪᠤᠭᠤᠯᠤᠭᠰᠠᠨ ᠭᠡᠵᠦ ᠪᠣᠳᠣᠵᠤ ᠪᠣᠯᠬᠤ ᠦᠭᠡᠢ᠂ ᠪᠣᠯᠭᠤᠮᠵᠢᠲᠠᠶ ᠢᠯᠭᠠᠨ ᠲᠣᠳᠣᠯᠠᠬᠤ ᠬᠡᠷᠡᠭᠲᠡᠶ᠃ | ᠠᠵᠢᠯ ᠬᠠᠪᠰᠤᠷᠭᠠᠨ ᠵᠠᠬᠢᠶᠠᠯᠠᠭ᠎ᠠ ᠶᠢᠨ ᠮᠡᠬᠡᠯᠡᠯ | ᠬᠠᠤᠯᠢ ᠪᠤᠰᠤ ᠡᠲᠡᠭᠡᠳ ᠡᠯ᠎ᠡ ᠵᠦᠢᠯ ᠤᠨ QQ ᠴᠤᠭᠯᠠᠷᠠᠯ᠂ ᠸᠢᠴᠠᠲ ᠤᠨ ᠴᠤᠭᠯᠠᠷᠠᠯ᠂ ᠠᠵᠢᠯᠲᠠᠨ ᠡᠯᠰᠡᠬᠦ ᠰᠦᠯᠵᠢᠶ᠎ᠡ᠂ ᠣᠬᠤᠷ ᠮᠡᠳᠡᠭᠡ ᠵᠠᠩᠭᠢ ᠶᠢᠨ | ᠳᠤᠮᠳᠠ ᠲᠤᠰᠢᠶᠠᠯ ᠬᠠᠪᠰᠤᠷᠭᠠᠬᠤ ᠮᠡᠳᠡᠭᠡ ᠵᠠᠩᠭᠢ ᠨᠡᠶᠢᠲᠡᠯᠡᠵᠦ᠂ ᠠᠵᠢᠯ ᠤᠨ ᠠᠭᠤᠯᠭ᠎ᠠ ᠶᠢᠨ ᠣᠯᠠᠩᠬᠢ ᠨᠢ ᠰᠦᠯᠵᠢᠶ᠎ᠡ ᠪᠠᠷ ᠲᠤᠰᠢᠶᠠᠯ ᠬᠠᠪᠰᠤᠷᠭᠠᠵᠤ | ᠵᠠᠬᠢᠶᠠᠯᠠᠭ᠎ᠠ ᠬᠢᠯᠭᠡᠬᠦ᠂ ︽ᠬᠠᠷᠢᠭᠤ ᠬᠠᠷᠠᠮᠵᠢ ᠶᠢᠨ ᠨᠣᠷᠮ᠎ᠠ ᠥᠨᠳᠥᠷ︾᠂ ︽ᠴᠠᠯᠢᠩ ᠢ ᠨᠢ ᠡᠳᠦᠷ ᠲᠤᠨᠢ ᠪᠣᠳᠤᠬᠤ︾᠂ ︽ᠴᠠᠭ ᠵᠠᠷᠤᠴᠠᠭᠤᠯᠬᠤ ᠥᠬᠡᠶ︾ | ᠬᠡᠮᠡᠨ ᠢᠯᠡᠷᠬᠡᠶᠢᠯᠡᠵᠦ᠂ ᠶᠡᠭᠡ ᠲᠣᠭᠠᠨ ᠤ ᠮᠥᠩᠭᠦ ᠵᠤᠭᠤᠰ ᠢᠶᠠᠷ ᠥᠭᠶᠥᠭᠡ ᠪᠣᠯᠭᠠᠨ ᠲᠤᠬᠠᠶ ᠶᠢᠨ ᠬᠥᠮᠦᠨ ᠢ ᠲᠠᠲᠠᠵᠤ᠂ ᠲᠤᠬᠠᠢ ᠶᠢᠨ ᠬᠦᠮᠦᠨ ᠢ ᠵᠠᠬᠢᠶᠠᠯᠠᠭ᠎ᠠ | ᠬᠢᠯᠭᠡᠵᠦ ᠲᠤᠰᠢᠶᠠᠯ ᠬᠠᠪᠰᠤᠷᠭᠠᠬᠤ ᠶᠢ ᠱᠠᠭᠠᠷᠳᠠᠳᠠᠭ᠃ ᠠᠩᠬ᠎ᠠ ᠤᠳᠠᠭ᠎ᠠ ᠶᠡᠷᠦ ᠨᠢ ᠬᠦᠯᠦᠰᠦᠯᠡᠬᠦ ᠮᠥᠩᠬᠦ ᠶᠢ ᠪᠡᠯᠡᠨ ᠵᠣᠭᠤᠰ ᠢᠶᠠᠷ ᠲᠤᠰᠢᠶᠠᠯᠭᠠᠵᠤ᠂ ᠲᠤᠬᠠᠶ ᠶᠢᠨ | ᠬᠥᠮᠦᠨ ᠤ ᠵᠠᠬᠢᠶᠠᠯᠠᠭ᠎ᠠ ᠶᠢᠨ ᠵᠣᠭᠤᠰ ᠤᠨ ᠲᠤᠭ᠎ᠠ ᠨᠢ ᠨᠡᠯᠢᠶᠡᠳ ᠶᠡᠭᠡ ᠦᠶ᠎ᠡ ᠳᠤ᠂ ᠰᠢᠰᠲ᠋ᠧᠮ ᠤᠨ ᠺᠠᠷᠲ᠂ ᠰᠢᠰᠲ᠋ᠧᠮ ᠨᠢ ᠪᠤᠷᠤᠭᠤ᠂ ᠲᠠᠩᠰᠠᠨ ᠡᠷᠦᠬᠡ ᠶᠢ | ᠠᠮᠢᠳᠤᠯᠢᠭ ᠪᠣᠯᠭᠠᠬᠤ ᠭᠡᠬᠦ ᠰᠢᠯᠲᠠᠭᠠᠨ ᠢᠶᠠᠷ ᠬᠡᠷᠡᠭ ᠤᠨ ᠡᠵᠡᠨ ᠢ ᠦᠷᠭᠦᠯᠵᠢᠯᠡᠨ ᠵᠠᠬᠢᠶᠠᠯᠠᠭ᠎ᠠ ᠪᠤᠶᠤ ᠪᠠᠲᠤᠯᠠᠭ᠎ᠠ ᠶᠢᠨ ᠮᠥᠩᠭᠦ ᠭᠤᠪᠢᠭᠤᠯᠬᠤ ᠶᠢ ᠱᠠᠭᠠᠷᠳᠠᠵᠤ᠂ | ᠵᠣᠭᠤᠰ ᠮᠥᠩᠬᠦ ᠮᠡᠬᠡᠯᠡᠨ ᠠᠪᠳᠠᠭ᠃ | ᠮᠡᠬᠡᠯᠡᠯ ᠢ ᠰᠡᠷᠭᠡᠶᠢᠯᠡᠬᠦ ᠰᠠᠨᠠᠭᠤᠯᠤᠮᠵᠢ᠄ ᠰᠦᠯᠵᠢᠶᠡᠨ ᠳᠡᠭᠡᠷ᠎ᠡ ᠬᠠᠤᠯᠢ ᠪᠤᠰᠤ ᠵᠠᠬᠢᠶᠠᠯᠠᠭ᠎ᠠ ᠪᠣᠯ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ᠂ ᠬᠦᠨᠳᠦ | ᠨᠣᠴᠢᠲᠠᠶ ᠢᠲᠡᠭᠡᠯ ᠠᠯᠳᠠᠭᠰᠠᠨ ᠦᠢᠯᠡ ᠠᠵᠢᠯᠯᠠᠭ᠎ᠠ ᠮᠥᠨ ᠪᠣᠯᠬᠤᠷ ᠬᠤᠪᠢ ᠬᠥᠮᠦᠨ ᠤ ᠢᠲᠡᠭᠡᠮᠵᠢ ᠪᠠᠨ ᠨᠠᠨᠳᠢᠩᠨᠠᠵᠤ᠂ ᠡᠶᠢᠮᠦᠷᠬᠦ ᠠᠵᠢᠯ ᠳᠤ ᠣᠷᠣᠯᠴᠠᠬᠤ ᠠᠴᠠ | ᠬᠦᠴᠦᠯᠡᠨ ᠵᠠᠶᠢᠯᠠᠰᠬᠢᠬᠦ ᠬᠡᠷᠡᠭᠲᠡᠶ︔ ᠰᠦᠯᠵᠢᠶᠡᠨ ᠤ ᠲᠠᠪᠴᠠᠩ ᠢᠶᠠᠷ ᠠᠵᠢᠯ ᠡᠷᠢᠬᠦ ᠪᠤᠶᠤ ᠲᠤᠰᠢᠶᠠᠯ ᠬᠠᠪᠰᠤᠷᠭᠠᠬᠤ ᠦᠶ᠎ᠡ ᠳᠤ᠂ ᠥᠨᠳᠥᠷ ᠬᠥᠯᠥᠰᠥ | ᠣᠯᠭᠤᠮᠵᠢ ᠪᠠᠷ ᠰᠣᠬᠤᠷ ᠪᠠᠯᠠᠶ ᠪᠠᠷ ᠲᠠᠲᠠᠭᠳᠠᠵᠤ ᠪᠣᠯᠬᠤ ᠥᠬᠡᠶ᠂ ︽ᠪᠠᠭ᠎ᠠ ᠠᠰᠢᠭ ᠲᠤ ᠳᠤᠷᠠᠯᠠᠬᠤ︾ ᠪᠠ ︽ᠠᠮᠠᠷᠬᠠᠨ ᠵᠣᠭᠤᠰ ᠤᠯᠬᠤ︾ ᠪᠣᠳᠣᠯ ᠲᠠᠢ ᠪᠠᠶᠢᠵᠤ | ᠪᠣᠯᠬᠤ ᠥᠬᠡᠶ᠂ ᠲᠠᠨᠢᠯ ᠪᠤᠰᠤ ᠴᠥᠷᠬᠡᠯᠡᠭᠡ ᠶᠢ ᠳᠤᠷ᠎ᠠ ᠪᠠᠷ ᠢᠶᠠᠨ ᠳᠠᠷᠤᠵᠤ ᠪᠣᠯᠬᠤ ᠥᠬᠡᠶ︔ ᠵᠣᠭᠤᠰ ᠤᠯᠬᠤ ᠮᠡᠳᠡᠭᠡ ᠵᠠᠩᠭᠢ ᠳᠤ ᠬᠤᠯᠪᠣᠭᠳᠠᠭᠰᠠᠨ ᠪᠦᠬᠦᠨ ᠳᠤ᠂ | QQ᠂ ᠸᠢᠴᠠᠲ ᠨᠡᠮᠡᠬᠦ ᠪᠤᠶᠤ APP ᠶᠢ ᠪᠠᠭᠤᠯᠭᠠᠨ ᠠᠪᠴᠤ ᠮᠠᠭᠲᠠᠨ ᠰᠠᠶᠢᠰᠢᠶᠠᠬᠤ᠂ ᠰᠦᠯᠵᠢᠶᠡᠨ ᠳᠡᠭᠡᠷ᠎ᠡ ᠠᠴᠠ ᠪᠠᠷᠠᠭ᠎ᠠ ᠬᠤᠳᠠᠯᠳᠤᠨ ᠠᠪᠬᠤ᠂ ᠵᠠᠬᠢᠶᠠᠯᠠᠭ᠎ᠠ | ᠥᠭᠬᠦ᠂ ᠵᠡᠭᠦᠯᠲᠡ ᠬᠠᠳᠠᠬᠤ ᠵᠡᠷᠭᠡ ᠡᠭᠦᠷᠭᠡ ᠶᠢ ᠭᠦᠢᠴᠡᠳᠬᠡᠬᠦ ᠶᠢ ᠱᠠᠭᠠᠷᠳᠠᠭᠰᠠᠨ ᠨᠢ ᠴᠥᠮ ᠮᠡᠬᠡᠯᠡᠯ ᠪᠣᠯᠤᠨ᠎ᠠ︔ ᠡᠯ᠎ᠡ ᠵᠦᠢᠯ ᠤᠨ ᠰᠢᠯᠲᠠᠭᠠᠨ ᠢᠶᠠᠷ ᠡᠬᠡ | ᠮᠥᠩᠭᠦ ᠶᠢ ᠨᠢ ᠪᠤᠴᠠᠭᠠᠵᠤ ᠥᠭᠬᠦ ᠥᠬᠡᠶ ᠪᠠᠶᠢᠳᠠᠯ ᠲᠣᠬᠢᠶᠠᠯᠳᠤᠪᠠᠯ᠂ ᠦᠷᠭᠦᠯᠵᠢᠯᠡᠨ ᠲᠠᠩᠰᠠ ᠰᠢᠯᠵᠢᠭᠦᠯᠵᠦ ᠪᠣᠯᠬᠤ ᠥᠬᠡᠶ᠂ ᠳᠠᠷᠤᠶ ᠲᠦᠷᠭᠡᠨ ᠲᠦᠭᠰᠢᠭᠦᠷᠢ | ᠮᠡᠳᠡᠭᠦᠯᠵᠦ᠂ ᠨᠥᠭᠦᠭᠡ ᠡᠲᠡᠭᠡᠳ ᠤᠨ ᠢᠶᠠᠨ ᠵᠣᠭᠤᠭᠳᠠᠬᠤ ᠵᠥᠭᠡᠯᠡᠨ ᠲᠣᠨᠤᠭ ᠤᠨ ᠲᠠᠩᠰᠠᠨ ᠨᠣᠮᠧᠷ᠂ APP ᠶᠢ ᠪᠠᠭᠤᠯᠭᠠᠨ ᠠᠪᠤᠭᠰᠠᠨ ᠪᠣᠭᠤᠳᠠᠯ ᠤᠭᠰᠠᠷᠠᠬᠤ | ᠬᠠᠶ᠋ᠢᠭ᠂ ᠶᠠᠯ᠎ᠠ ᠬᠢᠭᠰᠡᠨ ᠰᠡᠵᠢᠭᠳᠡᠨ ᠤ ᠵᠣᠭᠤᠰ ᠪᠤᠴᠠᠭᠠᠬᠤ ᠲᠠᠩᠰᠠᠨ ᠨᠣᠮᠧᠷ᠂ ᠪᠠᠩᠬᠢ ᠶᠢᠨ ᠺᠠᠷᠲ ᠵᠡᠷᠭᠡ ᠮᠡᠳᠡᠭᠡ ᠵᠠᠩᠭᠢ ᠶᠢ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠳᠤ ᠬᠠᠩᠭᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠮᠤᠭ ᠤᠨ ᠣᠬᠤᠷ ᠬᠤᠭᠤᠴᠠᠭᠠᠨ ᠳᠤ ᠳᠡᠭᠡᠷ᠎ᠡ ᠳᠤᠷᠠᠳᠤᠭᠰᠠᠨ ᠭᠤᠭᠴᠤᠭ᠎ᠠ ᠶᠢᠨ | ᠲᠠᠩᠰᠠᠨ ᠨᠣᠮᠧᠷ᠂ ᠺᠠᠷᠲ ᠤᠨ ᠨᠣᠮᠧᠷ ᠲᠤ ᠴᠢᠭᠯᠡᠭᠦᠯᠦᠨ ᠰᠢᠢᠳᠪᠦᠷᠢᠯᠡᠵᠦ᠂ ᠬᠤᠬᠢᠷᠠᠯ ᠠᠮᠰᠠᠭᠴᠢ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠡᠭᠡᠭᠦᠯᠦᠨ | ᠠᠪᠴᠢᠷᠠᠵᠤ᠂ ᠬᠡᠷᠡᠭ ᠢ ᠡᠷᠲᠡᠬᠡᠨ ᠢᠯᠡᠷᠡᠭᠦᠯᠦᠨ᠎ᠡ᠃ | ᠵᠣᠴᠢᠳ ᠤᠨ ᠦᠢᠯᠡᠴᠢᠯᠡᠭᠡ ᠪᠠᠷ ᠣᠪᠯᠠᠵᠤ ᠵᠣᠭᠤᠰ ᠪᠤᠴᠠᠭᠠᠭᠰᠠᠨ ᠮᠡᠬᠡᠯᠡᠯ | ᠮᠡᠬᠡᠯᠡᠭᠴᠢ ᠨᠢ ᠬᠤᠬᠢᠷᠠᠯ ᠠᠮᠰᠠᠭᠴᠢ ᠲᠠᠢ ᠬᠠᠷᠢᠯᠴᠠᠬᠤ ᠳᠤ ᠪᠠᠨ᠂ ᠲᠤᠤ ᠪᠦᠦ ᠵᠡᠷᠭᠡ ᠡᠯᠧᠺᠲᠷᠣᠨ ᠬᠤᠳᠠᠯᠳᠤᠭᠠᠨ ᠤ ᠲᠠᠪᠴᠠᠩ᠂ ᠰᠦᠯᠵᠢᠶᠡᠨ ᠳᠡᠭᠡᠷᠡᠬᠢ | ᠳᠡᠯᠭᠡᠭᠦᠷ ᠪᠤᠶᠤ ᠲᠦᠷᠭᠡᠨ ᠬᠦᠷᠭᠡᠯᠲᠡ ᠶᠢᠨ ᠺᠣᠮᠫᠠᠨᠢ ᠶᠢᠨ ᠵᠣᠴᠢᠨ ᠡᠷᠦᠬᠡ ᠶᠢᠨ ᠦᠢᠯᠡᠴᠢᠯᠡᠭᠡ᠂ ᠠᠵᠢᠯᠲᠠᠨ ᠪᠠᠶᠢᠵᠤ᠂ ᠬᠤᠬᠢᠷᠠᠯ ᠠᠮᠰᠠᠭᠴᠢ ᠶᠢᠨ ᠬᠤᠪᠢ | ᠬᠥᠮᠦᠨ ᠤ ᠵᠠᠬᠢᠶᠠᠯᠠᠭ᠎ᠠ ᠶᠢᠨ ᠮᠡᠳᠡᠭᠡ ᠵᠠᠩᠭᠢ ᠶᠢ ᠨᠠᠷᠢᠨ ᠲᠣᠳᠣᠷᠬᠠᠶ ᠮᠡᠳᠡᠭᠦᠯᠵᠦ᠂ ᠵᠠᠬᠢᠶᠠᠯᠠᠭ᠎ᠠ ᠨᠢ ᠬᠦᠴᠦᠨ ᠥᠬᠡᠶ᠂ ᠲᠠᠸᠠᠷ ᠤᠨ ᠶᠠᠰᠤ ᠴᠢᠨᠠᠷ ᠨᠢ | ᠠᠰᠠᠭᠤᠳᠠᠯ ᠲᠠᠢ ᠪᠤᠶᠤ ᠲᠦᠷᠭᠡᠨ ᠬᠦᠷᠭᠡᠯᠲᠡ ᠪᠠᠨ ᠭᠡᠭᠡᠭᠰᠡᠨ ᠭᠡᠵᠦ ᠬᠤᠳᠠᠯ ᠬᠡᠯᠡᠵᠦ᠂ ᠳᠠᠷᠠᠭ᠎ᠠ ᠨᠢ ᠬᠤᠬᠢᠷᠠᠯ ᠠᠮᠰᠠᠭᠴᠢ ᠶᠢ ᠥᠳᠥᠭᠡᠨ ᠬᠤᠳᠠᠯ ᠬᠠᠭᠤᠷᠮᠠᠭ | ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠥᠭᠡᠰᠢ ᠲᠠᠯᠪᠢᠬᠤ ᠰᠦᠯᠵᠢᠶ᠎ᠡ ᠪᠤᠶᠤ ᠬᠤᠶᠠᠷ ᠬᠡᠮᠵᠢᠯᠳᠦ ᠺᠣᠳ᠋ ᠰᠢᠷᠪᠢᠬᠦ ᠵᠡᠷᠭᠡ ᠪᠠᠷ ᠳᠠᠮᠵᠢᠭᠤᠯᠤᠨ᠂ | ᠡᠴᠦᠰ ᠲᠤ ᠪᠠᠨ ᠵᠣᠭᠤᠰ ᠢ ᠥᠪᠡᠷ ᠤᠨ ᠲᠠᠩᠰᠠᠨ ᠡᠷᠦᠬᠡ ᠳᠤ ᠪᠠᠨ ᠣᠷᠤᠭᠤᠯᠤᠨ᠎ᠠ᠃ ᠮᠡᠬᠡᠯᠡᠯ ᠤᠨ ᠶᠠᠷᠢᠯᠴᠠᠭᠠᠨ ᠤ ᠪᠡᠯᠡᠳᠭᠡᠯ ᠮᠡᠭᠡ ᠶᠢᠨ ᠳᠡᠪᠲᠡᠷ ᠲᠤ ᠡᠬᠡ | ᠨᠢᠯᠬᠠᠰ ᠤᠨ ᠲᠥᠷᠥᠯ᠂ ᠭᠤᠶᠣᠯᠠᠯ ᠤᠨ ᠡᠳ᠋᠂ ᠱᠠᠬᠠᠶ ᠪᠣᠭᠴᠣ ᠵᠡᠷᠭᠡ ᠪᠦᠲᠦᠭᠡᠭᠳᠡᠬᠦᠨ ᠢᠶᠠᠷ ᠭᠤᠤᠯ ᠪᠣᠯᠭᠠᠵᠤ᠂ ᠬᠤᠤᠷ ᠠᠮᠰᠠᠭᠰᠠᠨ ᠡᠲᠡᠭᠡᠳ ᠤᠨ ᠣᠯᠠᠩᠬᠢ ᠨᠢ | ᠰᠦᠯᠵᠢᠶᠡᠨ ᠳᠡᠭᠡᠷ᠎ᠡ ᠪᠠᠷᠠᠭ᠎ᠠ ᠬᠤᠳᠠᠯᠳᠤᠨ ᠠᠪᠤᠭᠰᠠᠨ ᠥᠩᠭᠡᠷᠡᠯᠲᠡ ᠲᠠᠢ ᠡᠮᠡᠭᠲᠡᠶᠢᠴᠦᠳ ᠪᠠᠶᠢᠳᠠᠭ᠃ ᠣᠳᠣᠬᠠᠨ ᠳᠤ᠂ ᠲᠤᠤ ᠪᠦᠦ ᠬᠤᠳᠠᠯᠳᠤᠭᠠᠴᠢᠨ ᠤ | ᠦᠢᠯᠡᠴᠢᠯᠡᠭᠡ ᠪᠠᠷ ᠣᠪᠯᠠᠵᠤ ᠮᠡᠬᠡᠯᠡᠭᠰᠡᠨ ᠬᠡᠷᠡᠭ ᠣᠯᠠᠨ ᠪᠠᠶᠢᠵᠤ᠂ ᠳᠠᠷᠠᠭ᠎ᠠ ᠳᠤᠨᠢ ᠪᠠᠷᠠᠭᠠᠨ ᠤ ᠭᠦᠢᠯᠭᠡᠭᠡᠨ ᠤ ᠲᠦᠷᠭᠡᠨ ᠬᠦᠷᠭᠡᠯᠲᠡ ᠶᠢᠨ ᠲᠥᠷᠥᠯ ᠤᠨ | ᠺᠣᠮᠫᠠᠨᠢ ᠶᠢᠨ ᠦᠢᠯᠡᠴᠢᠯᠡᠭᠡ ᠪᠠᠷ ᠣᠪᠯᠠᠵᠤ ᠮᠡᠬᠡᠯᠡᠭᠰᠡᠨ ᠬᠡᠷᠡᠭ ᠪᠣᠯᠤᠨ᠎ᠠ᠃ | ᠮᠡᠬᠡᠯᠡᠬᠦ ᠶᠢ ᠰᠡᠷᠭᠡᠶᠢᠯᠡᠬᠦ ᠰᠠᠨᠠᠭᠤᠯᠤᠮᠵᠢ᠄ ᠥᠪᠡᠷ ᠢ ᠪᠠᠨ ᠦᠢᠯᠡᠴᠢᠯᠡᠭᠴᠢ ᠪᠤᠶᠤ ᠠᠵᠢᠯᠲᠠᠨ ᠭᠡᠳᠡᠭ ᠤᠲᠠᠰᠤ ᠪᠤᠶᠤ ᠣᠬᠤᠷ ᠮᠡᠳᠡᠭᠡ ᠳᠤ ᠲᠣᠬᠢᠶᠠᠯᠳᠤᠵᠤ᠂ | ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠬᠤ ᠳᠤ ᠶᠠᠰᠤ ᠴᠢᠨᠠᠷ ᠤᠨ ᠠᠰᠠᠭᠤᠳᠠᠯ᠂ ᠵᠠᠬᠢᠶᠠᠯᠠᠭ᠎ᠠ ᠶᠢᠨ ᠬᠠᠭᠤᠳᠠᠰᠤ ᠪᠤᠷᠤᠭᠤ ᠭᠠᠷᠤᠭᠰᠠᠨ ᠢ ᠲᠤᠰᠬᠠᠵᠤ᠂ ᠵᠣᠭᠤᠰ | ᠪᠤᠴᠠᠭᠠᠭᠰᠠᠨ ᠨᠥᠬᠦᠪᠥᠷᠢ ᠠᠪᠬᠤ ᠪᠠᠷ ᠱᠠᠭᠠᠷᠳᠠᠬᠤ ᠦᠶ᠎ᠡ ᠳᠤ᠂ ᠠᠯᠪᠠᠨ ᠰᠦᠯᠵᠢᠶ᠎ᠡ ᠠᠴᠠ ᠠᠷᠠᠯᠵᠢᠶᠠᠨ ᠤ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠪᠤᠶᠤ ᠠᠯᠪᠠᠨ | ᠶᠣᠰᠣᠨ ᠤ ᠠᠷᠭ᠎ᠠ ᠵᠠᠮ ᠢᠶᠠᠷ ᠳᠠᠮᠵᠢᠭᠤᠯᠤᠨ ᠠᠯᠪᠠᠨ ᠲᠠᠯ᠎ᠠ ᠶᠢᠨ ᠤᠲᠠᠰᠤ ᠶᠢ ᠬᠢᠨᠠᠨ ᠬᠠᠷᠭᠤᠭᠤᠯᠤᠭᠠᠷᠠᠶ︔ ᠳᠡᠯᠭᠡᠭᠦᠷ ᠤᠨ ᠬᠠᠩᠭᠠᠭᠰᠠᠨ ᠰᠦᠯᠵᠢᠶᠡᠨ ᠬᠠᠶ᠋ᠢᠭ ᠢ | ᠠᠮᠠᠷᠬᠠᠨ ᠳᠠᠷᠤᠵᠤ ᠪᠣᠯᠬᠤ ᠥᠬᠡᠶ᠂ ᠠᠯᠪᠠᠨ ᠤ ᠲᠠᠯ᠎ᠠ ᠶᠢᠨ QQ ᠨᠣᠮᠧᠷ᠂ ᠸᠢᠴᠠᠲ ᠤᠨ ᠨᠣᠮᠧᠷ ᠪᠠ ᠸᠢᠴᠠᠲ ᠤᠨ ᠨᠡᠶᠢᠲᠡ ᠶᠢᠨ ᠳ᠋ᠤᠭᠠᠷ ᠢ ᠰᠣᠬᠤᠷ ᠪᠠᠯᠠᠶ ᠪᠠᠷ | ᠨᠡᠮᠡᠵᠦ ᠪᠣᠯᠬᠤ ᠥᠬᠡᠶ︔ ᠶᠠᠮᠠᠷᠪᠠ ᠪᠠᠷᠠᠭ᠎ᠠ ᠬᠤᠳᠠᠯᠳᠤᠨ ᠠᠪᠬᠤ ᠰᠦᠯᠵᠢᠶ᠎ᠡ ᠪᠤᠶᠤ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠺᠣᠮᠫᠠᠨᠢ ᠨᠢ | ᠬᠡᠷᠡᠭᠯᠡᠭᠴᠢ ᠶᠢ ᠬᠤᠪᠢ ᠬᠥᠮᠦᠨ ᠤ ᠪᠠᠩᠬᠢ ᠶᠢᠨ ᠲᠠᠩᠰᠠᠨ ᠨᠣᠮᠧᠷ᠂ ᠨᠢᠭᠤᠴᠠ ᠨᠣᠮᠧᠷ᠂ ᠲᠠᠩᠰᠠ ᠰᠢᠯᠵᠢᠭᠦᠯᠵᠦ ᠰᠢᠯᠭᠠᠨ ᠪᠠᠲᠤᠯᠠᠬᠤ ᠨᠣᠮᠧᠷ ᠵᠡᠷᠭᠡ ᠮᠡᠳᠡᠭᠡ ᠵᠠᠩᠭᠢ | ᠬᠠᠩᠭᠠᠯᠭᠠᠬᠤ ᠪᠠᠷ ᠱᠠᠭᠠᠷᠳᠠᠬᠤ ᠥᠬᠡᠶ ᠪᠠᠶᠢᠬᠤ ᠶᠢ ᠪᠠᠲᠤ ᠴᠡᠭᠡᠵᠢᠯᠡᠬᠦ ᠬᠡᠷᠡᠭᠲᠡᠶ︔ ᠮᠡᠬᠡᠯᠡᠭᠳᠡᠭᠰᠡᠨ ᠢᠶᠠᠨ ᠣᠯᠵᠤ ᠮᠡᠳᠡᠮᠡᠭᠴᠡ ᠲᠡᠷᠡ ᠳᠠᠷᠤᠶ ᠳᠤᠨᠢ ᠲᠦᠭᠰᠢᠭᠦᠷᠢ | ᠮᠡᠳᠡᠭᠦᠯᠬᠦ ᠶᠢᠨ ᠬᠠᠮᠲᠤ ᠡᠯᠧᠺᠲᠷᠣᠨ ᠵᠠᠬᠢᠶᠠᠯᠠᠭ᠎ᠠ ᠶᠢᠨ ᠬᠠᠭᠤᠳᠠᠰᠤ᠂ ᠵᠣᠭᠤᠭᠳᠠᠬᠤ ᠪᠠᠭᠠᠵᠢ ᠲᠠᠩᠰᠠᠨ ᠡᠷᠦᠬᠡ ᠶᠢᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ | ᠵᠡᠷᠭᠡ ᠪᠣᠳᠠᠰ ᠤᠨ ᠭᠡᠷᠡᠴᠢ ᠪᠤᠶᠤ ᠡᠯᠧᠺᠲᠷᠣᠨ ᠭᠡᠷᠡᠴᠢ ᠪᠠᠷᠢᠮᠲᠠ ᠶᠢ ᠰᠠᠶᠢᠲᠤᠷ ᠬᠠᠳᠠᠭᠠᠯᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠷᠰᠢᠨ | ᠪᠠᠶᠢᠴᠠᠭᠠᠬᠤ ᠠᠵᠢᠯ ᠥᠷᠨᠢᠭᠦᠯᠬᠦ ᠳᠤ ᠲᠥᠬᠦᠮ ᠦᠵᠡᠭᠦᠯᠦᠨ᠎ᠡ᠃ |